ᠳᠥᠷᠪᠡᠨ ᠰᠠᠯᠠᠭ᠎ᠠ ᠮᠥᠴᠢᠷ ᠬᠠᠮᠲᠤᠷᠠᠨ 《ᠰᠦᠯᠵᠢᠶᠡᠨ᠎ᠤ ᠰᠡᠯᠡᠮ᠎ᠡ 2026》 ᠲᠤᠰᠬᠠᠢ ᠠᠵᠢᠯᠯᠠᠭ᠎ᠠ᠎ᠶᠢ ᠡᠬᠢᠯᠡᠭᠦᠯᠪᠡ
2026-06-04 16:32:20
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ 6 ᠰᠠᠷ᠎ᠠ ᠵᠢᠨ 2᠎ᠤᠨ ᠡᠳᠦᠷ ᠤᠯᠤᠰ᠎ᠤᠨ ᠬᠡᠪᠯᠡᠯ᠎ᠦᠨ ᠡᠷᠬᠡ᠎ᠶᠢᠨ ᠲᠣᠪᠴᠢᠶ᠎ᠠ᠎ᠠᠴᠠ ᠣᠢᠯᠠᠭᠠᠭᠰᠠᠨ ᠵᠢᠡᠷ᠂ ᠤᠯᠤᠰ᠎ᠤᠨ ᠬᠡᠪᠯᠡᠯ᠎ᠦᠨ ᠡᠷᠬᠡ᠎ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶᠢᠨ ᠶᠠᠮᠤᠨ᠂ ᠳᠣᠲᠣᠭᠠᠳᠤ᠎ᠶᠢ ᠬᠠᠮᠠᠭᠠᠯᠠᠬᠤ ᠶᠠᠮᠤᠨ᠂ ᠤᠯᠤᠰ᠎ᠤᠨ ᠢᠨᠲᠧᠷ ᠰᠦᠯᠵᠢᠶᠡᠨ᠎ᠦ ᠮᠡᠳᠡᠭᠡ ᠵᠠᠩᠭᠢ᠎ᠶᠢᠨ ᠠᠯᠪᠠᠨ ᠭᠡᠷ ᠣᠢᠷ᠎ᠠ᠎ᠳᠤ ᠰᠦᠯᠵᠢᠶᠡᠨ᠎ᠦ ᠬᠡᠪᠯᠡᠯ᠎ᠤᠨ ᠡᠷᠬᠡ᠎ᠳᠦ ᠬᠠᠯᠳᠠᠬᠤ ᠠᠵᠢᠯᠯᠠᠭ᠎ᠠ᠎ᠳᠤ ᠴᠣᠬᠢᠯᠲᠠ ᠥᠭᠬᠦ《ᠰᠦᠯᠵᠢᠶᠡᠨ᠎ᠤ ᠰᠡᠯᠡᠮ᠎ᠡ 2026》 ᠲᠤᠰᠬᠠᠢ ᠠᠵᠢᠯᠯᠠᠭ᠎ᠠ᠎ᠶᠢ ᠬᠠᠮᠲᠤᠷᠠᠨ ᠡᠬᠢᠯᠡᠭᠦᠯᠪᠡ᠂ ᠡᠨᠡ ᠪᠣᠯ ᠳᠥᠷᠪᠡᠨ ᠰᠠᠯᠠᠭ᠎ᠠ ᠮᠥᠴᠢᠷ᠎ᠦᠨ 22 ᠳ᠋ᠡᠬᠢ ᠤᠳᠠᠭ᠎ᠠ ᠭᠣᠣᠯᠳᠠᠯᠭ᠎ᠠ᠎ᠲᠠᠢ ᠪᠦᠲᠦᠭᠡᠯ᠎ᠦᠨ ᠬᠦᠷᠢᠶ᠎ᠡ ᠵᠢᠴᠢ ᠭᠣᠣᠯᠳᠠᠯᠭ᠎ᠠ᠎ᠲᠠᠢ ᠰᠦᠯᠵᠢᠶᠡᠨ᠎ᠦ ᠲᠠᠪᠴᠠᠩ᠎ᠳᠤ ᠠᠩᠬᠠᠷᠤᠯ᠎ᠢᠶᠠᠨ ᠲᠥᠪᠯᠡᠷᠡᠭᠦᠯᠦᠨ ᠲᠤᠰᠬᠠᠢ ᠵᠠᠰᠠᠯᠲᠠ᠎ᠶᠢᠨ ᠠᠵᠢᠯ ᠥᠷᠨᠢᠭᠦᠯᠵᠦ ᠪᠠᠢᠭ᠎ᠠ ᠶᠠᠪᠤᠳᠠᠯ ᠪᠣᠯᠣᠨ᠎ᠠ᠃

ᠲᠣᠰ ᠤᠳᠠᠭᠠᠨ᠎ᠤ ᠲᠤᠰᠬᠠᠢ ᠠᠵᠢᠯᠯᠠᠭ᠎ᠠ᠎ᠶᠢ 6 ᠰᠠᠷ᠎ᠠ᠎ᠠᠴᠠ 11 ᠰᠠᠷ᠎ᠠ ᠪᠣᠯᠲᠠᠯ᠎ᠠ ᠥᠷᠨᠢᠭᠦᠯᠵᠦ᠂ 4 ᠭᠣᠣᠯᠳᠠᠯᠭ᠎ᠠ᠎ᠲᠠᠢ ᠬᠦᠷᠢᠶ᠎ᠡ᠎ᠳᠦ ᠠᠩᠬᠠᠷᠤᠯ ᠲᠥᠪᠯᠡᠷᠡᠭᠦᠯᠪᠡ᠄ ᠨᠢᠭᠡ᠎ᠳ᠋ᠤ᠂ ᠺᠢᠨᠣ᠋ ᠲᠧᠯᠸᠢᠰ ᠵᠦᠴᠦᠭᠡ᠎ᠶᠢᠨ ᠬᠡᠪᠯᠡᠯ᠎ᠦᠨ ᠡᠷᠬᠡ᠎ᠶᠢᠨ ᠬᠠᠮᠠᠭᠠᠯᠠᠯᠲᠠ᠎ᠪᠠᠷ ᠭᠣᠣᠯᠳᠠᠯᠭ᠎ᠠ ᠪᠣᠯᠭᠠᠵᠤ᠂ ᠰᠦᠯᠵᠢᠶᠡᠨ᠎ᠦ ᠲᠠᠪᠠᠭ᠂ ᠬᠠᠢᠭᠤᠷ᠂ ᠬᠠᠢᠯᠲᠠ᠎ᠶᠢᠨ ᠬᠥᠳᠡᠯᠭᠡᠭᠦᠷ ᠵᠡᠷᠭᠡ ᠰᠦᠯᠵᠢᠶᠡᠨ᠎ᠦ ᠦᠢᠯᠡᠴᠢᠯᠡᠭᠡᠨ᠎ᠦ ᠲᠠᠪᠴᠠᠩ᠎ᠤᠨ ᠰᠠᠨᠠᠭᠠᠴᠢᠯᠠᠭ᠎ᠠ᠎ᠠᠴᠠ᠎ᠪᠠᠨ ᠬᠡᠪᠯᠡᠯ ᠬᠤᠯᠠᠭᠠᠢᠯᠠᠭᠰᠠᠨ ᠺᠢᠨᠣ᠋ ᠲᠧᠯᠸᠢᠰ᠎ᠦᠨ ᠡᠬᠢ ᠪᠠᠶᠠᠯᠢᠭ᠋᠎ᠤᠨ ᠬᠤᠯᠪᠤᠭᠠᠰᠤ ᠬᠠᠩᠭᠠᠬᠤ ᠵᠢᠴᠢ ᠬᠠᠮᠢᠶ᠎ᠠ ᠪᠦᠬᠦᠢ ᠦᠢᠯᠡᠴᠢᠯᠡᠭᠡ ᠬᠠᠩᠭᠠᠬᠤ᠎ᠶᠢ ᠬᠦᠴᠦᠯᠡᠨ ᠴᠡᠭᠴᠡᠯᠡᠨ ᠵᠠᠰᠠᠵᠤ᠂ ᠰᠢᠭᠤᠳ ᠨᠡᠪᠲᠡᠷᠡᠭᠦᠯᠭᠡ᠂ ᠤᠷᠤᠯᠠᠨ ᠬᠠᠢᠬᠤ᠂ ᠤᠷᠤᠰᠴᠠ ᠤᠳᠤᠷᠢᠳᠬᠤ ᠵᠡᠷᠭᠡ ᠠᠷᠭ᠎ᠠ ᠮᠠᠶᠢᠭ᠋᠎ᠢᠶᠠᠷ ᠬᠡᠪᠯᠡᠯ ᠬᠤᠯᠠᠭᠠᠢᠯᠠᠭᠰᠠᠨ ᠺᠢᠨᠣ᠋ ᠲᠧᠯᠸᠢᠰ᠎ᠦᠨ ᠡᠬᠢ ᠪᠠᠶᠠᠯᠢᠭ᠋᠎ᠢ ᠤᠯᠠᠮᠵᠢᠯᠠᠨ ᠲᠠᠷᠬᠠᠭᠠᠬᠤ ᠪᠤᠶᠤ ᠬᠤᠳᠠᠯᠳᠤᠬᠤ ᠵᠡᠷᠭᠡ ᠬᠠᠤᠯᠢ᠎ᠠᠴᠠ ᠵᠥᠷᠢᠴᠡᠭᠰᠡᠨ ᠦᠶ᠋ᠯᠡ ᠠᠵᠢᠯᠯᠠᠭ᠎ᠠ᠎ᠶᠢ ᠬᠦᠴᠦᠯᠡᠨ ᠴᠡᠭᠴᠡᠯᠡᠨ ᠵᠠᠰᠠᠨ᠎ᠠ᠃ ᠬᠣᠶᠠᠷ᠎ᠲᠤ᠂ ᠰᠣᠶᠣᠯ᠎ᠤᠨ ᠡᠭᠦᠳᠦᠯᠲᠡ᠎ᠶᠢᠨ ᠬᠡᠪᠯᠡᠯ᠎ᠦᠨ ᠡᠷᠬᠡ᠎ᠶᠢ ᠬᠠᠮᠠᠭᠠᠯᠠᠬᠤ᠎ᠪᠠᠷ ᠭᠣᠣᠯᠳᠠᠯᠭ᠎ᠠ ᠪᠣᠯᠭᠠᠵᠤ᠂ ᠰᠣᠶᠣᠯ᠎ᠤᠨ ᠡᠭᠦᠳᠦᠯᠲᠡ᠎ᠶᠢᠨ ᠬᠦᠷᠢᠶᠡᠨ᠎ᠳᠡᠬᠢ ᠠᠳᠠᠯᠢ ᠴᠢᠨᠠᠷᠰᠢᠭᠤᠯᠤᠨ ᠬᠤᠯᠠᠭᠠᠢᠯᠠᠬᠤ᠂ ᠤᠷᠤᠰᠬᠠᠯ ᠳᠠᠭᠠᠬᠤ ᠬᠡᠯᠪᠡᠷᠢ ᠪᠡᠷ ᠬᠠᠭᠤᠯᠪᠤᠷᠢᠯᠠᠬᠤ᠂ ᠬᠤᠳᠠᠯ ᠬᠠᠭᠤᠷᠮᠠᠭ ᠬᠡᠪᠯᠡᠯ᠎ᠦᠨ ᠡᠷᠬᠡ᠎ᠶᠢᠨ ᠳᠠᠩᠰᠠᠯᠠᠯᠲᠠ ᠬᠢᠬᠦ᠂ ᠨᠠᠷᠠᠲᠤ IP᠎ᠶᠢ ᠳᠠᠭᠤᠷᠢᠶᠠᠨ ᠨᠡᠷ᠎ᠡ ᠬᠣᠯᠪᠣᠬᠤ᠂ ᠡᠷᠬᠡ ᠣᠯᠭᠣᠯᠲᠠ ᠵᠢ ᠬᠠᠭᠤᠷᠮᠠᠭ ᠵᠤᠬᠢᠶᠠᠨ ᠰᠣᠶᠣᠯ᠎ᠤᠨ ᠡᠭᠦᠳᠦᠯᠲᠡ᠎ᠶᠢᠨ ᠪᠦᠲᠦᠭᠡᠭᠳᠡᠬᠦᠨ᠎ᠢ ᠦᠢᠯᠡᠳᠪᠦᠷᠢᠯᠡᠬᠦ᠎ᠶᠢᠨ ᠬᠠᠮᠲᠤ ᠰᠦᠯᠵᠢᠶ᠎ᠡ ᠪᠤᠶᠤ ᠪᠤᠳᠠᠳᠤ ᠤᠷᠴᠢᠨ᠎ᠳᠤ ᠪᠣᠷᠣᠯᠠᠭᠤᠯᠬᠤ ᠵᠡᠷᠭᠡ ᠬᠠᠤᠯᠢ᠎ᠠᠴᠠ ᠵᠥᠷᠢᠴᠡᠭᠰᠡᠨ ᠦᠶ᠋ᠯᠡ ᠠᠵᠢᠯᠯᠠᠭ᠎ᠠ᠎ᠶᠢ ᠬᠦᠴᠦᠯᠡᠨ ᠴᠡᠭᠴᠡᠯᠡᠨ ᠵᠠᠰᠠᠨ᠎ᠠ᠃ ᠭᠤᠷᠪᠠ᠎ᠳᠤ᠂ ᠨᠣᠮ ᠪᠢᠴᠢᠭ᠎ᠦᠨ ᠬᠡᠪᠯᠡᠯ᠎ᠦᠨ ᠡᠷᠬᠡ᠎ᠶᠢᠨ ᠬᠠᠮᠠᠭᠠᠯᠠᠯᠲᠠ᠎ᠪᠠᠷ ᠭᠣᠣᠯᠳᠠᠯᠭ᠎ᠠ ᠪᠣᠯᠭᠠᠵᠤ᠂ 《ᠬᠡᠷᠡᠭᠴᠡᠭᠡ᠎ᠵᠢ ᠦᠨᠳᠦᠰᠦᠯᠡᠨ ᠬᠤᠯᠠᠭᠠᠢᠯᠠᠨ ᠳᠠᠷᠤᠮᠠᠯᠯᠠᠬᠤ》᠂ ᠵᠢᠩᠬᠢᠨᠢ ᠪᠠ ᠬᠠᠭᠤᠷᠮᠠᠭ ᠬᠡᠪᠯᠡᠯ᠎ᠤᠨ ᠨᠤᠮ᠎ᠢ ᠬᠤᠳᠬᠤᠯᠳᠤᠭᠤᠯᠤᠨ ᠬᠤᠳᠠᠯᠳᠤᠬᠤ᠂ ᠵᠤᠷᠢᠭᠤᠳᠠ᠎ᠪᠠᠷ ᠪᠠᠷᠠᠭ᠎ᠠ ᠳᠠᠮᠵᠢᠭᠤᠯᠤᠨ ᠪᠤᠷᠤᠯᠠᠭᠤᠯᠬᠤ᠂ ᠰᠦᠯᠵᠢᠶ᠎ᠡ ᠪᠡᠷ  ᠤᠷᠤᠰᠴᠠ ᠵᠢ ᠠᠰᠢᠬᠯᠠᠨ ᠬᠤᠯᠠᠭᠠᠢᠯᠠᠨ ᠬᠡᠪᠯᠡᠭᠰᠡᠨ ᠨᠣᠮ ᠪᠢᠴᠢᠭ ᠵᠢᠴᠢ ᠡᠯᠧᠺᠲᠷᠣᠨ ᠨᠣᠮ᠎ᠤᠨ ᠡᠬᠢ ᠪᠠᠶᠠᠯᠢᠭ᠋᠎ᠢ ᠪᠣᠷᠣᠯᠠᠭᠤᠯᠬᠤ ᠵᠡᠷᠭᠡ ᠬᠠᠤᠯᠢ᠎ᠠᠴᠠ ᠵᠥᠷᠢᠴᠡᠭᠰᠡᠨ ᠦᠢᠯᠡ ᠠᠵᠢᠯᠯᠠᠭ᠎ᠠ᠎ᠶᠢ ᠭᠣᠣᠯᠳᠠᠯᠭ᠎ᠠ᠎ᠲᠠᠢ ᠪᠠᠢᠴᠠᠭᠠᠨ ᠰᠢᠢᠳᠪᠦᠷᠢᠯᠡᠨ᠎ᠠ᠃ ᠳᠥᠷᠪᠡ᠎ᠳᠦ᠂ ᠵᠣᠬᠢᠶᠠᠮᠠᠯ ᠣᠶᠤᠨ ᠴᠢᠳᠠᠪᠤᠷᠢ᠎ᠶᠢᠨ ᠬᠦᠷᠢᠶᠡᠨ᠎ᠳᠡᠬᠢ ᠬᠡᠪᠯᠡᠯ᠎ᠦᠨ ᠡᠷᠬᠡ᠎ᠶᠢ ᠴᠡᠭᠴᠡᠯᠡᠨ ᠵᠠᠰᠠᠬᠤ᠎ᠪᠠᠷ ᠭᠣᠣᠯᠳᠠᠯᠭ᠎ᠠ ᠪᠣᠯᠭᠠᠵᠤ᠂ ᠲᠣᠮᠣ᠌ ᠵᠠᠭᠪᠤᠷ᠎ᠤᠨ ᠪᠣᠯᠪᠠᠰᠤᠷᠠᠭᠤᠯᠤᠯ᠎ᠤᠨ ᠬᠡᠯᠡᠨ᠎ᠦ ᠮᠠᠲᠧᠷᠢᠶᠠᠯ᠎ᠤᠨ ᠬᠡᠪᠯᠡᠯ᠎ᠦᠨ ᠡᠷᠬᠡ᠎ᠶᠢᠨ ᠲᠣᠭᠲᠠᠭᠠᠯ᠎ᠳᠤ ᠨᠡᠢᠴᠡᠬᠦ ᠠᠰᠠᠭᠤᠳᠠᠯ᠎ᠢ ᠰᠢᠢᠳᠪᠦᠷᠢᠯᠡᠬᠦ᠎ᠶᠢ ᠠᠬᠢᠭᠤᠯᠤᠨ᠎ᠠ᠃

ᠤᠯᠤᠰ᠎ᠤᠨ ᠬᠡᠪᠯᠡᠯ᠎ᠦᠨ ᠡᠷᠬᠡ᠎ᠶᠢᠨ ᠲᠣᠪᠴᠢᠶ᠎ᠠ᠎ᠶᠢᠨ ᠬᠣᠯᠪᠣᠭᠳᠠᠯ ᠪᠦᠬᠦᠢ ᠬᠠᠷᠢᠭᠤᠴᠠᠯᠭᠠᠲᠠᠨ ᠢᠯᠡᠷᠬᠡᠢᠯᠡᠬᠦ᠎ᠳᠡᠭᠡᠨ᠂ ᠲᠣᠰ ᠤᠳᠠᠭᠠᠨ᠎ᠤ ᠲᠤᠰᠬᠠᠢ ᠠᠵᠢᠯᠯᠠᠭ᠎ᠠ ᠨᠢ ᠭᠣᠣᠯᠳᠠᠯᠭ᠎ᠠ᠎ᠲᠠᠢ ᠬᠦᠷᠢᠶᠡᠨ᠎ᠳᠡᠬᠢ ᠲᠤᠰᠬᠠᠢ ᠵᠠᠰᠠᠯᠲᠠ᠎ᠪᠠᠷ ᠳᠠᠮᠵᠢᠭᠤᠯᠤᠨ᠂ ᠸᠢᠳᠢᠤ᠋ ᠠᠤᠳᠢᠤ᠋᠂ ᠰᠣᠶᠣᠯ᠎ᠤᠨ ᠡᠭᠦᠳᠦᠯᠲᠡ᠂ ᠨᠣᠮ ᠪᠢᠴᠢᠭ ᠵᠡᠷᠭᠡ ᠭᠣᠣᠯᠳᠠᠯᠭ᠎ᠠ᠎ᠲᠠᠢ ᠬᠦᠷᠢᠶᠡᠨ᠎ᠳᠡᠬᠢ ᠬᠡᠪᠯᠡᠯ᠎ᠦᠨ ᠡᠷᠬᠡ᠎ᠶᠢᠨ ᠡᠮᠬᠢ ᠵᠢᠷᠤᠮ᠎ᠢ ᠲᠠᠰᠤᠷᠠᠯᠲᠠ ᠦᠭᠡᠢ ᠵᠢᠷᠤᠮᠵᠢᠭᠤᠯᠵᠤ᠂ ᠰᠣᠶᠣᠯ᠎ᠤᠨ ᠠᠵᠤ ᠦᠢᠯᠡᠰ᠎ᠦᠨ ᠰᠢᠨ᠎ᠡ᠎ᠶᠢ ᠡᠭᠦᠳᠦᠨ ᠬᠥᠭᠵᠢᠬᠦ᠎ᠳᠦ ᠦᠢᠯᠡᠴᠢᠯᠡᠵᠦ᠂ ᠪᠢᠴᠢᠭ᠎ᠦᠨ ᠰᠤᠷᠪᠤᠯᠵᠢᠲᠤ ᠨᠡᠢᠭᠡᠮ᠎ᠦᠨ ᠪᠠᠢᠭᠤᠯᠤᠯᠲᠠ᠎ᠳᠤ ᠬᠦᠴᠦᠨ ᠨᠡᠮᠡᠷᠢᠯᠡᠵᠦ᠂ ᠰᠢᠨ᠎ᠡ᠎ᠪᠡᠷ ᠬᠥᠭᠵᠢᠭᠰᠡᠨ ᠬᠦᠷᠢᠶᠡᠨ᠎ᠳᠡᠬᠢ ᠬᠡᠪᠯᠡᠯ᠎ᠦᠨ ᠡᠷᠬᠡ᠎ᠶᠢᠨ ᠬᠠᠮᠠᠭᠠᠯᠠᠯᠲᠠ᠎ᠶᠢᠨ ᠳᠦᠷᠢᠮ᠎ᠢ ᠲᠡᠭᠦᠯᠳᠡᠷᠵᠢᠭᠦᠯᠦᠨ᠂ ᠪᠥᠬᠥ ᠨᠡᠢᠭᠡᠮ᠎ᠦᠨ ᠰᠢᠨ᠎ᠡ᠎ᠶᠢ ᠡᠭᠦᠳᠴᠦ ᠡᠭᠦᠳᠦᠨ ᠪᠦᠲᠦᠭᠡᠬᠦ ᠠᠮᠢᠳᠤᠯᠢᠭ᠋ ᠬᠦᠴᠦᠨ᠎ᠢ ᠤᠯᠠᠮ ᠨᠢᠭᠡ ᠠᠯᠬᠤᠮ ᠬᠥᠭᠵᠢᠭᠡᠨ᠎ᠡ ᠭᠡᠵᠡᠢ᠃ ᠲᠤᠰᠬᠠᠢ ᠠᠵᠢᠯᠯᠠᠭ᠎ᠠ ᠨᠢ ᠬᠡᠷᠡᠭ᠎ᠢ ᠪᠠᠢᠴᠠᠭᠠᠨ ᠰᠢᠢᠳᠪᠦᠷᠢᠯᠡᠬᠦ᠎ᠶᠢ ᠳᠣᠪᠣᠶ᠋ᠢᠯᠭᠠᠵᠤ᠂ ᠤᠯᠠᠨ ᠳᠦᠮᠡᠨ ᠢᠳᠡᠪᠬᠢᠲᠡᠢ᠎ᠪᠡᠷ ᠢᠯᠡᠴᠢᠯᠡᠨ ᠮᠡᠳᠡᠭᠦᠯᠵᠦ᠂ ᠡᠷᠬᠡ᠎ᠳᠦ ᠬᠠᠯᠳᠠᠨ ᠬᠡᠪᠯᠡᠯ ᠬᠤᠯᠠᠭᠠᠢᠯᠠᠭᠰᠠᠨ ᠬᠡᠷᠡᠭ᠎ᠦᠨ ᠰᠦᠪᠡᠭᠴᠢ ᠬᠠᠩᠭᠠᠬᠤ᠎ᠶᠢ ᠬᠦᠰᠡᠵᠦ ᠪᠠᠢᠨ᠎ᠠ᠃

(ᠢᠷᠡᠯᠲᠡ᠄ ᠰᠢᠨᠬᠤᠸᠠ ᠬᠤᠷᠢᠶ᠎ᠠ) 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号