ᠵᠠᠯᠠᠭᠤᠷ᠎ᠢ ᠡᠵᠡᠮᠳᠡᠨ ᠳᠠᠷᠪᠠᠭᠤᠯ ᠬᠡᠢᠰᠭᠡᠵᠤ ᠠᠮᠵᠢᠯᠲᠠ ᠲᠠᠢ ᠤᠷᠤᠭᠰᠢᠯᠠᠨᠠᠮ
2026-06-04 09:37:33
ᠵᠣᠬᠢᠶᠠᠭ᠍ᠴᠢ᠄
ᠱᠢᠨᠬᠤᠸᠠ ᠬᠤᠷᠢᠶ᠎ᠠ ᠵᠢᠨ ᠰᠤᠷᠪᠤᠯᠵᠢᠯᠠᠭ᠍ᠴᠢ ᠭᠦᠸᠧ ᠹᠠᠩ ᠳ᠋ᠠ ᠳ᠋ᠧᠩ ᠷᠦᠢ ᠱᠢᠤᠸᠠᠨ ᠵᠧᠩ ᠵᠢᠶᠦ᠋ᠨ ᠲᠢᠶᠠᠨ
ᠣᠩᠱᠢᠭ᠍ᠰᠠᠨ ᠣᠳᠠᠭ᠎ᠠ᠄
★★★☆☆

 — 5 ᠰᠠᠷ᠎ᠠ᠎ᠶ᠋ᠢᠨ ᠪᠥᠬᠥ᠌ ᠤᠯᠤᠰ᠎ᠤᠨ ᠡᠯ᠎ᠡ ᠭᠠᠵᠠᠷ᠎ᠤᠨ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠲᠤᠬᠠᠢ ᠠᠵᠢᠭ᠍ᠯᠠᠯᠲᠠ


ᠤᠯᠠᠨ ᠭᠠᠵᠠᠷ ᠎ᠤᠨ ᠬᠢᠨ ᠬᠠᠤᠯᠢ ᠪᠡᠷ ᠵᠠᠰᠠᠬᠤ ᠬᠦᠴᠦᠨ᠎ᠢᠶᠡᠷ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢ ᠬᠠᠮᠠᠭᠠᠯᠠᠭ᠍ᠰᠠᠨ᠎ᠡᠴᠡ ᠺᠢᠨᠣ᠋ ᠵᠢᠭᠤᠯᠴᠢᠯᠠᠯ᠎ᠤᠨ ᠠᠭᠤᠰᠤᠯᠴᠠᠯ ᠨᠢ ᠬᠡᠷᠡᠭ᠌ᠯᠡᠭᠡ᠎ᠶ᠋ᠢᠨ ᠱᠢᠨ᠎ᠡ ᠡᠵᠡᠩᠨᠡᠯᠲᠡ᠎ᠶ᠋ᠢᠨ ᠬᠡᠯᠪᠡᠷᠢ᠎ᠶ᠋ᠢ ᠬᠥᠭ᠌ᠵᠢᠭᠡᠭ᠌ᠰᠡᠨ ᠬᠦᠷᠲᠡᠯ᠎ᠡ; 《ᠰᠠᠢᠨ ᠭᠡᠷ ᠪᠠᠢᠱᠢᠩ》 ᠤ᠋ᠨ ᠪᠦᠲᠦᠭᠡᠨ ᠪᠠᠢᠭᠤᠯᠤᠯᠲᠠ ᠬᠤᠷᠳᠤᠴᠠ ᠪᠠᠨ ᠦᠷᠭᠦᠯᠵᠢᠯᠡᠨ ᠲᠦᠷᠭᠡᠳᠭᠡᠭᠰᠡᠨ ᠡᠴᠡ ᠡᠯ᠎ᠡ ᠭᠠᠵᠠᠷ᠎ᠤᠨ ᠬᠢᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠢᠶᠡᠷ ᠬᠦᠮᠦᠨ ᠪᠠᠢᠭᠠᠯᠢ ᠡᠶ᠎ᠡ ᠵᠣᠬᠢᠴᠠᠩᠭᠤᠢ᠎ᠪᠠᠷ ᠵᠡᠷᠭᠡᠴᠡᠨ ᠣᠷᠣᠱᠢᠬᠤ ᠎ᠳᠤ ᠡᠨᠧᠷᠬᠢ ᠤᠯᠭᠤᠬᠤ ᠬᠦᠷᠲᠡᠯ᠎ᠡ ᠁ 5 ᠰᠠᠷ᠎ᠠ᠎ᠡᠴᠡ ᠨᠠᠭᠠᠰᠢ᠂ ᠪᠦᠬᠦ᠌ ᠤᠯᠤᠰ ᠎ᠤᠨ ᠡᠯ᠎ᠡ ᠭᠠᠵᠠᠷ᠎ᠤᠨ ᠬᠢᠨ ᠦᠨᠡᠨ ᠬᠦ᠌ ᠠᠳᠭᠤᠨ ᠪᠣᠳᠠᠲᠠᠢ ᠠᠵᠢᠯᠯᠠᠵᠤ᠂ ᠢᠳᠡᠷᠬᠡᠭ ᠠᠯᠬᠤᠭ᠎ᠠ ᠪᠡᠷ ᠤᠷᠤᠭ᠍ᠰᠢᠯᠠᠵᠤ᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠳᠠᠪᠱᠢᠵᠤ᠂ ᠱᠢᠨ᠎ᠡ ᠲᠡᠢᠰᠢ ᠱᠢᠯᠢᠳᠡᠭ᠌ ᠲᠡᠢᠰᠢ ᠤᠷᠤᠭᠰᠢᠯᠠᠭᠰᠠᠨ ᠠᠮᠢᠳᠤᠯᠢᠭ ᠵᠢᠷᠤᠭ ᠲᠥᠯᠥᠪ ᠎ᠢ ᠢᠯᠡᠷᠡᠭᠦᠯᠪᠡ᠃

ᠠᠵᠢᠭ᠍ᠯᠠᠯᠲᠠ ᠨᠢᠭᠡ᠄ 《ᠴᠠᠭᠠᠰᠤᠨ ᠳᠡᠭᠡᠷ᠎ᠡ》 ᠡᠴᠡ ᠪᠣᠳᠠᠲᠠᠢᠵᠢᠭᠤᠯᠬᠤ ᠬᠦᠷᠲᠡᠯ᠎ᠡ᠂ ᠬᠠᠤᠯᠢ ᠪᠡᠷ ᠵᠠᠰᠠᠬᠤ ᠬᠠᠮᠠᠭᠠᠯᠠᠯᠲᠠ ᠨᠢ ᠠᠷᠠᠳ᠎ᠤᠨ ᠡᠵᠡᠩᠨᠡᠯᠲᠡ ᠎ᠶ᠋ᠢᠨ ᠠᠵᠤ ᠠᠬᠤᠢᠯᠠᠯ᠎ᠳᠤ ᠦᠨᠡᠨ ᠪᠤᠳᠠᠳᠠᠢ ᠠᠰᠢᠭ ᠬᠦᠷᠲᠡᠭᠡᠪᠡ

ᠡᠨᠡ ᠵᠢᠯ᠎ᠦᠨ 5 ᠰᠠᠷ᠎ᠠ᠎ᠶ᠋ᠢᠨ 20 ᠤ᠋ ᠡᠳᠦᠷ ᠪᠤᠯ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢ᠎ᠶ᠋ᠢ ᠠᠬᠢᠭᠤᠯᠬᠤ ᠬᠠᠤᠯᠢ᠎ᠶ᠋ᠢ ᠬᠡᠷᠡᠭ᠌ᠵᠢᠭᠦᠯᠦᠭ᠌ᠰᠡᠨ ᠨᠢᠭᠡ ᠵᠢᠯ ᠎ᠦᠨ ᠤᠢ ᠪᠤᠯᠤᠨ᠎ᠠ᠃ ᠸᠸᠨᠵᠸᠦ᠍᠎ᠶ᠋ᠢᠨ ᠬᠢᠨ ᠲᠣᠭ᠍ᠲᠠᠭᠠᠯ ᠎ᠳᠤ ᠨᠡᠢᠴᠡᠭᠦᠯᠬᠦ᠌ ᠵᠢᠯᠣᠭᠣᠳᠣᠯᠭ᠎ᠠ ᠎ᠪᠠᠷ ᠭᠠᠷᠳᠠᠴᠠ ᠪᠣᠯᠭᠠᠨ ᠱᠢᠨ᠎ᠡ ᠡᠵᠡᠩᠨᠡᠯᠲᠡ᠎ᠶ᠋ᠢᠨ ᠬᠡᠯᠪᠡᠷᠢ ᠎ᠶ᠋ᠢᠨ ᠬᠥᠭ᠌ᠵᠢᠯᠲᠡ᠎ᠶ᠋ᠢ ᠬᠠᠮᠠᠭᠠᠯᠠᠵᠤ᠂ ᠡᠯ᠎ᠡ ᠭᠠᠵᠠᠷ᠎ᠤᠨ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠶ᠎ᠶ᠋ᠢᠨ ᠬᠥᠭ᠌ᠵᠢᠯᠲᠡ᠎ᠶ᠋ᠢ ᠠᠬᠢᠭᠤᠯᠬᠤ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠵᠤ ᠪᠠᠢᠭ᠎ᠠ᠎ᠶ᠋ᠢᠨ ᠠᠮᠢᠳᠤᠯᠢᠭ ᠲᠠᠢᠯᠪᠤᠷᠢ ᠪᠤᠯᠤᠭᠰᠠᠨ ᠪᠠᠢᠨ᠎ᠠ᠃

5 ᠰᠠᠷ᠎ᠠ᠎ᠳᠤ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠎ᠤᠨ ᠎ᠬᠢᠨ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠶ᠎ᠶ᠋ᠢ ᠠᠬᠢᠭᠤᠯᠬᠤ ᠬᠠᠤᠯᠢ᠎ᠶ᠋ᠢ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠶ᠋ᠢ ᠬᠦᠴᠦᠯᠡᠨ ᠠᠬᠢᠭᠤᠯᠪᠠ᠄ 《ᠴᠦᠩᠴᠢᠩ ᠬᠣᠲᠠ᠎ᠶ᠋ᠢᠨ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠶ᠎ᠶ᠋ᠢ ᠠᠬᠢᠭᠤᠯᠬᠤ ᠲᠦᠷᠢᠮ》 ᠢ᠋ ᠵᠢᠩᠬᠢᠨᠢ᠎ᠪᠡᠷ ᠬᠡᠷᠡᠭ᠌ᠵᠢᠭᠦᠯᠵᠦ᠂ ᠲᠤᠬᠠᠶ᠎ᠶ᠋ᠢᠨ ᠭᠠᠵᠠᠷ᠎ᠤᠨ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠲᠤᠰᠭᠠᠢᠯᠠᠨ ᠠᠬᠢᠭᠤᠯᠬᠤ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭ᠍ᠲᠠᠭᠠᠯ ᠪᠣᠯᠵᠠᠢ; ᠱᠠᠨᠳᠦ᠋ᠩ᠎ᠦᠨ ᠴᠢᠩᠳᠣᠤ᠎ᠳᠤ᠂ 2026 ᠣᠨ᠎ᠤ 《ᠨᠢᠭᠡ ᠬᠠᠤᠯᠢ ᠨᠢᠭᠡ ᠲᠦᠷᠢᠮ》ᠢ᠋ ᠤᠬᠠᠭᠤᠯᠤᠨ ᠲᠤᠭᠤᠱᠢᠯᠠᠭᠤᠯᠬᠤ ᠵᠢᠴᠢ ᠲᠥᠷᠥ ᠎ᠶ᠋ᠢᠨ ᠪᠣᠳᠣᠯᠭ᠎ᠠ᠎ᠶ᠋ᠢᠨ ᠦᠶ᠋ᠯᠡᠴᠢᠯᠡᠭᠡᠨ᠎ᠦ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠠᠵᠢᠯᠯᠠᠭ᠎ᠠ ᠡᠬᠢᠯᠡᠪᠡ; ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ 《ᠬᠠᠤᠯᠢ ᠪᠡᠷ ᠵᠠᠰᠠᠬᠤ ᠪᠡᠷ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢ᠎ᠶ᠋ᠢ ᠬᠠᠮᠠᠭᠠᠯᠠᠬᠤ》  ᠠᠵᠢᠯᠯᠠᠭ᠎ᠠ᠎ᠶ᠋ᠢᠨ ᠲᠥᠰᠦᠯ ᠢ᠋ ᠳᠠᠷᠤᠮᠠᠯᠯᠠᠨ ᠲᠠᠷᠬᠠᠭᠠᠪᠠ  ᠁

《ᠵᠢᠶᠠᠩᠰᠦ ᠮᠤᠵᠢ᠎ᠶ᠋ᠢᠨ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠶ᠎ᠶ᠋ᠢ ᠠᠬᠢᠭᠤᠯᠬᠤ ᠲᠦᠷᠢᠮ》 ᠢ᠋ 5 ᠰᠠᠷ᠎ᠠ᠎ᠶ᠋ᠢᠨ 20 ᠎ᠤ᠋ ᠡᠳᠦᠷ᠎ᠡᠴᠡ ᠵᠢᠩᠬᠢᠨᠢ᠎ᠪᠡᠷ ᠬᠡᠷᠡᠭ᠌ᠵᠢᠭᠦᠯᠪᠡ᠃ 《ᠲᠦᠷᠢᠮ ᠨᠢ ᠠᠵᠤ ᠠᠬᠤᠢᠯᠠᠯ᠎ᠤᠨ ᠡᠭᠦᠳᠦᠯᠲᠡ᠎ᠶ᠋ᠢᠨ ᠲᠤᠰᠭᠠᠶ ᠠᠱᠢᠭ᠂ ᠳᠠᠯᠳᠠ ᠬᠥᠷᠥᠩᠭᠡ᠎ᠪᠡᠷ ᠳᠠᠨᠵᠢᠯᠠᠵᠤ ᠪᠠᠯᠠ ᠬᠤᠷᠠᠮᠳᠤᠭᠤᠯᠬᠤ᠎ᠶ᠋ᠢ ᠳᠡᠮᠵᠢᠵᠦ᠍᠂ ᠠᠵᠤ ᠠᠬᠤᠢᠯᠠᠯ᠎ᠳᠤ ᠠᠱᠢᠭ ᠬᠦᠷᠲᠡᠭᠡᠬᠦ᠌ ᠲᠥᠷᠥ᠎ᠶ᠋ᠢᠨ ᠪᠣᠳᠣᠯᠭ᠎ᠠ ᠎ᠶ᠋ᠢ ᠪᠣᠳᠠᠲᠠᠶ ᠨᠠᠢᠳᠠᠪᠤᠷᠢᠵᠢᠭᠤᠯᠪᠠ》᠃  ᠰᠦᠵᠧᠦ᠍᠎ᠶ᠋ᠢᠨ ᠬᠠᠶ ᠮᠢᠶᠣᠣ ᠠᠮᠢᠳᠤ ᠪᠣᠳᠠᠰ ᠎ᠤᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶ᠋ᠢᠨ ᠬᠡᠷᠡᠭ ᠮᠡᠳᠡᠭ᠌ᠴᠢᠳ᠎ᠦᠨ ᠳᠠᠷᠤᠭ᠎ᠠ ᠲᠠᠨ ᠮᠢᠶᠣᠣ᠂ ᠲᠡᠭᠦᠨ᠎ᠦ ᠪᠠᠢᠭ᠎ᠠ ᠠᠵᠤ ᠠᠬᠤᠢᠯᠠᠯ ᠣᠢᠷ᠎ᠠ᠎ᠳᠤ ᠭᠤᠤᠯᠯᠠᠬᠤ ᠲᠤᠰᠭᠠᠶ ᠠᠱᠢᠭ᠎ᠢᠶᠠᠨ ᠳᠠᠨᠵᠢᠯᠠᠭᠠᠳ 2000 ᠲᠦᠮᠡᠨ ᠲᠥᠭᠥᠷᠢᠭ᠎ᠦᠨ ᠢᠲᠡᠭᠡᠮᠵᠢᠲᠦ ᠵᠢᠭᠡᠯᠡᠯᠭᠡ ᠣᠯᠵᠤ᠂ ᠮᠥᠩᠭᠥᠨ ᠭᠦᠶ᠋ᠯᠭᠡᠭᠡᠨ᠎ᠦ ᠳᠡᠮᠵᠢᠯᠭᠡ᠎ᠲᠡᠶ ᠪᠣᠯᠵᠣ᠂ ᠰᠤᠳᠤᠯᠤᠨ ᠨᠡᠭᠡᠭᠡᠬᠦ᠌ ᠠᠯᠬᠤᠴᠠ ᠨᠢ ᠲᠠᠰᠤᠷᠠᠯᠲᠠ ᠥᠬᠡᠶ ᠲᠦᠷᠭᠡᠳᠪᠡ ᠭᠡᠵᠡᠶ᠃

ᠠᠵᠢᠭ᠍ᠯᠠᠯᠲᠠ ᠬᠣᠶᠠᠷ᠄ ᠴᠡᠭᠡᠨ ᠬᠥᠱᠢᠭᠡ᠎ᠡᠴᠡ ᠠᠭᠤᠯᠠ ᠲᠡᠯᠡᠶ ᠬᠦᠷᠲᠡᠯ᠎ᠡ᠂ ᠺᠢᠨᠣ᠋᠎ᠶ᠋ᠢᠨ ᠬᠠᠯᠠᠮᠰᠢᠯ ᠨᠢ ᠰᠣᠶᠣᠯ ᠵᠢᠭᠤᠯᠴᠢᠯᠠᠯ᠎ᠤᠨ ᠬᠡᠷᠡᠭ᠌ᠯᠡᠭᠡ᠎ᠪᠤᠯᠤᠨ ᠬᠤᠪᠢᠷᠠᠪᠠ

《ᠪᠠᠷᠢᠯᠭ᠎ᠠ᠎ᠨᠢ ᠴᠤᠤᠱᠠᠨ᠎ᠤ ᠬᠡᠪ ᠨᠠᠮᠪᠠ᠎ᠵᠢ ᠮᠠᠰᠢ ᠰᠠᠢᠨ ᠬᠠᠳᠠᠭᠠᠯᠠᠭᠰᠠᠨ ᠪᠠᠢᠨ᠎ᠠ》᠃ ᠭᠤᠸᠠᠩᠳᠦ᠋ᠩ᠎ᠦᠨ ᠱᠠᠨᠲ᠋ᠧᠦ᠍᠎ᠶ᠋ᠢᠨ ᠳ᠋ᠦᠩ ᠯᠢ ᠪᠠᠯᠭᠠᠰᠤ᠎ᠶ᠋ᠢᠨ ᠲᠠᠩ ᠰᠢ ᠲᠣᠰᠭᠣᠨ᠎ᠤ ᠴᠢ ᠹᠧᠩ ᠴᠧᠨ ᠭᠦᠩ ᠰᠦᠮ᠎ᠡ᠎ᠳᠦ᠂ ᠱᠧᠨᠵᠧᠨ᠎ᠡᠴᠡ ᠢᠷᠡᠭ᠌ᠰᠡᠨ ᠶᠠᠩ ᠠᠪᠠᠬᠠᠢ᠂ ᠡᠨᠡ ᠬᠦ᠌ ᠠᠷᠠᠳ᠎ᠤᠨ ᠰᠠᠭᠤᠴᠠ᠎ᠳᠤ ᠠᠯᠬᠤᠨ ᠣᠷᠣᠬᠤ ᠭᠱᠠᠨ᠎ᠳᠤ ᠺᠢᠨᠣ᠋᠎ᠵᠢᠨ ᠦᠵᠡᠭᠳᠡᠯ ᠲᠡᠷᠡ ᠬᠡᠪ᠎ᠢᠶᠡᠷ᠎ᠢᠶᠡᠨ ᠨᠢᠳᠦᠨ ᠡᠮᠦᠨ᠎ᠡ ᠲᠡᠯᠭᠡᠭᠳᠡᠯ᠎ᠡ ᠭᠡᠵᠦ ᠭᠠᠢᠬᠠᠰᠢ ᠠᠯᠳᠠᠨ᠎ᠠ᠃

ᠴᠢ ᠹᠧᠩ ᠴᠧᠨ ᠭᠦᠩ ᠰᠦᠮ᠎ᠡ ᠪᠣᠯ ᠣᠷᠴᠢᠮᠬᠠᠨ ᠬᠠᠯᠠᠮᠰᠢᠯ ᠪᠤᠯᠵᠤ ᠪᠠᠢᠭ᠎ᠠ《ᠡᠵᠢ᠎ᠳᠡᠭᠡᠨ ᠢᠯᠡᠭᠡᠭᠰᠡᠨ ᠵᠠᠬᠢᠳᠠᠯ》 ᠭᠡᠬᠦ ᠺᠢᠨᠣ᠋ ᠵᠢᠨ ᠦᠵᠡᠮᠵᠢ ᠠᠪᠤᠭᠰᠠᠨ ᠭᠠᠵᠠᠷ᠎ᠤᠨ ᠨᠢᠭᠡ ᠪᠤᠯᠤᠨ᠎ᠠ᠃

《ᠺᠢᠨᠣ᠋ ᠲᠡᠯᠭᠡᠭᠳᠡᠵᠦ ᠬᠠᠯᠠᠮᠰᠢᠯ ᠪᠤᠯᠤᠭᠰᠠᠨ᠎ᠤ ᠳᠠᠷᠠᠭ᠎ᠠ᠂ ᠡᠳᠦᠷ ᠪᠦᠷᠢ ᠮᠠᠰᠢ ᠤᠯᠠᠨ ᠵᠢᠭᠤᠯᠴᠢᠯᠠᠭᠰᠡᠳ ᠬᠦᠷᠦᠯᠴᠡᠨ ᠢᠷᠡᠵᠡᠭᠡᠨ᠎ᠡ》᠃ ᠳ᠋ᠦᠩ ᠯᠢ ᠪᠠᠯᠭᠠᠰᠤᠨ᠎ᠤ ᠰᠣᠶᠣᠯ ᠵᠢᠭᠤᠯᠴᠢᠯᠠᠯ ᠪᠡᠶ᠎ᠡ᠎ᠶ᠋ᠢᠨ ᠲᠠᠮᠢᠷ᠎ᠤᠨ ᠦᠶ᠋ᠯᠡᠴᠢᠯᠡᠭᠡᠨ᠎ᠦ ᠬᠡᠯᠲᠡᠰ᠎ᠦᠨ ᠳᠡᠳ᠋ ᠳᠠᠷᠤᠭ᠎ᠠ ᠡᠸ᠋ ᠵᠢᠶᠦ᠋ᠨ ᠼᠠᠢ᠂ ᠳ᠋ᠦᠩ ᠯᠢ ᠪᠠᠯᠭᠠᠰᠤ ᠶᠠᠭ ᠡᠷᠬᠢᠨ ᠲᠣᠭᠣᠷᠢᠨ᠎ᠤ ᠣᠷᠴᠢᠨ ᠲᠣᠭᠣᠷᠢᠨ᠎ᠢᠶᠠᠨ ᠶᠡᠬᠡ᠎ᠪᠡᠷ ᠳᠡᠭᠡᠭ᠌ᠰᠢᠯᠡᠭᠦᠯᠵᠦ᠍᠂ ᠵᠢᠭᠤᠯᠴᠢᠯᠠᠭᠰᠡᠳ᠎ᠲᠤ ᠤᠳᠭ᠎ᠠ ᠤᠷᠠᠯᠢᠭ ᠵᠢᠭᠤᠯᠴᠢᠯᠠᠯ᠎ᠤᠨ ᠲᠠᠭᠠᠯᠠᠮᠵᠢᠲᠠᠢ ᠣᠢᠯᠠᠭᠠᠯᠲᠠ ᠬᠠᠩᠭᠠᠵᠤ᠂ ᠺᠢᠨᠣ᠋ ᠲᠧᠯᠸᠢᠰ᠎ᠦᠨ ᠦᠶ᠋ᠯᠡᠳᠦᠯ᠎ᠢ ᠤᠯᠠᠮ ᠨᠢᠭᠡ ᠠᠯᠬᠤᠮ ᠪᠠᠳᠠᠷᠠᠭᠤᠯᠵᠤ ᠪᠠᠢᠨ᠎ᠠ ᠭᠡᠵᠡᠶ᠃

ᠣᠳᠣᠬᠠᠨ᠎ᠳᠤ᠂ ᠺᠢᠨᠣ᠋᠎ᠶ᠋ᠢᠨ ᠠᠵᠤ ᠦᠶ᠋ᠯᠡᠰ᠎ᠨᠢ ᠶᠠᠭ ᠰᠣᠶᠣᠯ ᠵᠢᠭᠤᠯᠴᠢᠯᠠᠯ᠂ ᠢᠳᠡᠭᠡᠨ ᠤᠮᠳᠠᠭᠠᠨ᠂ ᠪᠠᠷᠠᠭ᠎ᠠ ᠬᠤᠳᠠᠯᠳᠤᠨ ᠠᠪᠬᠤ ᠵᠡᠷᠭᠡ ᠣᠯᠠᠨ ᠬᠦᠷᠢᠶ᠎ᠡ᠎ᠵᠢ ᠬᠤᠯᠪᠤᠭᠰᠠᠨ ᠱᠢᠨ᠎ᠡ ᠬᠣᠯᠪᠣᠭᠠᠰᠤ ᠪᠣᠯᠵᠠᠢ᠃

ᠣᠳᠣᠬᠠᠨ᠎ᠳᠤ᠂ 《ᠠᠵᠤ ᠦᠶ᠋ᠯᠡᠰ ᠨᠤᠬᠦᠳ + ᠰᠣᠶᠣᠯ ᠵᠢᠭᠤᠯᠴᠢᠯᠠᠯ》 ᠂ 《ᠰᠣᠶᠣᠯ ᠵᠢᠭᠤᠯᠴᠢᠯᠠᠯ + ᠠᠵᠤ ᠦᠶ᠋ᠯᠡᠰ ᠨᠤᠬᠦᠳ》 ᠨᠢ ᠳᠠᠢᠴᠢᠯᠠᠬᠤ ᠦᠢᠯᠡᠳᠦᠯ᠎ᠢ ᠦᠷᠭᠦᠯᠵᠢᠯᠡᠨ ᠪᠠᠳᠠᠷᠠᠭᠤᠯᠬᠤ ᠵᠢ ᠳᠠᠭᠠᠯᠳᠤᠨ᠂ ᠵᠢᠭᠤᠯᠴᠢᠯᠠᠯ ᠎ᠤᠨ ᠠᠵᠤ ᠠᠬᠤᠶ ᠨᠡᠢᠭᠡᠮ᠎ᠦᠨ ᠬᠥᠭ᠌ᠵᠢᠯᠲᠡ᠎ᠳᠦ ᠦᠵᠡᠭᠦᠯᠬᠦ᠌ ᠡᠨᠧᠷᠬᠢ ᠤᠯᠭᠤᠬᠤ ᠦᠢᠯᠡᠳᠦᠯ ᠨᠢ ᠲᠠᠰᠤᠷᠠᠯᠲᠠ ᠥᠬᠡᠶ ᠲᠣᠪᠣᠢᠮ᠎ᠠ ᠢᠯᠡᠷᠡᠵᠦ᠍ ᠪᠠᠢᠨ᠎ᠠ᠃

ᠡᠨᠡ ᠵᠢᠯ ᠎ᠦᠨ 5 ᠰᠠᠷ᠎ᠠ᠎ᠳᠤ ᠠᠷᠪᠠᠨ ᠵᠢᠷᠭᠤᠭᠠᠳᠠᠬᠢ 《ᠳᠤᠮᠳᠠᠳᠤ ᠤᠯᠤᠰ᠎ᠤᠨ ᠵᠢᠭᠤᠯᠴᠢᠯᠠᠯ᠎ᠤᠨ ᠡᠳᠦᠷ》ᠢ᠋ ᠤᠭ᠍ᠲᠤᠯ᠎ᠠ᠃ ᠡᠯ᠎ᠡ ᠭᠠᠵᠠᠷ ᠎ᠤᠨ ᠬᠢᠨ ᠣᠷᠣᠨ ᠪᠦᠰᠡ᠎ᠶ᠋ᠢᠨ ᠣᠨᠴᠠᠯᠢᠭ᠎ᠲᠠᠶ ᠪᠠᠨ ᠤᠶᠠᠯᠳᠤᠭᠤᠯᠤᠨ᠂ ᠠᠷᠠᠳ᠎ᠲᠤ ᠠᠱᠢᠭ ᠬᠦᠷᠲᠡᠭᠡᠬᠦ᠌ ᠣᠯᠠᠨ ᠶᠠᠩᠵᠤ᠎ᠶ᠋ᠢᠨ ᠠᠷᠭ᠎ᠠ ᠬᠡᠮᠵᠢᠶ᠎ᠡ ᠭᠠᠷᠭᠠᠵᠤ᠂ ᠰᠣᠶᠣᠯ ᠵᠢᠭᠤᠯᠴᠢᠯᠠᠯ᠎ᠤᠨ ᠬᠡᠷᠡᠭ᠌ᠯᠡᠭᠡ᠎ᠶ᠋ᠢ ᠬᠥᠭ᠌ᠵᠢᠭᠡᠪᠡ᠃

ᠭᠤᠸᠠᠩᠵᠧᠦ ᠵᠢᠨ ᠯᠢᠩᠨᠠᠨ᠎ᠤ ᠬᠡᠪ ᠨᠠᠮᠪᠠᠳᠤ ᠰᠤᠳᠤᠨ ᠵᠢᠭᠤᠯᠴᠢᠯᠠᠯ᠎ᠢᠶᠠᠷ ᠠᠷᠰᠯᠠᠨ ᠳᠤᠬᠯᠠᠭᠤᠯᠬᠤ ᠪᠦᠵᠢᠭ᠂ ᠭᠤᠸᠠᠩᠳᠦ᠋ᠩ ᠵᠦᠴᠦᠭᠡ ᠵᠡᠷᠭᠡ ᠯᠢᠩᠨᠠᠨ᠎ᠤ ᠰᠣᠶᠣᠯ᠎ᠤᠨ ᠣᠬᠢ ᠰᠣᠳᠣ ᠪᠣᠯᠤᠨ ᠣᠳᠣ ᠦᠶ᠎ᠡ᠎ᠶ᠋ᠢᠨ ᠭᠡᠷᠡᠯ ᠰᠡᠭᠦᠳᠡᠷ᠎ᠦᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠢ ᠠᠭᠤᠰᠤᠯᠴᠠᠭᠤᠯᠵᠤ᠂ ᠰᠣᠶᠣᠯ᠎ᠤᠨ 《ᠠᠮᠲᠠᠲᠤ ᠬᠣᠭᠣᠯᠠ》᠎ᠶ᠋ᠢ ᠠᠮᠳᠠᠯᠠᠭᠤᠯᠤᠨ᠎ᠠ; ᠪᠡᠭᠡᠵᠢᠩ᠎ᠳᠦ ᠶᠠᠪᠤᠭ᠍ᠳᠠᠭ᠍ᠰᠠᠨ ᠠᠩᠬᠠᠳᠤᠭᠠᠷ ᠬᠤᠭᠤᠴᠠᠭᠠᠨ᠎ᠤ ᠳᠤᠮᠳᠠᠳᠤ ᠤᠯᠤᠰ᠎ᠤᠨ ᠱᠢᠨ᠎ᠡ ᠰᠣᠶᠣᠯ ᠎ᠤᠨ ᠡᠭᠦᠳᠦᠯᠲᠡ᠎ᠶ᠋ᠢᠨ ᠵᠠᠬ᠎ᠠ ᠳᠡᠯᠭᠡᠭᠦᠷ᠎ᠦᠨ ᠴᠤᠭ᠍ᠯᠠᠭᠠᠨ ᠵᠢᠴᠢ ᠬᠠᠯᠠᠮᠰᠢᠯ ᠳᠤᠬᠯᠠᠭᠠᠮ ᠎ᠤᠨ ᠬᠤᠷᠠᠯ ᠨᠢ ᠴᠤᠤ ᠶᠠᠩ ᠴᠡᠴᠡᠷᠯᠢᠭ ᠎ᠦᠨ ᠠᠮᠢ ᠠᠬᠤᠶ᠎ᠶ᠋ᠢᠨ ᠦᠵᠡᠰᠬᠦᠯᠡᠩ ᠪᠣᠯᠤᠨ ᠠᠬᠤᠶ ᠲᠠᠯᠠᠪᠠᠶ᠎ᠶ᠋ᠢᠨ ᠳᠠᠪᠠᠭᠤᠯᠢᠭ᠎ᠲᠤ ᠲᠦᠱᠢᠭ᠌ᠯᠡᠨ᠂ 《ᠵᠢᠭᠤᠯᠴᠢᠯᠠᠬᠤ᠂ ᠬᠤᠳᠠᠯᠳᠤᠨ ᠠᠪᠬᠤ᠂ ᠰᠣᠨᠢᠷᠬᠠᠬᠤ᠂ ᠢᠳᠡᠬᠦ᠌᠂ ᠴᠡᠩᠭᠡᠯᠳᠦᠬᠦ᠌ 》 ᠨᠢᠭᠡ ᠥᠷᠲᠡᠭᠡᠴᠢᠯᠡᠭᠰᠡᠨ ᠭᠦᠨ ᠰᠠᠭᠤᠭᠳᠠᠯᠳᠦ ᠮᠠᠶᠢᠭ᠎ᠤᠨ ᠴᠡᠴᠡᠷᠯᠢᠭ᠎ᠦᠨ ᠵᠢᠭᠤᠯᠴᠢᠯᠠᠯ᠎ᠢ ᠴᠣᠭ᠍ᠴᠠᠯᠠᠨ᠎ᠠ  ᠁

ᠠᠵᠢᠭ᠍ᠯᠠᠯᠲᠠ ᠭᠤᠷᠪᠠ᠄ 《ᠰᠠᠭᠤᠬᠤ᠎ᠠᠴᠠ ᠣᠷᠣᠨ ᠰᠠᠭᠤᠴᠠ᠎ᠲᠠᠶ》 ᠪᠠᠢᠭ᠍ᠰᠠᠨ᠎ᠠᠴᠠ《ᠰᠠᠭᠤᠬᠤ᠎ᠠᠴᠠ ᠰᠠᠢᠨ ᠣᠷᠣᠨ ᠰᠠᠭᠤᠴᠠ᠎ᠲᠠᠶ》ᠪᠤᠯᠬᠤ ᠬᠦᠷᠳᠡᠯ᠎ᠡ᠂ 《ᠰᠠᠢᠨ ᠭᠡᠷ ᠪᠠᠢᠱᠢᠩ》 ᠤ᠋ᠨ ᠪᠦᠲᠦᠭᠡᠨ ᠪᠠᠢᠭᠤᠯᠤᠯᠲᠠ ᠦᠷᠭᠦᠯᠵᠢᠯᠡᠨ ᠲᠦᠷᠭᠡᠰᠴᠦ᠍ ᠪᠠᠢᠨ᠎ᠠ

《ᠰᠠᠭᠤᠭᠠᠯᠢ ᠲᠣᠭᠣᠷᠢᠭ᠎ᠨᠢ ᠺᠣᠮᠫᠠᠨᠢ᠎ᠠᠴᠠ ᠨᠢ ᠵᠥᠪᠬᠡᠨ 3 ᠺᠢᠯᠣᠮᠧᠲ᠋ᠷ ᠵᠠᠢᠲᠠᠶ᠂ ᠳᠤᠭᠤᠶ ᠤᠨᠤᠪᠠᠯ 10 ᠮᠢᠨᠦ᠋ᠲ ᠬᠡᠷᠡᠭ᠌ᠰᠡᠨ᠎ᠡ᠂ ᠶᠠᠪᠤᠵᠤ ᠰᠠᠭᠤᠬᠤ᠎ᠳᠦ ᠶᠡᠭᠡᠩᠬᠢ ᠴᠠᠭ ᠵᠢᠡᠨ ᠵᠠᠷᠤᠴᠠᠭᠤᠯᠬᠤ ᠴᠢᠬᠤᠯᠠ ᠥᠬᠡᠶ ᠪᠤᠯᠵᠠᠢ》᠃ ᠵᠢᠩᠬᠢᠨᠢ ᠠᠩᠭᠢ᠎ᠠᠴᠠ ᠲᠡᠭᠦᠰᠦᠭ᠌ᠰᠡᠨ ᠯᠢᠦ ᠴᠤᠤ ᠲᠦᠷᠦᠭᠦᠬᠡᠨ ᠨᠡᠢᠲᠡ᠎ᠶ᠋ᠢᠨ ᠲᠦᠷᠢᠶᠡᠰᠦᠨ ᠣᠷᠣᠨ ᠰᠠᠭᠤᠴᠠ᠎ᠶ᠋ᠢ ᠤᠷᠤᠬᠰᠢᠳᠠᠢ ᠭᠤᠶᠤᠴᠢᠯᠠᠨ ᠤᠯᠵᠠᠢ᠃

ᠱᠢᠨ᠎ᠡ᠎ᠪᠡᠷ ᠲᠡᠭᠦᠰᠦᠭ᠌ᠰᠡᠨ ᠤᠶᠤᠲᠠᠳ᠎ᠤᠨ ᠪᠡᠭᠡᠵᠢᠩ᠎ᠳᠦ ᠰᠠᠭᠤᠬᠤ ᠬᠦᠴᠢᠷ ᠠᠰᠠᠭᠤᠳᠠᠯ᠎ᠢ ᠱᠢᠶ᠋ᠳᠪᠦᠷᠢᠯᠡᠬᠦ᠌᠎ᠶ᠋ᠢᠨ ᠲᠥᠯᠥᠭᠡ ᠪᠡᠭᠡᠵᠢᠩ᠎ᠦᠨ ᠪᠠᠲᠤᠯᠠᠭ᠎ᠠ᠎ᠶ᠋ᠢᠨ ᠴᠢᠨᠠᠷᠲᠠᠶ ᠣᠷᠣᠨ ᠰᠠᠭᠤᠴᠠ᠎ᠶ᠋ᠢᠨ ᠲᠥᠪ 5 ᠰᠠᠷ᠎ᠠ᠎ᠳᠤ ᠳᠡᠭᠡᠳᠦ ᠰᠤᠷᠭᠠᠭᠤᠯᠢ᠎ᠶ᠋ᠢᠨ ᠲᠡᠭᠦᠰᠭᠦ ᠤᠶᠤᠲᠠᠳ᠎ᠲᠤ ᠲᠤᠰᠭᠠᠢᠯᠠᠨ 3500 ᠢᠵᠢ ᠣᠷᠣᠨ ᠰᠠᠭᠤᠴᠠ ᠲᠣᠬᠢᠷᠠᠭᠤᠯᠵᠤ ᠥᠭ᠌ᠴᠡᠶ᠃ ᠨᠡᠢᠲᠡ᠎ᠶ᠋ᠢᠨ ᠲᠦᠷᠢᠶᠡᠰᠦᠨ ᠣᠷᠣᠨ ᠰᠠᠭᠤᠴᠠ᠎ᠶ᠋ᠢᠨ ᠲᠦᠷᠢᠶᠡᠰᠦᠨ ᠮᠥᠩᠭᠥ᠌ ᠨᠢ ᠡᠷᠬᠢᠨ ᠲᠣᠭᠣᠷᠢᠨ᠎ᠤ ᠵᠠᠬ᠎ᠠ ᠳᠡᠯᠭᠡᠭᠦᠷᠴᠢᠯᠡᠭ᠌ᠰᠡᠨ ᠲᠦᠷᠢᠶᠡᠰᠦᠨ ᠣᠷᠣᠨ ᠰᠠᠭᠤᠴᠠ᠎ᠶ᠋ᠢᠨ ᠦᠨ᠎ᠡ᠎ᠡᠴᠡ ᠳᠤᠤᠷ᠎ᠠ ᠪᠠᠢᠳᠠᠭ᠃

ᠤᠮᠠᠷ᠎ᠠ᠎ᠠᠴᠠ ᠡᠮᠦᠨᠡᠰᠢ ᠬᠦᠷᠲᠡᠯ᠎ᠡ᠂ ᠪᠠᠲᠤᠯᠠᠭ᠎ᠠ᠎ᠶ᠋ᠢᠨ ᠴᠢᠨᠠᠷᠲᠠᠶ ᠣᠷᠣᠨ ᠰᠠᠭᠤᠴᠠ ᠶᠠᠭ ᠵᠠᠯᠠᠭᠤ ᠴᠢᠳᠠᠪᠤᠷᠢᠲᠠᠨ᠎ᠤ ᠣᠷᠣᠨ ᠰᠠᠭᠤᠴᠠ᠎ᠶ᠋ᠢᠨ ᠰᠠᠭᠤᠷᠢ᠎ᠶ᠋ᠢ ᠪᠠᠲᠤᠯᠠᠵᠤ ᠪᠠᠢᠨ᠎ᠠ᠃

5 ᠰᠠᠷ᠎ᠠ᠎ᠳᠤ᠂ ᠱᠠᠩᠬᠠᠶ ᠬᠣᠲᠠ ᠲᠠᠪᠤᠳᠤᠭᠠᠷ ᠤᠯᠠᠷᠢᠯ᠎ᠤᠨ 《ᠪᠠᠳᠤᠯᠠᠭ᠎ᠠ ᠵᠢᠨ ᠴᠢᠨᠠᠷᠳᠠᠢ ᠲᠦᠷᠢᠶᠡᠰᠦᠨ ᠤᠷᠤᠨ ᠰᠠᠭᠤᠴᠠ ᠵᠢ᠎ᠲᠡᠭᠦᠰᠭᠦ ᠤᠯᠠᠷᠢᠯ ᠳ᠋ᠦ ᠰᠤᠷᠭᠠᠭᠤᠯᠢ᠎ᠶ᠋ᠢᠨ ᠬᠦᠷᠢᠶᠡᠨ᠎ᠳᠦ ᠣᠷᠣᠭᠤᠯᠬᠤ》 ᠳᠡᠭᠡᠳᠦ ᠰᠤᠷᠭᠠᠭᠤᠯᠢ ᠲᠡᠭᠦᠰᠦᠭ᠌ᠰᠡᠳ᠎ᠦᠨ ᠬᠢᠮᠳᠠ ᠣᠷᠣᠨ ᠰᠠᠭᠤᠴᠠ᠎ᠶ᠋ᠢᠨ ᠪᠠᠲᠤᠯᠠᠭ᠎ᠠ᠎ᠶ᠋ᠢᠨ ᠲᠤᠰᠭᠠᠶ ᠠᠵᠢᠯᠯᠠᠭ᠎ᠠ᠎ᠶ᠋ᠢ ᠦᠷᠭᠦᠯᠵᠢᠯᠡᠨ ᠥᠷᠨᠢᠭᠦᠯᠪᠡ᠃ ᠪᠠᠳᠤᠯᠠᠭ᠎ᠠ ᠵᠢᠨ ᠴᠢᠨᠠᠷᠳᠠᠢ ᠲᠦᠷᠢᠶᠡᠰᠦᠨ ᠤᠷᠤᠨ ᠰᠠᠭᠤᠴᠠ ᠵᠢᠨ ᠲᠥᠷᠥᠯ ᠵᠦᠶ᠋ᠯ᠎ᠦᠨ 100 ᠭᠠᠷᠤᠶ ᠠᠵᠤ ᠠᠬᠤᠢᠯᠠᠯ ᠬᠠᠩᠭᠠᠯᠭ᠎ᠠ ᠬᠡᠷᠡᠭ᠌ᠴᠡᠭᠡ᠎ᠶ᠋ᠢ ᠵᠣᠯᠭᠠᠭᠤᠯᠬᠤ᠎ᠳᠤ ᠣᠷᠣᠯᠴᠠᠵᠤ᠂ ᠶᠡᠬᠡ ᠳᠡᠭᠡᠳᠦ ᠰᠤᠷᠭᠠᠭᠤᠯᠢ ᠲᠡᠭᠦᠰᠦᠭ᠌ᠰᠡᠳ᠎ᠦᠨ ᠣᠷᠣᠨ ᠰᠠᠭᠤᠴᠠ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ 1.2 ᠲᠦᠮᠡ ᠭᠠᠷᠤᠶ ᠢᠵᠢ (ᠲᠠᠰᠤᠯᠭ᠎ᠠ) ᠪᠠᠳᠤᠯᠠᠭ᠎ᠠ ᠵᠢᠨ ᠴᠢᠨᠠᠷᠳᠠᠢ ᠲᠦᠷᠢᠶᠡᠰᠦᠨ ᠤᠷᠤᠨ ᠰᠠᠭᠤᠴᠠ᠎ᠶ᠋ᠢ ᠬᠠᠨᠳᠤᠯᠭ᠎ᠠ᠎ᠲᠠᠶ᠎ᠪᠠᠷ ᠴᠤᠭ᠍ᠯᠠᠭᠤᠯᠪᠠ᠃

ᠰᠠᠭᠤᠬᠤ ᠭᠡᠷ᠎ᠭᠡᠷᠡᠭᠲᠡᠢ᠂ ᠨᠠᠩ ᠴᠦ᠍ ᠰᠠᠢᠨ ᠰᠠᠭᠤᠬᠤ ᠨᠦᠬᠦᠴᠡᠯ ᠬᠡᠷᠡᠭ᠌ᠲᠡᠶ᠃ ᠨᠢᠳᠤᠨᠤᠨ᠎ᠤ 5 ᠰᠠᠷ᠎ᠠ᠎ᠶ᠋ᠢᠨ 1 ᠤ᠋ ᠡᠳᠦᠷ ᠬᠡᠷᠡᠭ᠌ᠵᠢᠭᠦᠯᠦᠭ᠌ᠰᠡᠨ 《ᠣᠷᠣᠨ ᠰᠠᠭᠤᠴᠠ᠎ᠶ᠋ᠢᠨ ᠵᠦᠶ᠋ᠯᠡᠰ᠎ᠦᠨ ᠵᠢᠷᠤᠮᠵᠢᠯ》᠎ᠳ᠋ᠤ 《ᠰᠠᠢᠨ ᠬᠡᠷ ᠪᠠᠢᠱᠢᠩ》 ᠤ᠋ᠨ ᠪᠥᠲᠥᠭᠡᠨ ᠪᠠᠢᠭᠤᠯᠤᠯᠲᠠ᠎ᠶ᠋ᠢᠨ ᠪᠠᠷᠢᠮᠵᠢᠶ᠎ᠠ᠎ᠶ᠋ᠢ ᠲᠣᠳᠣᠷᠬᠠᠶ ᠲᠣᠭ᠍ᠲᠠᠭᠠᠪᠠ᠃ ᠨᠢᠭᠡ ᠵᠢᠯ᠎ᠦᠨ ᠲᠤᠷᠰᠢ᠂ ᠡᠯ᠎ᠡ ᠭᠠᠵᠠᠷ᠎ᠤᠨ᠎ᠬᠢᠨ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠬᠠᠮᠢᠶ᠎ᠠ ᠪᠥᠬᠥᠶ ᠮᠡᠷᠭᠡᠵᠢᠯ᠎ᠦᠨ ᠵᠢᠷᠤᠮᠵᠢᠯ ᠪᠣᠯᠤᠨ ᠳᠡᠮᠵᠢᠯᠭᠡ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢ ᠲᠣᠭ᠍ᠲᠠᠭᠠᠵᠤ᠂ 《ᠰᠠᠢᠨ ᠬᠡᠷ ᠪᠠᠢᠱᠢᠩ》 ᠤ᠋ᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠪᠠ᠃

ᠡᠨᠡ ᠵᠢᠯ᠎ᠦᠨ 5 ᠰᠠᠷ᠎ᠠ᠎ᠳᠤ᠂ 2026 ᠲᠢᠶᠠᠨᠵᠢᠨ᠎ᠤ ᠬᠡᠷ ᠪᠠᠢᠱᠢᠩ᠎ᠤᠨ ᠠᠷᠠᠯᠵᠢᠶᠠᠨ᠎ᠤ ᠴᠤᠭ᠍ᠯᠠᠭᠠᠨ ᠵᠢᠴᠢ 《ᠱᠢᠨ᠎ᠡ ᠬᠡᠷ ᠪᠠᠢᠱᠢᠩ᠎ᠤᠨ ᠵᠠᠬ᠎ᠠ ᠳᠡᠯᠭᠡᠭᠦᠷ》 ᠤ᠋ᠨ ᠠᠵᠢᠯᠯᠠᠭ᠎ᠠ᠎ᠳᠤ ᠲᠠᠪᠤᠨ ᠶᠡᠬᠡ ᠣᠨᠴᠠᠯᠢᠭ ᠪᠥᠬᠥᠶ ᠣᠷᠣᠱᠢᠨ ᠰᠠᠭᠤᠬᠤ᠎ᠳᠤ ᠲᠣᠬᠢᠷᠠᠮᠵᠢᠲᠠᠶ ᠲᠣᠭᠣᠷᠢᠭ᠎ᠤᠨ 《ᠰᠠᠢᠨ ᠬᠡᠷ》 ᠤ᠋ᠨ ᠵᠦᠶ᠋ᠯᠡᠰ᠎ᠢ ᠲᠥᠪᠯᠡᠷᠡᠭᠦᠯᠦᠨ ᠳᠡᠯᠭᠡᠨ ᠦᠵᠡᠭᠦᠯᠬᠦ᠌᠎ᠪᠡᠷ ᠤᠷᠢᠪᠠ ; ᠬᠤᠨᠠᠨ᠎ᠤ ᠨᠡᠢᠲᠡᠯᠡᠭ᠌ᠰᠡᠨ ᠬᠡᠷ ᠭᠠᠵᠠᠷ᠎ᠤ᠋ᠨ ᠬᠥᠷᠥᠩᠭᠡ᠎ᠶ᠋ᠢᠨ ᠵᠠᠬ᠎ᠠ ᠳᠡᠯᠭᠡᠭᠦᠷ᠎ᠦᠨ ᠲᠣᠭ᠍ᠲᠠᠭᠤᠨ ᠪᠥᠭᠡᠳ ᠡᠷᠡᠭᠦᠯ᠎ᠢᠶᠡᠷ ᠬᠥᠭ᠌ᠵᠢᠬᠦ᠌᠎ᠶ᠋ᠢ ᠤᠯᠠᠮ ᠨᠢᠭᠡ ᠠᠯᠬᠤᠮ ᠠᠬᠢᠭᠤᠯᠬᠤ ᠠᠷᠭ᠎ᠠ ᠬᠡᠮᠵᠢᠶ᠎ᠡ᠎ᠨᠦᠭᠦᠳ᠎ᠲᠦ《ᠰᠠᠢᠨ ᠬᠡᠷ ᠪᠠᠢᠱᠢᠩ》᠎ᠤ᠋ᠨ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠬᠦ᠌ ᠲᠤᠬᠠᠶ ᠱᠢᠰᠲ᠋ᠧᠮ᠎ᠲᠡᠶ ᠪᠠᠢᠷᠢᠯᠠᠭᠤᠯᠤᠯᠲᠠ ᠬᠢᠭ᠌ᠰᠡᠨ ᠪᠠᠢᠨ᠎ᠠ ᠁

ᠠᠵᠢᠭ᠍ᠯᠠᠯᠲᠠ ᠳᠥᠷᠪᠡ᠄ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠢᠶᠡᠷ ᠬᠦᠴᠦᠨ ᠣᠯᠭᠣᠵᠤ᠂ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠤᠨ ᠬᠠᠮᠠᠭᠠᠯᠠᠯᠲᠠ ᠵᠢ ᠲᠠᠰᠤᠷᠠᠯᠲᠠ ᠥᠬᠡᠶ ᠴᠢᠩᠭᠠᠳᠬᠠᠪᠠ

ᠲᠢᠶᠠᠨᠵᠢᠨ᠎ᠤ ᠴᠢ ᠯᠢ ᠬᠠᠶ᠎ᠶ᠋ᠢᠨ ᠨᠤᠭᠤ ᠭᠠᠵᠠᠷ᠎ᠤᠨ ᠬᠢᠨᠠᠨ ᠬᠡᠮᠵᠢᠯᠲᠡ᠎ᠶ᠋ᠢᠨ ᠵᠢᠯᠣᠭᠣᠳᠭᠤ ᠲᠥᠪ᠎ᠦᠨ ᠲᠣᠮᠣ ᠡᠯᠧᠺᠲ᠋ᠷᠣᠨ ᠳᠡᠯᠭᠡᠴᠡᠨ ᠳᠡᠭᠡᠷ᠎ᠡ ᠡᠯ᠎ᠡ ᠬᠢᠨᠠᠨ ᠬᠡᠮᠵᠢᠯᠲᠡ᠎ᠶ᠋ᠢᠨ ᠴᠡᠭ᠎ᠦᠨ ᠳᠠᠮᠵᠢᠭᠤᠯᠤᠭ᠍ᠰᠠᠨ ᠵᠢᠷᠤᠭ ᠳᠦᠷᠰᠦ ᠪᠣᠯᠤᠨ ᠲᠣᠭ᠎ᠠ ᠪᠠᠷᠢᠮᠲᠠ᠎ᠢᠯᠡᠷᠡᠨ᠎ᠡ᠃

《ᠡᠨᠡ ᠬᠦ᠌ ᠱᠢᠰᠲ᠋ᠧᠮ᠎ᠨᠢ ᠵᠠᠭᠤ ᠭᠠᠷᠤᠶ ᠢᠵᠢ ᠲᠡᠷᠢᠭᠦᠨ᠎ᠤ ᠲᠥᠬᠥᠭᠡᠷᠦᠮᠵᠢ ᠪᠣᠯᠤᠨ ᠵᠢᠯᠣᠭᠣᠴᠢ ᠥᠬᠡᠶ ᠨᠢᠰᠭᠡᠯ᠎ᠦᠨ ᠬᠢᠨᠠᠨ ᠬᠡᠮᠵᠢᠯᠲᠡ᠎ᠶ᠋ᠢᠨ ᠴᠡᠭ᠎ᠢ ᠬᠤᠷᠠᠮᠳᠤᠭᠤᠯᠵᠤ᠂ ᠨᠤᠭᠤ ᠭᠠᠵᠠᠷ᠎ᠤᠨ ᠭᠤᠤᠯ ᠣᠷᠣᠨ᠎ᠢ ᠪᠥᠬᠥ᠌ ᠲᠠᠯ᠎ᠠ᠎ᠪᠠᠷ ᠬᠠᠮᠤᠷᠬᠤ᠎ᠶ᠋ᠢ ᠪᠡᠶᠡᠯᠡᠭᠦᠯᠵᠦ᠍᠂ ᠠᠮᠢ ᠠᠬᠤᠶ᠎ᠶ᠋ᠢᠨ ᠭᠦᠶ᠋ᠴᠡᠳᠭᠡᠯ ᠲᠣᠭ᠎ᠠ᠎ᠶ᠋ᠢ ᠦᠨᠡᠯᠡᠬᠦ᠌ ᠵᠡᠷᠭᠡ᠎ᠳᠦ ᠴᠢᠬᠤᠯᠠ ᠬᠠᠪᠰᠤᠷᠤᠭ᠍ᠴᠢ ᠪᠣᠯᠵᠠᠶ᠃ ᠠᠮᠢ ᠠᠬᠤᠢ ᠰᠠᠢᠵᠢᠷᠠᠬᠤ᠎ᠶᠢ ᠳᠠᠭᠠᠯᠳᠤᠨ᠂ ᠴᠢ ᠯᠢ ᠬᠠᠢ ᠨᠤᠭᠤ ᠭᠠᠵᠠᠷ᠎ᠤᠨ ᠱᠢᠪᠠᠭᠤᠨ᠎ᠤ ᠲᠦᠷᠦᠯ ᠵᠦᠢᠯ 182 ᠵᠦᠢᠯ ᠪᠠᠢᠭ᠍ᠰᠠᠨ᠎ᠠᠴᠠ᠎ᠪᠠᠨ ᠨᠡᠮᠡᠭ᠌ᠳᠡᠭᠡᠳ 308 ᠵᠦᠢᠯ ᠪᠤᠯᠵᠤ᠂ ᠳᠣᠷᠣᠨᠠᠳᠠᠬᠢᠨ᠎ᠤ ᠴᠠᠭᠠᠨ ᠥᠷᠪᠢ ᠵᠡᠷᠭᠡ ᠬᠣᠪᠣᠷ ᠴᠤᠬᠠᠭ ᠳᠦᠷᠰᠦ ᠨᠢ 〈ᠪᠠᠢᠩᠭᠤ᠎ᠶ᠋ᠢᠨ ᠵᠣᠴᠢᠨ〉 ᠪᠣᠯᠵᠠᠢ》 ᠭᠡᠵᠦ ᠯᠢ ᠬᠠᠢ ᠨᠤᠭᠤ ᠭᠠᠵᠠᠷ᠎ᠤᠨ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠣᠷᠣᠨ᠎ᠤ ᠬᠠᠮᠢᠶᠠᠷᠤᠯᠲᠠ᠎ᠶ᠋ᠢᠨ ᠵᠥᠪᠯᠡᠯ᠎ᠦᠨ ᠡᠷᠬᠢᠯᠡᠭ᠌ᠴᠢ ᠲᠢᠶᠠᠨ ᠱᠢᠤ ᠵᠢᠩ ᠶᠠᠷᠢᠯ᠎ᠠ᠃

ᠵᠣᠬᠢᠶᠠᠮᠠᠯ ᠣᠶᠤᠨ ᠴᠢᠳᠠᠪᠤᠷᠢ᠎ᠶ᠋ᠢᠨ ᠮᠡᠷᠭᠡᠵᠢᠯ ᠶᠠᠭ ᠠᠮᠢ ᠠᠬᠤᠶ ᠣᠷᠴᠢᠨ ᠲᠣᠭᠣᠷᠢᠨ᠎ᠤ ᠬᠢᠨᠠᠨ ᠬᠡᠮᠵᠢᠯᠲᠡ᠎ᠳᠦ ᠠᠯᠬᠤᠮ ᠠᠯᠬᠤᠮ᠎ᠵᠢᠨᠷ ᠭᠦᠨᠵᠡᠭᠡᠢᠷᠡᠨ ᠣᠷᠣᠵᠤ ᠪᠠᠢᠨ᠎ᠠ᠃ ᠠᠮᠢ ᠠᠬᠤᠶ ᠣᠷᠴᠢᠨ ᠠᠬᠤᠶ᠎ᠶ᠋ᠢᠨ ᠶᠠᠮᠤᠨ᠎ᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠬᠢᠭᠡᠳ ᠡᠳ᠋᠎ᠦᠨ ᠶᠠᠪᠤᠳᠠᠯ᠎ᠤᠨ ᠵᠤᠷᠭᠠᠨ᠎ᠤ ᠳᠠᠷᠤᠭ᠎ᠠ ᠸᠠᠩ ᡁᠢ ᠪᠢᠨ᠂ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠢ ᠢᠯᠭᠠᠨ ᠲᠠᠨᠢᠬᠤ᠎ᠪᠠᠷ ᠵᠢᠱ᠌ᠢᠶᠡᠯᠡᠪᠡᠯ᠂ ᠱᠢᠪᠠᠭᠤᠨ᠎ᠤ ᠲᠥᠷᠥᠯ᠎ᠦᠨ ᠲᠠᠭᠤᠨ ᠰᠤᠳᠠᠰᠤ᠎ᠶ᠋ᠢ ᠢᠯᠭᠠᠨ ᠲᠠᠨᠢᠬᠤ᠂ ᠤᠷᠭᠤᠮᠠᠯ᠎ᠤᠨ ᠳᠦᠷᠰᠦ᠎ᠶ᠋ᠢᠨ ᠵᠢᠷᠤᠭ ᠳᠦᠷᠰᠦ᠎ᠶ᠋ᠢ ᠣᠶᠤᠨᠴᠢ᠎ᠪᠠᠷ ᠢᠯᠭᠠᠨ ᠲᠠᠨᠢᠬᠤ ᠵᠡᠷᠭᠡ ᠮᠡᠷᠭᠡᠵᠢᠯ᠎ᠢᠶᠡᠷ ᠳᠠᠮᠵᠢᠭᠤᠯᠤᠨ᠂ ᠤᠤᠯ ᠨᠢ ᠨᠢᠭᠡ ᠵᠢᠯ᠎ᠳᠦ ᠨᠢᠭᠡ ᠤᠳᠠᠭ᠎ᠠ ᠬᠢᠨᠠᠨ ᠬᠡᠮᠵᠢᠵᠦ᠍ ᠪᠠᠢᠭ᠍ᠰᠠᠨ ᠪᠣᠯ ᠣᠲᠣ ᠪᠥᠬᠥ᠌ ᠵᠢᠯ᠎ᠳᠦ ᠦᠷᠭᠦᠯᠵᠢᠯᠡᠨ ᠬᠢᠨᠠᠨ ᠬᠡᠮᠵᠢᠬᠦ᠌᠎ᠶ᠋ᠢ ᠪᠡᠶᠡᠯᠡᠭᠦᠯᠵᠦ᠍ ᠪᠣᠯᠤᠨ᠎ᠠ ᠭᠡᠵᠦ ᠲᠠᠨᠢᠯᠴᠠᠭᠤᠯᠪᠠ᠃

5 ᠰᠠᠷ᠎ᠠ᠎ᠶ᠋ᠢᠨ 22 ᠎ᠤ᠋ᠨ ᠡᠳᠦᠷ ᠪᠣᠯ ᠣᠯᠠᠨ ᠤᠯᠤᠰ᠎ᠤᠨ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠤᠨ ᠡᠳᠦᠷ ᠪᠣᠯᠤᠨ᠎ᠠ᠃ ᠡᠯ᠎ᠡ ᠭᠠᠵᠠᠷ᠎ᠤᠨ ᠬᠢᠨ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠢ ᠬᠠᠮᠠᠭᠠᠯᠠᠬᠤ ᠬᠦᠷᠢᠶᠡᠨ᠎ᠳᠦ ᠱᠢᠨ᠎ᠡ ᠠᠬᠢᠯᠲᠠ᠎ᠲᠠᠶ ᠪᠣᠯᠵᠣ᠂ ᠱᠢᠨ᠎ᠡ ᠦᠷ᠎ᠡ ᠪᠦᠲᠦᠮᠵᠢ ᠤᠯᠪᠠ᠃

ᠶᠦᠨᠨᠠᠨ᠎ᠤ ᠠᠽᠢᠶ᠎ᠠ ᠲᠢᠪ᠎ᠦᠨ ᠵᠠᠭᠠᠨ ᠢᠯᠡᠳᠲᠡ ᠨᠡᠮᠡᠭ᠌ᠳᠡᠵᠦ᠍᠂ 400 ᠱᠢᠬᠠᠮ ᠲᠣᠯᠣᠭᠠᠶ᠎ᠳᠤ ᠬᠦᠷᠴᠡᠶ; ᠬᠠᠢᠨᠠᠨ᠎ᠤ ᠣᠷᠳᠣ ᠮᠥᠴᠢᠲᠦ ᠪᠡᠴᠢᠨ᠎ᠦ ᠲᠥᠷᠥᠯ᠎ᠦᠨ ᠰᠦᠷᠦᠭ᠎ᠦᠨ ᠲᠣᠭ᠎ᠠ ᠨᠡᠮᠡᠭ᠌ᠳᠡᠭᠡᠳ 7 ᠰᠦᠷᠦᠭ 44 ᠵᠦᠢᠯ ᠪᠣᠯᠵᠠᠶ; ᠪᠠᠢ ᠱᠠᠨ ᠽᠦ᠍ ᠵᠣᠳᠣᠣ ᠨᠢᠭᠡᠨᠲᠡ 3 ᠰᠠᠭᠤᠷᠢ ᠪᠠᠢᠭ᠍ᠰᠠᠨ᠎ᠠᠴᠠ᠎ᠪᠠᠨ ᠨᠡᠮᠡᠭ᠌ᠳᠡᠭᠡᠳ 4000 ᠭᠠᠷᠤᠶ ᠰᠠᠭᠤᠷᠢ ᠪᠣᠯᠵᠠᠶ; ᠵᠢᠶᠠᠩᠰᠢ᠎ᠶ᠋ᠢᠨ ᠶᠦᠩ ᠱᠢᠦ ᠱᠢᠶᠠᠨ᠎ᠤ ᠦ᠋ ᠵᠧᠨ ᠪᠠᠯᠭᠠᠰᠤ ᠲᠤᠰᠭᠠᠶ ᠱᠢᠪᠠᠭᠤ ᠬᠠᠮᠠᠭᠠᠯᠠᠬᠤ᠎ᠶᠢ ᠵᠤᠬᠢᠶᠠᠨ ᠪᠠᠢᠭᠤᠯᠵᠠᠢ ᠁

《ᠠᠮᠢ ᠠᠬᠤᠢ ᠰᠠᠢᠵᠢᠷᠠᠵᠦ᠂ ᠵᠡᠷᠯᠢᠭ ᠠᠷᠢᠶᠠᠳᠠᠨ ᠴᠦ᠍ ᠤᠯᠠᠰᠢᠷᠠᠯ᠎ᠠ》᠃ ᠢᠴᠦ᠋ᠨ ᠬᠤᠳᠠ ᠵᠢᠨ ᠠᠮᠢ ᠠᠬᠤᠢ ᠤᠷᠴᠢᠨ ᠲᠤᠭᠤᠷᠢᠨ᠎ᠤ ᠲᠤᠪᠴᠢᠶ᠎ᠠ ᠵᠢᠨ ᠳᠡᠳ᠋ ᠳᠠᠷᠤᠭ᠎ᠠ ᠯᠢ ᠰᠸ᠂ ᠪᠤᠬᠢᠶ᠎ᠠ ᠨᠤᠭᠤᠰᠤ᠂ ᠴᠠᠭᠠᠨ ᠲᠦᠷᠦᠬᠦᠳᠦ ᠲᠤᠭᠤᠷᠤᠤ ᠵᠡᠷᠭᠡ ᠵᠢᠨ ᠲᠤᠭ᠎ᠠ ᠲᠤᠯᠤᠭᠠᠢ ᠴᠦ᠍ ᠲᠤᠭᠳᠠᠭᠤᠨ ᠵᠢᠡᠷ ᠨᠡᠮᠡᠭᠳᠡᠵᠦ ᠪᠠᠢᠨ᠎ᠠ ᠭᠡᠪᠡ᠃
        (ᠰᠢᠨᠬᠤᠸᠠ ᠬᠤᠷᠢᠶ᠎ᠠ ᠵᠢᠨ ᠪᠡᠭᠡᠵᠢᠩ᠎ᠦᠨ  ᠴᠠᠬᠢᠯᠭᠠᠨ ᠮᠡᠳᠡᠭᠡ ᠡᠴᠡ


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号