ᠰᠤᠷᠭᠠᠭᠤᠯᠢ᠎ᠳᠦ ᠡᠯᠰᠡᠬᠦ ᠮᠡᠳᠡᠭᠳᠡᠯ᠎ᠤᠨ ᠪᠢᠴᠢᠭ᠎ᠢ ᠨᠢᠭᠡ ᠬᠠᠭᠤᠳᠠᠰᠤ ᠪᠤᠯᠭᠠᠨ᠎ᠠ
2026-06-04 16:43:42
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

2026 ᠣᠨ᠎ᠤ ᠶᠡᠬᠡ ᠲᠡᠭᠡᠳᠦ ᠰᠤᠷᠭᠠᠭᠤᠯᠢ᠎ᠳᠦ ᠰᠤᠷᠤᠭᠴᠢ ᠡᠯᠰᠡᠬᠦ ᠤᠯᠤᠰ᠎ᠤᠨ ᠨᠢᠭᠡᠳᠦᠯᠲᠡᠢ ᠰᠢᠯᠭᠠᠯᠲᠠ 6 ᠰᠠᠷ᠎ᠠ᠎ᠶᠢᠨ 7 ᠎ᠤ ᠡᠳᠦᠷ ᠡᠬᠢᠯᠡᠨ᠎ᠡ᠂ ᠰᠤᠷᠭᠠᠨ ᠬᠥᠮᠦᠵᠢᠯ᠎ᠦᠨ ᠶᠠᠮᠤᠨ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠤᠯᠤᠰ᠎ᠤᠨ ᠨᠢᠭᠡᠲᠦᠯᠲᠡᠢ ᠰᠢᠯᠭᠠᠯᠲᠠ ᠵᠢᠨ ᠰᠠᠢᠨ ᠰᠠᠢᠬᠠᠨ ᠠᠭᠤᠷ ᠠᠮᠢᠰᠬᠤᠯ᠎ᠢ ᠪᠣᠶ ᠪᠣᠯᠭᠠᠵᠦ ᠪᠠᠢᠨ᠎ᠠ᠃

ᠰᠣᠷᠣᠭ᠍ᠴᠢ ᠡᠯᠰᠡᠬᠦ ᠤᠬᠠᠭᠤᠯᠭ᠎ᠠ᠎ᠶᠢᠨ ᠰᠠᠬᠢᠯᠭ᠎ᠠ ᠪᠠᠲᠤ᠎ᠶᠢ ᠴᠢᠨᠭᠳᠠᠯᠠᠵᠦ ᠪᠤᠢ

ᠡᠯ᠎ᠡ ᠭᠠᠵᠠᠷ᠎ᠤᠨ ᠡᠯ᠎ᠡ ᠰᠤᠷᠭᠠᠭᠤᠯᠢ᠎ᠶᠢᠨ ᠰᠣᠷᠣᠭ᠍ᠴᠢ ᠡᠯᠰᠡᠬᠦ ᠤᠬᠠᠭᠤᠯᠭ᠎ᠠ ᠵᠢᠨ ᠠᠵᠢᠯ᠎ᠤᠨ ᠰᠠᠬᠢᠯᠭ᠎ᠠ ᠪᠠᠲᠤ᠎ᠶᠢᠨ ᠱᠠᠭᠠᠷᠳᠠᠯᠭ᠎ᠠ᠎ᠶᠢ ᠴᠢᠩᠭ᠎ᠠ ᠨᠠᠢᠳᠠᠪᠤᠷᠢᠵᠢᠭᠤᠯᠬᠤ᠎ᠶᠢ ᠵᠢᠭᠠᠨ ᠵᠢᠯᠤᠭᠣᠳᠴᠤ᠂ ᠬᠤᠳᠠᠯ ᠬᠠᠭᠤᠷᠮᠠᠭ ᠤᠬᠠᠭᠤᠯᠭ᠎ᠠ᠂ ᠳᠦᠷᠢᠮ᠎ᠡᠴᠡ ᠵᠥᠷᠢᠴᠡᠭᠰᠡᠨ ᠠᠮᠠᠯᠠᠯᠲᠠ ᠬᠢᠬᠦ᠎ᠶᠢ ᠴᠢᠩᠭ᠎ᠠ ᠴᠠᠭᠠᠵᠠᠯᠠᠵᠤ᠂ ᠶᠠᠮᠠᠷᠪᠠ ᠬᠡᠯᠪᠡᠷᠢ ᠎ᠪᠡᠷ 《ᠤᠯᠤᠰ ᠎ᠤᠨ ᠨᠢᠭᠡᠲᠦᠯᠲᠡᠢ ᠰᠢᠯᠭᠠᠯᠲᠠ ᠵᠢᠨ ᠮᠠᠩᠯᠠᠢ》᠂《ᠦᠨᠳᠦᠷ ᠬᠤᠪᠢ ᠤᠯᠤᠭᠰᠠᠨ ᠰᠢᠯᠭᠠᠭᠤᠯᠤᠭ᠍ᠴᠢ》᠂《ᠰᠤᠷᠭᠠᠭᠤᠯᠢ ᠳᠡᠪᠰᠢᠭᠰᠡᠨ ᠨᠣᠷᠮ᠎ᠠ》 ᠵᠡᠷᠭᠡ᠎ᠶᠢ ᠬᠥᠭᠡᠷᠭᠡᠳᠡᠬᠦ᠎ᠶᠢ ᠴᠢᠩᠭ᠎ᠠ ᠴᠠᠭᠠᠵᠠᠯᠠᠨ᠎ᠠ᠃

ᠶᠡᠬᠡ ᠳᠡᠭᠡᠳᠦ ᠰᠤᠷᠭᠠᠭᠤᠯᠢ᠎ᠳᠦ ᠡᠯᠰᠡᠬᠦ ᠮᠡᠳᠡᠭᠳᠡᠯ᠎ᠤᠨ ᠪᠢᠴᠢᠭ᠎ᠢ《ᠨᠢᠭᠡ ᠬᠠᠭᠤᠳᠠᠰᠤ》ᠪᠤᠯᠭᠠᠬᠤ᠎ᠶᠢ ᠠᠬᠢᠭᠤᠯᠵᠤ᠂ ᠡᠯᠰᠡᠬᠦ ᠮᠡᠳᠡᠭᠳᠡᠯ᠎ᠤᠨ ᠪᠢᠴᠢᠭ᠎ᠢ ᠬᠡᠳᠦᠷᠬᠡᠢ ᠴᠢᠮᠡᠭᠯᠡᠬᠦ᠂ ᠰᠢᠨ᠎ᠡ ᠰᠤᠷᠤᠭ᠍ᠴᠢᠳ᠎ᠤᠨ ᠪᠡᠯᠡᠭ᠎ᠦᠨ ᠬᠠᠢᠷᠴᠠᠭ ᠵᠡᠷᠭᠡ ᠮᠠᠭᠤ ᠬᠡᠪ ᠰᠤᠷᠲᠠᠯ᠎ᠢ ᠡᠷᠡᠰ ᠵᠠᠯᠠᠷᠠᠭᠤᠯᠤᠨ᠎ᠠ᠃

ᠲᠣᠭᠲᠠᠭᠠᠯ᠎ᠠᠴᠠ ᠵᠥᠷᠢᠴᠡᠨ ᠰᠣᠷᠣᠭ᠍ᠴᠢ ᠡᠯᠰᠡᠬᠦ ᠎ᠶᠢ ᠴᠡᠭᠴᠡᠯᠡᠨ᠎ᠡ

ᠡᠯ᠎ᠡ ᠭᠠᠵᠠᠷ᠎ᠤᠨ ᠬᠢᠨ ᠬᠠᠷᠢᠶ᠎ᠠ ᠣᠷᠣᠨ᠎ᠤ ᠬᠢᠨᠠᠯᠲᠠ ᠬᠠᠮᠢᠶᠠᠷᠤᠯᠲᠠ᠎ᠪᠠᠨ ᠴᠢᠨᠭᠭᠠᠳᠬᠠᠵᠦ᠂ ᠶᠡᠬᠡ ᠳᠡᠭᠡᠳᠦ ᠰᠤᠷᠭᠠᠭᠤᠯᠢ᠎ᠶᠢᠨ ᠲᠤᠰᠬᠠᠢ ᠮᠡᠷᠭᠡᠵᠢᠯ᠎ᠤᠨ ᠲᠣᠬᠢᠷᠠᠭᠤᠯᠤᠯᠲᠠ᠎ᠪᠠᠨ ᠦᠷᠭᠦᠯᠵᠢᠯᠡᠨ ᠰᠢᠯᠢᠳᠡᠭᠵᠢᠭᠦᠯᠬᠦ᠎ᠶᠢ ᠵᠢᠭᠠᠨ ᠵᠢᠯᠤᠭᠣᠳᠴᠤ᠂ ᠣᠨᠴᠠᠭᠠᠶ ᠲᠥᠷᠥᠯ᠎ᠤᠨ ᠰᠢᠯᠭᠠᠯᠲᠠ᠎ᠪᠠᠷ ᠰᠣᠷᠣᠭ᠍ᠴᠢ ᠡᠯᠰᠡᠬᠦ ᠠᠵᠢᠯ᠎ᠢ ᠴᠢᠨᠠᠭᠰᠢᠳᠠ ᠴᠢᠩᠭᠠᠳᠬᠠᠨ ᠰᠠᠢᠵᠢᠷᠠᠭᠤᠯᠬᠤ ᠬᠡᠷᠡᠭᠲᠡᠢ; ᠡᠯ᠎ᠡ ᠭᠠᠵᠠᠷ᠎ᠤᠨ ᠬᠢᠨ᠎ᠢ ᠵᠢᠯᠤᠭᠣᠳᠴᠤ ᠪᠠᠢᠭᠠᠳ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠰᠤᠷᠤᠭᠴᠢ ᠡᠯᠰᠡᠬᠦ᠎ᠳᠦ ᠬᠣᠯᠪᠣᠭᠳᠠᠭᠰᠠᠨ ᠪᠣᠯᠪᠠᠰᠤᠷᠠᠯ᠎ᠤᠨ ᠪᠠᠢᠭᠤᠯᠤᠮᠵᠢ᠎ᠶᠢ ᠵᠠᠰᠠᠬᠤ ᠡᠷᠴᠢᠮ᠎ᠢᠶᠡᠨ ᠴᠢᠩᠭᠠᠷᠠᠭᠤᠯᠵᠤ᠂ ᠬᠤᠳᠠᠯ ᠬᠠᠭᠤᠷᠮᠠᠭ ᠤᠬᠠᠭᠤᠯᠭ᠎ᠠ᠂ ᠥᠨᠳᠥᠷ ᠦᠨ᠎ᠡ᠎ᠪᠡᠷ ᠰᠦᠢᠳᠬᠡᠯ ᠬᠤᠷᠢᠶᠠᠬᠤ᠂ ᠮᠡᠬᠡᠯᠡᠬᠦ ᠪᠤᠶᠤ ᠬᠡᠮ ᠬᠢᠬᠦ᠂ ᠰᠢᠯᠭᠠᠯᠲᠠ ᠬᠢᠵᠦ ᠰᠣᠷᠣᠭ᠍ᠴᠢ ᠡᠯᠰᠡᠬᠦ ᠡᠮᠬᠢ ᠵᠢᠷᠤᠮ᠎ᠢ ᠰᠠᠮᠠᠭᠤᠷᠠᠭᠤᠯᠬᠤ ᠵᠡᠷᠭᠡ ᠬᠠᠤᠯᠢ ᠲᠣᠭᠲᠠᠭᠠᠯ᠎ᠠᠴᠠ ᠵᠥᠷᠢᠴᠡᠭᠰᠡᠨ ᠦᠶ᠋ᠯᠡ ᠠᠵᠢᠯᠯᠠᠭ᠎ᠠ᠎ᠳᠤ ᠡᠷᠡᠰ ᠴᠣᠬᠢᠯᠲᠠ ᠥᠭᠴᠦ᠂ ᠰᠢᠯᠭᠠᠭᠤᠯᠤᠭ᠍ᠴᠢ ᠪᠠ ᠭᠡᠷ᠎ᠦᠨ ᠠᠬᠠᠮᠠᠳ᠎ᠤᠨ ᠬᠠᠤᠯᠢ ᠶᠣᠰᠣᠨ᠎ᠤ ᠡᠷᠬᠡ ᠠᠰᠢᠭ᠋᠎ᠢ ᠦᠨᠡᠨ ᠬᠦ᠌ ᠬᠠᠮᠠᠭᠠᠯᠠᠬᠤ ᠬᠡᠷᠡᠭᠲᠡᠢ ᠭᠡᠵᠦ ᠱᠠᠭᠠᠷᠳᠠᠪᠠ ᠃

(ᠢᠷᠡᠯᠲᠡ᠄  ᠲᠦᠪ ᠲᠸᠯᠸᠢᠰ᠎ᠤᠨ ᠰᠤᠨᠢᠨ ᠮᠡᠳᠡᠭᠡ) 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号