ᠥᠪᠥᠷ ᠮᠣᠩᠭᠣᠯ ᠯᠠᠢᠰᠧᠷ ᠭᠡᠷᠡᠯ ᠵᠢᠡᠷ ᠡᠪᠡᠰᠦ ᠠᠷᠢᠯᠭᠠᠬᠤ ᠮᠠᠰᠢᠨ ᠬᠥᠮᠥᠨ ᠦᠢᠯᠡᠳᠴᠦ ᠠᠩᠬ᠎ᠠ ᠤᠳᠠᠭ᠎ᠠ ᠰᠦᠷᠦᠭᠯᠡᠨ ᠠᠵᠢᠯᠯᠠᠭᠤᠯᠪᠡ
2026-06-04 16:34:08
ᠵᠣᠬᠢᠶᠠᠭ᠍ᠴᠢ᠄
​ ᠸᠠᠩ ᠲᠠᠨ᠎ᠠ
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ᠂ ᠤᠯᠠᠭᠠᠨᠬᠠᠳᠠ ᠬᠣᠲᠠ᠎ᠶᠢᠨ ᠬᠤᠩᠱᠠᠨ ᠲᠣᠭᠣᠷᠢᠭ᠋᠎ᠤᠨ ᠬᠣᠩ ᠮᠢᠶᠣᠣ ᠽᠢ ᠲᠤᠷᠰᠢᠯᠲᠠ᠎ᠶᠢᠨ ᠰᠠᠭᠤᠷᠢᠨ᠎ᠳᠤ᠂ ᠥᠪᠥᠷ ᠮᠣᠩᠭᠣᠯ᠎ᠤᠨ ᠪᠠ ᠵᠤᠸᠠ ᠣᠶᠤᠨᠴᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶᠢᠨ ᠥᠨᠳᠥᠷ ᠴᠢᠳᠠᠪᠬᠢᠲᠤ ᠯᠠᠢᠰᠧᠷ ᠭᠡᠷᠡᠯ ᠵᠢᠡᠷ ᠡᠪᠡᠰᠦ ᠠᠷᠢᠯᠭᠠᠬᠤ ᠵᠢᠯᠣᠭᠣᠴᠢ ᠦᠭᠡᠢ ᠮᠠᠰᠢᠨ ᠬᠥᠮᠥᠨ᠎ᠦ ᠰᠦᠷᠦᠭᠵᠢᠯ᠎ᠦᠨ ᠠᠵᠢᠯ᠎ᠤᠨ ᠦᠵᠡᠭᠦᠯᠭᠡ ᠵᠢᠴᠢ ᠪᠠᠶᠠᠨᠨᠠᠭᠤᠷ ᠬᠣᠲᠠ᠎ᠳᠤ ᠮᠣᠷᠳᠠᠬᠤ ᠶᠣᠰᠣᠯᠠᠯ ᠶᠠᠪᠤᠭᠳᠠᠪᠠ᠃ ᠡᠨᠡ ᠪᠣᠯ ᠯᠠᠢᠰᠧᠷ ᠭᠡᠷᠡᠯ ᠵᠢᠡᠷ ᠡᠪᠡᠰᠦ ᠠᠷᠢᠯᠭᠠᠬᠤ ᠵᠢᠯᠣᠭᠣᠴᠢ ᠦᠭᠡᠢ ᠮᠠᠰᠢᠨ ᠬᠥᠮᠥᠨ ᠠᠩᠬ᠎ᠠ ᠤᠳᠠᠭ᠎ᠠ ᠥᠪᠥᠷ ᠮᠣᠩᠭᠣᠯ᠎ᠳᠤ ᠰᠦᠷᠦᠭᠯᠡᠨ ᠠᠵᠢᠯᠯᠠᠵᠤ ᠪᠠᠢᠭ᠎ᠠ ᠶᠠᠪᠤᠳᠠᠯ ᠪᠣᠯᠣᠨ᠎ᠠ᠃

ᠲᠤᠷᠰᠢᠯᠲᠠ᠎ᠶᠢᠨ ᠰᠠᠭᠤᠷᠢᠨ᠎ᠤ ᠲᠤᠬᠠᠢ᠎ᠶᠢᠨ ᠲᠠᠯᠠᠪᠠᠶ᠎ᠳᠤ᠂ 6 ᠰᠠᠤᠷᠢ ᠯᠠᠢᠰᠧᠷ ᠭᠡᠷᠡᠯ ᠵᠢᠡᠷ ᠡᠪᠡᠰᠦ ᠠᠷᠢᠯᠭᠠᠬᠤ ᠵᠢᠯᠤᠭᠤᠴᠢ ᠦᠭᠡᠢ ᠮᠠᠰᠢᠨ ᠬᠥᠮᠥᠨ᠎ᠢ ᠵᠡᠷᠭᠡᠪᠡᠷ ᠠᠵᠢᠯᠯᠠᠭᠤᠯᠵᠤ᠂ ᠲᠠᠷᠢᠶᠠᠨ ᠭᠠᠵᠠᠷ᠎ᠲᠤ ᠪᠦᠬᠦᠢᠯᠡ ᠠᠯᠬᠤᠮ ᠳᠠᠷᠠᠭᠠᠯᠠᠯ᠎ᠢ ᠲᠤᠷᠰᠢᠬᠤ᠎ᠶᠢ ᠤᠷᠤᠭᠰᠢᠲᠠᠢ ᠪᠡᠶᠡᠯᠡᠭᠦᠯᠵᠦ᠂ ᠡᠯ᠎ᠡ ᠵᠦᠢᠯ᠎ᠦᠨ ᠴᠢᠳᠠᠮᠵᠢ᠎ᠶᠢᠨ ᠭᠦᠢᠴᠡᠳᠬᠡᠯ ᠲᠣᠭ᠎ᠠ᠎ᠨᠢ ᠴᠥᠮ ᠪᠠᠷᠢᠮᠵᠢᠶ᠎ᠠ᠎ᠳᠤ ᠬᠦᠷᠪᠡ᠃ ᠮᠠᠰᠢᠨ ᠬᠥᠮᠥᠨ ᠨᠢ ᠳᠡᠭᠡᠳᠦ ᠨᠠᠷᠢᠯᠢᠭ᠋ ᠵᠠᠮᠴᠢᠯᠠᠭᠤᠷ᠎ᠤᠨ ᠵᠢᠯᠣᠭᠣᠴᠢ ᠦᠭᠡᠢ ᠵᠢᠯᠤᠭᠣᠳᠤᠯᠭ᠎ᠠ ᠬᠢᠭᠡᠳ ᠣᠯᠠᠨ ᠨᠢᠰᠬᠡᠯ ᠬᠠᠮᠵᠢᠯᠴᠠᠨ ᠠᠵᠢᠯᠯᠠᠬᠤ ᠮᠡᠷᠭᠡᠵᠢᠯ᠎ᠳᠦ ᠲᠦᠰᠢᠭᠯᠡᠨ᠂ ᠮᠡᠳᠡᠷᠡᠭᠴᠢ ᠪᠡᠷ ᠳᠠᠮᠵᠢᠭᠤᠯᠤᠨ ᠲᠠᠷᠢᠶᠠᠨ ᠭᠠᠵᠠᠷ᠎ᠤᠨ ᠣᠷᠴᠢᠨ ᠲᠣᠭᠣᠷᠢᠨ᠎ᠢ ᠴᠠᠭ ᠲᠤᠬᠠᠢ ᠳ᠋ᠤᠨᠢ ᠮᠡᠳᠡᠷᠡᠨ ᠮᠡᠳᠡᠵᠦ᠂ ᠠᠵᠢᠯᠯᠠᠬᠤ ᠵᠠᠮ᠎ᠢᠶᠠᠨ ᠦᠪᠡᠷᠲᠡᠭᠡᠨ ᠲᠥᠯᠥᠪᠵᠢᠭᠦᠯᠵᠦ᠂ ᠵᠢᠯᠣᠭᠣᠴᠢ ᠦᠭᠡᠢ᠎ᠪᠡᠷ ᠨᠠᠷᠢᠯᠢᠭ᠋ ᠣᠨᠣᠴᠠᠲᠠᠢ ᠠᠶᠠᠯᠠᠬᠤ᠎ᠶᠢ ᠪᠡᠶᠡᠯᠡᠭᠦᠯᠪᠡ︔ ᠡᠭᠦᠨ᠎ᠦ ᠬᠠᠮᠲᠤ ᠮᠠᠰᠢᠨ ᠬᠠᠷᠠᠭᠠᠨ ᠰᠡᠷᠡᠯ ᠪᠠ ᠲᠠᠷᠢᠶᠠᠯᠠᠩ᠎ᠤᠨ ᠲᠣᠮᠣ᠌ ᠵᠠᠭᠪᠤᠷ᠎ᠤᠨ ᠢᠯᠭᠠᠨ ᠲᠠᠨᠢᠬᠤ ᠮᠡᠷᠭᠡᠵᠢᠯ᠎ᠢ ᠤᠶᠠᠯᠳᠤᠭᠤᠯᠤᠨ᠂ ᠲᠠᠷᠢᠮᠠᠯ ᠪᠠ ᠪᠤᠵᠠᠷ ᠡᠪᠡᠰᠦ᠎ᠶᠢ ᠣᠨᠣᠪᠴᠢᠲᠠᠶ ᠢᠯᠭᠠᠨ᠂ ᠪᠤᠵᠠᠷ ᠡᠪᠡᠰᠦ᠎ᠶᠢᠨ ᠪᠠᠢᠷᠢ᠎ᠶᠢ ᠲᠦᠷᠭᠡᠨ ᠲᠣᠭᠲᠠᠭᠠᠬᠤ᠎ᠶᠢᠨ ᠬᠠᠮᠲᠤ 100 ᠮᠢᠯᠢᠰᠸᠺᠦ᠋ᠨ᠋ᠲ᠎ᠤᠨ ᠳᠣᠲᠣᠷ᠎ᠠ ᠪᠤᠵᠠᠷ ᠡᠪᠡᠰᠦ᠎ᠶᠢ ᠨᠠᠷᠢᠯᠢᠭ᠋ ᠣᠨᠣᠴᠠᠲᠠᠢ᠎ᠪᠠᠷ ᠴᠡᠪᠡᠷᠯᠡᠨ ᠠᠷᠢᠯᠭᠠᠵᠤ᠂ ᠡᠷᠬᠢᠨ ᠲᠣᠭᠣᠷᠢᠨ᠎ᠤ ᠲᠠᠷᠢᠮᠠᠯ᠎ᠢ ᠭᠡᠮᠲᠦᠭᠡᠬᠦ ᠦᠭᠡᠢ ᠪᠠᠢᠳᠠᠭ᠃ ᠣᠯᠠᠨ ᠭᠠᠵᠠᠷ᠎ᠤᠨ ᠲᠠᠷᠢᠶᠠᠨ ᠳᠤᠮᠳᠠ ᠲᠤᠷᠰᠢᠭᠰᠠᠨ ᠪᠠᠢᠴᠠᠭᠠᠯᠲᠠ᠎ᠪᠠᠷ᠂ ᠪᠤᠵᠠᠷ ᠡᠪᠡᠰᠦ᠎ᠶᠢ ᠠᠷᠢᠯᠭᠠᠬᠤ ᠨᠣᠷᠮ᠎ᠠ ᠨᠢ 95%᠎ᠠᠴᠠ ᠳᠡᠭᠡᠭᠰᠢ ᠪᠠᠢᠵᠤ᠂ ᠠᠵᠢᠯ᠎ᠤᠨ ᠦᠷ᠎ᠡ ᠪᠦᠲᠦᠮᠵᠢ ᠨᠢ ᠬᠥᠮᠥᠨ᠎ᠦ ᠬᠦᠴᠦ᠎ᠪᠡᠷ ᠡᠪᠡᠰᠦ ᠠᠷᠢᠯᠭᠠᠬᠤ᠎ᠶᠢᠨ 40 ᠳᠠᠬᠢᠨ ᠪᠠᠢᠳᠠᠭ᠃ ᠪᠦᠬᠦ ᠶᠠᠪᠤᠴᠠ᠎ᠳᠤ ᠯᠠᠢᠰᠧᠷ ᠭᠡᠷᠡᠯ᠎ᠢᠶᠡᠷ ᠡᠪᠡᠰᠦ ᠠᠷᠢᠯᠭᠠᠬᠤ ᠹᠢᠽᠢᠺ᠎ᠤᠨ ᠠᠷᠭ᠎ᠠ ᠵᠢ ᠠᠰᠢᠭᠯᠠᠵᠤ᠂ ᠲᠠᠷᠢᠶᠠᠨ ᠡᠮ᠎ᠦᠨ ᠪᠤᠬᠢᠷᠳᠤᠯ ᠦᠯᠡᠳᠡᠭᠡᠬᠦ ᠦᠭᠡᠢ᠂ ᠬᠥᠷᠥᠰᠥ ᠰᠢᠷᠣᠢ ᠵᠢ ᠥᠴᠥᠬᠡᠨ ᠴᠦ᠍ ᠬᠦᠳᠡᠯᠭᠡᠬᠦ ᠦᠭᠡᠢ᠂ ᠪᠣᠬᠢᠷᠲᠤᠯ ᠦᠭᠡᠢ᠎ᠪᠠᠷ ᠡᠪᠡᠰᠦ ᠠᠷᠢᠯᠭᠠᠬᠤ᠎ᠶᠢ ᠦᠨᠡᠨ ᠬᠦ᠌ ᠪᠡᠶᠡᠯᠡᠭᠦᠯᠵᠡᠢ᠃

ᠯᠠᠢᠰᠧᠷ ᠭᠡᠷᠡᠯ ᠵᠢᠡᠷ ᠡᠪᠡᠰᠦ ᠠᠷᠢᠯᠭᠠᠬᠤ ᠵᠢᠯᠣᠭᠣᠴᠢ ᠦᠭᠡᠢ ᠮᠠᠰᠢᠨ ᠬᠥᠮᠥᠨ ᠪᠣᠯ ᠥᠪᠥᠷ ᠮᠣᠩᠭᠣᠯ᠎ᠤᠨ ᠪᠠ ᠵᠤᠸᠠ ᠣᠶᠤᠨᠴᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶᠢᠨ ᠪᠡᠶ᠎ᠡ᠎ᠪᠡᠨ ᠳᠠᠭᠠᠭᠠᠵᠤ ᠰᠤᠳᠤᠯᠤᠨ ᠨᠡᠭᠡᠭᠡᠭᠰᠡᠨ ᠦᠷ᠎ᠡ ᠪᠦᠲᠦᠭᠡᠯ ᠪᠣᠯᠣᠨ᠎ᠠ᠂ ᠬᠣᠶᠠᠷ ᠡᠭᠡᠯᠵᠢ᠎ᠶᠢᠨ ᠰᠢᠨᠡᠴᠢᠯᠡᠯᠲᠡ᠎ᠪᠠᠷ ᠳᠡᠮᠵᠢᠨ᠂ ᠬᠣᠶᠠᠳᠤᠭᠠᠷ ᠦᠶ᠎ᠡ᠎ᠶᠢᠨ ᠮᠠᠰᠢᠨ ᠬᠦᠮᠦᠨ ᠨᠢ ᠪᠥᠬᠥ ᠲᠠᠯ᠎ᠠ᠎ᠪᠠᠷ ᠲᠠᠰ ᠳᠡᠪᠰᠢᠪᠡ᠄ ᠬᠥᠳᠡᠯᠭᠡᠬᠦ ᠬᠦᠴᠦᠨ᠎ᠦ ᠰᠢᠰᠲᠧᠮ ᠨᠢ ᠴᠡᠪᠡᠷ ᠴᠠᠬᠢᠯᠭᠠᠨ ᠪᠠᠢᠭᠰᠠᠨ᠎ᠠᠴᠠ᠎ᠪᠠᠨ ᠴᠠᠢᠶᠢᠦ ᠲᠣᠰᠣ᠌ ᠪᠣᠯᠵᠤ᠂ ᠦᠷᠭᠦᠯᠵᠢᠯᠡᠨ ᠠᠵᠢᠯᠯᠠᠬᠤ ᠴᠠᠭ 3 ᠳᠠᠬᠢᠨ ᠳᠡᠭᠡᠭᠰᠢᠯᠡᠵᠦ᠂ ᠣᠷᠳᠣ᠌ ᠬᠤᠭᠤᠴᠠᠭ᠎ᠠ᠎ᠪᠠᠷ ᠦᠷᠭᠦᠯᠵᠢᠯᠡᠨ ᠠᠵᠢᠯᠯᠠᠬᠤ ᠱᠠᠭᠠᠷᠳᠠᠯᠭ᠎ᠠ᠎ᠶᠢ ᠬᠠᠩᠭᠠᠵᠤ ᠴᠢᠳᠠᠬᠤ ᠪᠤᠯᠵᠠᠢ︔ ᠯᠠᠢᠰᠧᠷ ᠡᠭᠦᠰᠬᠡᠭᠴᠢ᠎ᠶᠢᠨ ᠲᠣᠭ᠎ᠠ ᠵᠢ 8 ᠪᠤᠯᠭᠠᠨ ᠨᠡᠮᠡᠭᠳᠡᠭᠦᠯᠵᠦ᠂ ᠭᠠᠭᠴᠠ ᠤᠳᠠᠭᠠᠨ᠎ᠤ ᠰᠢᠷᠪᠢᠯᠲᠡ᠎ᠶᠢᠨ ᠪᠦᠷᠬᠦᠴᠡ᠎ᠶᠢᠨ ᠥᠷᠭᠡᠴᠡ ᠨᠢ 1.8 ᠮᠧᠲᠷ᠎ᠲᠦ ᠬᠦᠷᠴᠦ᠂ ᠨᠢᠭᠡ ᠡᠳᠦᠷ᠎ᠦᠨ ᠬᠠᠮᠤᠭ ᠶᠡᠬᠡ ᠠᠵᠢᠯᠯᠠᠬᠤ ᠬᠡᠮᠵᠢᠶ᠎ᠡ ᠨᠢ 50 ᠮᠤ᠌᠎ᠳᠦ ᠬᠦᠷᠪᠡ︔ᠣᠷᠣᠨ ᠪᠦᠰᠡ ᠠᠯᠤᠰᠯᠠᠨ ᠠᠯᠤᠰ᠎ᠠᠴᠠ ᠡᠵᠡᠮᠳᠡᠬᠦ᠎ᠶᠢ ᠳᠡᠮᠵᠢᠵᠦ᠂ ᠪᠡᠶ᠎ᠡ᠎ᠪᠡᠷ᠎ᠢᠶᠡᠨ ᠲᠤᠬᠠᠢ᠎ᠶᠢᠨ ᠲᠠᠯᠠᠪᠤᠷ᠎ᠲᠤ ᠣᠴᠢᠬᠤ ᠦᠭᠡᠢ᠎ᠪᠡᠷ ᠪᠥᠬᠥ ᠶᠠᠪᠤᠴᠠ᠎ᠶᠢᠨ ᠠᠵᠢᠯ᠎ᠤᠨ ᠬᠠᠮᠢᠶᠠᠷᠤᠯᠲᠠ ᠡᠵᠡᠮᠳᠡᠯ᠎ᠢ ᠪᠡᠶᠡᠯᠡᠭᠦᠯᠵᠦ ᠪᠣᠯᠣᠨ᠎ᠠ᠃ 《ᠣᠶᠤᠨᠴᠢ ᠵᠢᠯᠤᠭᠣᠳᠬᠤ ᠮᠡᠷᠭᠡᠵᠢᠯ᠎ᠳᠦ ᠲᠦᠰᠢᠭᠯᠡᠨ᠂ ᠪᠢᠳᠡ ᠮᠢᠩᠭᠠᠨ ᠭᠠᠵᠠᠷ᠎ᠤᠨ ᠠᠯᠤᠰ᠎ᠠᠴᠠ ᠮᠠᠰᠢᠨ ᠬᠥᠮᠥᠨ ᠵᠢᠡᠷ ᠡᠪᠡᠰᠦ ᠠᠷᠢᠯᠭᠠᠬᠤ ᠠᠵᠢᠯ᠎ᠢ ᠪᠡᠶᠡᠯᠡᠭᠦᠯᠵᠦ ᠪᠣᠯᠣᠨ᠎ᠠ᠃ ᠣᠳᠣᠬᠠᠨ᠎ᠳᠤ᠂ ᠦᠢᠯᠡᠳᠬᠦᠨ ᠨᠢᠭᠡᠨᠲᠡ ᠰᠤᠳᠤᠯᠤᠨ ᠨᠡᠭᠡᠭᠡᠵᠦ ᠦᠢᠯᠡᠳᠬᠦ᠎ᠡᠴᠡ ᠲᠠᠷᠢᠶᠠᠨ ᠭᠠᠵᠠᠷ᠎ᠲᠤ ᠰᠢᠯᠭᠠᠨ ᠪᠠᠲᠤᠯᠠᠬᠤ ᠬᠦᠷᠲᠡᠯᠡᠬᠢ ᠪᠦᠷᠢᠨ ᠪᠦᠲᠦᠨ ᠪᠢᠲᠡᠭᠦᠦ ᠬᠡᠯᠬᠢᠶ᠎ᠡ ᠵᠢ ᠪᠦᠷᠢᠯᠳᠦᠭᠦᠯᠵᠦ᠂ ᠳᠠᠷᠠᠭᠠᠴᠢ᠎ᠪᠠᠷ ᠴᠢᠳᠠᠪᠬᠢ᠎ᠶᠢ ᠨᠢ ᠦᠷᠭᠦᠯᠵᠢᠯᠡᠨ ᠰᠢᠯᠢᠳᠡᠭᠵᠢᠭᠦᠯᠦᠨ᠎ᠡ》ᠭᠡᠵᠦ ᠥᠪᠥᠷ ᠮᠣᠩᠭᠣᠯ᠎ᠤᠨ ᠪᠠ ᠵᠤᠸᠠ ᠣᠶᠤᠨᠴᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶᠢᠨ ᠮᠠᠰᠢᠨ ᠬᠥᠮᠥᠨ᠎ᠦ ᠪᠦᠬᠦᠯᠢ ᠴᠣᠭᠴᠠ᠎ᠶᠢᠨ ᠬᠡᠯᠲᠡᠰ᠎ᠦᠨ ᠶᠡᠷᠦᠩᠬᠡᠢ ᠢᠨᠵᠧᠨᠧᠷ ᠯᠢᠦ ᠵᠢᠶᠦ᠋ᠨ ᠲᠠᠨᠢᠯᠴᠠᠭᠤᠯᠤᠨ᠎ᠠ᠃

ᠣᠳᠣᠬᠠᠨ ᠪᠣᠯᠲᠠᠯ᠎ᠠ᠂ ᠥᠪᠥᠷ ᠮᠣᠩᠭᠣᠯ᠎ᠤᠨ ᠪᠠ ᠵᠤᠸᠠ ᠣᠶᠤᠨᠴᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ ᠨᠢᠭᠡᠨᠲᠡ ᠨᠡᠶ᠋ᠢᠲᠡ 35 ᠵᠦᠢᠯ᠎ᠦᠨ ᠮᠡᠳᠡᠯᠭᠡ᠎ᠶᠢᠨ ᠦᠮᠴᠢ ᠵᠢᠨ ᠡᠷᠬᠡ᠎ᠶᠢ ᠭᠤᠶᠤᠴᠢᠯᠠᠵᠤ᠂ ᠦᠢᠯᠡᠳᠬᠦᠨ ᠨᠢ ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠶᠠᠮᠤᠨ᠎ᠤ 《ᠣᠴᠢ ᠮᠡᠷᠭᠡᠵᠢᠯ》᠎ᠤᠨ ᠦᠷ᠎ᠡ ᠪᠦᠲᠦᠭᠡᠯ᠎ᠦᠨ ᠬᠥᠮᠥᠷᠭᠡ᠎ᠳᠦ ᠠᠮᠵᠢᠯᠲᠠᠲᠠᠢ ᠰᠣᠩᠭᠣᠭᠳᠠᠪᠠ᠃ ᠲᠤᠬᠠᠢ᠎ᠶᠢᠨ ᠲᠠᠯᠠᠪᠠᠶ᠎ᠳᠤ ᠲᠤᠷᠰᠢᠨ ᠦᠵᠡᠭᠦᠯᠵᠦ ᠰᠢᠯᠭᠠᠨ ᠠᠪᠬᠤ ᠠᠵᠢᠯ᠎ᠢ ᠪᠡᠶᠡᠯᠡᠭᠦᠯᠦᠭᠰᠡᠨ ᠲᠦᠷᠦᠭᠦᠸ᠋ ᠪᠦᠯᠦᠭ ᠮᠠᠰᠢᠨ ᠬᠥᠮᠥᠨ᠎ᠦ ᠰᠦᠷᠦᠭᠵᠢᠯ ᠨᠢ ᠪᠠᠶᠠᠨᠨᠠᠭᠤᠷ ᠬᠣᠲᠠ᠎ᠶᠢᠨ ᠭᠠᠵᠠᠷ᠎ᠤᠨ 19 ᠲᠦᠮᠡᠨ ᠮᠦ᠍ ᠬᠥᠬᠡ ᠳᠠᠷᠤᠰᠢ᠎ᠶᠢᠨ ᠡᠷᠳᠡᠨᠢ ᠰᠢᠰᠢ᠎ᠳᠦ ᠲᠤᠰᠬᠠᠢᠵᠢᠭ᠍ᠰᠠᠨ ᠡᠪᠡᠰᠦ ᠠᠷᠢᠯᠭᠠᠬᠤ ᠦᠢᠯᠡᠴᠢᠯᠡᠭᠡ ᠬᠠᠩᠭᠠᠬᠤ ᠪᠡᠷ ᠨᠢᠭᠡᠨᠲᠡ ᠮᠤᠷᠳᠠᠵᠠᠢ᠃ ᠲᠣᠰ ᠤᠳᠠᠭᠠᠨ᠎ᠤ ᠰᠦᠷᠦᠭᠵᠢᠯ᠎ᠦᠨ ᠠᠵᠢᠯ ᠨᠢ ᠪᠠᠶᠠᠨᠨᠠᠭᠤᠷ ᠬᠣᠲᠠ᠎ᠶᠢᠨ ᠬᠥᠬᠡ ᠳᠠᠷᠤᠰᠢ᠎ᠶᠢᠨ ᠡᠷᠳᠡᠨᠢ ᠰᠢᠰᠢ ᠳᠠᠷᠢᠬᠤ᠎ᠳᠤ ᠪᠣᠬᠢᠷᠲᠤᠯ ᠦᠭᠡᠢ ᠪᠥᠭᠡᠳ ᠥᠨᠳᠥᠷ ᠪᠦᠲᠦᠮᠵᠢᠲᠡᠶ ᠡᠪᠡᠰᠦ ᠠᠷᠢᠯᠭᠠᠬᠤ ᠲᠤᠯᠭᠠᠭᠤᠷᠢᠯᠠᠯ ᠬᠠᠩᠭᠠᠭᠰᠠᠨ᠎ᠢᠶᠠᠷ ᠪᠠᠷᠠᠬᠤ ᠦᠭᠡᠢ᠂ ᠪᠠᠰᠠ ᠪᠥᠬᠥ ᠤᠯᠤᠰ᠎ᠤᠨ ᠣᠶᠤᠨᠴᠢ ᠲᠠᠷᠢᠶᠠᠯᠠᠩ᠎ᠤᠨ ᠡᠪᠡᠰᠦ ᠠᠷᠢᠯᠭᠠᠬᠤ ᠮᠡᠷᠭᠡᠵᠢᠯ᠎ᠢ ᠳᠡᠯᠭᠡᠷᠡᠭᠦᠯᠬᠦ᠂ ᠵᠠᠭᠪᠤᠷ᠎ᠢ ᠬᠠᠭᠤᠯᠪᠤᠷᠢᠯᠠᠬᠤ᠎ᠳᠤ ᠡᠷᠬᠢᠮ ᠨᠠᠨᠳᠢᠨ ᠦᠢᠯᠡᠳᠦᠯᠭᠡ᠎ᠶᠢᠨ ᠲᠤᠷᠰᠢᠯᠭ᠎ᠠ᠎ᠶᠢ ᠬᠤᠷᠠᠮᠳᠤᠭᠤᠯᠵᠤ᠂ ᠣᠲᠣ᠌ ᠦᠶ᠎ᠡ᠎ᠶᠢᠨ ᠲᠠᠷᠢᠶᠠᠯᠠᠩ᠎ᠤᠨ ᠣᠶᠤᠨᠴᠢᠯᠠᠭᠰᠠᠨ᠂ ᠪᠣᠬᠢᠷᠲᠤᠯ ᠦᠭᠡᠢ᠂ ᠥᠨᠳᠥᠷ ᠪᠦᠲᠦᠮᠵᠢᠲᠡᠶ ᠳᠠᠢᠰᠢ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠰᠢᠬᠦ᠎ᠳᠦ ᠬᠦᠴᠦᠨ ᠨᠡᠮᠡᠷᠢᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号