— ᠦᠪᠦᠷ ᠮᠤᠩᠭᠤᠯ ᠤ᠋ᠨ ᠤᠢ ᠡᠪᠡᠰᠤᠨ ᠤ᠋ ᠲᠠᠪᠤᠨ ᠶᠡᠬᠡ ᠤᠨᠴᠠᠯᠢᠭᠲᠤ ᠠᠵᠤ ᠦᠢᠯᠡᠰ ᠤ᠋ᠨ ᠲᠤᠬᠠᠢ ᠰᠢᠷᠢᠰ ᠮᠡᠳᠡᠭᠡᠯᠡᠯ (ᠬᠤᠶᠠᠷ)
《ᠲᠤᠬᠠᠶ ᠵᠢᠨ ᠦᠶ᠎ᠡ ᠳ᠋ᠤ ᠬᠦᠬᠡ ᠳᠠᠯᠠᠨ ᠬᠠᠯᠢᠰᠤ ᠵᠢᠨ ᠠᠵᠤ ᠦᠶ᠋ᠯᠡᠰ ᠢ᠋ ᠰᠤᠩᠭᠤᠭᠰᠠᠨ ᠨᠢ ᠵᠦᠪ ᠪᠠᠢᠭ᠎ᠠ ᠶᠤᠮ ᠪᠠᠢᠨ᠎ᠠ᠂ ᠬᠠᠬᠢᠷ ᠬᠦᠢᠳᠡᠨ ᠤᠮᠠᠷᠠᠲᠤ ᠤᠷᠤᠨ ᠳ᠋ᠤ ᠴᠤ᠌ ᠤᠨᠴᠠᠯᠢᠭᠳᠤ ᠵᠢᠮᠢᠰ ᠤ᠋ᠨ ᠮᠤᠳᠤ ᠵᠢ ᠤᠢᠵᠢᠭᠤᠯᠵᠤ ᠪᠣᠯᠤᠨ᠎ᠠ ᠭᠡᠵᠤ ᠪᠤᠳᠤᠬᠤ ᠡᠴᠡ ᠰᠡᠳᠬᠢᠯ ᠲᠤᠭᠳᠤᠯᠤᠨ᠎ᠠ》 ᠭᠡᠵᠤ ᠥᠪᠥᠷ ᠮᠣᠩᠭᠣᠯ ᠤ᠋ᠨ ᠯᠢ ᠰᠸᠨ ᠲᠠᠷᠢᠶᠠᠯᠠᠩ ᠮᠠᠯ ᠠᠵᠤ ᠠᠬᠤᠶ ᠵᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠬᠢᠵᠠᠭᠠᠷᠲᠤ ᠺᠣᠮᠫᠠᠨᠢ ᠵᠢᠨ ᠶᠡᠷᠦᠩᠬᠡᠶ ᠳᠠᠭᠠᠭᠠᠮᠠᠯ ᠶᠠᠩ ᠯᠢ ᠱᠧᠩ ᠬᠥᠯᠥᠨ ᠪᠣᠢᠷ ᠬᠣᠲᠠ ᠵᠢᠨ ᠦᠶ᠋ᠯᠡᠳᠪᠦᠷᠢ ᠵᠢᠨ ᠲᠠᠰᠤᠭ ᠲᠡᠬᠢ 30 ᠲᠣᠨ ᠬᠦᠬᠡ ᠳᠠᠯᠠᠨ ᠬᠠᠯᠢᠰᠤ ᠪᠠᠨ ᠬᠠᠷᠠᠭᠠᠳ ᠢᠨᠢᠶᠠᠳᠤ ᠲᠤᠳᠤᠷᠠᠭᠤᠯᠤᠨ ᠭᠡᠯᠡᠨ᠎ᠠ᠃
ᠣᠢᠷ᠎ᠠ ᠵᠢᠨ ᠵᠢᠯ ᠡᠴᠡ ᠨᠠᠭᠠᠰᠢ ᠬᠥᠯᠥᠨ ᠪᠣᠢᠷ ᠬᠤᠳᠠ ᠳ᠋ᠤ ᠬᠦᠬᠡ ᠳᠠᠯᠠᠨ ᠬᠠᠯᠢᠰᠤ ᠵᠢᠨ ᠠᠵᠤ ᠦᠶ᠋ᠯᠡᠰ ᠢ᠋ ᠬᠠᠢᠨ ᠬᠥᠭ᠌ᠵᠢᠬᠦᠯᠵᠤ᠂ ᠲᠠᠷᠢᠬᠤ ᠬᠡᠪᠴᠢᠶ᠎ᠡ ᠨᠢ ᠠᠭᠠᠵᠢᠮ ᠵᠢᠡᠷ ᠨᠡᠮᠡᠭᠳᠡᠬᠡᠳ 6000 ᠮᠦ᠍ ᠵᠢ ᠲᠠᠪᠠᠨ᠂ ᠱᠢᠨ᠎ᠡ ᠰᠣᠷᠭᠣᠭ ᠵᠢᠮᠢᠰ ᠤ᠋ᠨ ᠪᠣᠷᠣᠯᠠᠭᠤᠯᠭ᠎ᠠ ᠡᠴᠡ ᠨᠠᠷᠢᠯᠢᠭ ᠡᠳ᠋ᠱᠢᠭᠦᠯᠵᠤ ᠪᠤᠯᠪᠠᠰᠤᠷᠠᠭᠤᠯᠬᠤ ᠬᠦᠷᠲᠡᠯᠡᠬᠢ ᠪᠦᠷᠢᠨ ᠪᠦᠲᠦᠨ ᠠᠵᠤ ᠦᠶ᠋ᠯᠡᠰ ᠤ᠋ᠨ ᠬᠡᠯᠬᠢᠶ᠎ᠡ ᠶ᠋ᠢ ᠦᠨᠳᠤᠰᠤᠨ ᠳ᠋ᠡᠬᠡᠨ ᠴᠤᠭᠴᠠᠯᠠᠭᠰᠠᠨ ᠵᠢᠡᠷ ᠪᠠᠷᠠᠬᠤ ᠦᠬᠡᠢ 《ᠬᠦᠬᠡ ᠳᠠᠯᠠᠨ ᠬᠠᠯᠢᠰᠤ ᠵᠢᠨ ᠬᠦᠯᠦᠨ ᠪᠤᠢᠷ ᠤ᠋ᠨ ᠲᠤᠷᠰᠢᠯᠭ᠎ᠠ》 ᠶ᠋ᠢ ᠪᠦᠷᠢᠯᠳᠦᠬᠦᠯᠵᠤ᠂ ᠠᠵᠤ ᠦᠢᠯᠡᠰ ᠢ᠋ ᠬᠡᠪᠴᠢᠶᠡᠵᠢᠬᠦᠯᠦᠨ ᠬᠦᠭᠵᠢᠬᠦᠯᠬᠦ ᠳ᠋ᠤ ᠪᠠᠲᠤ ᠰᠠᠭᠤᠷᠢ ᠵᠢ ᠲᠠᠯᠪᠢᠪᠠ᠃
ᠦᠪᠤᠷ ᠮᠤᠩᠭᠤᠯ ᠤ᠋ᠨ ᠤᠯᠠᠨ ᠶᠠᠩᠵᠤᠲᠤ ᠠᠮᠢ ᠠᠬᠤᠢ ᠵᠢᠨ ᠳᠠᠪᠠᠭᠤᠯᠢᠭ ᠨᠢ ᠤᠨᠴᠠᠯᠢᠭᠲᠤ ᠵᠢᠮᠢᠰ ᠤ᠋ᠨ ᠦᠢᠯᠡᠰ ᠢ᠋ ᠬᠦᠭᠵᠢᠬᠦᠯᠬᠦ ᠳ᠋ᠤ ᠠᠰᠢᠭᠲᠠᠢ ᠨᠦᠬᠦᠴᠡᠯ ᠪᠤᠯᠤᠮᠵᠢ ᠤᠯᠭᠤᠵᠤ᠂ ᠤᠨᠴᠠᠯᠢᠭᠲᠤ ᠵᠢᠮᠢᠰ ᠤ᠋ᠨ ᠦᠢᠯᠡᠰ ᠨᠢ ᠨᠢᠬᠡᠨᠳᠡ ᠦᠪᠦᠷ ᠮᠤᠩᠭᠤᠯ ᠤ᠋ᠨ ᠤᠢ ᠡᠪᠡᠰᠤᠨ ᠤ᠋ ᠲᠠᠪᠤᠨ ᠶᠡᠬᠡ ᠤᠨᠴᠠᠯᠢᠭᠲᠤ ᠠᠵᠤ ᠦᠢᠯᠡᠰ ᠤ᠋ᠨ ᠨᠢᠬᠡ ᠪᠤᠯᠵᠤ᠂ ᠠᠮᠢ ᠠᠬᠤᠶ ᠬᠢᠭᠡᠳ ᠠᠵᠤ ᠠᠬᠤᠶ ᠵᠢᠨ ᠬᠤᠤᠰ ᠦᠷ᠎ᠠ ᠠᠰᠢᠭ ᠢ᠋ ᠡᠬᠦᠳᠤᠨ᠂ ᠦᠵᠡᠰᠬᠦᠯᠡᠩᠳᠤ ᠰᠠᠢᠬᠠᠨ ᠬᠢᠬᠡᠳ ᠦᠷᠨᠢᠩᠬᠦᠢ ᠬᠦᠭᠵᠢᠯᠳᠡ ᠵᠢᠨ ᠬᠠᠭᠤᠳᠠᠰᠤᠨ ᠳ᠋ᠤ ᠦᠩᠬᠡ ᠬᠢᠯᠪᠠᠭ᠎ᠠ ᠨᠡᠮᠡᠷᠢᠯᠡᠯᠠ᠃
ᠬᠠᠪᠤᠷ ᠤ᠋ᠨ ᠤᠷᠢᠨ ᠴᠠᠭ ᠵᠢᠡᠷ ᠬᠤᠷᠴᠢᠨ ᠵᠡᠭᠦᠨ ᠭᠠᠷᠤᠨ ᠬᠤᠢᠲᠤ ᠬᠤᠰᠢᠭᠤᠨ ᠤ᠋ ᠤᠢ ᠰᠢᠭᠤᠢ ᠪᠠ ᠨᠤᠲᠤᠭ ᠪᠡᠯᠴᠢᠭᠡᠷ ᠤ᠋ᠨ ᠠᠵᠢᠯ ᠤ᠋ᠨ ᠦᠷᠲᠡᠭᠡ ᠵᠢᠨ ᠬᠢᠨ ᠲᠦᠩᠯᠢᠶᠤᠤ ᠬᠤᠲᠠ ᠡᠴᠡ ᠲᠤᠰᠬᠠᠢ ᠮᠡᠷᠭᠡᠵᠢᠯᠲᠡᠨ ᠤᠷᠢᠵᠤ᠂ ᠰᠢᠪᠡᠭᠡᠬᠤᠸᠠ ᠪᠠᠯᠭᠠᠰᠤ ᠵᠢᠨ ᠬᠠᠢᠲᠠᠩ ᠵᠢᠮᠢᠰ ᠤ᠋ᠨ ᠬᠦᠷᠢᠶᠡᠯᠡᠩ ᠳ᠋ᠤ ᠭᠦᠨᠵᠡᠭᠡᠢᠷᠡᠨ᠂ ᠮᠠᠯᠴᠢᠨ ᠲᠠᠷᠢᠶᠠᠴᠢᠳ ᠤ᠋ᠨ ᠵᠢᠮᠢᠰ ᠤ᠋ᠨ ᠮᠤᠳᠤ ᠵᠢ ᠲᠠᠷᠢᠵᠤ ᠠᠷᠠᠴᠢᠯᠠᠬᠤ ᠳᠤᠮᠳᠠ ᠲᠤᠯᠭᠠᠷᠠᠭᠰᠠᠨ ᠬᠤᠷᠤᠬᠠᠢ ᠰᠢᠪᠠᠵᠢ ᠶ᠋ᠢᠨ ᠬᠦᠨᠦᠬᠡᠯ ᠢ᠋ ᠰᠡᠷᠭᠡᠢᠯᠡᠨ ᠡᠵᠡᠮᠳᠡᠬᠦ ᠵᠡᠷᠭᠡ ᠠᠰᠠᠭᠤᠳᠠᠯ ᠤ᠋ᠨ ᠲᠤᠭᠤᠷᠢᠨ ᠳ᠋ᠤ ᠨᠠᠷᠢᠨ ᠨᠢᠮᠪᠠᠢ ᠵᠢᠭᠠᠨ ᠵᠢᠯᠤᠭᠤᠳᠤᠯᠭ᠎ᠠ ᠬᠢᠵᠤ᠂ ᠮᠠᠯᠴᠢᠨ ᠲᠠᠷᠢᠶᠠᠴᠢᠳ ᠤ᠋ᠨ ᠰᠢᠨᠵᠢᠯᠡᠬᠦ ᠤᠬᠠᠭᠠᠨᠴᠢ ᠪᠡᠷ ᠲᠠᠷᠢᠵᠤ ᠠᠷᠠᠴᠢᠯᠠᠬᠤ ᠳ᠋ᠤ ᠪᠠᠲᠤᠯᠠᠭ᠎ᠠ ᠬᠠᠩᠭᠠᠭᠰᠠᠨ ᠵᠢᠡᠷ ᠪᠠᠷᠬᠠᠤ ᠦᠭᠡᠢ ᠬᠠᠢᠲᠠᠩ ᠵᠢᠮᠢᠰ ᠤ᠋ᠨ ᠠᠵᠤ ᠦᠢᠯᠡᠰ ᠢ᠋ ᠬᠦᠭᠵᠢᠬᠦᠯᠬᠦ ᠢᠲᠡᠭᠡᠯ ᠵᠤᠷᠢᠭ ᠢ᠋ ᠨᠢ ᠤᠯᠠᠮ ᠬᠦᠪᠴᠢᠯᠡᠪᠡ᠃
ᠤᠢᠷ᠎ᠠ ᠵᠢᠨ ᠵᠢᠯ ᠳ᠋ᠤ ᠬᠤᠷᠴᠢᠨ ᠵᠡᠭᠦᠨ ᠭᠠᠷᠤᠨ ᠬᠤᠢᠲᠤ ᠬᠤᠰᠢᠭᠤ ᠬᠠᠢᠲᠠᠩ ᠵᠢᠮᠢᠰ ᠤ᠋ᠨ ᠠᠵᠤ ᠦᠢᠯᠡᠰ ᠢ᠋ ᠬᠦᠳᠡᠭᠡ ᠲᠤᠰᠬᠤᠨ ᠢ᠋ ᠬᠦᠭᠵᠢᠭᠦᠯᠦᠨ ᠮᠠᠨᠳᠤᠭᠤᠯᠬᠤ ᠪᠠ ᠮᠠᠯᠴᠢᠨ ᠲᠠᠷᠢᠶᠠᠴᠢᠳ ᠤ᠋ᠨ ᠤᠷᠤᠯᠭ᠎ᠠ ᠶ᠋ᠢ ᠨᠡᠮᠡᠭᠳᠡᠭᠦᠯᠬᠦ ᠴᠢᠬᠤᠯᠠ ᠭᠠᠷᠳᠠᠴᠠ ᠪᠤᠯᠭᠠᠵᠤ᠂ ᠬᠠᠢᠲᠠᠩ ᠵᠢᠮᠢᠰᠤᠨ ᠤᠢ ᠵᠢᠨ ᠬᠡᠪᠴᠢᠶ᠎ᠠ ᠪᠠᠨ ᠲᠠᠰᠤᠷᠠᠯᠳᠠ ᠦᠬᠡᠢ ᠦᠷᠬᠡᠳᠬᠡᠪᠡ᠃ ᠰᠢᠪᠠᠭᠡᠬᠤᠸᠠ ᠪᠡᠯᠭᠠᠰᠤᠨ ᠤ᠋ ᠬᠠᠢᠲᠠᠩ ᠵᠢᠮᠢᠰᠤᠨ ᠤᠢ ᠵᠢᠨ ᠲᠠᠯᠠᠪᠠᠢ ᠨᠢ 2015 ᠤᠨ ᠤ᠋ ᠲᠦᠮᠡᠨ ᠮᠤ᠌ ᠪᠠᠢᠭᠰᠠᠨ ᠡᠴᠡ ᠦᠷᠬᠡᠵᠢᠬᠡᠳ 3.2 ᠲᠦᠮᠡᠨ ᠮᠤ᠌ ᠪᠤᠯᠵᠤ᠂ ᠵᠢᠯ ᠳ᠋ᠤ 1000 ᠲᠦᠮᠡᠨ ᠵᠢᠩ ᠬᠠᠢᠲᠠᠩ ᠵᠢᠮᠢᠰ ᠬᠤᠷᠢᠶᠠᠨ᠂ ᠦᠢᠯᠡᠳᠬᠦᠨ ᠤ᠋ ᠦᠷᠲᠡᠭ ᠨᠢ 3000 ᠲᠦᠮᠡᠨ ᠲᠦᠭᠦᠷᠢᠭᠢ ᠲᠠᠪᠠᠵᠤ ᠪᠠᠢᠨ᠎ᠠ᠃ ᠤᠳᠤ ᠬᠠᠢᠲᠠᠩ ᠵᠢᠮᠢᠰ ᠤ᠋ᠨ ᠠᠵᠤ ᠦᠢᠯᠡᠰ ᠨᠢ ᠬᠤᠷᠴᠢᠨ ᠵᠡᠭᠦᠨ ᠭᠠᠷᠤᠨ ᠬᠤᠢᠲᠤ ᠬᠤᠰᠢᠭᠤᠨ ᠤ᠋ ᠪᠠᠢᠯᠳᠤᠬᠤ ᠪᠤᠳᠤᠯᠭ᠎ᠠ ᠵᠢᠨ ᠴᠢᠨᠠᠷᠲᠠᠢ ᠲᠤᠯᠭᠠᠭᠤᠷᠢ ᠠᠵᠤ ᠦᠢᠯᠡᠰ ᠤ᠋ᠨ ᠨᠢᠭᠡ ᠪᠤᠯᠵᠤ᠂ ᠪᠦᠬᠦ ᠬᠤᠰᠢᠭᠤᠨ ᠤ᠋ ᠬᠠᠢᠲᠠᠩ ᠵᠢᠮᠢᠰᠤᠨ ᠤᠢ ᠵᠢᠨ ᠲᠠᠯᠠᠪᠠᠢ 12.3 ᠲᠦᠮᠡᠨ ᠮᠤ᠌ ᠶ᠋ᠢ ᠳᠠᠪᠠᠨ᠂ ᠵᠢᠯ ᠤ᠋ᠨ ᠬᠠᠢᠳᠠᠩ ᠵᠢᠮᠢᠰ ᠤ᠋ᠨ ᠭᠠᠷᠤᠯᠲᠠ 8300 ᠲᠦᠮᠡᠨ ᠲᠤᠨ ᠢ᠋ ᠳᠠᠪᠠᠵᠤ᠂ ᠮᠠᠯᠴᠢᠨ ᠲᠠᠷᠢᠶᠠᠴᠢᠳ ᠤ᠋ᠨ ᠤᠷᠤᠯᠭ᠎ᠠ ᠶ᠋ᠢᠨ ᠴᠢᠬᠤᠯᠠ ᠨᠢᠬᠡᠨ ᠢᠷᠡᠯᠳᠡ ᠪᠤᠯᠤᠭᠰᠠᠨ ᠠᠵᠢ᠃
ᠮᠠᠨ ᠤ᠋ ᠤᠷᠤᠨ ᠵᠢᠮᠢᠰ ᠤ᠋ᠨ ᠮᠣᠳᠣᠨ ᠤ᠋ ᠠᠵᠤ ᠠᠬᠤᠶ ᠵᠢᠨ ᠣᠶ ᠪᠠᠷ ᠭᠠᠷᠳᠠᠴᠠ ᠪᠣᠯᠭᠠᠨ ᠠᠮᠢ ᠠᠬᠤᠶ᠂ ᠠᠵᠤ ᠠᠬᠤᠶ ᠬᠢᠭᠡᠳ ᠨᠡᠢᠭᠡᠮ ᠤ᠋ᠨ ᠦᠷ᠎ᠡ ᠠᠱᠢᠭ ᠢ᠋ ᠨᠢᠭᠡᠳᠦᠯᠲᠡᠶ ᠲᠥᠯᠥᠪᠯᠡᠨ ᠳᠡᠭᠡᠭ᠌ᠰᠢᠯᠡᠭᠦᠯᠵᠠᠢ᠃ ᠡᠬᠦᠨ ᠳ᠋ᠤ ᠤᠯᠠᠭᠠᠨᠬᠠᠳᠠ ᠬᠤᠳᠠ ᠵᠢᠨ ᠨᠢᠩᠴᠧᠩ ᠱᠢᠶᠠᠨ ᠪᠤᠯ ᠨᠢᠬᠡᠨ ᠨᠡᠢᠲᠡᠯᠢᠭ ᠵᠢᠱ᠌ᠢᠶ᠎ᠡ ᠪᠤᠯᠤᠨ᠎ᠠ᠃ ᠲᠤᠰ ᠰᠢᠶᠠᠨ 2000 ᠣᠨ ᠡᠴᠡ ᠡᠬᠢᠯᠡᠨ ᠠᠵᠤ ᠠᠬᠤᠶ ᠵᠢᠨ ᠣᠶ ᠵᠢᠨ ᠪᠥᠲᠥᠭᠡᠨ ᠪᠠᠢᠭᠤᠯᠤᠯᠲᠠ ᠪᠣᠯᠤᠨ ᠠᠮᠢ ᠠᠬᠤᠶ ᠵᠢᠨ ᠰᠡᠷᠭᠦᠭᠡᠯᠲᠡ ᠶ᠋ᠢ ᠨᠢᠬᠡᠳᠤᠯᠳᠠᠢ ᠲᠥᠯᠥᠪᠵᠢᠭᠦᠯᠵᠦ᠍ ᠭᠤᠤᠯᠳᠠᠯᠭ᠎ᠠ ᠲᠠᠶ ᠠᠬᠢᠭᠤᠯᠤᠭᠰᠠᠨ ᠵᠢᠡᠷ ᠤᠳᠤ ᠵᠢᠮᠢᠰ ᠤ᠋ᠨ ᠮᠣᠳᠣᠨ ᠤ᠋ ᠠᠵᠤ ᠠᠬᠤᠢ ᠵᠢᠨ ᠤᠢ ᠵᠢᠨ ᠶᠡᠷᠦᠩᠬᠡᠢ ᠲᠠᠯᠠᠪᠠᠢ ᠨᠢ 25 ᠲᠦᠮᠡᠨ ᠮᠦ᠍ᠳᠦ ᠬᠦᠷᠴᠦ᠍᠂ 《ᠨᠢᠩᠴᠧᠩ ᠤ᠋ᠨ ᠠᠯᠮᠤᠷᠠᠳ》 ᠤᠯᠤᠰ ᠤ᠋ᠨ ᠭᠠᠵᠠᠷ ᠵᠦᠢ ᠵᠢᠨ ᠢᠯᠡᠷᠬᠡᠢᠯᠡᠯᠳᠤ ᠵᠢᠨ ᠭᠡᠷᠡᠴᠢᠯᠡᠯ ᠢ᠋ ᠣᠯᠵᠤ᠂ ᠪᠦᠬᠦ ᠤᠯᠤᠰ ᠤ᠋ᠨ ᠵᠠᠬ᠎ᠠ ᠲᠠᠯᠬᠡᠬᠦᠷ ᠲᠦ᠍ ᠪᠤᠷᠤᠯᠠᠭᠤᠯᠭ᠎ᠠ ᠰᠠᠢᠳᠠᠢ ᠪᠠᠢᠵᠤ᠂ ᠨᠢᠬᠡᠨᠳᠡ ᠣᠷᠣᠨ ᠪᠦᠰᠡ ᠵᠢᠨ ᠬᠥᠭ᠌ᠵᠢᠯᠲᠡ ᠶ᠋ᠢ ᠠᠬᠢᠭᠤᠯᠬᠤ ᠴᠢᠬᠤᠯᠠ ᠲᠤᠯᠭᠠᠭᠤᠷᠢ ᠠᠵᠤ ᠦᠢᠯᠡᠰ ᠪᠣᠯᠴᠢᠬᠠᠵᠠᠢ᠃
ᠤᠳᠤ ᠨᠢᠩᠴᠧᠩ ᠱᠢᠶᠠᠨ ᠤ᠋ ᠵᠢᠯ ᠤ᠋ᠨ ᠡᠯ᠎ᠠ ᠵᠤᠢᠯ ᠤ᠋ᠨ ᠵᠢᠮᠢᠰ ᠤ᠋ᠨ ᠭᠠᠷᠤᠯᠲᠠ 16.8 ᠲᠦᠮᠡᠨ ᠲᠣᠨ᠂ ᠦᠢᠯᠡᠳᠬᠦᠨ ᠤ᠋ ᠥᠷᠲᠡᠭ ᠨᠢ 8.2 ᠳ᠋ᠦᠩᠱᠢᠭᠤᠷ ᠲᠥᠭᠥᠷᠢᠭ ᠲᠦ᠍ ᠬᠦᠷᠴᠦ᠍᠂ 2.2 ᠲᠦᠮᠡᠨ ᠡᠷᠦᠬᠡ ᠶ᠋ᠢ ᠳᠠᠢᠴᠢᠯᠠᠨ ᠬᠥᠮᠦᠨ ᠪᠦᠷᠢ ᠵᠢᠨ ᠳᠤᠮᠳᠠᠴᠢ ᠣᠷᠣᠯᠭ᠎ᠠ ᠶ᠋ᠢ 5600 ᠲᠥᠭᠥᠷᠢᠭ ᠨᠡᠮᠡᠭ᠌ᠳᠡᠭᠦᠯᠪᠡ᠃ ᠤᠢ ᠡᠪᠡᠰᠤᠨ ᠤ᠋ ᠠᠵᠤ ᠦᠢᠯᠡᠰ ᠪᠤᠯ ᠠᠮᠢ ᠠᠬᠤᠢ᠂ ᠠᠵᠤ ᠠᠬᠤᠢ ᠪᠠ ᠨᠡᠢᠭᠡᠮ ᠤ᠋ᠨ ᠦᠷ᠎ᠡ ᠠᠰᠢᠭ ᠢ᠋ ᠨᠢᠭᠡ ᠴᠤᠭᠴᠠᠵᠢᠭᠤᠯᠤᠭᠰᠠᠨ ᠠᠷᠠᠳ ᠢ᠋ ᠪᠠᠶᠠᠵᠢᠭᠤᠯᠬᠤ ᠠᠵᠤ ᠦᠢᠯᠡᠰ ᠶᠤᠮ᠃ ᠮᠠᠨ ᠤ᠋ ᠤᠷᠤᠨ 《ᠨᠤᠮᠢᠨ ᠤᠰᠤ ᠬᠦᠬᠡᠮᠳᠦᠭ ᠠᠭᠤᠯᠠ ᠪᠤᠯ ᠠᠯᠲᠠᠨ ᠠᠭᠤᠯᠠ ᠮᠦᠩᠭᠦᠨ ᠬᠠᠢᠷᠬᠠᠨ ᠮᠦᠨ》 ᠭᠡᠬᠦ ᠤᠢᠯᠠᠭᠠᠭᠳᠠᠬᠤᠨ ᠢ᠋ ᠭᠦᠨᠵᠡᠭᠡᠢ ᠦᠢᠯᠡᠳᠦᠯᠭᠡᠵᠢᠭᠦᠯᠦᠨ᠂ ᠠᠮᠢ ᠠᠬᠤᠢ ᠶ᠋ᠢ ᠠᠵᠤ ᠦᠢᠯᠡᠰᠵᠢᠬᠦᠯᠬᠦ᠂ ᠠᠵᠤ ᠦᠢᠯᠡᠰ ᠢ᠋ ᠠᠮᠢ ᠠᠬᠤᠢᠵᠢᠭᠤᠯᠬᠤ ᠶ᠋ᠢ ᠪᠠᠷᠢᠮᠲᠠᠯᠠᠵᠤ᠂ ᠭᠠᠵᠠᠷ ᠤᠷᠤᠨ ᠤ᠋ ᠪᠤᠳᠠᠳᠤ ᠪᠠᠢᠳᠠᠯ ᠳ᠋ᠤ ᠲᠤᠬᠢᠷᠠᠭᠤᠯᠤᠨ ᠤᠨᠴᠠᠯᠢᠭᠲᠤ ᠵᠢᠮᠢᠰ ᠤ᠋ᠨ ᠦᠢᠯᠡᠰ ᠢ᠋ ᠬᠦᠴᠦᠯᠡᠨ ᠬᠦᠭᠵᠢᠭᠦᠯᠦᠭᠰᠡᠬᠡᠷ ᠁
2030 ᠤᠨ ᠪᠤᠯᠬᠤ ᠳ᠋ᠤ ᠪᠦᠬᠦ ᠤᠷᠤᠨ ᠤ᠋ ᠵᠢᠮᠢᠰᠤᠨ ᠤᠢ ᠵᠢᠨ ᠲᠠᠯᠠᠪᠠᠢ ᠶ᠋ᠢ 520 ᠲᠦᠮᠡᠨ ᠮᠤ᠌ ᠳ᠋ᠤ ᠬᠦᠷᠬᠡᠨ᠂ ᠡᠯ᠎ᠠ ᠵᠤᠢᠯ ᠤ᠋ᠨ ᠵᠢᠮᠢᠰ ᠤ᠋ᠨ ᠭᠠᠷᠤᠯᠲᠠ ᠵᠢ 130 ᠲᠦᠮᠡᠨ ᠲᠤᠨ ᠳ᠋ᠤ ᠬᠦᠷᠬᠡᠵᠤ᠂ ᠦᠢᠯᠡᠳᠬᠦᠨ ᠤ᠋ ᠶᠡᠷᠦᠩᠬᠡᠢ ᠦᠷᠲᠡᠭ ᠢ᠋ 70 ᠳ᠋ᠦᠩᠰᠢᠭᠤᠷ ᠲᠦᠭᠦᠷᠢᠭ ᠢ᠋ ᠲᠠᠪᠠᠭᠤᠯᠤᠨ᠎ᠠ᠂ ᠲᠡᠷᠡ ᠮᠦᠷᠳᠡᠬᠡᠨ ᠠᠵᠤ ᠦᠢᠯᠡᠰ ᠢ᠋ ᠠᠭᠤᠰᠤᠯᠴᠠᠭᠤᠯᠤᠨ ᠬᠦᠭᠵᠢᠬᠦᠯᠬᠦ ᠵᠢᠱ᠌ᠢᠶ᠎ᠡ ᠦᠵᠡᠭᠦᠯᠬᠦ ᠰᠠᠭᠤᠷᠢᠨ ᠢ᠋ 30᠂ ᠲᠠᠭᠠᠭᠤᠯᠤᠭᠴᠢ ᠠᠵᠤ ᠠᠬᠤᠢᠯᠡᠯ ᠢ᠋ 11 ᠡᠴᠡ ᠳᠡᠭᠡᠭᠰᠢ ᠬᠦᠭᠵᠢᠬᠦᠯᠵᠤ᠂ ᠲᠤᠪᠤᠢᠮ᠎ᠠ ᠳᠠᠪᠠᠭᠤᠯᠢᠭ ᠲᠠᠢ ᠪᠦᠬᠡᠳ ᠪᠦᠷᠢᠨ ᠪᠦᠳᠦᠨ ᠬᠡᠯᠬᠢᠶ᠎ᠡ ᠪᠦᠬᠦᠢ ᠠᠵᠤ ᠦᠢᠯᠡᠰ ᠤ᠋ᠨ ᠪᠦᠯᠦᠭᠵᠢᠯ ᠢ᠋ ᠪᠠᠢᠭᠤᠯᠤᠨ᠎ᠠ᠃ ᠡᠨᠡ ᠪᠤᠯ ᠦᠪᠤᠷ ᠮᠤᠩᠭᠤᠯ ᠤ᠋ᠨ ᠤᠨᠴᠠᠯᠢᠭᠳᠤ ᠵᠢᠮᠢᠰ ᠤ᠋ᠨ ᠠᠵᠤ ᠦᠢᠯᠡᠰ ᠤ᠋ᠨ ᠬᠦᠭᠵᠢᠬᠦᠯᠦᠯᠳᠡ ᠵᠢᠨ ᠬᠠᠷᠠᠯᠳᠠ ᠶᠤᠮ᠃
ᠡᠨᠡ ᠬᠦ᠌ ᠬᠠᠷᠠᠯᠳᠠ ᠪᠠᠨ ᠪᠠᠶᠡᠯᠡᠬᠦᠯᠬᠦ ᠵᠢᠨ ᠲᠦᠯᠦᠬᠡ᠂ ᠮᠠᠨ ᠤ᠋ ᠤᠷᠤᠨ ᠬᠦᠯᠦᠨ ᠪᠤᠢᠷ᠂ ᠬᠢᠩᠭᠠᠨ ᠵᠡᠷᠭᠡ ᠭᠠᠵᠠᠷ ᠤᠷᠤᠨ ᠤ᠋ ᠴᠠᠭ ᠠᠭᠤᠷ ᠤ᠋ᠨ ᠨᠦᠬᠦᠴᠡᠯ ᠪᠠ ᠤᠰᠤᠨ ᠤ᠋ ᠡᠬᠢ ᠪᠠᠶᠠᠯᠢᠭ ᠲᠤ᠌ ᠲᠦᠰᠢᠭᠯᠡᠨ᠂ ᠵᠢᠮᠢᠰᠤᠨ ᠤᠢ ᠪᠠ ᠠᠮᠢ ᠠᠬᠤᠢ ᠵᠢᠨ ᠪᠦᠲᠦᠭᠡᠨ ᠪᠠᠢᠭᠤᠯᠤᠯᠲᠠ ᠶ᠋ᠢ ᠤᠷᠭᠠᠨᠢᠭ ᠵᠢᠡᠷ ᠤᠶᠠᠯᠳᠤᠭᠤᠯᠵᠤ᠂ ᠭᠤᠤᠯᠳᠠᠭᠤ ᠠᠭᠠᠯᠢᠭ ᠠᠯᠢᠮ᠎ᠠ᠂ ᠰᠢᠳ᠂ ᠰᠠᠮᠤᠷ ᠵᠡᠷᠭᠡ ᠤᠨᠴᠠᠯᠢᠭᠲᠤ ᠵᠢᠮᠢᠰ ᠤ᠋ᠨ ᠠᠵᠤ ᠦᠢᠯᠡᠰ ᠢ᠋ ᠬᠦᠭᠵᠢᠭᠦᠯᠵᠤ ᠪᠠᠢᠨ᠎ᠠ; ᠲᠦᠩᠯᠢᠶᠤᠤ᠂ ᠤᠯᠠᠭᠠᠨᠬᠠᠳᠠ ᠵᠡᠷᠭᠡ ᠭᠠᠵᠠᠷ ᠤᠷᠤᠨ ᠤ᠋ ᠪᠠᠢᠭᠠᠯᠢ ᠵᠢᠨ ᠡᠬᠢ ᠪᠠᠶᠠᠯᠢᠭ᠂ ᠳᠦᠭᠦᠮ ᠳᠦᠲᠡ ᠵᠠᠮ ᠬᠠᠷᠢᠯᠴᠠᠭ᠎ᠠ ᠪᠠ ᠬᠦᠳᠡᠯᠮᠤᠷᠢ ᠬᠦᠴᠦ ᠳ᠋ᠤ ᠲᠦᠰᠢᠭᠯᠡᠵᠤ᠂ 《ᠬᠤᠷᠴᠢᠨ ᠪᠠ ᠬᠤᠯᠠᠨ ᠰᠢᠷᠭ᠎ᠠ ᠳᠠᠭ᠎ᠠ ᠵᠢᠨ ᠡᠯᠡᠰᠦᠷᠬᠡᠭ ᠭᠠᠵᠠᠷ ᠤ᠋ᠨ ᠰᠦᠨᠦᠬᠡᠯᠳᠡ ᠵᠢᠨ ᠳᠠᠢᠯᠠᠯᠳᠤᠭᠠᠨ》 ᠵᠢᠡᠷ ᠭᠠᠷᠳᠠᠴᠠ ᠪᠤᠯᠭᠠᠨ᠂ ᠭᠤᠤᠯᠳᠠᠭᠤ 《ᠪᠤᠭᠤᠮᠲᠠ ᠵᠢᠨ ᠭᠠᠳᠠᠨᠠᠬᠢ ᠤᠯᠠᠭᠠᠨ ᠠᠯᠮᠤᠷᠠᠳ》᠂ 《ᠮᠸᠩ ᠹᠦ ᠠᠯᠮᠤᠷᠠᠳ》᠂ ᠠᠯᠢᠮ᠎ᠠ ᠵᠡᠷᠭᠡ ᠤᠨᠴᠠᠯᠢᠭᠲᠤ ᠵᠢᠮᠢᠰ ᠤ᠋ᠨ ᠠᠵᠤ ᠦᠢᠯᠡᠰ ᠢ᠋ ᠬᠦᠭᠵᠢᠭᠦᠯᠵᠤ ᠪᠠᠢᠨ᠎ᠠ; ᠬᠦᠬᠡᠬᠤᠲᠠ᠂ ᠤᠷᠳᠤᠰ᠂ ᠪᠠᠶᠠᠨᠨᠠᠭᠤᠷ᠂ ᠦᠬᠠᠢ ᠵᠡᠷᠭᠡ ᠭᠠᠵᠠᠷ ᠤᠷᠤᠨ ᠳ᠋ᠤ ᠬᠠᠲᠤᠨ ᠭᠤᠤᠯ ᠤ᠋ᠨ 《ᠶᠡᠬᠡ ᠲᠤᠬᠤᠢ》 ᠵᠢᠨ ᠪᠤᠭᠤᠮᠲᠠ ᠰᠢᠪᠲᠤᠯᠬᠤ ᠳᠠᠢᠯᠠᠯᠳᠤᠭᠠᠨ ᠵᠢᠡᠷ ᠭᠠᠷᠳᠠᠴᠠ ᠪᠤᠯᠭᠠᠵᠤ᠂ ᠤᠰᠤᠨ ᠤ᠋ ᠬᠡᠮᠵᠢᠶ᠎ᠠ ᠪᠡᠷ ᠨᠤᠭᠤᠭᠠᠷᠠᠭᠤᠯᠤᠯᠲᠠ ᠶ᠋ᠢ ᠲᠤᠭᠲᠠᠭᠠᠬᠤ ᠶ᠋ᠢ ᠪᠠᠷᠢᠮᠲᠠᠯᠠᠨ᠂ ᠭᠤᠤᠯᠳᠠᠭᠤ ᠴᠢᠴᠠᠷᠭᠠᠨ᠎ᠠ᠂ ᠦᠵᠦᠮ᠂ ᠭᠦᠢᠯᠡᠰᠤ ᠵᠡᠷᠭᠡ ᠤᠨᠴᠠᠯᠢᠭᠲᠤ ᠵᠢᠮᠢᠰ ᠤ᠋ᠨ ᠠᠵᠤ ᠦᠢᠯᠡᠰ ᠢ᠋ ᠬᠦᠭᠵᠢᠭᠦᠯᠵᠤ ᠪᠠᠢᠨ᠎ᠠ᠃