ᠪᠥᠬᠥ᠌ ᠤᠯᠤᠰ᠎ᠲᠤ ᠨᠢᠭᠡᠨᠲᠡ 3000 ᠭᠠᠷᠤᠶ ᠡᠮᠴᠢᠯᠡᠭᠡᠨ᠎ᠦ ᠪᠠᠢᠭᠤᠯᠤᠮᠵᠢ ᠨᠢ ᠬᠡᠦᠬᠡᠳ᠎ᠦᠨ ᠨᠥᠬᠥᠷᠰᠡᠭ ᠡᠮᠨᠡᠯᠭᠡ᠎ᠶ᠋ᠢᠨ ᠬᠣᠷᠢᠶ᠎ᠠ ᠲᠠᠢ ᠪᠤᠯᠪᠠ
2026-06-04 16:30:23
ᠵᠣᠬᠢᠶᠠᠭ᠍ᠴᠢ᠄
ᠯᠢ ᠾᠧᠩ
ᠣᠩᠱᠢᠭ᠍ᠰᠠᠨ ᠣᠳᠠᠭ᠎ᠠ᠄
★★★☆☆

《ᠣᠳᠣᠬᠠᠨ᠎ᠳᠤ ᠪᠥᠬᠥ᠌ ᠤᠯᠤᠰ᠎ᠲᠤ ᠨᠢᠭᠡᠨᠲᠡ 3000 ᠭᠠᠷᠤᠶ ᠡᠮᠴᠢᠯᠡᠭᠡᠨ᠎ᠦ ᠪᠠᠢᠭᠤᠯᠤᠮᠵᠢ᠎ᠨᠢ ᠬᠡᠦᠬᠡᠳ᠎ᠦᠨ ᠨᠥᠬᠥᠷᠰᠡᠭ ᠡᠮᠨᠡᠯᠭᠡ᠎ᠶ᠋ᠢᠨ ᠬᠣᠷᠢᠶ᠎ᠠ ᠲᠠᠢ ᠪᠤᠯᠵᠤ᠂ 2030 ᠣᠨ ᠪᠣᠯᠬᠤ᠎ᠳᠤ ᠪᠥᠬᠥ᠌ ᠤᠯᠤᠰ ᠎ᠤᠨ 90% ᠡᠴᠡ ᠳᠡᠭᠡᠭ᠌ᠰᠢᠬᠢ ᠡᠬᠡ ᠨᠢᠯᠬᠠᠰ᠎ᠤᠨ ᠡᠷᠡᠭᠦᠯᠵᠢᠯ᠎ᠦᠨ ᠡᠮᠨᠡᠯᠭᠡ᠎ᠶ᠋ᠢᠨ ᠬᠣᠷᠢᠶ᠎ᠠ᠂ ᠬᠡᠦᠬᠡᠳ᠎ᠦᠨ ᠡᠮᠨᠡᠯᠭᠡ ᠎ᠶ᠋ᠢᠨ ᠬᠣᠷᠢᠶ᠎ᠠ᠂ ᠶᠡᠷᠦᠩᠬᠡᠢᠯᠡᠭ᠌ᠰᠡᠨ ᠡᠮᠨᠡᠯᠭᠡ᠎ᠶ᠋ᠢᠨ ᠬᠣᠷᠢᠶ᠎ᠠ ᠵᠢᠨ ᠬᠡᠤᠬᠡᠳ᠎ᠤᠨ ᠰᠠᠯᠠᠭ᠎ᠠ᠎ᠳᠤ ᠬᠡᠦᠬᠡᠳ᠎ᠦᠨ ᠨᠥᠬᠥᠷᠰᠡᠭ ᠡᠮᠨᠡᠯᠭᠡ᠎ᠶ᠋ᠢᠨ ᠬᠣᠷᠢᠶ᠎ᠠ ᠪᠠᠢᠭᠤᠯᠬᠤ᠎ᠪᠠᠷ ᠴᠢᠷᠮᠠᠢᠨ᠎ᠠ》᠃ 6 ᠰᠠᠷ᠎ᠠ᠎ᠶ᠋ᠢᠨ 1 ᠤ᠋ ᠡᠳᠦᠷ ᠶᠠᠪᠤᠭ᠍ᠳᠠᠭ᠍ᠰᠠᠨ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠎ᠦᠨ ᠰᠣᠨᠢᠨ ᠮᠡᠳᠡᠭᠡ ᠨᠡᠢᠲᠡᠯᠡᠬᠦ᠌ ᠬᠤᠷᠠᠯ ᠳᠡᠭᠡᠷ᠎ᠡ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠎ᠦᠨ ᠡᠬᠡ ᠨᠢᠯᠬᠠᠰ᠎ᠤᠨ ᠵᠤᠷᠭᠠᠨ᠎ᠤ ᠳᠠᠷᠤᠭ᠎ᠠ ᠹᠦ᠋ ᠸᠧᠶ ᠳᠡᠭᠡᠷᠡᠬᠢ ᠮᠡᠳᠦ ᠲᠠᠨᠢᠯᠴᠠᠭᠤᠯᠪᠠ᠃

ᠣᠢᠷ᠎ᠠ᠎ᠶ᠋ᠢᠨ ᠵᠢᠯ ᠡᠴᠡ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠎ᠡᠴᠡ ᠣᠯᠠᠨ ᠵᠦᠶ᠋ᠯ᠎ᠦᠨ ᠪᠣᠳᠠᠲᠠᠶ᠎ᠶ᠋ᠢ ᠡᠷᠬᠢᠮᠯᠡᠭ᠌ᠰᠡᠨ ᠠᠷᠭ᠎ᠠ ᠬᠡᠮᠵᠢᠶ᠎ᠡ ᠠᠪᠴᠤ᠌᠂ ᠴᠢᠨᠠᠷ ᠰᠠᠢᠲᠠᠶ ᠡᠮᠴᠢᠯᠡᠭᠡᠨ᠎ᠦ ᠡᠬᠢ ᠪᠠᠶᠠᠯᠢᠭ ᠎ᠢ ᠦᠨᠳᠦᠰᠦᠨ ᠱᠠᠲᠤᠨ᠎ᠳᠤ ᠪᠠᠭᠤᠯᠭᠠᠬᠤ᠎ᠶ᠋ᠢ ᠠᠬᠢᠭᠤᠯᠪᠠ᠃ ᠬᠡᠦᠬᠡᠳ᠎ᠦᠨ ᠤᠯᠠᠷᠢᠯ ᠎ᠤᠨ ᠴᠢᠨᠠᠷᠲᠠᠶ ᠡᠪᠡᠳᠴᠢᠨ ᠣᠯᠠᠨ ᠡᠭᠦᠰᠭᠦ ᠬᠤᠭᠤᠴᠠᠭᠠᠨ᠎ᠳᠤ᠂ ᠮᠠᠰᠢ ᠣᠯᠠᠨ ᠡᠮᠴᠢᠯᠡᠭᠡᠨ᠎ᠦ ᠪᠠᠢᠭᠤᠯᠤᠮᠵᠢ ᠰᠥᠨᠢ᠎ᠶ᠋ᠢᠨ ᠡᠭᠦᠳᠡᠨ ᠡᠮᠨᠡᠯᠭᠡ᠂ ᠭᠠᠷᠠᠭ᠎ᠤᠨ ᠰᠡᠭᠦᠯᠴᠢ᠎ᠶ᠋ᠢᠨ ᠡᠭᠦᠳᠡᠨ ᠡᠮᠨᠡᠯᠭᠡ ᠨᠡᠭᠡᠭᠡᠵᠦ᠍ ᠪᠠᠢᠨ᠎ᠠ᠃ ᠡᠯ᠎ᠡ ᠱᠠᠲᠤᠨ᠎ᠤ ᠡᠮᠴᠢᠯᠡᠭᠡᠨ᠎ᠦ ᠪᠠᠢᠭᠤᠯᠤᠮᠵᠢ᠎ᠨᠢ ᠣᠨᠣᠱᠢᠯᠠᠨ ᠡᠮᠨᠡᠬᠦ᠌ ᠶᠠᠪᠤᠴᠠ ᠪᠡᠨ ᠱᠢᠯᠢᠳᠡᠭ᠌ᠵᠢᠭᠦᠯᠵᠦ᠍᠂ ᠴᠠᠭ ᠬᠤᠪᠢᠶᠠᠨ ᠪᠣᠯᠵᠣᠵᠤ ᠣᠨᠣᠱᠢᠯᠠᠨ ᠡᠮᠨᠡᠬᠦ᠌᠂ ᠨᠢᠭᠡ ᠥᠷᠲᠡᠭᠡᠴᠢᠯᠡᠭᠰᠡᠨ ᠮᠠᠶᠢᠭ᠎ᠤᠨ ᠦᠶ᠋ᠯᠡᠴᠢᠯᠡᠭᠡ ᠵᠡᠷᠭᠡ ᠵᠠᠭ᠍ᠪᠤᠷ᠎ᠢ ᠬᠡᠷᠡᠭ᠌ᠵᠢᠭᠦᠯᠵᠤ ᠪᠤᠢ᠃ ᠡᠭᠦᠨ᠎ᠡᠴᠡ ᠭᠠᠳᠠᠨ᠎ᠠ᠂ ᠡᠬᠡ ᠨᠢᠯᠬᠠᠰ᠎ᠤᠨ ᠡᠷᠡᠭᠦᠯ ᠮᠡᠨᠳᠦ᠍᠎ᠶ᠋ᠢ ᠬᠠᠮᠠᠭᠠᠯᠠᠬᠤ ᠪᠠᠢᠭᠤᠯᠤᠮᠵᠢ ᠨᠢ ᠰᠡᠷᠭᠡᠢᠯᠡᠬᠦ᠌ ᠪᠠ ᠵᠠᠰᠠᠬᠤ᠎ᠶ᠋ᠢ ᠤᠶᠠᠯᠳᠤᠭᠤᠯᠤᠭ᠍ᠰᠠᠨ ᠣᠨᠴᠠᠯᠢᠭ᠍ᠲᠤ ᠡᠮᠴᠢᠯᠡᠭᠡᠨ᠎ᠦ ᠪᠠᠢᠭᠤᠯᠤᠮᠵᠢ ᠪᠣᠯᠤᠭ᠍ᠰᠠᠨ᠎ᠤ ᠬᠤᠪᠢ᠎ᠳᠤ ᠪᠠᠰᠠ ᠬᠡᠦᠬᠡᠳ ᠎ᠦᠨ ᠱᠢᠮ᠎ᠡ ᠲᠡᠵᠢᠭᠡᠯ ᠎ᠲᠠᠢ ᠲᠡᠵᠢᠭᠡᠬᠦ᠌ ᠵᠢᠯᠣᠭᠣᠳᠣᠯᠭ᠎ᠠ᠂ ᠦᠰᠦᠨ ᠪᠣᠢᠵᠢᠯᠲᠠ᠎ᠶ᠋ᠢ ᠬᠢᠨᠠᠨ ᠬᠡᠮᠵᠢᠬᠦ᠌᠂ ᠬᠡᠦᠬᠡᠳ᠎ᠦᠨ ᠡᠷᠡᠭᠦᠯ ᠮᠡᠨᠳᠦ᠍ ᠎ᠶ᠋ᠢ ᠬᠠᠮᠠᠭᠠᠯᠠᠬᠤ ᠪᠠ ᠡᠷᠡᠭᠦᠯᠵᠢᠭᠦᠯᠬᠦ᠌ ᠵᠡᠷᠭᠡ ᠦᠶ᠋ᠯᠡᠴᠢᠯᠡᠭᠡ ᠬᠠᠩᠭᠠᠬᠰᠠᠨ ᠪᠠᠢᠨ᠎ᠠ᠃

ᠹᠦ᠋ ᠸᠧᠶ ᠲᠠᠨᠢᠯᠴᠠᠭᠤᠯᠬᠤ᠎ᠳᠠᠭᠠᠨ᠂ ᠣᠳᠣᠬᠠᠨ᠎ᠳᠤ ᠪᠥᠬᠥ᠌ ᠤᠯᠤᠰ᠎ᠤᠨ 90% ᠵᠢ ᠳᠠᠪᠠᠭ᠍ᠰᠠᠨ ᠱᠢᠶᠠᠩ ᠪᠠᠯᠭᠠᠰᠤᠨ ᠎ᠤ ᠡᠷᠡᠭᠦᠯ ᠬᠠᠮᠠᠭᠠᠯᠠᠯ᠎ᠤᠨ ᠬᠣᠷᠢᠶ᠎ᠠ ᠪᠠ ᠨᠡᠢᠭᠡᠮ ᠲᠣᠭᠣᠷᠢᠭ᠎ᠤᠨ ᠡᠷᠡᠭᠦᠯ ᠬᠠᠮᠠᠭᠠᠯᠠᠯ ᠎ᠤᠨ ᠦᠶ᠋ᠯᠡᠴᠢᠯᠡᠭᠡᠨ᠎ᠦ ᠲᠥᠪ ᠬᠡᠦᠬᠡᠳ᠎ᠦᠨ ᠰᠠᠯᠠᠭᠠᠨ᠎ᠤ ᠦᠶ᠋ᠯᠡᠴᠢᠯᠡᠭᠡ ᠬᠠᠩᠭᠠᠵᠤ ᠲᠡᠢᠯᠬᠦ ᠪᠤᠯᠵᠠᠢ᠂ 98% ᠵᠢᠨ ᠵᠠᠰᠠᠭ ᠵᠠᠬᠢᠷᠭᠠᠨ᠎ᠤ ᠲᠣᠰᠭᠣᠨ᠎ᠤ ᠡᠷᠡᠭᠦᠯ ᠬᠠᠮᠠᠭᠠᠯᠠᠯ᠎ᠤᠨ ᠲᠠᠰᠤᠭ᠎ᠢ ᠡᠮ ᠡᠮᠨᠡᠯᠭᠡ᠎ᠶ᠋ᠢᠨ ᠦᠨᠳᠦᠰᠦᠨ ᠳᠠᠭᠠᠳᠭᠠᠯ᠎ᠤᠨ ᠴᠡᠭ ᠲᠣᠭ᠍ᠲᠠᠭᠠᠭ᠍ᠰᠠᠨ ᠪᠠᠢᠭᠤᠯᠤᠮᠵᠢ᠎ᠳᠤ ᠣᠷᠣᠭᠤᠯᠵᠤ᠂ ᠡᠨᠡ ᠵᠢᠯ ᠪᠠᠰᠠ ᠰᠢᠨ᠎ᠡ ᠪᠡᠷ ᠨᠡᠮᠡᠭᠳᠡᠭᠰᠡᠨ1000 ᠦᠨᠳᠦᠰᠦᠨ ᠱᠠᠲᠤᠨ᠎ᠤ ᠪᠠᠢᠭᠤᠯᠤᠮᠵᠢ ᠬᠡᠦᠬᠡᠳ ᠎ᠦᠨ ᠰᠠᠯᠠᠭᠠᠨ᠎ᠤ ᠦᠶ᠋ᠯᠡᠴᠢᠯᠡᠭᠡ ᠬᠠᠩᠭᠠᠬᠤ ᠪᠣᠯᠤᠨ᠎ᠠ ᠭᠡᠵᠠᠢ᠃

ᠱᠢᠨᠬᠤᠸᠠ ᠬᠤᠷᠢᠶ᠎ᠠ ᠵᠢᠨ ᠪᠡᠭᠡᠵᠢᠩ᠎ᠦᠨ 6 ᠰᠠᠷ᠎ᠠ᠎ᠶ᠋ᠢᠨ 1 ᠤ᠋ ᠴᠠᠬᠢᠯᠭᠠᠨ ᠮᠡᠳᠡᠭᠡ


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号