ᠤᠢᠷ᠎ᠠ ᠳ᠋ᠤ᠂ ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠤᠯᠠᠨ ᠤᠯᠤᠰ ᠤ᠋ᠨ ᠮᠤᠩᠭᠤᠯ ᠡᠮᠨᠡᠯᠭᠡ ᠵᠢᠨ ᠬᠤᠷᠢᠶ᠎ᠠ ᠵᠢᠨ ᠨᠢᠳᠦᠨ ᠤ᠋ ᠰᠠᠯᠠᠭ᠎ᠠ ᠵᠢᠨ ᠶᠦᠨ ᠯᠢ ᠨᠠ ᠵᠢᠨ ᠪᠦᠯᠬᠦᠮ ᠤ᠋ᠨ ᠬᠢᠨᠤ ᠰᠢᠨᠵᠢᠯᠡᠬᠦ ᠤᠬᠠᠭᠠᠨ ᠤ᠋ ᠰᠤᠳᠤᠯᠭᠠᠨ ᠤ᠋ ᠲᠦᠷᠦᠯ ᠵᠦᠢᠯ ᠪᠤᠯᠬᠤ 《ᠮᠣᠩᠭᠣᠯ ᠡᠮ ᠬᠦᠷᠬᠦᠮ ︱ 13 ᠨᠢᠳᠦᠨ ᠤ᠋ ᠲᠣᠣᠷᠯᠢᠭ ᠪᠦᠷᠬᠦᠪᠴᠢ ᠵᠢᠨ ᠬᠠᠷᠠᠭᠠᠨ ᠮᠡᠳᠡᠷᠡᠯ ᠤ᠋ᠨ ᠭᠡᠮᠲᠦᠯ ᠤ᠋ᠨ ᠡᠪᠡᠳᠴᠢᠨ ᠢ᠋ ᠵᠠᠰᠠᠬᠤ ᠵᠢᠮ᠎ᠡ ᠶᠤᠰᠤ ᠵᠢᠨ ᠰᠤᠳᠤᠯᠭᠠᠨ ᠪᠠ ᠡᠮᠴᠢᠯᠡᠭᠡᠨ ᠤ᠋ ᠬᠡᠷᠡᠭᠯᠡᠯᠲᠡ》 ᠨᠢ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤ᠋ᠨ ᠲᠠᠪᠰᠢᠯᠳᠠ ᠵᠢᠨ ᠬᠣᠶᠠᠳᠤᠭᠠᠷ ᠳᠡᠰ ᠤ᠋ᠨ ᠱᠠᠩᠨᠠᠯ ᠬᠦᠷᠳᠡᠪᠡ ᠃
ᠮᠣᠩᠭᠣᠯ ᠡᠮ ᠬᠦᠷᠬᠦᠮ ︱ 13 ᠪᠣᠯ ᠮᠣᠩᠭᠣᠯ ᠡᠮᠨᠡᠯᠭᠡ ᠵᠢᠨ ᠨᠢᠳᠦᠨ ᠤ᠋ ᠰᠠᠯᠠᠭ᠎ᠠ ᠵᠢᠨ ᠰᠣᠩᠭᠣᠳᠠᠭ ᠤᠯᠠᠮᠵᠢᠯᠠᠯᠲᠤ ᠲᠤᠷᠰᠢᠯᠭᠠᠲᠤ ᠵᠣᠷ ᠪᠣᠯᠤᠨ᠎ᠠ᠂ ᠬᠡᠳᠦᠨ ᠵᠠᠭᠤᠨ ᠵᠢᠯ ᠤ᠋ᠨ ᠡᠮᠴᠢᠯᠡᠭᠡᠨ ᠤ᠋ ᠬᠡᠷᠡᠭᠯᠡᠭᠡᠨ ᠳ᠋ᠤ ᠡᠯᠢᠭᠡ ᠵᠢ ᠴᠡᠪᠡᠷᠯᠡᠵᠦ ᠨᠢᠳᠦ ᠵᠢ ᠲᠣᠳᠣᠷᠠᠭᠤᠯᠬᠤ᠂ ᠨᠢᠳᠦ ᠵᠢ ᠬᠠᠮᠠᠭᠠᠯᠠᠵᠤ ᠬᠠᠷᠠᠭᠠᠨ ᠮᠡᠳᠡᠷᠡᠯ ᠢ᠋ ᠬᠠᠮᠠᠭᠠᠯᠠᠬᠤ ᠲᠠᠯ᠎ᠠ ᠪᠠᠷ ᠥᠪᠡᠷᠮᠢᠴᠡ ᠣᠨᠴᠠᠯᠢᠭ ᠪᠠ ᠳᠠᠪᠠᠭᠤᠯᠢᠭ ᠲᠠᠯ᠎ᠠ ᠲᠠᠶ ᠪᠠᠢᠳᠠᠭ᠃ ᠶᠦᠨ ᠯᠢ ᠨᠠ ᠵᠢᠨ ᠪᠦᠯᠬᠦᠮ ᠤ᠋ᠨ ᠬᠢᠨ ᠮᠣᠩᠭᠣᠯ ᠠᠨᠠᠭᠠᠬᠤ ᠤᠬᠠᠭᠠᠨ ᠤ᠋ ᠤᠯᠠᠮᠵᠢᠯᠠᠯᠲᠤ ᠣᠨᠣᠯ ᠤ᠋ᠨ ᠣᠬᠢ ᠰᠣᠳᠣ ᠳ᠋ᠤ ᠰᠠᠭᠤᠷᠢᠯᠠᠵᠤ᠂ ᠣᠲᠣ ᠦᠢ᠎ᠡ ᠵᠢᠨ ᠠᠨᠠᠭᠠᠬᠤ ᠤᠬᠠᠭᠠᠨ ᠤ᠋ ᠰᠢᠨᠵᠢᠯᠡᠬᠦ ᠤᠬᠠᠭᠠᠨ ᠤ᠋ ᠰᠤᠳᠤᠯᠭᠠᠨ ᠤ᠋ ᠮᠡᠷᠭᠡᠵᠢᠯ ᠲᠡᠶ ᠤᠶᠠᠯᠳᠤᠭᠤᠯᠤᠨ᠂ ᠣᠯᠠᠨ ᠵᠢᠯ ᠤ᠋ᠨ ᠰᠢᠷᠭᠠᠭᠤ ᠰᠤᠳᠤᠯᠭᠠᠨ ᠪᠠ ᠡᠮᠴᠢᠯᠡᠭᠡᠨ ᠤ᠋ ᠳᠤᠷᠰᠢᠯᠳᠠ ᠪᠠᠷ ᠳᠡᠮᠵᠢᠨ ᠵᠣᠷ ᠤ᠋ᠨ ᠡᠮ ᠤ᠋ᠨ ᠦᠢᠯᠡᠳᠦᠯ ᠤ᠋ᠨ ᠵᠢᠮ᠎ᠡ ᠶᠣᠰᠣ ᠵᠢ ᠭᠦᠨᠵᠡᠭᠡᠶ ᠠᠭᠤᠳᠠᠯᠵᠤ᠂ ᠤᠯᠠᠮᠵᠢᠯᠠᠯᠲᠤ ᠮᠣᠩᠭᠣᠯ ᠡᠮ ᠨᠢ ᠡᠮᠴᠢᠯᠡᠭᠡᠨ ᠤ᠋ ᠬᠡᠷᠡᠭᠯᠡᠭᠡᠨ ᠳ᠋ᠤ ᠰᠢᠨᠵᠢᠯᠡᠬᠦ ᠤᠬᠠᠭᠠᠨ ᠤ᠋ ᠰᠤᠳᠤᠯᠭᠠᠨ ᠤ᠋ ᠦᠨᠳᠦᠰᠦᠯᠡᠯ ᠬᠦᠷᠦᠯᠴᠡᠬᠦ ᠥᠬᠡᠶ ᠪᠠᠢᠭ᠎ᠠ ᠬᠦᠴᠢᠷ ᠠᠰᠠᠭᠤᠳᠠᠯ ᠢ᠋ ᠰᠢᠢᠳᠪᠦᠷᠢᠯᠡᠨ᠂ ᠬᠠᠷᠠᠭᠠᠨ ᠤ᠋ ᠲᠣᠣᠷᠯᠢᠭ ᠪᠦᠷᠬᠦᠪᠴᠢ ᠵᠢᠨ ᠬᠠᠷᠠᠭᠠᠨ ᠮᠡᠳᠡᠷᠡᠯ ᠤ᠋ᠨ ᠭᠡᠮᠲᠦᠯ ᠤ᠋ᠨ ᠡᠪᠡᠳᠴᠢᠨ ᠡᠮᠭᠡᠭ ᠲᠦ᠍ ᠨᠠᠩ ᠥᠪᠡᠷᠮᠢᠴᠡ ᠣᠨᠴᠠᠯᠢᠭ ᠲᠠᠶ᠂ ᠠᠮᠤᠷ ᠲᠦᠪᠰᠢᠨ ᠪᠦᠲᠦᠮᠵᠢᠲᠡᠶ ᠮᠣᠩᠭᠣᠯ ᠡᠮᠨᠡᠯᠭᠡ ᠵᠢᠨ ᠣᠨᠣᠰᠢᠯᠠᠨ ᠡᠮᠨᠡᠬᠦ ᠲᠥᠰᠦᠯ ᠢ᠋ ᠬᠠᠩᠭᠠᠭᠰᠠᠨ ᠪᠠᠢᠨ᠎ᠠ᠃
ᠲᠣᠰ ᠰᠢᠨᠵᠢᠯᠡᠬᠦ ᠤᠬᠠᠭᠠᠨ ᠤ᠋ ᠰᠤᠳᠤᠯᠭᠠᠨ ᠤ᠋ ᠦᠷ᠎ᠡ ᠪᠦᠲᠦᠭᠡᠯ ᠨᠢ ᠡᠮᠴᠢᠯᠡᠭᠡᠨ ᠳ᠋ᠤ ᠤᠨᠳᠤᠤᠰᠢᠭᠤᠯᠤᠨ ᠬᠡᠷᠡᠭᠯᠡᠬᠦ ᠵᠢ ᠠᠮᠵᠢᠯᠲᠠ ᠲᠠᠶ ᠪᠡᠶᠡᠯᠡᠭᠦᠯᠵᠦ᠂ ᠨᠢᠳᠦᠨ ᠡᠪᠡᠳᠴᠢᠲᠡᠨ ᠤ᠋ ᠡᠪᠡᠳᠴᠢᠨ ᠤ᠋ ᠪᠠᠢᠳᠠᠯ ᠢ᠋ ᠨᠠᠮᠳᠠᠭᠤᠯᠬᠤ᠂ ᠬᠠᠷᠠᠭᠠᠨ ᠴᠢᠳᠠᠮᠵᠢ ᠵᠢ ᠬᠠᠮᠠᠭᠠᠯᠠᠬᠤ ᠳ᠋ᠤ ᠦᠨᠡᠨ ᠬᠦ᠌ ᠳᠡᠮᠵᠢᠵᠤ᠂ ᠮᠠᠨ ᠤ᠋ ᠣᠷᠣᠨ ᠤ᠋ ᠮᠣᠩᠭᠣᠯ ᠡᠮᠨᠡᠯᠭᠡ ᠵᠢᠨ ᠨᠢᠳᠦᠨ ᠤ᠋ ᠰᠠᠯᠠᠭ᠎ᠠ ᠵᠢᠨ ᠤᠨᠴᠠᠯᠢᠭᠳᠤ ᠰᠢᠨᠵᠢᠯᠡᠬᠦ ᠤᠬᠠᠭᠠᠨ ᠤ᠋ ᠰᠤᠳᠤᠯᠭᠠᠨ ᠬᠢᠭᠡᠳ ᠡᠮᠴᠢᠯᠡᠭᠡᠨ ᠤ᠋ ᠣᠨᠣᠰᠢᠯᠠᠨ ᠡᠮᠨᠡᠬᠦ ᠮᠡᠷᠭᠡᠵᠢᠯ ᠤ᠋ᠨ ᠬᠣᠭᠣᠰᠣᠨ ᠢ᠋ ᠪᠦᠲᠦᠮᠵᠢᠲᠡᠶ ᠨᠥᠬᠥᠪᠥᠷᠢᠯᠡᠵᠦ᠂ ᠤᠯᠠᠮᠵᠢᠯᠠᠯᠲᠤ ᠮᠣᠩᠭᠣᠯ ᠠᠨᠠᠭᠠᠬᠤ ᠤᠬᠠᠭᠠᠨ ᠤ᠋ ᠣᠬᠢ ᠰᠣᠳᠣ ᠵᠢ ᠣᠲᠣ ᠦᠢ᠎ᠡ ᠵᠢᠨ ᠨᠢᠳᠦᠨ ᠤ᠋ ᠰᠠᠯᠠᠭ᠎ᠠ ᠵᠢᠨ ᠣᠨᠣᠰᠢᠯᠠᠨ ᠡᠮᠨᠡᠬᠦ ᠶᠠᠪᠤᠴᠠ ᠳ᠋ᠤ ᠥᠪᠡᠷᠮᠢᠴᠡ ᠦᠨ᠎ᠡ ᠥᠷᠲᠡᠭ ᠢ᠋ ᠪᠠᠳᠠᠷᠠᠭᠤᠯᠵᠤ᠂ ᠣᠬᠢ ᠰᠣᠳᠣ ᠵᠢ ᠤᠯᠠᠮᠵᠢᠯᠠᠨ ᠵᠠᠯᠭᠠᠮᠵᠢᠯᠠᠬᠤ᠂ ᠰᠢᠨ᠎ᠡ ᠵᠢ ᠡᠭᠦᠳᠬᠦ ᠦᠢᠯᠡᠳᠦᠯᠭᠡ ᠵᠢᠨ ᠵᠠᠮ ᠢ᠋ ᠨᠡᠭᠡᠭᠡᠭᠰᠡᠨ ᠪᠠᠢᠨ᠎ᠠ᠃