ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠦᠴᠢᠷᠳᠡᠯ᠎ᠳᠦ ᠲᠤᠯᠭᠠᠷᠠᠭ᠍ᠰᠠᠨ ᠬᠡᠦᠬᠡᠳ᠎ᠢ ᠬᠠᠯᠠᠮᠵᠢᠯᠠᠨ ᠬᠠᠢᠷᠠᠯᠠᠬᠤ ᠦᠶ᠋ᠯᠡᠴᠢᠯᠡᠭᠡᠨ᠎ᠦ ᠭᠤᠤᠯ ᠰᠡᠳᠦᠪᠲᠦ ᠠᠵᠢᠯᠯᠠᠭ᠎ᠠ ᠡᠬᠢᠯᠡᠪᠡ
2026-06-04 16:13:04
ᠵᠣᠬᠢᠶᠠᠭ᠍ᠴᠢ᠄
​ ᠪᠠᠢ ᠰᠡᠴᠡᠨ
ᠣᠩᠱᠢᠭ᠍ᠰᠠᠨ ᠣᠳᠠᠭ᠎ᠠ᠄
★★★☆☆

6  ᠰᠠᠷ᠎ᠠ᠎ᠶ᠋ᠢᠨ 1 ᠤ᠋ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠂ ᠰᠤᠷᠭᠠᠨ ᠬᠥᠮᠦᠵᠢᠯ᠎ᠦᠨ ᠲᠢᠩᠬᠢᠮ᠂ ᠬᠠᠤᠯᠢ ᠴᠠᠭᠠᠵᠠ᠎ᠶ᠋ᠢᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠂ ᠡᠪᠯᠡᠯ᠎ᠦᠨ ᠬᠣᠷᠢᠶ᠎ᠠ᠂ ᠡᠮᠡᠭ᠌ᠲᠡᠢᠴᠦᠳ᠎ᠦᠨ ᠬᠣᠯᠪᠣᠭ᠎ᠠ ᠵᠡᠷᠭᠡ ᠨᠢᠭᠡᠴᠢ ᠬᠠᠮᠲᠤᠷᠠᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠦᠴᠢᠷᠳᠡᠯ᠎ᠳᠦ ᠲᠤᠯᠭᠠᠷᠠᠭ᠍ᠰᠠᠨ ᠬᠡᠦᠬᠡᠳ᠎ᠢ ᠬᠠᠯᠠᠮᠵᠢᠯᠠᠨ ᠬᠠᠢᠷᠠᠯᠠᠬᠤ ᠦᠶ᠋ᠯᠡᠴᠢᠯᠡᠭᠡᠨ᠎ᠦ ᠭᠤᠤᠯ ᠰᠡᠳᠦᠪᠲᠦ ᠠᠵᠢᠯᠯᠠᠭ᠎ᠠ᠎ᠶ᠋ᠢ ᠡᠬᠢᠯᠡᠭᠦᠯᠪᠡ᠃

ᠡᠬᠢᠯᠡᠯᠲᠡ᠎ᠶ᠋ᠢᠨ ᠶᠣᠰᠣᠯᠠᠯ ᠳᠡᠭᠡᠷ᠎ᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ ᠡᠴᠡ᠂ ᠬᠦᠴᠢᠷᠳᠡᠯ᠎ᠳᠦ ᠲᠤᠯᠭᠠᠷᠠᠭ᠍ᠰᠠᠨ ᠬᠡᠦᠬᠡᠳ᠎ᠢ ᠬᠠᠯᠠᠮᠵᠢᠯᠠᠨ ᠬᠠᠢᠷᠠᠯᠠᠬᠤ ᠦᠶ᠋ᠯᠡᠴᠢᠯᠡᠭᠡᠨ᠎ᠦ ᠰᠠᠯᠠᠭ᠎ᠠ ᠮᠥᠴᠢᠷ᠎ᠦᠨ ᠬᠠᠮᠵᠢᠯᠴᠠᠨ  ᠬᠥᠳᠡᠯᠦᠯᠴᠡᠬᠦ᠌ ᠲᠣᠭ᠍ᠲᠠᠴᠠ᠂ ᠪᠠᠢᠨᠭᠭᠤᠵᠢᠭᠰᠠᠨ ᠬᠠᠯᠠᠮᠵᠢᠯᠠᠨ ᠬᠠᠢᠷᠠᠯᠠᠬᠤ ᠦᠶ᠋ᠯᠡᠴᠢᠯᠡᠭᠡᠨ᠎ᠦ ᠲᠣᠭ᠍ᠲᠠᠴᠠ᠂ ᠲᠤᠰᠭᠠᠶ ᠮᠡᠷᠭᠡᠵᠢᠯ᠎ᠦᠨ ᠡᠬᠢ ᠪᠠᠶᠠᠯᠢᠭ᠎ᠤᠨ ᠣᠷᠣᠭᠤᠯᠤᠯᠲᠠ᠎ᠶ᠋ᠢᠨ ᠲᠣᠭ᠍ᠲᠠᠴᠠ᠂ ᠨᠡᠢᠭᠡᠮ᠎ᠦᠨ ᠬᠦᠴᠦᠨ᠎ᠦ ᠣᠷᠣᠯᠴᠠᠬᠤ ᠲᠣᠭ᠍ᠲᠠᠴᠠ ᠵᠡᠷᠭᠡ᠎ᠶ᠋ᠢ  ᠲᠠᠰᠤᠷᠠᠯᠲᠠ ᠥᠬᠡᠶ ᠪᠦᠷᠢᠨᠱᠢᠭᠦᠯᠦᠨ ᠲᠡᠭᠦᠯᠳᠡᠷᠵᠢᠭᠦᠯᠵᠦ᠍᠂ ᠬᠦᠴᠢᠷᠳᠡᠯ᠎ᠳᠦ ᠲᠤᠯᠭᠠᠷᠠᠭ᠍ᠰᠠᠨ ᠬᠡᠦᠬᠡᠳ᠎ᠦᠨ ᠰᠡᠳᠭᠢᠴᠡ᠎ᠶ᠋ᠢᠨ ᠡᠷᠡᠭᠦᠯ ᠮᠡᠨᠳᠦ᠍᠎ᠶ᠋ᠢ ᠬᠢᠨᠠᠨ ᠬᠡᠮᠵᠢᠬᠦ᠌᠂ ᠱᠢᠯᠵᠢᠭᠦᠯᠦᠨ ᠣᠨᠣᠱᠢᠯᠠᠨ ᠡᠮᠨᠡᠬᠦ᠌᠂ ᠦᠶ᠋ᠯᠡᠴᠢᠯᠡᠵᠦ᠍ ᠬᠠᠪᠰᠤᠷᠤᠨ ᠲᠡᠳᠬᠦᠬᠦ᠌ ᠵᠡᠷᠭᠡ ᠡᠯ᠎ᠡ ᠭᠣᠭ᠍ᠴᠣᠭ᠎ᠠ᠎ᠶ᠋ᠢ ᠨᠡᠪᠲᠡᠷᠡᠭᠦᠯᠦᠨ᠂ ᠬᠦᠴᠢᠷᠳᠡᠯ᠎ᠳᠦ ᠲᠤᠯᠭᠠᠷᠠᠭ᠍ᠰᠠᠨ ᠬᠡᠦᠬᠡᠳ᠎ᠦᠨ ᠰᠡᠳᠭᠢᠴᠡ᠎ᠶ᠋ᠢᠨ ᠡᠷᠡᠭᠦᠯ ᠮᠡᠨᠳᠦ᠍᠎ᠶ᠋ᠢᠨ ᠪᠥᠬᠥ᠌ ᠬᠡᠯᠬᠢᠶᠡᠨ᠎ᠦ ᠰᠠᠬᠢᠨ ᠬᠠᠮᠠᠭᠠᠯᠠᠬᠤ ᠱᠢᠰᠲ᠋ᠧᠮ᠎ᠢ ᠪᠠᠢᠭᠤᠯᠬᠤ ᠬᠡᠷᠡᠭᠳᠡᠢ ; ᠬᠦᠴᠢᠷᠳᠡᠯ᠎ᠳᠦ ᠲᠤᠯᠭᠠᠷᠠᠭ᠍ᠰᠠᠨ ᠬᠡᠦᠬᠡᠳ᠎ᠤᠨ ᠰᠡᠳᠭᠢᠴᠡ᠎ᠶ᠋ᠢᠨ ᠡᠷᠡᠭᠦᠯ ᠮᠡᠨᠳᠦ᠍᠎ᠶ᠋ᠢ ᠬᠠᠯᠠᠮᠵᠢᠯᠠᠨ ᠬᠠᠢᠷᠠᠯᠠᠬᠤ ᠦᠶ᠋ᠯᠡᠴᠢᠯᠡᠭᠡ᠎ᠶ᠋ᠢ ᠡᠯ᠎ᠡ ᠰᠠᠯᠠᠭ᠎ᠠ ᠮᠥᠴᠢᠷ᠎ᠦᠨ ᠲᠤᠬᠠᠢᠯᠠᠭ᠍ᠰᠠᠨ ᠠᠵᠢᠯ᠎ᠤᠨ ᠪᠣᠯᠪᠠᠰᠤᠷᠠᠯ᠎ᠤᠨ ᠠᠭᠤᠯᠭ᠎ᠠ᠎ᠳᠤ ᠣᠷᠣᠭᠤᠯᠵᠤ᠂ ᠦᠨᠳᠦᠰᠦᠨ ᠱᠠᠲᠤᠨ᠎ᠤ ᠬᠡᠦᠬᠡᠳ᠎ᠦᠨ ᠠᠵᠢᠯ᠎ᠤᠨ ᠡᠩᠨᠡᠭᠡ᠎ᠶ᠋ᠢᠨ ᠲᠤᠰᠭᠠᠶ ᠮᠡᠷᠭᠡᠵᠢᠯ᠎ᠦᠨ ᠬᠡᠪ ᠪᠣᠯᠪᠠᠰᠤᠷᠠᠯ ᠪᠠ ᠪᠣᠳᠠᠲᠠᠶ ᠤᠷ᠎ᠠ ᠴᠢᠳᠠᠪᠤᠷᠢ᠎ᠶ᠋ᠢ ᠳᠡᠭᠡᠭ᠌ᠰᠢᠯᠡᠭᠦᠯᠦᠨ᠂ ᠬᠦᠴᠢᠷᠳᠡᠯ᠎ᠳᠦ ᠲᠤᠯᠭᠠᠷᠠᠭ᠍ᠰᠠᠨ ᠬᠡᠦᠬᠡᠳ᠎ᠢ ᠬᠠᠪᠰᠤᠷᠤᠨ ᠬᠦᠴᠢᠷᠳᠡᠯ᠎ᠡᠴᠡ ᠲᠦᠷᠭᠡᠬᠡᠨ ᠠᠩᠭᠢᠵᠢᠷᠠᠭᠤᠯᠵᠤ᠂ ᠨᠡᠢᠭᠡᠮ᠎ᠳᠦ ᠠᠭᠤᠰᠤᠯᠴᠠᠭᠤᠯᠤᠨ᠂ ᠥᠪᠡᠷ᠎ᠢ᠎ᠪᠡᠨ ᠬᠦᠨᠳᠦᠳᠭᠡᠵᠦ᠍ ᠥᠪᠡᠷ᠎ᠢ᠎ᠪᠡᠨ ᠢᠲᠡᠭᠡᠬᠦ᠌᠂ ᠪᠠᠶᠠᠰᠤᠩᠭᠤᠶ ᠥᠭᠡᠳᠡᠷᠬᠡᠭ ᠰᠡᠳᠬᠢᠯᠭᠡ ᠪᠡᠷ ᠨᠡᠢᠭᠡᠮ᠎ᠳᠦ ᠬᠡᠷᠡᠭ᠌ᠴᠡᠭᠡ᠎ᠲᠡᠶ ᠬᠥᠮᠦᠨ ᠪᠣᠯᠬᠤ᠎ᠪᠠᠷ ᠴᠢᠷᠮᠠᠢᠬᠤ ᠵᠢ ᠵᠤᠷᠢᠬᠵᠢᠭᠤᠯᠬᠤ ᠬᠡᠷᠡᠭ᠌ᠲᠡᠶ ᠭᠡᠵᠦ᠍ ᠰᠠᠨᠠᠭᠠᠴᠢᠯᠠᠪᠠ᠃

ᠡᠬᠢᠯᠡᠯᠲᠡ᠎ᠶ᠋ᠢᠨ ᠶᠣᠰᠣᠯᠠᠯ ᠳᠡᠭᠡᠷ᠎ᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢᠭᠡᠮ᠎ᠦᠨ ᠵᠣᠬᠢᠶᠠᠨ ᠪᠠᠢᠭᠤᠯᠤᠯᠲᠠ᠎ᠶ᠋ᠢᠨ ᠲᠥᠯᠥᠭᠡᠯᠡᠭ᠌ᠴᠢ ᠡᠴᠡ ᠬᠦᠴᠢᠷᠳᠡᠯ᠎ᠳᠦ ᠲᠤᠯᠭᠠᠷᠠᠭ᠍ᠰᠠᠨ ᠬᠡᠦᠬᠡᠳ᠎ᠲᠦ ᠪᠠᠯᠠ ᠮᠥᠩᠭᠥ᠌ ᠪᠠ ᠲᠣᠬᠣᠨᠢᠭᠤᠯᠬᠤ ᠪᠣᠳᠠᠰ ᠬᠠᠨᠳᠢᠪᠯᠠᠵᠠᠢ᠃ ᠡᠬᠦᠨ ᠳ᠋ᠤ᠂  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠢᠭᠦᠯᠡᠰᠦᠩᠭᠦᠶ᠎ᠶ᠋ᠢᠨ ᠶᠡᠷᠦᠩᠬᠡᠶ ᠡᠪᠯᠡᠯ᠎ᠡᠴᠡ 2 ᠲᠦᠮᠡᠨ ᠲᠥᠭᠥᠷᠢᠭ᠎ᠦᠨ ᠥᠷᠲᠡᠭ ᠪᠥᠬᠥᠶ  ᠪᠢᠴᠢᠭ᠎ᠦᠨ ᠬᠡᠷᠡᠭ᠌ᠰᠡᠯ ᠬᠠᠨᠳᠢᠪᠯᠠᠪᠠ; ᠥᠪᠥᠷ ᠮᠣᠩᠭᠣᠯ᠎ᠤᠨ ᠮᠸᠩ ᠶᠢᠤ ᠨᠡᠢᠭᠡᠮ᠎ᠦᠨ ᠠᠵᠢᠯ᠎ᠤᠨ ᠦᠶ᠋ᠯᠡᠴᠢᠯᠡᠭᠡᠨ᠎ᠦ ᠲᠥᠪ᠎ᠤᠨ ᠬᠢᠨ ᠬᠥᠬᠡᠬᠣᠲᠠ᠎ᠶ᠋ᠢᠨ ᠠᠷᠠᠳ᠎ᠤᠨ ᠶᠠᠪᠤᠳᠠᠯ᠎ᠤᠨ ᠲᠣᠪᠴᠢᠶ᠎ᠠ᠎ᠳᠤ  70 ᠲᠦᠮᠡᠨ ᠲᠥᠭᠥᠷᠢᠭ᠎ᠦᠨ ᠰᠤᠷᠤᠯᠭ᠎ᠠ᠎ᠶ᠋ᠢᠨ ᠲᠡᠳᠬᠦᠮᠵᠢ᠎ᠶ᠋ᠢᠨ ᠮᠥᠩᠭᠥ᠌ ᠬᠠᠨᠳᠢᠪᠯᠡᠪᠠ; ᠥᠪᠥᠷ ᠮᠣᠩᠭᠣᠯ᠎ᠦᠨ ᠮᠧᠨᠭ ᠨᠢᠸ᠋ ᠨᠡᠢᠲᠡ᠎ᠶ᠋ᠢᠨ ᠠᠰᠠᠷᠠᠮᠵᠢ᠎ᠶ᠋ᠢᠨ ᠰᠠᠭᠤᠷᠢ ᠮᠥᠩᠭᠥᠨ᠎ᠦ ᠨᠡᠢᠭᠡᠮᠯᠢᠭ 1000 ᠬᠠᠢᠷᠴᠠᠭ  ᠴᠠᠭᠠᠨ ᠢᠳᠡᠭᠡᠨ ᠬᠠᠨᠳᠢᠪᠯᠠᠪᠠ;  ᠪᠤᠭᠤᠲᠤ ᠬᠣᠲᠠ᠎ᠶ᠋ᠢᠨ ᠬᠥᠳᠡᠭᠡ ᠲᠣᠰᠭᠣᠨ᠎ᠤ ᠬᠥᠭ᠌ᠵᠢᠯᠲᠡ᠎ᠶ᠋ᠢᠨ ᠰᠠᠭᠤᠷᠢ ᠮᠥᠩᠭᠥᠨ᠎ᠦ ᠨᠡᠢᠭᠡᠮᠯᠢᠭ᠎ᠡᠴᠡ ᠪᠤᠭᠤᠲᠤ ᠬᠣᠲᠠ᠎ᠶ᠋ᠢᠨ ᠨᠠᠰᠤᠨ ᠳ᠋ᠤ ᠦᠯᠤ ᠬᠦᠷᠦᠭᠰᠡᠳ᠎ᠢ ᠬᠠᠮᠠᠭᠠᠯᠠᠬᠤ ᠲᠦᠪ᠎ᠲᠦ 10 ᠲᠦᠮᠡᠨ ᠲᠥᠭᠥᠷᠢᠭ᠎ᠦᠨ ᠥᠷᠲᠡᠭ ᠪᠥᠬᠥᠶ ᠨᠡᠢᠲᠡ᠎ᠶ᠋ᠢᠨ ᠠᠰᠠᠷᠠᠮᠵᠢ᠎ᠶ᠋ᠢᠨ ᠡᠳ᠋ ᠪᠣᠳᠠᠰ ᠬᠠᠨᠳᠢᠪᠯᠠᠪᠠ᠃

ᠣᠢᠷ᠎ᠠ᠎ᠶ᠋ᠢᠨ ᠵᠢᠯ᠎ᠦᠨ ᠲᠤᠷᠰᠢ᠂ ᠥᠪᠥᠷ ᠮᠣᠩᠭᠣᠯ᠎ᠤᠨ ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠦᠳ ᠲᠦᠭᠡᠮᠡᠯ ᠬᠠᠷᠠᠭᠠᠯᠵᠠᠯ᠎ᠤᠨ ᠴᠢᠨᠠᠷᠲᠠᠶ᠂ ᠦᠨᠳᠦᠰᠦᠨ ᠵᠦᠶ᠋ᠯ᠎ᠢ ᠪᠠᠲᠤᠯᠠᠬᠤ ᠴᠢᠨᠠᠷᠲᠠᠶ᠂ ᠰᠠᠭᠤᠷᠢ ᠴᠢᠨᠠᠷᠲᠠᠶ ᠵᠠᠷᠴᠢᠮ᠎ᠢ ᠪᠠᠷᠢᠮᠲᠠᠯᠠᠵᠤ᠂ ᠬᠦᠴᠢᠷᠳᠡᠯ᠎ᠳᠦ ᠲᠤᠯᠭᠠᠷᠠᠭ᠍ᠰᠠᠨ ᠬᠡᠦᠬᠡᠳ᠎ᠦᠨ ᠠᠰᠠᠷᠠᠮᠵᠢ᠎ᠶ᠋ᠢᠨ 《ᠵᠢᠷᠭᠤᠭᠠᠨ ᠶᠡᠬᠡ ᠱᠢᠰᠲ᠋ᠧᠮ》 ᠳ᠋ᠤ ᠠᠩᠬᠠᠷᠤᠯ᠎ᠢᠶᠠᠨ ᠲᠥᠪᠯᠡᠷᠡᠭᠦᠯᠦᠨ᠂ ᠡᠯ᠎ᠡ ᠲᠠᠯ᠎ᠠ᠎ᠶ᠋ᠢᠨ ᠡᠬᠢ ᠪᠠᠶᠠᠯᠢᠭ᠎ᠢ ᠳᠠᠢᠴᠢᠯᠠᠵᠤ᠂ ᠡᠯ᠎ᠡ ᠲᠠᠯ᠎ᠠ᠎ᠶ᠋ᠢᠨ ᠢᠳᠡᠪᠬᠢ ᠦᠶ᠋ᠯᠡᠳᠦᠯ᠎ᠢ ᠪᠠᠳᠠᠷᠠᠭᠤᠯᠤᠨ᠂ ᠠᠷᠠᠳ᠎ᠤᠨ ᠶᠠᠪᠤᠳᠠᠯ᠎ᠢᠶᠠᠷ ᠲᠦᠷᠦᠭᠦᠯᠡᠭᠦᠯᠬᠦ᠌᠂ ᠰᠠᠯᠠᠭ᠎ᠠ ᠮᠥᠴᠢᠷ ᠬᠠᠮᠵᠢᠯᠴᠠᠬᠤ᠂ ᠬᠡᠷ ᠪᠦᠯᠢ ᠬᠠᠷᠢᠭᠤᠴᠠᠯᠭ᠎ᠠ᠎ᠪᠠᠨ ᠭᠦᠶ᠋ᠴᠡᠳᠭᠡᠬᠦ᠌᠂ ᠨᠡᠢᠭᠡᠮ ᠨᠡᠢᠲᠡ᠎ᠪᠡᠷ᠎ᠢᠶᠡᠨ ᠣᠷᠣᠯᠴᠠᠬᠤ᠂ ᠦᠶ᠋ᠯᠡᠴᠢᠯᠡᠬᠦ᠌ ᠭᠤᠤᠯ ᠴᠣᠭ᠍ᠴᠠ᠎ᠨᠢ ᠣᠯᠠᠨ ᠡᠱᠢᠵᠢᠬᠦ᠌ ᠂ ᠦᠶ᠋ᠯᠡᠴᠢᠯᠡᠬᠦ᠌ ᠠᠷᠭ᠎ᠠ ᠮᠠᠶᠢᠭ᠎ᠨᠢ ᠣᠯᠠᠨ ᠶᠠᠩᠵᠤ᠎ᠶ᠋ᠢᠨ ᠪᠠᠢᠬᠤ᠂ ᠬᠠᠪᠰᠤᠷᠤᠨ ᠲᠡᠳᠬᠦᠬᠦ᠌᠎ᠨᠢ ᠨᠠᠷᠢᠯᠢᠭ ᠤᠨᠤᠴᠠᠳᠠᠢ ᠪᠠᠢᠬᠤ ᠱᠢᠨ᠎ᠡ ᠴᠠᠭ ᠦᠶ᠎ᠡ᠎ᠶ᠋ᠢᠨ ᠬᠦᠴᠢᠷᠳᠡᠯ᠎ᠳᠦ ᠲᠤᠯᠭᠠᠷᠠᠭ᠍ᠰᠠᠨ ᠬᠡᠦᠬᠡᠳ᠎ᠢ ᠬᠠᠯᠠᠮᠵᠢᠯᠠᠨ ᠬᠠᠢᠷᠠᠯᠠᠵᠤ ᠦᠶ᠋ᠯᠡᠴᠢᠯᠡᠬᠦ᠌ ᠠᠵᠢᠯ᠎ᠤᠨ ᠪᠠᠢᠷᠢᠱᠢᠯ᠎ᠢ ᠠᠯᠬᠤᠮ ᠠᠯᠬᠤᠮ᠎ᠢᠶᠠᠷ ᠪᠣᠶ ᠪᠣᠯᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号