ᠤᠳᠤ ᠥᠪᠥᠷ ᠮᠣᠩᠭᠣᠯ ᠬᠠᠪᠤᠷ ᠤ᠋ᠨ ᠲᠠᠷᠢᠶᠠᠯᠠᠭ᠎ᠠ ᠢ᠋ᠢᠨ ᠵᠠᠩᠭᠢᠯᠠᠭ᠎ᠠ ᠢ᠋ᠢᠨ ᠬᠤᠭᠤᠴᠠᠭᠠᠨ ᠳ᠋ᠤ ᠣᠷᠣᠵᠤ᠂ ᠡᠯ᠎ᠡ ᠭᠠᠵᠠᠷ ᠤ᠋ᠨ ᠳᠠᠷᠢᠶᠠᠨ ᠠᠵᠢᠯ ᠡᠮᠬᠢ ᠵᠢᠷᠤᠮ ᠲᠠᠢ ᠠᠭᠢᠵᠤ᠂ ᠪᠥᠬᠥ᠌ ᠣᠷᠣᠨ ᠤ᠋ ᠶᠡᠬᠡᠩᠬᠢ ᠲᠠᠷᠢᠶᠠᠯᠠᠬᠤ ᠣᠷᠣᠨ ᠤ᠋ ᠬᠦᠷᠦᠰᠤ ᠰᠢᠷᠤᠢ ᠵᠢᠨ ᠴᠢᠭᠢᠭ ᠤ᠋ᠨ ᠪᠠᠢᠳᠠᠯ ᠲᠣᠬᠢᠷᠠᠮᠵᠢᠲᠠᠶ ᠪᠠᠢᠵᠤ᠂ ᠠᠮᠤ ᠪᠤᠳᠠᠭᠠᠨ ᠤ᠋ ᠲᠠᠷᠢᠮᠠᠯ ᠳᠠᠷᠢᠬᠤ ᠠᠬᠢᠴᠠ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ ᠲᠦᠷᠭᠡᠨ ᠪᠠᠢᠨ᠎ᠠ᠃
ᠲᠠᠷᠢᠶᠠᠯᠠᠩ ᠤ᠋ᠨ ᠴᠠᠭ ᠠᠭᠤᠷ ᠤ᠋ᠨ ᠭᠠᠮᠱᠢᠭ ᠤ᠋ᠨ ᠲᠦᠭ᠌ᠰᠢᠭᠦᠷᠢ ᠢ᠋ᠢ ᠤᠷᠢᠳᠴᠢᠯᠠᠨ ᠰᠡᠷᠡᠮᠵᠢᠯᠡᠭᠦᠯᠬᠦ᠌ ᠪᠣᠯ ᠠᠮᠤ ᠪᠤᠳᠠᠭᠠᠨ ᠤ᠋ ᠠᠮᠤᠷ ᠲᠦᠪᠱᠢᠨ ᠤ᠋ ᠬᠣᠷᠢᠭ᠎ᠠ ᠱᠤᠭᠤᠮ ᠢ᠋ ᠪᠠᠲᠤ ᠰᠠᠬᠢᠬᠤ 《ᠬᠠᠷᠠᠭᠤᠯ》 ᠮᠥᠨ᠃ ᠥᠩᠭᠡᠷᠡᠭ᠌ᠰᠡᠨ ᠵᠢᠯ ᠤ᠋ᠳ ᠤ᠋ᠨ ᠰᠡᠷᠡᠮᠵᠢᠯᠡᠭᠦᠯᠬᠦ᠌ ᠦᠶ᠋ᠯᠡᠴᠢᠯᠡᠭᠡᠨ ᠤ᠋ ᠲᠤᠷᠱᠢᠯᠭ᠎ᠠ ᠢ᠋ᠢ ᠳ᠋ᠦᠩᠨᠡᠭ᠌ᠰᠡᠨ ᠰᠠᠭᠤᠷᠢᠨ ᠳᠡᠭᠡᠷ᠎ᠡ ᠡᠨᠡ ᠵᠢᠯ ᠥᠪᠥᠷ ᠮᠣᠩᠭᠣᠯ ᠤ᠋ᠨ ᠴᠠᠭ ᠠᠭᠤᠷ ᠤ᠋ᠨ ᠰᠠᠯᠠᠭ᠎ᠠ ᠮᠥᠴᠢᠷ ᠡᠴᠡ 《ᠭᠤᠤᠯ ᠪᠣᠯᠬᠤ ᠲᠠᠷᠢᠶᠠᠯᠠᠩ ᠤ᠋ᠨ ᠴᠠᠭ ᠠᠭᠤᠷ ᠤ᠋ᠨ ᠭᠠᠮᠱᠢᠭ ᠤ᠋ᠨ ᠲᠦᠭ᠌ᠰᠢᠭᠦᠷᠢ ᠢ᠋ᠢ ᠰᠡᠷᠡᠮᠵᠢᠯᠡᠭᠦᠯᠬᠦ᠌ ᠦᠶ᠋ᠯᠡᠴᠢᠯᠡᠭᠡᠨ ᠤ᠋ ᠠᠷᠪᠠᠨ ᠡᠳᠦᠷ ᠤ᠋ᠨ ᠲᠡᠮᠳᠡᠭ᠌ᠯᠡᠯ》 ᠢ᠋ ᠱᠢᠨ᠎ᠡ ᠪᠡᠷ ᠲᠣᠭ᠍ᠲᠠᠭᠠᠵᠤ᠂ ᠡᠳ᠋ ᠤ᠋ᠨ ᠵᠠᠰᠠᠭ᠂ ᠮᠠᠯ ᠠᠵᠤ ᠠᠬᠤᠶ ᠲᠠᠷᠢᠶᠠᠯᠠᠩ᠂ ᠮᠥᠩᠭᠥᠨ ᠭᠦᠶ᠋ᠯᠭᠡᠭᠡᠨ᠂ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠲᠠᠷᠢᠶᠠᠯᠠᠩ ᠤ᠋ᠨ ᠦᠶ᠋ᠯᠡᠳᠪᠦᠷᠢᠯᠡᠯ ᠤ᠋ᠨ ᠴᠠᠭ ᠠᠭᠤᠷ ᠤ᠋ᠨ ᠲᠦᠭ᠌ᠰᠢᠭᠦᠷᠢ ᠢ᠋ᠢᠨ ᠰᠠᠨᠠᠭᠤᠯᠤᠮᠵᠢ ᠨᠡᠢᠳᠡᠯᠡᠵᠤ᠂ ᠬᠠᠮᠲᠤᠷᠠᠨ ᠬᠢᠨᠠᠨ ᠬᠡᠮᠵᠢᠬᠦ᠌᠂ ᠵᠥᠪᠳᠡᠯᠴᠡᠬᠦ᠌᠂ ᠰᠤᠳᠤᠯᠤᠨ ᠮᠠᠭᠠᠳᠯᠠᠬᠤ᠂ ᠪᠠᠢᠴᠠᠭᠠᠬᠤ ᠪᠠ ᠰᠡᠷᠡᠮᠵᠢᠯᠡᠭᠦᠯᠬᠦ᠌ 《ᠲᠠᠪᠤᠨ ᠬᠠᠮᠲᠤᠷᠠᠭ᠍ᠰᠠᠨ》 ᠠᠵᠢᠯ ᠤ᠋ᠨ ᠲᠣᠭ᠍ᠲᠠᠴᠠ ᠢ᠋ᠢ ᠭᠦᠨᠵᠡᠭᠡᠶ ᠨᠠᠢᠳᠠᠪᠤᠷᠢᠵᠢᠭᠤᠯᠪᠠ᠃ ᠣᠢᠷ᠎ᠠ ᠢ᠋ᠢᠨ ᠬᠤᠭᠤᠴᠠᠭᠠᠨ ᠤ᠋ ᠴᠠᠭ ᠠᠭᠤᠷ ᠤ᠋ᠨ ᠲᠥᠰᠦᠭᠡᠯᠡᠯ᠂ ᠬᠥᠷᠥᠰᠥ᠍ ᠱᠢᠷᠣᠶ ᠢ᠋ᠢᠨ ᠴᠢᠭᠢᠭ ᠤ᠋ᠨ ᠪᠠᠢᠳᠠᠯ᠂ ᠡᠪᠡᠳᠴᠢᠨ ᠬᠣᠷᠣᠬᠠᠶ ᠢ᠋ᠢᠨ ᠪᠠᠢᠳᠠᠯ ᠤ᠋ᠨ ᠬᠢᠨᠠᠨ ᠬᠡᠮᠵᠢᠯᠲᠡ ᠢ᠋ᠢ ᠦᠨᠳᠦᠰᠦᠯᠡᠨ ᠬᠠᠪᠤᠷ ᠤ᠋ᠨ ᠲᠠᠷᠢᠶᠠᠯᠠᠭ᠎ᠠ ᠢ᠋ᠢᠨ ᠲᠠᠷᠢᠶᠠᠯᠠᠩ ᠤ᠋ᠨ ᠶᠠᠪᠤᠳᠠᠯ ᠤ᠋ᠨ ᠰᠠᠨᠠᠭᠤᠯᠭ᠎ᠠ ᠢ᠋ᠢ ᠱᠢᠨᠵᠢᠯᠡᠬᠦ᠌ ᠤᠬᠠᠭᠠᠨᠴᠢ ᠪᠡᠷ ᠲᠣᠭ᠍ᠲᠠᠭᠠᠵᠤ᠂ ᠥᠪᠡᠷᠲᠡᠭᠡᠨ ᠵᠠᠰᠠᠬᠤ ᠣᠷᠣᠨ ᠤ᠋ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠭᠣᠨ ᠮᠠᠯᠵᠢᠬᠤ ᠣᠷᠣᠨ ᠤ᠋ ᠲᠢᠩᠬᠢᠮ ᠲᠠᠢ ᠬᠠᠮᠲᠤᠷᠠᠨ ᠲᠠᠷᠢᠮᠠᠯ ᠤ᠋ᠨ ᠦᠶ᠋ᠯᠡᠰ ᠤ᠋ᠨ ᠲᠦᠷᠭᠡᠨ ᠮᠡᠳᠡᠭᠦᠯᠦᠯᠲᠡ ᠢ᠋ᠢ 3 ᠬᠤᠭᠤᠴᠠᠭ᠎ᠠ ᠨᠡᠢᠲᠡᠯᠡᠨ᠂ ᠲᠦᠬᠦᠭᠡᠷᠦᠮᠵᠢᠲᠤ ᠲᠠᠷᠢᠶᠠᠯᠠᠩ ᠤ᠋ᠨ ᠴᠠᠭ ᠠᠭᠤᠷ ᠤ᠋ᠨ ᠭᠠᠮᠱᠢᠭ ᠤ᠋ᠨ ᠤᠷᠢᠳᠴᠢᠯᠠᠭ᠍ᠰᠠᠨ ᠮᠡᠳᠡᠭᠡ ᠢ᠋ᠢ 19 ᠬᠤᠭᠤᠴᠠᠭ᠎ᠠ ᠨᠡᠢᠲᠡᠯᠡᠵᠦ᠍᠂ ᠴᠠᠭ ᠠᠭᠤᠷ ᠤ᠋ᠨ ᠮᠡᠳᠡᠭᠡ ᠵᠠᠩᠭᠢ ᠬᠢᠭᠡᠳ ᠲᠠᠷᠢᠶᠠᠯᠠᠩ ᠤ᠋ᠨ ᠦᠶ᠋ᠯᠡᠳᠪᠦᠷᠢᠯᠡᠯ ᠤ᠋ᠨ ᠬᠡᠷᠡᠭ᠌ᠴᠡᠭᠡ ᠢ᠋ᠢ ᠭᠦᠨᠵᠡᠭᠡᠶ ᠠᠭᠤᠰᠤᠯᠴᠠᠭᠤᠯᠤᠨ᠂ ᠰᠡᠷᠡᠮᠵᠢᠯᠡᠭᠦᠯᠬᠦ᠌ ᠮᠡᠳᠡᠭᠡ ᠵᠠᠩᠭᠢ ᠢ᠋ᠢ ᠡᠷᠦᠬᠡ ᠳ᠋ᠤ ᠬᠦᠷᠭᠡᠵᠤ᠂ ᠰᠡᠷᠭᠡᠢᠯᠡᠬᠦ᠌ ᠠᠷᠭ᠎ᠠ ᠬᠡᠮᠵᠢᠶ᠎ᠡ ᠢ᠋ᠢ ᠲᠠᠷᠢᠶᠠᠨ ᠭᠠᠵᠠᠷ ᠲᠤ᠌ ᠬᠦᠷᠭᠡᠭᠰᠡᠨ ᠪᠠᠢᠨ᠎ᠠ᠃
ᠡᠭᠦᠨ ᠤ᠋ ᠬᠠᠮᠲᠤ 《ᠲᠢᠶᠠᠨ ᠴᠢᠡᠭ ᠤᠶᠤᠨᠴᠢ ᠲᠠᠷᠢᠶᠠᠯᠠᠡᠭ ᠤ᠋ᠨ ᠴᠠᠭ ᠠᠭᠤᠷ》 ᠵᠢᠷᠬᠢᠶ᠎ᠠ ᠢ᠋ᠢᠨ ᠪᠢᠴᠢᠯ ᠫᠷᠤᠭ᠌ᠷᠠᠮ ᠵᠡᠷᠭᠡ ᠱᠢᠨ᠎ᠡ ᠵᠠᠭᠤᠴᠢᠯᠠᠭᠤᠷ ᠤ᠋ᠨ ᠲᠠᠪᠴᠠᠩ ᠢ᠋ᠢᠡᠷ ᠳᠠᠮᠵᠢᠨ ᠥᠷᠭᠡᠨ ᠣᠯᠠᠨ ᠲᠠᠷᠢᠶᠠᠯᠠᠬᠤ ᠡᠷᠦᠬᠡ᠂ ᠱᠢᠨ᠎ᠡ ᠬᠡᠯᠪᠡᠷᠢ ᠢ᠋ᠢᠨ ᠲᠠᠷᠢᠶᠠᠯᠠᠩ ᠤ᠋ᠨ ᠡᠵᠡᠩᠨᠡᠯᠲᠡ ᠢ᠋ᠢᠨ ᠭᠤᠤᠯ ᠴᠣᠭ᠍ᠴᠠ ᠪᠠ ᠨᠡᠢᠭᠡᠮ ᠨᠡᠢᠲᠡ ᠳ᠋ᠤ ᠬᠠᠪᠤᠷ ᠤ᠋ᠨ ᠲᠠᠷᠢᠶᠠᠯᠠᠭ᠎ᠠ ᠢ᠋ᠢᠨ ᠴᠠᠭ ᠠᠭᠤᠷ ᠤ᠋ᠨ ᠦᠶ᠋ᠯᠡᠴᠢᠯᠡᠭᠡᠨ ᠤ᠋ ᠲᠤᠰᠭᠠᠶ ᠮᠡᠳᠡᠭᠦᠯᠦᠯᠲᠡ ᠢ᠋ᠢ 9 ᠬᠤᠭᠤᠴᠠᠭ᠎ᠠ ᠬᠠᠩᠭᠠᠵᠤ᠂ ᠴᠠᠭ ᠠᠭᠤᠷ ᠤ᠋ᠨ ᠦᠶ᠋ᠯᠡᠴᠢᠯᠡᠭᠡ ᠢ᠋ᠢ ᠦᠶ᠋ᠯᠡᠳᠪᠦᠷᠢᠯᠡᠯ ᠤ᠋ᠨ ᠡᠮᠦᠨ᠎ᠡ ᠹᠷᠣᠨᠲ ᠲᠤ᠌ ᠱᠢᠭᠤᠳ ᠬᠦᠷᠭᠡᠵᠡᠢ᠃ ᠪᠠᠰᠠ ᠲᠥᠮᠥᠰᠥ ᠢ᠋ᠢᠨ ᠲᠤᠰᠭᠠᠶ ᠣᠨᠴᠠᠯᠢᠭ᠍ᠲᠤ ᠲᠠᠷᠢᠶᠠᠯᠠᠩ ᠤ᠋ᠨ ᠴᠠᠭ ᠠᠭᠤᠷ ᠤ᠋ᠨ ᠦᠶ᠋ᠯᠡᠴᠢᠯᠡᠭᠡ ᠥᠷᠨᠢᠭᠦᠯᠵᠦ᠍᠂ ᠪᠥᠬᠥ᠌ ᠤᠯᠤᠰ ᠤ᠋ᠨ ᠲᠥᠮᠥᠰᠥ ᠢ᠋ᠢᠨ ᠭᠤᠤᠯ ᠭᠠᠷᠤᠯᠲᠠ ᠢ᠋ᠢᠨ ᠣᠷᠣᠨ ᠤ᠋ ᠬᠠᠪᠤᠷ ᠤ᠋ᠨ ᠲᠠᠷᠢᠶᠠᠯᠠᠭ᠎ᠠ ᠳ᠋ᠤ ᠲᠣᠬᠢᠷᠠᠭᠤᠯᠤᠭᠰᠠᠨ ᠤᠷᠢᠳᠴᠢᠯᠠᠨ ᠮᠡᠳᠡᠭᠡᠯᠡᠬᠦ᠌ ᠦᠶ᠋ᠯᠡᠳᠬᠦᠨ ᠢ᠋ ᠴᠠᠭ ᠲᠤᠬᠠᠶ ᠳ᠋ᠤᠨᠢ 4 ᠬᠤᠭᠤᠴᠠᠭ᠎ᠠ ᠨᠡᠢᠲᠡᠯᠡᠨ᠂ ᠨᠠᠷᠢᠨ ᠣᠨᠣᠴᠠᠲᠠᠶ ᠲᠤᠰᠭᠠᠢᠵᠢᠭ᠍ᠰᠠᠨ ᠴᠠᠭ ᠠᠭᠤᠷ ᠤ᠋ᠨ ᠦᠶ᠋ᠯᠡᠴᠢᠯᠡᠭᠡ ᠪᠡᠷ ᠣᠨᠴᠠᠯᠢᠭ᠍ᠲᠤ ᠠᠵᠤ ᠦᠶ᠋ᠯᠡᠰ ᠤ᠋ᠨ ᠴᠢᠨᠠᠷ ᠰᠠᠢᠲᠠᠶ ᠬᠥᠭ᠌ᠵᠢᠯᠲᠡ ᠢ᠋ᠢ ᠲᠤᠯᠭᠠᠭᠤᠷᠢᠯᠠᠪᠠ᠃
ᠪᠥᠬᠥ᠌ ᠣᠷᠣᠨ ᠢ᠋ᠢᠡᠷ ᠢ᠋ᠢᠡᠨ ᠨᠢᠭᠡᠳᠦᠯᠲᠡᠶ ᠲᠥᠯᠥᠪᠵᠢᠭᠦᠯᠦᠨ ᠪᠠᠢᠷᠢᠯᠠᠭᠤᠯᠬᠤ ᠡᠴᠡ ᠣᠷᠣᠨ ᠨᠤᠲᠤᠭ ᠤ᠋ᠨ ᠬᠢᠨ ᠣᠨᠣᠴᠠᠲᠠᠶ ᠨᠠᠢᠳᠠᠪᠤᠷᠢᠵᠢᠭᠤᠯᠬᠤ ᠬᠦᠷᠲᠡᠯ᠎ᠡ᠂ ᠡᠯ᠎ᠡ ᠭᠠᠵᠠᠷ ᠤ᠋ᠨ ᠴᠠᠭ ᠠᠭᠤᠷ ᠤ᠋ᠨ ᠰᠠᠯᠠᠭ᠎ᠠ ᠮᠥᠴᠢᠷ ᠤ᠋ᠨ ᠬᠢᠨ ᠭᠠᠵᠠᠷ ᠣᠷᠣᠨ ᠤ᠋ ᠪᠤᠳᠠᠳᠤ ᠪᠠᠢᠳᠠᠯ ᠳ᠋ᠠᠭᠠᠨ ᠲᠣᠬᠢᠷᠠᠭᠤᠯᠤᠨ ᠬᠦᠷᠦᠰᠤ ᠰᠢᠷᠤᠢ ᠵᠢᠨ ᠴᠢᠭᠢᠭ ᠤ᠋ᠨ ᠪᠠᠢᠳᠠᠯ ᠢ᠋ ᠬᠢᠨᠠᠨ ᠬᠡᠮᠵᠢᠬᠦ᠌ ᠠᠷᠭ᠎ᠠ ᠬᠡᠮᠵᠢᠶ᠎ᠡ ᠢ᠋ᠢ ᠨᠠᠷᠢᠯᠢᠬ᠍ᠵᠢᠭᠤᠯᠵᠤ᠂ ᠨᠠᠷᠢᠯᠢᠬ᠍ᠵᠢᠭᠤᠯᠤᠭ᠍ᠰᠠᠨ ᠲᠣᠭ᠎ᠠ ᠪᠠᠷᠢᠮᠲᠠ ᠪᠡᠷ ᠬᠠᠪᠤᠷ ᠤ᠋ᠨ ᠲᠠᠷᠢᠶᠠᠯᠠᠭ᠎ᠠ ᠢ᠋ᠢᠨ ᠦᠶ᠋ᠯᠡᠳᠪᠦᠷᠢᠯᠡᠯ ᠢ᠋ 《ᠪᠠᠲᠤᠯᠠᠪᠠ》᠃ ᠬᠢᠨᠠᠨ ᠬᠡᠮᠵᠢᠭ᠌ᠰᠡᠨ ᠦᠷ᠎ᠡ ᠳ᠋ᠦᠩ ᠳ᠋ᠤ ᠢᠯᠡᠷᠡᠭᠦᠯᠦᠭ᠌ᠰᠡᠨ ᠢ᠋ᠢᠡᠷ᠂ ᠣᠷᠣᠨ ᠪᠦᠰᠡ ᠢ᠋ᠢᠨ ᠲᠠᠷᠬᠠᠯᠲᠠ ᠢ᠋ᠢᠨ ᠲᠠᠯ᠎ᠠ ᠪᠡᠷ ᠵᠡᠭᠦᠨ ᠪᠡᠶ᠎ᠠ ᠢ᠋ᠢᠨ ᠭᠠᠵᠠᠷ ᠣᠷᠣᠨ ᠤ᠋ ᠬᠥᠷᠥᠰᠥ ᠰᠢᠷᠤᠢ ᠵᠢᠨ ᠬᠠᠷᠢᠴᠠᠩᠭᠤᠶ ᠴᠢᠭᠢᠭ ᠤ᠋ᠨ ᠪᠠᠢᠳᠠᠯ ᠨᠢ ᠪᠠᠷᠠᠭᠤᠨ ᠪᠠᠶ᠎ᠠ ᠵᠢᠨ ᠭᠠᠵᠠᠷ ᠣᠷᠣᠨ ᠤ᠋ ᠬᠢ ᠡᠴᠡ ᠢᠯᠡᠳᠲᠡ ᠰᠠᠢᠨ ᠪᠠᠢᠵᠤ᠂ ᠡᠯ᠎ᠡ ᠭᠠᠵᠠᠷ ᠲᠦ᠍ ᠳᠠᠷᠢᠶᠠᠯᠠᠭ᠎ᠠ ᠵᠢᠨ ᠴᠠᠭ ᠢ᠋ᠢᠡᠨ ᠵᠦᠷᠢᠶᠡᠵᠢᠭᠦᠯᠦᠨ ᠲᠣᠬᠢᠷᠠᠭᠤᠯᠬᠤ᠂ ᠳᠠᠷᠢᠮᠠᠯ ᠤ᠋ᠨ ᠪᠠᠢᠷᠢᠱᠢᠯ ᠢ᠋ᠢᠡᠨ ᠱᠢᠯᠢᠳᠡᠭ᠌ᠵᠢᠭᠦᠯᠬᠦ᠌ ᠳ᠋ᠤ ᠨᠠᠷᠢᠨ ᠣᠨᠣᠴᠠᠲᠠᠶ ᠲᠣᠭ᠎ᠠ ᠪᠠᠷᠢᠮᠲᠠ ᠢ᠋ᠢᠨ ᠲᠤᠯᠭᠠᠭᠤᠷᠢᠯᠠᠯ ᠬᠠᠩᠭᠠᠪᠠ᠃ ᠨᠡᠢᠳᠡᠮ ᠪᠠᠢᠴᠠᠭᠠᠯᠲᠠ ᠳ᠋ᠤ ᠪᠠᠰᠠ ᠳᠠᠭᠠᠭᠤᠯᠢ ᠣᠳᠣᠨ ᠤ᠋ ᠠᠯᠤᠰ ᠰᠡᠷᠡᠯ ᠤ᠋ᠨ ᠬᠢᠨᠠᠨ ᠬᠡᠮᠵᠢᠬᠦ᠌ ᠮᠡᠷᠭᠡᠵᠢᠯ ᠢ᠋ ᠠᠭᠤᠰᠤᠯᠴᠠᠭᠤᠯᠵᠤ᠂ 《ᠤᠭᠲᠠᠷᠭᠤᠢ — ᠭᠠᠵᠠᠷ》 ᠬᠠᠮᠵᠢᠯᠴᠠᠬᠤ ᠪᠣᠰᠣᠭ᠎ᠠ ᠴᠣᠭ᠍ᠴᠠᠲᠤ ᠠᠵᠢᠭ᠍ᠯᠠᠯᠲᠠ ᠢ᠋ᠢᠨ ᠱᠢᠰᠲ᠋ᠧᠮ ᠢ᠋ ᠪᠠᠢᠭᠤᠯᠪᠠ᠃ ᠳᠠᠭᠠᠭᠤᠯᠢ ᠣᠳᠣᠨ ᠤ᠋ ᠠᠯᠤᠰ ᠰᠡᠷᠡᠯ ᠢ᠋ᠢᠡᠷ ᠣᠯᠤᠭ᠍ᠰᠠᠨ ᠬᠦᠷᠤᠰᠤ ᠰᠢᠷᠤᠢ ᠵᠢᠨ ᠴᠢᠬᠢᠭ ᠤ᠋ᠨ ᠬᠣᠷᠸ᠎ᠠ ᠪᠠᠢᠳᠠᠯ ᠤ᠋ᠨ ᠲᠠᠷᠬᠠᠯᠲᠠ ᠢ᠋ᠢᠨ ᠵᠢᠷᠤᠭ ᠢ᠋ᠢᠡᠷ ᠳᠡᠮᠵᠢᠨ ᠭᠠᠵᠠᠷ ᠤ᠋ᠨ ᠭᠠᠳᠠᠷᠭᠤ ᠢ᠋ᠢᠨ 167 ᠬᠢᠨᠠᠨ ᠬᠡᠮᠵᠢᠬᠦ᠌ ᠴᠡᠭ ᠤ᠋ᠨ ᠪᠣᠳᠠᠲᠠᠶ ᠬᠡᠮᠵᠢᠭ᠌ᠰᠡᠨ ᠲᠣᠭ᠎ᠠ ᠪᠠᠷᠢᠮᠲᠠ ᠲᠠᠢ ᠰᠣᠯᠪᠢᠴᠠᠭᠤᠯᠤᠨ ᠱᠢᠯᠭᠠᠨ ᠪᠠᠲᠤᠯᠠᠵᠤ᠂ ᠲᠣᠭ᠎ᠠ ᠪᠠᠷᠢᠮᠲᠠ ᠢ᠋ᠢ ᠢᠵᠢᠯᠢᠱᠢᠭᠦᠯᠤᠨ᠂ ᠬᠦᠷᠦᠰᠤ ᠰᠢᠷᠤᠢ ᠵᠢᠨ ᠴᠢᠭᠢᠭ ᠤ᠋ᠨ ᠪᠠᠢᠳᠠᠯ ᠢ᠋ ᠬᠢᠨᠠᠨ ᠬᠡᠮᠵᠢᠬᠦ᠌ ᠨᠠᠷᠢᠯᠢᠭ᠍ᠴᠠ ᠢ᠋ᠢ 5 ᠺᠢᠯᠣᠮᠧᠲ᠋ᠷ ᠤ᠋ᠨ ᠲᠤᠤᠷᠵᠢᠯ ᠤ᠋ᠨ ᠲᠠᠰ ᠬᠦᠷᠲᠡᠯ᠎ᠡ ᠳᠡᠭᠡᠭ᠌ᠰᠢᠯᠡᠭᠦᠯᠪᠠ᠃
ᠬᠠᠪᠤᠷ ᠤ᠋ᠨ ᠲᠠᠷᠢᠶᠠᠯᠠᠭ᠎ᠠ ᠢ᠋ᠢᠨ ᠭᠠᠩ ᠬᠠᠭᠰᠠᠷᠠᠭᠠᠨ ᠲᠠᠢ ᠲᠡᠮᠡᠴᠡᠵᠦ᠍ ᠲᠠᠷᠢᠶᠠᠨ ᠭᠠᠵᠠᠷ ᠤ᠋ᠨ ᠴᠢᠭᠢᠭ ᠢ᠋ ᠬᠠᠮᠠᠭᠠᠯᠠᠬᠤ ᠵᠠᠩᠭᠢᠯᠠᠭ᠎ᠠ ᠢ᠋ᠢᠨ ᠬᠡᠷᠡᠭ᠌ᠴᠡᠭᠡ ᠳ᠋ᠤ ᠠᠩᠬᠠᠷᠤᠯ ᠢ᠋ᠢᠡᠨ ᠲᠥᠪᠯᠡᠷᠡᠭᠦᠯᠵᠦ᠍᠂ ᠥᠪᠥᠷ ᠮᠣᠩᠭᠣᠯ ᠤ᠋ᠨ ᠦᠪᠡᠷᠲᠡᠭᠡᠨ ᠵᠠᠰᠠᠬᠤ ᠤᠷᠤᠨ ᠤ᠋ ᠴᠠᠭ ᠠᠭᠤᠷ ᠤ᠋ᠨ ᠲᠣᠪᠴᠢᠶ᠎ᠠ ᠴᠠᠭ ᠠᠭᠤᠷ ᠤ᠋ᠨ ᠠᠱᠢᠭ᠍ᠲᠠᠶ ᠨᠥᠬᠥᠴᠡᠯ ᠪᠦᠬᠦᠨ ᠢ᠋ ᠠᠠᠳᠠᠯ ᠦᠬᠡᠢ ᠠᠳᠬᠤᠨ᠂ 《ᠨᠡᠮᠡᠭ᠌ᠳᠡᠭᠦᠯᠪᠡᠰᠦ ᠵᠣᠬᠢᠬᠤ ᠢ᠋ᠢ ᠨᠢ ᠪᠦᠬᠦᠨ ᠢ᠋ ᠨᠡᠮᠡᠭ᠌ᠳᠡᠭᠦᠯᠬᠦ᠌᠂ ᠨᠡᠮᠡᠭ᠌ᠳᠡᠭᠦᠯᠵᠦ᠍ ᠳᠡᠢᠯᠬᠦ᠌ ᠢ᠋ᠢ ᠨᠢ ᠲᠦᠷᠭᠡᠨ ᠨᠡᠮᠡᠭ᠌ᠳᠡᠭᠦᠯᠬᠦ᠌》 ᠶ᠋ᠢ ᠪᠠᠷᠢᠮᠲᠠᠯᠠᠵᠤ᠂ ᠬᠠᠪᠤᠷ ᠤ᠋ᠨ ᠲᠠᠷᠢᠶᠠᠯᠠᠭ᠎ᠠ ᠢ᠋ᠢᠨ ᠭᠠᠩ ᠬᠠᠭᠰᠠᠷᠠᠭᠠᠨ ᠲᠠᠢ ᠲᠡᠮᠡᠴᠡᠵᠦ᠍ ᠲᠠᠷᠢᠶᠠᠨ ᠭᠠᠵᠠᠷ ᠤ᠋ᠨ ᠴᠢᠭᠢᠭ ᠢ᠋ ᠬᠠᠮᠠᠭᠠᠯᠠᠬᠤ ᠠᠵᠢᠯ ᠢ᠋ ᠪᠥᠬᠥ᠌ ᠬᠦᠴᠦᠨ ᠢ᠋ᠢᠡᠷ ᠢ᠋ᠢᠡᠨ ᠰᠠᠢᠲᠤᠷ ᠬᠢᠵᠠᠢ᠃ ᠪᠦᠬᠦ᠌ ᠣᠷᠣᠨ ᠤ᠋ ᠪᠣᠷᠣᠭᠠᠨ ᠨᠡᠮᠡᠵᠤ ᠤᠷᠤᠭᠤᠯᠬᠤ 8 ᠨᠢᠰᠭᠡᠯ ᠪᠦᠬᠦᠨ ᠵᠢᠡᠷ ᠵᠢᠡᠨ ᠲᠠᠯᠠᠪᠠᠢ ᠳ᠋ᠤ ᠣᠷᠣᠵᠤ᠂ ᠭᠠᠵᠠᠷ ᠳᠡᠭᠡᠷᠡᠬᠢ ᠠᠵᠢᠯ ᠤ᠋ᠨ ᠲᠥᠬᠥᠭᠡᠷᠦᠮᠵᠢ ᠢ᠋ᠢ ᠪᠦᠬᠦᠨ ᠢ᠋ ᠪᠡᠯᠡᠳᠭᠡᠵᠦ᠍ ᠳᠠᠭᠤᠰᠭᠠᠪᠠ᠃ ᠣᠲᠤᠬᠠᠨ ᠪᠣᠯᠲᠠᠯ᠎ᠠ ᠨᠢᠭᠡᠨᠲᠡ 24 ᠤᠳᠠᠭ᠎ᠠ ᠠᠵᠢᠯᠯᠠᠨ 75 ᠴᠠᠭ 54 ᠮᠢᠨᠦ᠋ᠲ ᠨᠢᠰᠴᠦ᠍᠂ ᠪᠣᠷᠣᠭᠠᠨ ᠨᠡᠮᠡᠵᠤ ᠤᠷᠤᠭᠤᠯᠬᠤ ᠠᠵᠢᠯ ᠢ᠋ 84 ᠴᠠᠭ ᠤᠳᠠᠭ᠎ᠠ ᠬᠢᠵᠦ᠍᠂ ᠬᠥᠷᠥᠰᠥ ᠰᠢᠷᠤᠢ ᠵᠢᠨ ᠴᠢᠭᠢᠭ ᠤ᠋ᠨ ᠪᠠᠢᠳᠠᠯ ᠢ᠋ ᠪᠦᠲᠦᠮᠵᠢᠲᠡᠶ ᠰᠠᠢᠵᠢᠷᠠᠭᠤᠯᠪᠠ᠃
ᠨᠠᠷᠢᠨ ᠣᠨᠣᠴᠠᠲᠠᠶ ᠦᠶ᠋ᠯᠡᠴᠢᠯᠡᠭᠡ ᠢ᠋ᠢᠨ ᠠᠷᠤ ᠳ᠋ᠤ ᠣᠶᠤᠨᠴᠢ ᠴᠠᠭ ᠠᠭᠤᠷ ᠤ᠋ᠨ ᠲᠠᠪᠴᠠᠩ ᠤ᠋ᠨ ᠬᠦᠴᠦᠲᠡᠶ ᠲᠤᠯᠭᠠᠭᠤᠷᠢᠯᠠᠯ ᠪᠣᠶ᠃ ᠮᠠᠨ ᠤ᠋ ᠤᠷᠤᠨ 《ᠲᠢᠶᠠᠨ ᠴᠢᠡᠭ》 ᠱᠢᠰᠲ᠋ᠧᠮ ᠳ᠋ᠤ ᠲᠦᠱᠢᠭ᠌ᠯᠡᠨ 《ᠰᠦᠯᠵᠢᠶᠡᠨ ᠤ᠋ ᠪᠣᠳᠠᠲᠤ ᠪᠠᠢᠳᠠᠯ + ᠣᠶᠤᠨᠴᠢ ᠤᠷᠢᠳᠴᠢᠯᠠᠭ᠍ᠰᠠᠨ ᠮᠡᠳᠡᠭᠡ + ᠮᠠᠯ ᠠᠵᠤ ᠠᠬᠤᠶ ᠲᠠᠷᠢᠶᠠᠯᠠᠩ ᠤ᠋ᠨ ᠦᠶ᠋ᠯᠡᠳᠪᠦᠷᠢᠯᠡᠯ ᠤ᠋ᠨ ᠲᠣᠭ᠎ᠠ ᠪᠠᠷᠢᠮᠲᠠ + ᠠᠬᠤᠶ ᠲᠠᠯᠠᠪᠠᠶ ᠢ᠋ᠢᠨ ᠦᠶ᠋ᠯᠡᠴᠢᠯᠡᠭᠡᠨ ᠤ᠋ ᠵᠠᠭ᠍ᠪᠤᠷ》 ᠢ᠋ ᠠᠭᠤᠰᠤᠯᠴᠠᠭᠤᠯᠵᠤ᠂ ᠡᠯ᠎ᠡ ᠱᠠᠲᠤᠨ ᠤ᠋ ᠴᠠᠭ ᠠᠭᠤᠷ ᠤ᠋ᠨ ᠰᠠᠯᠠᠭ᠎ᠠ ᠮᠥᠴᠢᠷ ᠤ᠋ᠨ ᠬᠠᠮᠲᠤ ᠪᠡᠷ ᠪᠠᠢᠭᠤᠯᠵᠤ ᠬᠠᠮᠲᠤ ᠪᠡᠷ ᠡᠳ᠋ᠯᠡᠬᠦ᠌ ᠣᠶᠤᠨᠴᠢ ᠮᠠᠯ ᠠᠵᠤ ᠠᠬᠤᠶ ᠲᠠᠷᠢᠶᠠᠯᠠᠩ ᠤ᠋ᠨ ᠴᠠᠭ ᠠᠭᠤᠷ ᠤ᠋ᠨ ᠦᠶ᠋ᠯᠡᠴᠢᠯᠡᠭᠡᠨ ᠤ᠋ ᠲᠠᠪᠴᠠᠩ ᠢ᠋ ᠪᠠᠢᠭᠤᠯᠪᠠ᠃ ᠣᠳᠣᠬᠠᠨ ᠪᠣᠯᠲᠠᠯ᠎ᠠ᠂ ᠥᠪᠥᠷ ᠮᠣᠩᠭᠣᠯ ᠤ᠋ᠨ ᠤᠶᠤᠨᠴᠢ ᠲᠠᠷᠢᠶᠠᠯᠠᠩ ᠤ᠋ᠨ ᠴᠠᠭ ᠠᠭᠤᠷ ᠤ᠋ᠨ ᠦᠶ᠋ᠯᠡᠴᠢᠯᠡᠭᠡᠨ ᠤ᠋ App ᠢ᠋ᠢᠨ ᠳᠠᠩᠰᠠᠯᠠᠭᠤᠯᠤᠭ᠍ᠰᠠᠨ ᠬᠡᠷᠡᠭ᠌ᠯᠡᠭ᠌ᠴᠢ ᠨᠢᠬᠡᠨᠳᠡ 8.4 ᠲᠦᠮᠡ ᠳ᠋ᠤ ᠬᠦᠷᠴᠦ᠍᠂ ᠲᠠᠷᠢᠮᠠᠯ ᠤ᠋ᠨ ᠲᠣᠮᠣ ᠡᠷᠦᠬᠡ᠂ ᠬᠡᠷ ᠪᠦᠯᠢ ᠢ᠋ᠢᠨ ᠲᠠᠷᠢᠶᠠᠯᠠᠩ ᠤ᠋ᠨ ᠲᠠᠯᠠᠪᠠᠶ᠂ ᠲᠤᠰᠬᠠᠢ ᠬᠣᠷᠱᠢᠶᠠ ᠵᠡᠷᠭᠡ ᠭᠤᠤᠯ ᠴᠣᠭ᠍ᠴᠠ ᠢ᠋ᠢ ᠬᠠᠮᠤᠷᠴᠤ᠌᠂ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠲᠤᠰᠭᠠᠶ ᠲᠥᠷᠥᠯ ᠵᠤᠢᠯ ᠢ᠋ ᠬᠡᠷᠡᠭᠵᠢᠬᠦᠯᠬᠦ ᠬᠤᠰᠢᠭᠤ ᠱᠢᠶᠠᠨ ᠤ᠋ ᠪᠦᠷᠬᠦᠴᠡ ᠢ᠋ᠢᠨ ᠨᠣᠷᠮ᠎ᠠ ᠨᠢ 95% ᠢ᠋ᠢ ᠳᠠᠪᠠᠪᠠ᠃