ᠤᠯᠤᠰ ᠤ᠋ᠨ ᠨᠢᠬᠡᠳᠦᠯᠳᠡᠢ ᠱᠢᠯᠭᠠᠯᠲᠠ᠎ᠶ᠋ᠢᠨ ᠤᠷᠤᠬᠰᠢᠳᠠᠢ ᠶᠠᠪᠤᠬᠳᠠᠬᠤ ᠵᠢ ᠪᠠᠲᠤᠯᠠᠬᠤ᠎ᠶ᠋ᠢᠨ ᠲᠥᠯᠥᠭᠡ᠂ ᠬᠥᠬᠡᠬᠣᠲᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ᠎ᠶ᠋ᠢᠨ ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠰᠠᠯᠪᠤᠷᠢ ᠠᠩᠭᠢ ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠠᠵᠢᠯ᠎ᠤᠨ ᠪᠣᠳᠠᠲᠤ ᠪᠠᠢᠳᠠᠯ᠎ᠳᠤ ᠰᠠᠭᠤᠷᠢᠯᠠᠨ᠂ 10 ᠵᠦᠶ᠋ᠯ᠎ᠦᠨ ᠪᠠᠳᠤᠯᠠᠭ᠎ᠠ ᠵᠢᠨ ᠠᠷᠭ᠎ᠠ ᠬᠡᠮᠵᠢᠶ᠎ᠡ᠎ᠶ᠋ᠢ ᠲᠤᠬᠳᠠᠭᠠᠵᠠᠢ᠃
ᠱᠢᠨᠵᠢᠯᠡᠬᠦ᠌ ᠤᠬᠠᠭᠠᠨᠴᠢ᠎ᠪᠠᠷ ᠬᠥᠲᠥᠯᠥᠨ ᠵᠢᠯᠣᠭᠣᠳᠴᠤ᠌᠂ 《ᠨᠢᠬᠡ ᠴᠡᠭ ᠲᠦ᠍ ᠨᠢᠬᠡ ᠠᠷᠭ᠎ᠠ ᠪᠤᠳᠤᠯᠭ᠎ᠠ》 ᠬᠡᠷᠡᠭᠵᠢᠬᠦᠯᠦᠨ᠂ ᠰᠠᠭᠠᠳ ᠥᠬᠡᠶ ᠨᠡᠪᠲᠡᠷᠡᠬᠦ᠌᠎ᠶ᠋ᠢ ᠪᠠᠲᠤᠯᠠᠨ᠎ᠠ᠃ ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠰᠠᠯᠪᠤᠷᠢ ᠠᠩᠭᠢ ᠵᠠᠮ ᠨᠡᠪᠳᠡᠷᠡᠯᠬᠡ ᠵᠢᠨ ᠵᠢᠯᠣᠭᠣᠳᠤᠯᠭ᠎ᠠ ᠪᠠᠲᠤᠯᠠᠭ᠎ᠠ᠎ᠶ᠋ᠢᠨ ᠲᠥᠰᠦᠯ᠎ᠢ ᠲᠣᠭ᠍ᠲᠠᠭᠠᠵᠤ᠂ ᠵᠠᠮ ᠬᠠᠷᠢᠯᠴᠠᠭᠠᠨ᠎ᠤ ᠪᠡᠯᠡᠳᠭᠡᠮᠵᠢ᠎ᠶ᠋ᠢ ᠲᠡᠭᠦᠯᠳᠡᠷᠵᠢᠭᠦᠯᠦᠨ᠂ ᠮᠠᠰᠢᠨ ᠲᠡᠷᠭᠡ ᠵᠤᠬᠰᠤᠭᠠᠬᠤ ᠡᠬᠢ ᠪᠠᠶᠠᠯᠢᠭ᠎ᠢ ᠥᠷᠭᠡᠳᠭᠡᠨ᠎ᠡ; ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠰᠠᠯᠪᠤᠷᠢ ᠠᠩᠭᠢ 《ᠤᠯᠤᠰ ᠤ᠋ᠨ ᠨᠢᠬᠡᠳᠦᠯᠳᠡᠢ ᠰᠢᠯᠭᠠᠯᠳᠠ ᠵᠢᠨ ᠠᠶᠠᠯᠠᠯ ᠬᠠᠮᠠᠭᠠᠯᠠᠬᠤ ᠠᠩᠭᠢ》᠎ᠶ᠋ᠢ ᠵᠣᠬᠢᠶᠠᠨ ᠪᠠᠢᠭᠤᠯᠵᠤ᠂ ᠭᠤᠤᠯᠳᠠᠯᠭ᠎ᠠ ᠳᠠᠢ ᠵᠠᠮ ᠬᠠᠷᠢᠯᠴᠠᠭ᠎ᠠ᠂ ᠱᠢᠯᠭᠠᠯᠲᠠ᠎ᠶ᠋ᠢᠨ ᠭᠠᠵᠠᠷ᠎ᠤᠨ ᠡᠷᠬᠢᠨ ᠲᠣᠭᠣᠷᠢᠨ ᠵᠢᠴᠢ ᠭᠤᠤᠯ ᠵᠠᠮ ᠵᠢᠡᠷ ᠲᠠᠰᠤᠷᠠᠯᠲᠠ ᠥᠬᠡᠶ ᠲᠣᠭᠣᠷᠢᠨ ᠴᠠᠬᠳᠠᠨᠠ; ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠰᠠᠯᠪᠤᠷᠢ ᠠᠩᠭᠢ 《ᠨᠠᠮ ᠵᠢᠮ ᠤᠷᠴᠢᠨ ᠳᠤᠭᠤᠷᠢᠨ᠎ᠢ ᠪᠤᠢ ᠪᠤᠯᠭᠠᠬᠤ》 ᠲᠤᠰᠭᠠᠶ ᠴᠡᠭ᠌ᠴᠡᠯᠡᠨ ᠵᠠᠰᠠᠬᠤ ᠠᠵᠢᠯᠯᠠᠭ᠎ᠠ᠎ᠶ᠋ᠢ ᠭᠦᠨᠵᠡᠭᠡᠶ ᠥᠷᠨᠢᠭᠦᠯᠵᠦ᠍᠂ ᠱᠢᠯᠭᠠᠯᠲᠠ᠎ᠶ᠋ᠢᠨ ᠴᠡᠭ᠎ᠦᠨ ᠡᠷᠬᠢᠨ ᠲᠣᠭᠣᠷᠢᠨ᠎ᠳᠤ ᠴᠢᠩᠭ᠎ᠠ ᠪᠦᠷᠢᠶ᠎ᠡ ᠳᠤᠤᠭᠠᠷᠭᠠᠬᠤ ᠵᠢ ᠴᠠᠭᠠᠵᠠᠯᠠᠬᠤ ᠲᠣᠭ᠍ᠲᠠᠭᠠᠯ᠎ᠢ ᠬᠡᠷᠡᠭ᠌ᠵᠢᠭᠦᠯᠦᠨ᠎ᠡ; ᠤᠯᠤᠰ ᠤ᠋ᠨ ᠨᠢᠬᠡᠳᠦᠯᠳᠡᠢ ᠱᠢᠯᠭᠠᠯᠲᠠ᠎ᠳᠤ ᠬᠣᠯᠪᠣᠭ᠍ᠳᠠᠭ᠍ᠰᠠᠨ ᠮᠠᠰᠢᠨ ᠲᠡᠷᠬᠡ ᠵᠢᠨ ᠡᠭᠦᠰᠦᠭ᠌ᠰᠡᠨ ᠬᠥᠩᠭᠡᠪᠲᠦᠷ ᠵᠠᠮ ᠬᠠᠷᠢᠯᠴᠠᠭᠠᠨ᠎ᠤ ᠡᠨᠳᠡᠯ᠎ᠳᠦ᠂ ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ ᠳᠠᠷᠤᠶ ᠲᠦᠷᠭᠡᠨ ᠴᠠᠭ᠍ᠳᠠᠭ᠎ᠠ ᠭᠠᠷᠭᠠᠵᠤ᠂ ᠥᠨᠳᠥᠷ ᠪᠦᠲᠦᠮᠵᠢᠲᠡᠶ᠎ᠪᠡᠷ ᠱᠢᠶ᠋ᠳᠪᠦᠷᠢᠯᠡᠨ᠎ᠡ; ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠰᠠᠯᠪᠤᠷᠢ ᠠᠩᠭᠢ ᠤᠷᠢᠳᠴᠢᠯᠠᠨ ᠨᠡᠢᠭᠡᠮ ᠨᠡᠢᠲᠡ᠎ᠳᠦ ᠰᠠᠨᠠᠭᠠᠴᠢᠯᠠᠭ᠎ᠠ ᠭᠠᠷᠭᠠᠵᠤ᠂ ᠥᠷᠭᠡᠨ ᠣᠯᠠᠨ ᠬᠣᠲᠠ᠎ᠶ᠋ᠢᠨ ᠠᠷᠠᠳ᠎ᠢ ᠤᠯᠤᠰ ᠤ᠋ᠨ ᠨᠢᠬᠡᠳᠦᠯᠳᠡᠢ ᠰᠢᠯᠭᠠᠯᠳᠠ ᠵᠢᠨ ᠬᠤᠭᠤᠴᠠᠭᠠᠨ ᠳ᠋ᠸ᠋ ᠶᠠᠪᠠᠭᠠᠨ ᠶᠠᠪᠤᠬᠤ᠂ ᠳᠤᠭᠤᠶ ᠤᠨᠤᠬᠤ ᠪᠤᠶᠤ ᠣᠯᠠᠨ ᠨᠡᠢᠲᠡ᠎ᠶ᠋ᠢᠨ ᠵᠠᠮ ᠬᠠᠷᠢᠯᠴᠠᠭ᠎ᠠ ᠵᠢ ᠠᠰᠢᠬᠯᠠᠬᠤ ᠵᠡᠷᠭᠡ ᠪᠣᠬᠢᠷᠲᠤᠯ ᠥᠬᠡᠶ ᠭᠠᠳᠠᠬᠰᠢ ᠭᠠᠷᠬᠤ ᠠᠷᠭ᠎ᠠ ᠮᠠᠶᠢᠭ᠎ᠢ ᠰᠤᠩᠭᠤᠬᠤ ᠵᠢ ᠤᠷᠢᠶᠠᠯᠠᠨ᠎ᠠ; ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠰᠠᠯᠪᠤᠷᠢ ᠠᠩᠭᠢ ᠵᠢᠯᠣᠭᠣᠴᠢ ᠥᠬᠡᠶ ᠨᠢᠰᠭᠡᠯ᠎ᠢᠶᠡᠷ ᠱᠢᠯᠭᠠᠯᠲᠠ᠎ᠶ᠋ᠢᠨ ᠴᠡᠭ᠎ᠦᠨ ᠡᠷᠬᠢᠨ ᠲᠣᠭᠣᠷᠢᠨ᠎ᠤ ᠣᠷᠣᠨ ᠪᠦᠰᠡ᠎ᠶ᠋ᠢ ᠪᠣᠰᠣᠭ᠎ᠠ ᠴᠣᠭ᠍ᠴᠠ᠎ᠪᠠᠷ ᠴᠠᠭ᠍ᠳᠠᠨ ᠡᠵᠡᠮᠳᠡᠨ᠎ᠡ; ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠰᠠᠯᠪᠤᠷᠢ ᠠᠩᠭᠢ᠎ᠨᠢ ᠤᠶᠤᠨᠴᠢ ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠲᠣᠮᠣ ᠳ᠋ᠠᠢᠲ᠋ᠠ ᠵᠢᠨ ᠴᠠᠭ ᠲᠤᠬᠠᠶ᠎ᠳᠤᠨᠢ ᠳᠣᠭᠢᠷᠠᠭᠤᠯᠬᠤ ᠱᠢᠰᠲ᠋ᠧᠮ᠎ᠳᠦ ᠲᠦᠱᠢᠭ᠌ᠯᠡᠨ᠂ ᠮᠠᠰᠢᠨ ᠲᠡᠷᠭᠡᠨ᠎ᠦ ᠤᠷᠤᠰᠭᠠᠯ᠎ᠢ ᠣᠶᠤᠨᠴᠢ ᠪᠡᠷ ᠬᠢᠨᠠᠨ ᠡᠵᠡᠮᠳᠡᠨ᠎ᠡ; ᠤᠯᠤᠰ ᠤ᠋ᠨ ᠨᠢᠬᠡᠳᠦᠯᠳᠡᠢ ᠰᠢᠯᠭᠠᠯᠳᠠ ᠡᠴᠨ ᠡᠮᠦᠨ᠎ᠡ᠂ ᠵᠠᠮ ᠬᠠᠷᠢᠯᠴᠠᠭᠠᠨ ᠤ᠋ ᠬᠠᠮᠢᠶᠠᠷᠤᠯᠳᠠ ᠵᠢᠨ ᠰᠠᠯᠪᠤᠷᠢ ᠠᠩᠬᠢ ᠰᠤᠷᠤᠬᠴᠢᠳ ᠲᠦ᠍ ᠤᠬᠠᠭᠤᠯᠭ᠎ᠠ ᠬᠢᠵᠦ᠂ ᠲᠡᠳᠡᠨ ᠤ᠋ ᠵᠠᠮ ᠬᠠᠷᠢᠯᠴᠠᠭᠠᠨ᠎ᠤ ᠠᠮᠤᠷ ᠲᠦᠪᠱᠢᠨ᠎ᠦ ᠤᠬᠠᠮᠰᠠᠷ ᠬᠢᠭᠡᠳ ᠥᠪᠡᠷ᠎ᠢ᠎ᠪᠡᠨ ᠬᠠᠮᠠᠭᠠᠯᠠᠬᠤ ᠴᠢᠳᠠᠪᠤᠷᠢ᠎ᠶ᠋ᠢ ᠦᠨᠡᠨ ᠬᠦ᠌ ᠳᠡᠭᠡᠭ᠌ᠰᠢᠯᠡᠭᠦᠯᠦᠨ᠎ᠡ; ᠵᠠᠮ ᠬᠠᠷᠢᠯᠴᠠᠭ᠎ᠠ᠎ᠵᠢ ᠬᠠᠮᠢᠶᠠᠷᠤᠨ ᠡᠵᠡᠮᠳᠡᠬᠦ᠌᠎ᠶ᠋ᠢ ᠴᠢᠩᠭᠠᠳᠭᠠᠬᠤ᠎ᠶ᠋ᠢᠨ ᠬᠠᠮᠲᠤ᠂ ᠠᠷᠠᠳ᠎ᠲᠤ ᠳᠥᠭᠥᠮ ᠦᠵᠡᠭᠦᠯᠬᠦ᠌ ᠦᠶ᠋ᠯᠡᠴᠢᠯᠡᠭᠡᠨ᠎ᠦ ᠠᠵᠢᠯ᠎ᠢ ᠵᠡᠷᠭᠡ ᠪᠡᠷ ᠠᠬᠢᠭᠤᠯᠤᠨ᠎ᠠ; ᠤᠯᠤᠰ ᠤ᠋ᠨ ᠨᠢᠬᠡᠳᠦᠯᠳᠡᠢ ᠰᠢᠯᠭᠠᠯᠳᠠ ᠵᠢᠨ ᠬᠤᠭᠤᠴᠠᠭᠠᠨ ᠳ᠋ᠸ᠋᠂ ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠰᠠᠯᠪᠤᠷᠢ ᠠᠩᠭᠢ᠎ᠶ᠋ᠢᠨ ᠪᠥᠬᠥ᠌ ᠠᠵᠢᠯᠲᠠᠨ ᠠᠵᠢᠯ᠎ᠤᠨ ᠪᠠᠢᠷᠢ ᠳ᠋ᠠᠭᠠᠨ ᠭᠠᠷᠴᠤ᠂ ᠱᠢᠯᠭᠠᠯᠲᠠ᠎ᠶ᠋ᠢᠨ ᠴᠡᠭ᠎ᠦᠨ ᠡᠷᠬᠢᠨ ᠲᠣᠭᠣᠷᠢᠨ᠎ᠤ ᠴᠠᠭ᠍ᠳᠠᠭᠠᠨ᠎ᠤ ᠬᠦᠴᠦᠨ᠎ᠦ ᠲᠣᠬᠢᠷᠠᠭᠤᠯᠤᠯᠲᠠ᠎ᠶ᠋ᠢ ᠱᠢᠯᠢᠳᠡᠭ᠌ᠵᠢᠭᠦᠯᠦᠨ᠂ ᠴᠠᠭ᠍ᠳᠠᠭ᠎ᠠ᠎ᠲᠠᠶ ᠠᠭᠤᠯᠵᠠᠬᠤ ᠨᠣᠷᠮ᠎ᠠ ᠪᠠ ᠤᠴᠢᠷ ᠶᠠᠪᠤᠳᠠᠯ᠎ᠢ ᠬᠠᠮᠢᠶᠠᠷᠬᠤ ᠨᠣᠷᠮ᠎ᠠ᠎ᠶ᠋ᠢ ᠬᠠᠮᠤᠭ᠎ᠤᠨ ᠶᠡᠬᠡ ᠬᠡᠮᠵᠢᠶ᠎ᠡ᠎ᠪᠡᠷ ᠳᠡᠭᠡᠭ᠌ᠰᠢᠯᠡᠭᠦᠯᠦᠨ᠎ᠡ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号