ᠪᠢᠴᠢᠯ ᠰᠦᠯᠢᠶᠤᠤ ᠵᠢᠨ ᠠᠶᠤᠯ ᠲᠦᠭᠰᠢᠬᠦᠷᠢ ᠵᠢ ᠲᠠ ᠮᠡᠳᠡᠨ᠎ᠠ ᠤᠤ ?
2026-06-05 10:27:51
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

  ᠪᠢᠴᠢᠯ ᠰᠦᠯᠢᠶᠤᠤ ᠨᠢ ᠵᠢᠷᠦᠬᠡᠨ ᠡᠪᠡᠳᠴᠢᠨ ᠳ᠋ᠤ ᠨᠡᠷᠪᠡᠭᠳᠡᠬᠦ᠌ ᠲᠦᠭᠰᠢᠬᠦᠷᠢ ᠵᠢ ᠨᠡᠮᠡᠭᠳᠡᠭᠦᠯᠵᠦ᠍᠂ ᠠᠮᠢᠰᠬᠤᠯ᠎ᠤᠨ ᠰᠢᠰᠲᠸᠮ᠎ᠢᠶᠠᠷ ᠳᠠᠮᠵᠢᠨ ᠬᠥᠮᠦᠨ᠎ᠤ ᠪᠡᠶ᠎ᠡ᠎ᠳᠤ ᠣᠷᠣᠳᠠᠭ᠃ ᠣᠶ᠋ᠢᠷ᠎ᠠ᠎ᠳᠤ ᠠᠮᠧᠷᠢᠺᠠ᠎ᠶᠢᠨ《ᠰᠢᠨ᠎ᠡ ᠢᠩᠭ᠌ᠯᠠᠨᠳ᠋᠎ᠤᠨ ᠠᠨᠠᠭᠠᠬᠤ ᠤᠬᠠᠭᠠᠨ᠎ᠤ ᠰᠡᠳᠬᠦᠯ》ᠳᠡᠭᠡᠷ᠎ᠡ ᠨᠡᠶ᠋ᠢᠲᠡᠯᠡᠭᠰᠡᠨ ᠨᠢᠭᠡᠨ ᠰᠢᠨ᠎ᠡ ᠰᠤᠳᠤᠯᠭᠠᠨ᠎ᠠᠴᠠ ᠦᠵᠡᠪᠡᠯ᠂ ᠬᠥᠮᠦᠨ᠎ᠤ ᠪᠡᠶ᠎ᠡ᠎ᠳᠤ ᠤᠷᠤᠭᠰᠠᠨ ᠪᠢᠴᠢᠯ ᠰᠦᠯᠢᠶᠣᠣ᠎ᠨᠢ ᠯᠤᠭᠰᠢᠭᠤᠨ ᠰᠤᠳᠠᠯ ᠲᠣᠲᠣᠷ᠎ᠠ ᠬᠤᠷᠠᠵᠤ ᠴᠤᠭᠯᠠᠷᠠᠳᠠᠭ᠂ ᠡᠨᠡ᠎ᠨᠢ ᠵᠢᠷᠦᠬᠡᠨ ᠡᠪᠡᠳᠴᠢᠨ᠂ ᠰᠠ ᠡᠪᠡᠳᠴᠢᠨ ᠵᠡᠷᠭᠡ ᠡᠪᠡᠳᠴᠢᠨ᠎ᠳᠤ ᠨᠡᠷᠪᠡᠭᠳᠡᠬᠦ᠌ ᠲᠦ᠋ᠭᠰᠢᠭᠦᠷᠢ᠎ᠶᠢ ᠨᠡᠮᠡᠭᠳᠡᠭᠦᠯᠵᠦ᠍ ᠮᠡᠳᠡᠨ᠎ᠡ᠃

ᠣᠶ᠋ᠢᠯᠠᠭᠠᠭᠰᠠᠨ᠎ᠢᠶᠠᠷ᠂ ᠪᠢᠴᠢᠯ ᠰᠦᠯᠢᠶᠣᠣ ᠭᠡᠳᠡᠭ᠎ᠨᠢ ᠶᠡᠷᠦ᠎ᠳᠡᠭᠡᠨ ᠮᠥᠬᠥᠯᠢᠭ᠎ᠤᠨ ᠳ᠋ᠢᠶᠠᠮᠧᠲᠷ᠎ᠨᠢ 5 ᠮᠢᠯᠢᠮᠧᠲᠷ᠎ᠠᠴᠠ ᠪᠠᠭ᠎ᠠ ᠰᠦᠯᠢᠶᠣᠣ ᠮᠥᠬᠥᠯᠢᠭ᠎ᠢ ᠵᠢᠭᠠᠵᠤ ᠪᠤᠢ᠂ ᠲᠡᠷᠡ᠎ᠨᠢ ᠢᠳᠡᠭᠡᠨ ᠪᠤᠶᠤ ᠠᠮᠢᠰᠬᠤᠯ᠎ᠤᠨ ᠰᠢᠰᠲᠸᠮ ᠵᠢᠡᠷ ᠳᠡᠮᠵᠢᠨ ᠬᠥᠮᠦᠨ᠎ᠤ ᠪᠡᠶ᠎ᠡ᠎ᠳᠤ ᠣᠷᠣᠳᠠᠭ᠃ ᠰᠤᠳᠤᠯᠭᠠᠨ᠎ᠤ ᠦᠷ᠎ᠡ ᠳ᠋ᠦᠩ᠎ᠳᠤ ᠢᠯᠡᠷᠡᠭᠦᠯᠦᠭᠰᠡᠨ᠎ᠢᠶᠠᠷ᠂ 58% ᠵᠢᠨ ᠰᠤᠳᠤᠯᠤᠭᠳᠠᠬᠤ ᠡᠲᠡᠭᠡᠳ᠎ᠤᠨ ᠬᠦ᠋ᠵᠦᠭᠦᠨ᠎ᠤ ᠯᠤᠭᠰᠢᠭᠤᠨ ᠰᠤᠳᠠᠯ᠎ᠤᠨ ᠲᠣᠯᠪᠣ᠎ᠶᠢᠨ ᠬᠡᠰᠡᠭ ᠡᠴᠠ ᠡᠲ᠋ᠧᠨ᠎ᠤ ᠪᠥᠭᠡᠭᠡᠨᠡᠪᠤᠷᠢ ᠵᠢ ᠪᠠᠶ᠋ᠢᠴᠠᠭᠠᠨ ᠤᠯᠵᠠᠢ᠂ ᠡᠨᠡ ᠬᠦ᠌  ᠡᠲ᠋ᠧᠨ᠎ᠤ ᠪᠥᠭᠡᠭᠡᠨᠡᠪᠤᠷᠢ ᠪᠣᠯ ᠦᠷᠭᠦᠯᠵᠢ ᠬᠠᠷᠠᠭᠳᠠᠳᠠᠭ ᠰᠦᠯᠢᠶᠣᠣ ᠪᠣᠯᠤᠨ᠎ᠠ᠃ ᠡᠭᠦᠨ᠎ᠠᠴᠠ ᠭᠠᠳᠠᠨ᠎ᠠ᠂ 12%᠎ᠤᠨ ᠰᠤᠳᠤᠯᠤᠭᠳᠠᠬᠤ ᠡᠲᠡᠭᠡᠳ᠎ᠤᠨ ᠬᠦᠵᠦᠭᠦᠨ᠎ᠤ ᠯᠤᠭᠰᠢᠭᠤᠨ ᠰᠤᠳᠠᠯ᠎ᠤᠨ ᠲᠣᠯᠪᠣ᠎ᠶᠢᠨ ᠬᠡᠰᠡᠭ᠎ᠠᠴᠠ ᠾᠯᠤᠷᠳᠤ ᠡᠲ᠋ᠧᠨ᠎ᠤ ᠪᠥᠭᠡᠭᠡᠨᠡᠪᠤᠷᠢ ᠵᠢ ᠪᠠᠶ᠋ᠢᠴᠠᠭᠠᠨ ᠤᠯᠵᠠᠢ᠂ ᠡᠨᠡ ᠨᠢ ᠥᠭᠡᠷ᠎ᠡ ᠨᠢᠭᠡ ᠵᠦᠢᠯ᠎ᠤᠨ ᠦᠷᠭᠦᠯᠵᠢ ᠬᠠᠷᠠᠭᠳᠠᠳᠠᠭ ᠰᠦᠯᠢᠶᠣᠣ ᠪᠣᠯᠤᠨ᠎ᠠ᠃ 

ᠪᠦᠷᠢᠳᠬᠡᠯ᠎ᠤᠨ ᠵᠠᠳᠠᠯᠤᠯᠲᠠ᠎ᠶᠢᠨ ᠦᠷ᠎ᠡ ᠳ᠋ᠦᠩ᠎ᠳᠤ ᠢᠯᠡᠷᠡᠭᠦᠯᠦᠭᠰᠡᠨ᠎ᠢᠶᠠᠷ᠂ ᠬᠦᠵᠦᠭᠦᠨ᠎ᠤ ᠯᠤᠭᠰᠢᠭᠤᠨ ᠰᠤᠳᠠᠯ᠎ᠤᠨ ᠲᠣᠯᠪᠣ᠎ᠶᠢᠨ ᠬᠡᠰᠡᠭ ᠡᠴᠠ ᠪᠢᠴᠢᠯ ᠰᠦᠯᠢᠶᠣᠣ᠎ᠶᠢ ᠪᠠᠶ᠋ᠢᠴᠠᠭᠠᠵᠤ ᠣᠯᠤᠭᠰᠠᠨ ᠦᠭᠡᠢ ᠬᠥᠮᠦᠨ ᠢ᠋ ᠪᠤᠳᠤᠪᠠᠯ᠂ ᠬᠦᠵᠦᠭᠦᠨ᠎ᠤ ᠯᠤᠭᠰᠢᠭᠤᠨ ᠰᠤᠳᠠᠯ᠎ᠤᠨ ᠲᠣᠯᠪᠣ ᠵᠢᠨ ᠬᠡᠰᠡᠭ᠎ᠲᠤ᠌ ᠪᠢᠴᠢᠯ ᠰᠦᠯᠢᠶᠣᠣ ᠪᠤᠶᠤ ᠮᠥᠬᠥᠯᠢᠭ᠎ᠤᠨ ᠳ᠋ᠢᠶᠠᠮᠧᠲᠷ᠎ᠨᠢ ᠨᠡᠩ ᠪᠠᠭ᠎ᠠ ᠨᠠᠨᠤᠮᠧᠲᠷ ᠰᠦ᠋ᠯᠢᠶᠣᠣ ᠪᠠᠶ᠋ᠢᠬᠤ ᠬᠥᠮᠦᠨ ᠨᠢ ᠵᠢᠷᠦᠬᠡᠨ ᠡᠪᠡᠳᠴᠢᠨ᠂ ᠰᠠ ᠡᠪᠡᠳᠴᠢᠨ ᠳ᠋ᠤ ᠨᠡᠷᠪᠡᠭᠳᠡᠬᠦ᠌ ᠪᠤᠶᠤ ᠦᠬᠦᠬᠦ᠌ ᠲᠦᠭᠰᠢᠬᠦᠷᠢ ᠪᠡᠷ ᠬᠡᠳᠦᠨ ᠳᠠᠬᠢᠨ ᠥᠨᠳᠥᠷ ᠶᠤᠮ᠃

    (《 ᠠᠷᠠᠳ ᠎ᠤᠨ  ᠰᠦᠯᠵᠢᠶ᠎ᠠ》 ᠡᠴᠨ  ᠤᠷᠴᠢᠭᠤᠯᠤᠨ  ᠠᠪᠤᠪᠠ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号