ᠰᠤᠷᠪᠤᠯᠵᠢᠯᠠᠭ᠍ᠴᠢ 6 ᠰᠠᠷ᠎ᠠ᠎ᠶᠢᠨ
3᠎ᠤ ᠡᠳᠦᠷ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ᠎ᠠᠴᠠ ᠣᠢᠯᠠᠭᠠᠭᠰᠠᠨ᠎ᠢᠶᠠᠷ᠂ ᠥᠪᠥᠷ ᠮᠣᠩᠭᠣᠯ᠎ᠤᠨ ᠥᠪᠡᠷᠲᠡᠭᠡᠨ
ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠤᠯ᠎ᠤᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ
ᠣᠷᠳᠣᠨ᠎ᠤ ᠤᠤᠯ᠎ᠤᠨ ᠲᠡᠷᠢᠭᠦᠯᠡᠭᠴᠢ ᠸᠠᠩ ᠯᠢ ᠰᠢᠶᠠ᠎ᠶᠢᠨ ᠬᠡᠭᠡᠯᠢ ᠢᠳᠡᠭᠰᠡᠨ ᠬᠡᠷᠡᠭ᠎ᠢ ᠤᠯᠤᠰ᠎ᠤᠨ ᠬᠢᠨᠠᠨ
ᠪᠠᠢᠴᠠᠭᠠᠬᠤ ᠵᠥᠪᠯᠡᠯ᠎ᠡᠴᠡ ᠪᠠᠢᠴᠠᠭᠠᠨ ᠳᠠᠭᠤᠰᠬᠠᠵᠤ᠂ ᠪᠠᠢᠴᠠᠭᠠᠬᠤ ᠪᠠᠢᠭᠤᠯᠭ᠎ᠠ᠎ᠳᠤ ᠬᠢᠨᠠᠨ ᠪᠠᠢᠴᠠᠭᠠᠯᠭᠠᠵᠤ
ᠵᠠᠭᠠᠯᠳᠤᠭᠤᠯᠬᠤ᠎ᠪᠠᠷ ᠰᠢᠯᠵᠢᠭᠦᠯᠦᠨ ᠬᠦᠷᠭᠡᠪᠡ᠃ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ ᠬᠠᠤᠯᠢ ᠶᠣᠰᠣᠭᠠᠷ
ᠸᠠᠩ ᠯᠢ ᠰᠢᠶᠠ᠎ᠶᠢ ᠬᠡᠭᠡᠯᠢ ᠢᠳᠡᠭᠰᠡᠨ ᠶᠠᠯ᠎ᠠ᠎ᠪᠠᠷ ᠪᠠᠷᠢᠪᠴᠢᠯᠠᠬᠤ ᠰᠢᠢᠳᠪᠦᠷᠢ ᠭᠠᠷᠭᠠᠭᠰᠠᠨ ᠪᠥᠭᠡᠳ ᠬᠠᠷᠠᠮᠥ᠋ᠷᠡᠨ
ᠮᠤᠵᠢ᠎ᠶᠢᠨ ᠳ᠋ᠠᠴᠢᠩ ᠬᠣᠲᠠ᠎ᠶᠢᠨ ᠠᠷᠠᠳ᠎ᠤᠨ ᠪᠠᠢᠴᠠᠭᠠᠬᠤ ᠬᠣᠷᠢᠶ᠎ᠠ᠎ᠪᠠᠷ ᠬᠢᠨᠠᠨ ᠪᠠᠢᠴᠠᠭᠠᠯᠭᠠᠵᠤ ᠵᠠᠭᠠᠯᠳᠤᠭᠤᠯᠬᠤ᠎ᠪᠠᠷ
ᠲᠣᠭᠲᠠᠪᠠ᠃ ᠣᠢᠷ᠎ᠠ᠎ᠳᠤ᠂ ᠳ᠋ᠠᠴᠢᠩ ᠬᠣᠲᠠ᠎ᠶᠢᠨ ᠠᠷᠠᠳ᠎ᠤᠨ ᠪᠠᠢᠴᠠᠭᠠᠬᠤ ᠬᠣᠷᠢᠶ᠎ᠠ ᠳ᠋ᠠᠴᠢᠩ ᠬᠣᠲᠠ᠎ᠶᠢᠨ ᠠᠷᠠᠳ᠎ᠤᠨ
ᠳᠤᠮᠳᠠ ᠵᠡᠷᠭᠡ᠎ᠶᠢᠨ ᠰᠢᠭᠦᠬᠦ ᠬᠣᠷᠢᠶᠠᠨ᠎ᠳᠤ ᠠᠯᠪᠠᠨ ᠵᠠᠭᠠᠯᠳᠤᠯᠭ᠎ᠠ ᠬᠢᠵᠡᠢ᠃
ᠪᠠᠢᠴᠠᠭᠠᠬᠤ ᠪᠠᠢᠭᠤᠯᠭ᠎ᠠ ᠬᠢᠨᠠᠨ ᠪᠠᠢᠴᠠᠭᠠᠵᠤ
ᠵᠠᠭᠠᠯᠳᠤᠬᠤ ᠱᠠᠲᠤᠨ᠎ᠳᠤ᠂ ᠵᠠᠭᠠᠯᠳᠤᠭᠳᠠᠭ᠍ᠴᠢ ᠸᠠᠩ ᠯᠢ ᠰᠢᠶᠠ᠎ᠳᠤ ᠡᠳ᠋ᠯᠡᠬᠦ ᠶᠤᠰᠤᠲᠠᠢ ᠵᠠᠷᠭᠤᠯᠳᠤᠬᠤ ᠡᠷᠬᠡ᠎ᠶᠢ
ᠬᠠᠤᠯᠢ ᠶᠣᠰᠣᠭᠠᠷ ᠮᠡᠳᠡᠭᠳᠡᠭᠰᠡᠨ ᠪᠥᠭᠡᠳ ᠵᠠᠭᠠᠯᠳᠤᠭᠳᠠᠭ᠍ᠴᠢᠵᠢ ᠰᠢᠭᠦᠨ ᠠᠰᠠᠭᠤᠵᠤ᠂ ᠥᠮᠥᠭᠯᠡᠭᠴᠢ᠎ᠶᠢᠨ ᠰᠠᠨᠠᠯ᠎ᠢ
ᠰᠣᠨᠣᠰᠪᠠ᠃ ᠪᠠᠢᠴᠠᠭᠠᠬᠤ ᠪᠠᠢᠭᠤᠯᠭ᠎ᠠ ᠵᠢᠨ ᠭᠠᠷᠭᠠᠭᠰᠠᠨ ᠵᠠᠭᠠᠯᠳᠤᠯᠭ᠎ᠠ᠎ᠳᠤ᠄ ᠵᠠᠭᠠᠯᠳᠤᠭᠳᠠᠭ᠍ᠴᠢ ᠸᠠᠩ ᠯᠢ
ᠰᠢᠶᠠ ᠱᠠᠨᠰᠢ ᠮᠤᠵᠢ᠎ᠶᠢᠨ ᠲᠦᠩᠴᠤᠸᠠᠨ ᠬᠣᠲᠠ᠎ᠶᠢᠨ ᠨᠠᠮ᠎ᠤᠨ ᠬᠣᠷᠢᠶ᠎ᠠ ᠵᠢᠨ ᠳᠡᠳ᠋ ᠱᠦᠵᠢ᠂ ᠬᠣᠲᠠ᠎ᠶᠢᠨ ᠳᠠᠷᠤᠭ᠎ᠠ᠂
ᠱᠠᠨᠰᠢ ᠮᠤᠵᠢ᠎ᠶᠢᠨ ᠵᠠᠰᠠᠭ᠎ᠤᠨ ᠣᠷᠳᠣᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠪᠦᠷᠢᠯᠳᠦᠭᠦᠨ᠂ ᠮᠤᠵᠢ᠎ᠶᠢᠨ
ᠳᠡᠳ᠋ ᠳᠠᠷᠤᠭ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠡ ᠵᠢᠨ ᠪᠠᠢᠩᠭᠤ᠎ᠶᠢᠨ
ᠭᠡᠰᠢᠭᠦᠨ᠂ ᠨᠢᠭᠡᠳᠦᠮᠡᠯ ᠹᠷᠣᠨᠲ᠎ᠤᠨ ᠬᠡᠯᠲᠡᠰ᠎ᠦᠨ ᠳᠠᠷᠤᠭ᠎ᠠ᠂ ᠬᠥᠬᠡᠬᠣᠲᠠ᠎ᠶᠢᠨ ᠨᠠᠮ᠎ᠤᠨ ᠬᠣᠷᠢᠶ᠎ᠠ ᠵᠢᠨ ᠱᠦᠵᠢ᠂
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ
ᠣᠷᠣᠨ᠎ᠤ ᠵᠠᠰᠠᠭ᠎ᠤᠨ ᠣᠷᠳᠣᠨ᠎ᠤ ᠲᠡᠷᠢᠭᠦᠯᠡᠭᠴᠢ᠎ᠶᠢᠨ ᠲᠤᠰᠢᠶᠠᠯ᠎ᠤᠨ ᠲᠥᠬᠥᠮ ᠨᠦᠬᠦᠴᠡᠯ ᠵᠢᠴᠢ ᠡᠷᠬᠡ ᠲᠤᠰᠢᠶᠠᠯ
ᠪᠤᠶᠤ ᠪᠠᠢᠷᠢ ᠰᠠᠭᠤᠷᠢ᠎ᠠᠴᠠ ᠪᠣᠯᠤᠭᠰᠠᠨ ᠲᠥᠬᠥᠮ ᠨᠥᠬᠥᠴᠡᠯ᠎ᠢᠶᠡᠨ ᠠᠰᠢᠭ᠍ᠯᠠᠨ᠂ ᠪᠤᠰᠤᠳ᠎ᠲᠤ ᠠᠰᠢᠭ᠋ ᠣᠯᠭᠣᠵᠤ᠂
ᠪᠤᠰᠤᠳ᠎ᠤᠨ ᠵᠣᠭᠣᠰ ᠮᠥᠩᠭᠥ ᠡᠳ᠋ ᠪᠣᠳᠠᠰ᠎ᠢ ᠬᠠᠤᠯᠢ ᠪᠤᠰᠤ᠎ᠪᠠᠷ ᠭᠥᠯᠢᠶᠡᠨ ᠠᠪᠴᠤ᠂ ᠲᠣᠭ᠎ᠠ ᠬᠡᠮᠵᠢᠶ᠎ᠡ ᠨᠢ
ᠣᠨᠴᠠᠭᠠᠶ ᠶᠡᠬᠡ ᠪᠣᠯᠬᠣᠷ ᠬᠡᠭᠡᠯᠢ ᠢᠳᠡᠭᠰᠡᠨ ᠶᠠᠯ᠎ᠠ᠎ᠪᠠᠷ ᠡᠷᠡᠭᠦᠦ᠎ᠶᠢᠨ ᠬᠠᠷᠢᠭᠤᠴᠠᠯᠭ᠎ᠠ ᠨᠡᠬᠡᠮᠵᠢᠯᠡᠬᠦ
ᠬᠡᠷᠡᠭᠲᠡᠢ ᠭᠡᠵᠡᠢ᠃
(ᠢᠷᠡᠯᠲᠡ᠄ ᠰᠢᠨᠬᠤᠸᠠ ᠬᠤᠷᠢᠶ᠎ᠠ)
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号