ᠪᠤᠯᠵᠤᠭ᠎ᠠ ᠳᠤᠪᠯᠠᠨ ᠪᠦᠬᠦᠳᠡᠬᠡᠷ ᠵᠤᠷᠢᠭᠰᠠᠨ ᠡᠯᠡᠰᠦ ᠮᠠᠨᠭᠬᠠᠨ᠎ᠤ ᠵᠢᠭᠤᠯᠴᠢᠯᠠᠯ
2026-06-05 10:56:40
ᠵᠣᠬᠢᠶᠠᠭ᠍ᠴᠢ᠄
ᠡᠦ ᠴᠢᠩ ᠱᠠᠨ
ᠣᠩᠱᠢᠭ᠍ᠰᠠᠨ ᠣᠳᠠᠭ᠎ᠠ᠄
★★★☆☆

ᠣᠢᠷ᠎ᠠ᠎ᠶ᠋ᠢᠨ᠌ ᠡᠳᠦᠷ᠂ ᠨᠠᠢ᠍ᠮᠠᠨ ᠬᠤᠱᠢᠭᠤᠨ ᠤ᠋ ᠪᠣᠭ᠍ᠲᠣ ᠵᠢᠨ ᠡᠯᠡᠰᠦ ᠮᠠᠩᠬᠠᠨ ᠤ᠋ ᠵᠢᠭᠤᠯᠴᠢᠯᠠᠯ ᠤ᠋ᠨ ᠣᠷᠣᠨ᠎ᠳᠤ ᠮᠢᠩᠭᠠᠨ ᠬᠥᠮᠦᠨ᠎ᠤ ᠬᠡᠭᠡᠷ᠎ᠡ ᠪᠠᠭᠤᠳᠠᠯᠯᠠᠬᠤ ᠴᠣᠭᠯᠠᠭᠠᠨ ᠪᠣᠯᠵᠣᠭ᠎ᠠ ᠶᠣᠰᠣᠭᠠᠷ ᠶᠠᠪᠤᠭᠳᠠᠪᠠ᠃

ᠥᠷᠯᠥᠭᠡ ᠡᠷᠲᠡ᠂ ᠨᠢᠭᠡᠨ ᠲᠣᠮᠣ᠌ ᠠᠶᠠᠨᠴᠢᠳ ᠤ᠋ᠨ ᠮᠠᠰᠢᠨ ᠪᠣᠭᠳᠣ᠌᠎ᠶᠢᠨ ᠨᠠᠮ ᠵᠢᠮ᠎ᠢ ᠡᠪᠳᠡᠵᠦ᠂ ᠡᠯᠡᠰᠦᠨ ᠴᠥᠯ᠎ᠤᠨ ᠭᠦᠨ᠎ᠢ ᠴᠢᠭᠯᠡᠨ ᠤᠷᠤᠬᠤ ᠳᠠᠢ ᠵᠡᠷᠬᠡ ᠵᠢᠭᠤᠯᠴᠢᠯᠠᠭᠰᠠᠳ ᠨᠢᠳᠦᠨ ᠡᠮᠦᠨᠡᠬᠢ ᠡᠯᠡᠰᠦᠨ ᠳᠠᠯᠠᠢ ᠵᠢᠨ ᠦᠵᠡᠭᠳᠡᠯ᠎ᠳᠤ ᠰᠡᠳᠬᠢᠯ ᠳᠣᠭᠳᠣᠯᠵᠤ᠂ ᠭᠠᠷ ᠤᠲᠠᠰᠤ᠎ᠪᠠᠨ ᠠᠪᠴᠤ ᠭᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠵᠡᠬᠡᠨ᠎ᠡ᠃ 《ᠨᠠᠯᠤᠬᠡᠷ ᠮᠠᠩᠬ᠎ᠠ᠎ᠶᠢ ᠠᠩᠬ᠎ᠠ ᠤᠳᠠᠭ᠎ᠠ ᠬᠠᠷᠠᠭᠠᠳ ᠪᠢ ᠳᠣᠭᠳᠣᠯᠣᠭᠰᠠᠨ ᠰᠡᠳᠬᠢᠯ ᠢ᠋ᠶ᠋ᠠᠨ ᠳᠠᠷᠣᠵᠣ᠌ ᠶᠠᠳᠠᠨ ᠪᠠᠢᠨ᠎ᠠ》 ᠭᠡᠵᠦ ᠵᠢᠭᠤᠯᠴᠢᠯᠠᠯ᠎ᠤᠨ ᠪᠦᠯᠬᠦᠮ᠎ᠤᠨ ᠭᠡᠰᠢᠭᠦᠨ ᠶᠠᠨ ᡁᠢ ᠾᠦᠢ ᠬᠡᠯᠡᠨ᠎ᠠ᠃ ᠡᠯᠡᠰᠦᠨ᠎ᠳᠤ ᠭᠤᠯᠭᠤᠬᠤ ᠭᠠᠵᠠᠷ ᠲᠣ᠌ ᠦᠶ᠎ᠡ ᠦᠶ᠎ᠡ ᠪᠠᠷᠬᠢᠷᠠᠬᠣ᠌ ᠳᠠᠭᠣᠨ ᠳᠤᠭᠣᠯᠳᠠᠵᠣ᠌᠂ ᠲᠡᠮᠡᠭᠡᠨ ᠵᠢᠩ᠎ᠤᠨ ᠪᠡᠶᠡᠴᠢᠯᠡᠨ ᠤᠢᠯᠠᠭᠠᠬᠤ ᠣᠷᠣᠨ᠎ᠳᠤ ᠵᠢᠭᠤᠯᠴᠢᠯᠠᠭ᠍ᠰᠠᠳ ᠢ᠋ ᠠᠴᠢᠵᠣ᠌ ᠡᠯᠡᠰᠦᠨ ᠳᠠᠯᠠᠢ᠎ᠪᠡᠷ ᠠᠶᠡᠯᠡᠵᠦ᠂ ᠬᠦᠷᠡᠯ ᠬᠤᠩᠬ᠎ᠠ ᠬᠠᠩᠭᠢᠨᠠᠨ᠎ᠠ᠃ ᠦᠳᠡᠰᠢ᠎ᠶᠢᠨ ᠨᠠᠷᠠᠨ ᠵᠢᠷᠭᠠᠬᠤ᠎ᠶᠢ ᠳᠠᠭᠠᠯᠳᠤᠨ᠂ ᠲᠦᠳᠡᠭ ᠭᠠᠯ᠎ᠤᠨ ᠦᠳᠡᠰᠢᠯᠡᠬᠡ ᠵᠢᠩᠬᠢᠨᠢ᠎ᠪᠠᠷ ᠡᠬᠢᠯᠡᠵᠦ᠂ ᠳᠠᠭᠤᠤ ᠳᠠᠭᠤᠯᠠᠨ ᠪᠥᠵᠢᠭ ᠪᠦᠵᠢᠭᠯᠡᠵᠦ᠂ ᠤᠳᠤᠳᠤ ᠣᠭᠲᠠᠷᠭᠤᠢ᠎ᠶᠢᠨ ᠳᠣᠣᠷ᠎ᠠ ᠬᠥᠷ ᠬᠥᠭᠵᠢᠶᠡᠨ᠎ᠵᠢᠡᠷ ᠪᠢᠯᠬᠠᠨ᠎ᠠ᠃


ad7d1cab-b8c0-41d4-8820-d014b4ec8e83.png


ᠡᠨᠡᠬᠦ ᠮᠢᠩᠭᠠᠨ ᠬᠥᠮᠦᠨ᠎ᠤ ᠬᠡᠭᠡᠷ᠎ᠡ ᠪᠠᠭᠤᠳᠠᠯᠯᠠᠬᠤ ᠴᠣᠭᠯᠠᠭᠠᠨ ᠨᠢ ᠪᠣᠭ᠍ᠲᠣ ᠵᠢᠨ ᠡᠯᠡᠰᠦ ᠮᠠᠩᠬᠠᠨ ᠤ᠋ ᠵᠢᠭᠤᠯᠴᠢᠯᠠᠯ ᠤ᠋ᠨ ᠣᠷᠣᠨ᠎ᠤ ᠪᠥᠬᠦ ᠲᠠᠯ᠎ᠠ᠎ᠪᠠᠷ ᠳᠡᠰ ᠳᠡᠪᠰᠢᠵᠦ ᠪᠠᠶ᠋ᠢᠭ᠎ᠠ ᠵᠢ ᠬᠠᠷᠠᠭᠤᠯᠵᠦ ᠪᠠᠢᠭ᠎ᠠ ᠶᠤᠮ᠃ 《ᠡᠨᠡ ᠵᠢᠯ ᠪᠢᠳᠡ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠬᠥᠮᠦᠵᠢᠯ᠎ᠤᠨ ᠰᠠᠭᠤᠷᠢᠨ᠂ ᠤᠰᠤᠨ ᠳᠡᠭᠡᠷᠡᠬᠢ ᠴᠡᠩᠭᠡᠯ᠎ᠤᠨ ᠬᠦᠷᠢᠶᠡᠯᠡᠩ᠂ ᠡᠪᠡᠰᠦ ᠪᠡᠯᠴᠢᠭᠡᠷ᠎ᠤᠨ ᠬᠦᠷᠢᠶᠡᠯᠡᠩ ᠵᠡᠷᠭᠡ ᠣᠯᠠᠨ ᠡᠰᠢᠲᠦ ᠡᠵᠡᠩᠨᠡᠯᠲᠡ᠎ᠶᠢᠨ ᠬᠡᠯᠪᠡᠷᠢ᠎ᠶᠢ ᠨᠡᠮᠡᠭᠳᠡᠬᠦᠯᠵᠦ᠂ ᠡᠭᠦᠨ᠎ᠤ ᠵᠡᠷᠭᠡ᠎ᠳᠤ 800 ᠬᠥᠮᠦᠨ᠎ᠤ ᠬᠤᠨᠣᠵᠤ ᠬᠡᠪᠲᠡᠬᠦ᠂ 600 ᠬᠥᠮᠦᠨ᠎ᠤ ᠬᠤᠭᠤᠯᠠ ᠢᠳᠡᠬᠦ ᠶ᠋ᠢ ᠬᠦᠯᠢᠶᠡᠨ ᠠᠪᠬᠣ᠌ ᠴᠢᠳᠠᠯ ᠳᠠᠢ ᠪᠣᠯᠤᠨ᠎ᠠ》 ᠬᠡᠵᠦ ᠪᠣᠭ᠍ᠲᠣ ᠵᠢᠨ ᠡᠯᠡᠰᠦ ᠮᠠᠩᠬᠠᠨ ᠤ᠋ ᠵᠢᠭᠤᠯᠴᠢᠯᠠᠯ ᠤ᠋ᠨ ᠣᠷᠣᠨ᠎ᠤ ᠠᠯᠪᠠᠨ ᠭᠡᠷ᠎ᠤᠨ ᠡᠷᠬᠢᠯᠡᠭᠴᠢ ᠸᠠᠩ ᠰᠢᠶᠤᠤ ᠸᠸᠢ ᠶᠠᠷᠢᠪᠠ᠃ ᠳᠠᠩ ᠴᠤᠯᠭᠤᠢ ᠲᠣᠭᠤᠷᠢᠨ ᠵᠤᠭᠠᠴᠠᠬᠤ᠎ᠠᠴᠠ ᠭᠦᠨᠵᠡᠭᠡᠢ ᠪᠡᠶᠡᠴᠢᠯᠡᠨ ᠣᠶ᠋ᠢᠯᠠᠭᠠᠬᠤ ᠬᠦᠷᠲᠡᠯ᠎ᠡ᠂ ᠡᠯᠡᠰᠦᠨ ᠴᠦᠯ᠎ᠤᠨ ᠳᠤᠭᠯᠠᠭᠠᠮ᠎ᠠᠴᠠ ᠤᠨᠴᠠᠯᠢᠬ᠍ᠳᠤ ᠰᠤᠳᠤᠯᠤᠨ ᠰᠤᠷᠤᠯᠴᠠᠬᠤ ᠬᠦᠷᠲᠡᠯ᠎ᠡ᠂ ᠪᠣᠭᠳᠣ᠌ ᠵᠢᠨ ᠡᠯᠡᠰᠦᠨ ᠴᠦᠯ᠎ᠤᠨ ᠦᠵᠡᠮᠵᠢ᠎ᠶᠢᠨ ᠣᠷᠣᠨ ᠬᠡᠯᠪᠡᠷᠢ᠎ᠶᠢᠨ ᠲᠠᠯ᠎ᠠ᠎ᠪᠠᠷ ᠲᠠᠰᠤᠷᠠᠯᠲᠠ ᠦᠭᠡᠢ ᠰᠢᠨ᠎ᠡ᠎ᠶᠢ ᠡᠭᠦᠳᠴᠦ᠂ ᠠᠳᠠᠯᠢ ᠪᠤᠰᠤ ᠨᠠᠰᠤᠨ᠎ᠤ ᠵᠢᠭᠤᠯᠴᠢᠯᠠᠭᠰᠠᠳ᠎ᠢ ᠲᠠᠲᠠᠪᠠ᠃

ᠪᠣᠭ᠍ᠲᠣ ᠵᠢᠨ ᠬᠢᠵᠠᠭᠠᠷ ᠲᠡᠬᠢ ᠡᠯᠡᠰᠦ ᠮᠠᠩᠬ᠎ᠠ ᠨᠢ ᠬᠣᠷᠴᠢᠨ᠎ᠤ ᠡᠯᠡᠰᠦᠷᠬᠡᠭ ᠭᠠᠵᠠᠷ᠎ᠤᠨ ᠥᠷᠥᠴᠡᠨ᠎ᠳᠦ ᠪᠠᠢᠷᠢᠯᠠᠭᠰᠠᠨ ᠵᠢᠡᠷ ᠠᠮᠢ ᠠᠬᠤᠢ ᠬᠡᠪᠡᠷᠡᠭ᠂ ᠠᠵᠤ ᠦᠢᠯᠡᠰ ᠲᠠᠩ ᠴᠤᠯᠭᠤᠢ  ᠪᠠᠢᠭᠰᠠᠨ᠃ ᠡᠯᠡᠰᠦ ᠬᠠᠢᠷ᠎ᠬᠡᠢᠰᠴᠤ᠂ ᠬᠠᠮᠠᠷ ᠬᠠᠳᠭᠤᠬᠤ ᠡᠪᠡᠰᠦ  ᠦᠭᠡᠢ᠂ᠤᠯᠠᠮᠵᠢᠯᠠᠯᠳᠤ ᠮᠠᠯ ᠠᠵᠦ ᠠᠬᠤᠢ ᠪᠡᠷ ᠭᠤᠤᠯᠯᠠᠵᠦ᠂ ᠮᠠᠯ ᠲᠡᠮᠡᠭᠡ᠎ᠶᠢᠨ ᠲᠤᠭ᠎ᠠ ᠲᠤᠯᠤᠭᠠᠢ ᠨᠢ ᠴᠤ᠌ ᠮᠠᠰᠢ ᠴᠦᠬᠡᠨ᠂ ᠦᠷ᠎ᠡ ᠠᠰᠢᠭ᠋ ᠨᠢ ᠳᠣᠣᠷ᠎ᠠ ᠪᠠᠢᠵᠤ᠂ ᠡᠷᠬᠢᠨ ᠳᠤᠭᠤᠷᠢᠨ᠎ᠤ ᠠᠷᠡᠳ᠎ᠤᠨ ᠠᠮᠢᠳᠤᠷᠡᠯ ᠶᠡᠬᠡ ᠯᠡ ᠬᠦᠴᠢᠷᠲᠡᠢ 《ᠠᠮᠢ ᠨᠠᠰᠤᠨ᠎ᠤ ᠬᠤᠷᠢᠭᠠᠳᠤ ᠤᠷᠤᠨ》 ᠪᠠᠢᠭᠰᠠᠨ ᠪᠤᠯ ᠡᠯᠡᠰᠦ᠎ᠶᠢ ᠵᠠᠰᠠᠭ᠍ᠴᠢᠳ᠎ᠤᠨ 40 ᠭᠠᠷᠤᠢ ᠵᠢᠯ᠎ᠤᠨ ᠴᠢᠷᠮᠠᠢᠯᠭ᠎ᠠ ᠪᠡᠷ ᠳᠠᠮᠵᠢᠨ ᠪᠥᠬᠦ ᠬᠤᠰᠢᠭᠤᠨ᠎ᠤ ᠣᠶ ᠰᠢᠭᠤᠢ᠎ᠶᠢᠨ ᠪᠦᠷᠬᠦᠴᠡ᠎ᠶᠢᠨ ᠨᠣᠷᠮ᠎ᠠ᠎ᠶᠢ 1.5%᠎ᠠᠴᠠ 30.81% ᠪᠣᠯᠭᠠᠨ ᠳᠡᠭᠡᠭᠰᠢᠯᠡᠭᠦᠯᠵᠦ᠂ ᠳᠤᠰᠬᠠᠢ ᠪᠦᠳᠦᠬᠡᠨ ᠪᠠᠢᠭᠤᠯᠤᠭᠰᠠᠨ《ᠪᠣᠭ᠍ᠲᠣ ᠵᠢᠨ ᠡᠯᠡᠰᠦ ᠮᠠᠩᠬᠠᠨ ᠤ᠋ ᠵᠢᠭᠤᠯᠴᠢᠯᠠᠯ ᠤ᠋ᠨ ᠣᠷᠣᠨ》 ᠨᠢ ᠴᠤ᠌ ᠡᠳᠦᠬᠡ ᠤᠯᠤᠰ ᠤ᠋ᠨ 4Aᠲᠠᠰ ᠤ᠋ᠨ ᠵᠢᠭᠤᠯᠴᠢᠯᠠᠯ ᠤ᠋ᠨ ᠦᠵᠡᠮᠵᠢ ᠵᠢᠨ ᠣᠷᠣᠨ ᠪᠤᠯᠵᠦ᠂ ᠲᠤᠬᠠᠢ ᠵᠢᠨ ᠭᠠᠵᠠᠷ ᠤ᠋ᠨ ᠪᠥᠬᠦ᠌ ᠤᠷᠤᠨ ᠪᠦᠰᠡ ᠵᠢᠨ ᠵᠢᠭᠤᠯᠴᠢᠯᠠᠯ ᠢ᠋ ᠬᠥᠭ᠌ᠵᠢᠭᠦᠯᠬᠦ᠌ ᠵᠢᠱ᠌ᠢᠶ᠎ᠡ ᠦᠵᠡᠭᠦᠯᠬᠦ᠌ ᠣᠷᠣᠨ ᠤ᠋ ᠨᠢᠭᠡ ᠪᠠᠢᠵᠦ᠂  《ᠳᠤᠮᠳᠠᠳᠤ ᠤᠯᠤᠰ ᠤ᠋ᠨ ᠵᠡᠭᠦᠨ ᠬᠤᠢᠲᠤ ᠤᠷᠤᠨ ᠤ᠋ ᠬᠠᠮᠤᠭ ᠤ᠋ᠨ ᠶᠡᠭᠡ᠂ ᠬᠠᠮᠤᠭ ᠤ᠋ᠨ ᠭᠤᠶᠤ ᠡᠯᠡᠰᠦ ᠮᠠᠩᠬ᠎ᠠ》 ᠬᠡᠮᠡᠭ᠌ᠳᠡᠵᠦ᠂ ᠪᠦᠭᠳᠦᠷ ᠤᠳᠠ ᠵᠢᠨ ᠦᠵᠡᠮᠵᠢ᠂ ᠡᠯᠡᠰᠦᠨ ᠲᠤᠮᠳᠠᠬᠢ ᠤᠰᠤᠨ ᠴᠦᠬᠦᠷᠦᠮ ᠵᠡᠷᠭᠡ ᠤᠯᠠᠨ ᠰᠠᠢᠬᠠᠨ ᠦᠵᠡᠮᠵᠢ ᠲᠠᠢ᠃


d02b54a5-743e-4230-94fd-64f71a4a6598.png


ᠣᠢᠷ᠎ᠠ᠎ᠶ᠋ᠢᠨ ᠵᠢᠯ᠎ᠡᠴᠨ᠂ ᠪᠣᠭ᠍ᠲᠣ᠎ᠶ᠋ᠢᠨ ᠡᠯᠡᠰᠦ ᠮᠠᠩᠬᠠᠨ᠎ᠤ ᠵᠢᠭᠤᠯᠴᠢᠯᠠᠯ᠎ᠤᠨ ᠣᠷᠣᠨ᠎ᠤ ᠡᠯ᠎ᠡ ᠲᠦᠷᠦᠯ᠎ᠤᠨ ᠰᠠᠭᠤᠷᠢ ᠲᠥᠬᠦᠭᠡᠷᠦᠮᠵᠢ᠎ᠶ᠋ᠢᠨ ᠪᠦᠲᠦᠭᠡᠨ ᠪᠠᠢᠭᠤᠯᠤᠯᠲᠠ ᠲᠠᠰᠤᠷᠠᠯᠲᠠ ᠦᠭᠡᠢ ᠲᠡᠭᠦᠯᠳᠡᠷᠵᠢᠵᠦ᠍᠂ ᠶᠡᠷᠦᠩᠬᠡᠢᠯᠡᠭ᠌ᠰᠡᠨ ᠦᠢᠯᠡᠴᠢᠯᠡᠭᠡᠨ᠎ᠤ ᠲᠣᠭᠤᠷᠢᠭ᠂ ᠦᠨᠳᠦᠰᠦᠲᠡᠨ᠎ᠤ ᠵᠤᠭ᠎ᠠ ᠴᠡᠩᠭᠡᠯ᠎ᠤᠨ ᠪᠡᠶᠡᠳᠡᠨ ᠣᠢᠯᠠᠭᠠᠬᠤ ᠲᠣᠭᠤᠷᠢᠭ᠂ ᠡᠯᠡᠰᠦ ᠮᠠᠩᠬᠠᠨ᠎ᠤ ᠵᠢᠭᠤᠯᠴᠢᠯᠠᠯ᠎ᠤᠨ ᠲᠣᠭᠤᠷᠢᠭ᠂ ᠡᠯᠡᠰᠦᠨ᠎ᠤ ᠱᠤᠭᠤᠮᠠᠯ᠎ᠤᠨ ᠬᠤᠳᠠ᠎ᠶ᠋ᠢᠨ ᠵᠠᠩ ᠦᠢᠯᠡ᠎ᠶ᠋ᠢᠨ ᠲᠣᠭᠤᠷᠢᠭ᠂ ᠮᠠᠱᠢᠨ ᠲᠡᠷᠭᠡᠨ᠎ᠤ ᠬᠡᠬᠡᠷᠡᠯᠡᠨ ᠵᠢᠭᠤᠯᠴᠢᠯᠠᠬᠤ ᠲᠣᠭᠤᠷᠢᠭ ᠪᠣᠯᠣᠨ ᠡᠯᠡᠰᠦ ᠪᠡᠷ ᠰᠡᠳᠦᠪᠯᠡᠭᠰᠡᠨ ᠪᠠᠭᠤᠳᠠᠯ᠎ᠤᠨ ᠠᠮᠠᠷᠠᠯᠲᠠ᠎ᠶ᠋ᠢᠨ ᠲᠣᠭᠤᠷᠢᠭ ᠵᠡᠷᠭᠡ᠎ᠨᠢ ᠵᠢᠭᠤᠯᠴᠢᠯᠠᠬᠰᠠᠳ᠎ᠲᠤ ᠪᠦᠬᠦ᠌ ᠲᠠᠯ᠎ᠠ᠎ᠶ᠋ᠢᠨ ᠦᠢᠯᠡᠴᠢᠯᠡᠭᠡ ᠪᠣᠯᠣᠨ ᠱᠢᠨ᠎ᠡ ᠰᠡᠪᠡᠭᠦᠨ ᠵᠢᠭᠤᠯᠴᠢᠯᠠᠯ᠎ᠤᠨ ᠪᠡᠶᠡᠳᠡᠨ ᠣᠢᠯᠠᠭᠠᠬᠤ ᠦᠢᠯᠡᠴᠢᠯᠡᠭᠡ ᠬᠠᠩᠭᠠᠵᠠᠢ᠃

《ᠠᠷᠪᠠᠨ ᠳᠥᠷᠪᠡᠳᠦᠭᠡᠷ ᠲᠠᠪᠤᠨ ᠵᠢᠯ 》 ᠎ᠤ᠋ᠨ ᠲᠦᠯᠦᠪᠵᠢᠬᠦᠯᠬᠡ ᠡᠴᠡ ᠨᠠᠭᠠᠰᠢ᠂ ᠨᠠᠢ᠍ᠮᠠᠨ ᠬᠤᠱᠢᠭᠤ 《ᠠᠮᠢ ᠠᠬᠤᠢ᠎ᠶᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠦᠭᠡᠢ ᠬᠥᠭᠵᠢᠬᠦᠯᠬᠦ》 ᠵᠠᠮ᠎ᠢᠶᠡᠷ ᠡᠷᠡᠰ ᠭᠤᠢᠪᠢᠰᠢ ᠦᠬᠡᠢ ᠵᠠᠮᠨᠠᠨ᠂ ᠡᠯᠡᠰᠦᠨ ᠴᠥᠯ᠂ ᠠᠷᠠᠳ᠎ᠤᠨ ᠵᠠᠩ ᠦᠶ᠋ᠯᠡ ᠵᠡᠷᠭᠡ ᠥᠪᠡᠷᠮᠢᠴᠡ ᠡᠬᠢ ᠪᠠᠶᠠᠯᠢᠭ᠋᠎ᠢ ᠭᠦᠨᠵᠡᠭᠡᠢ ᠠᠭᠤᠳᠠᠯᠵᠤ᠂ 《ᠡᠯᠡᠰᠦᠨ ᠴᠥᠯ᠎ᠦᠨ ᠵᠢᠭᠤᠯᠴᠢᠯᠠᠯ᠎ᠤᠨ ᠵᠢᠵᠢᠭ ᠪᠠᠯᠭᠠᠰᠤ》 ᠵᠢᠨ ᠨᠡᠷ᠎ᠡ᠎ᠶᠢᠨ ᠬᠠᠭᠤᠳᠠᠰᠤ ᠎ᠶᠢ ᠦᠷᠭᠦᠯᠵᠢᠯᠡᠨ ᠴᠤᠭᠴᠠᠯᠠᠵᠦ᠂ ᠰᠢᠰᠲᠧᠮ᠎ᠲᠠᠢ ᠲᠥᠯᠥᠪᠵᠢᠭᠦᠯᠬᠦ᠎ᠪᠡᠷ ᠳᠠᠮᠵᠢᠨ ᠨᠢᠭᠡ ᠪᠦᠯᠦᠭ ᠣᠨᠴᠠᠯᠢᠭ᠍ᠲᠤ ᠲᠥᠷᠥᠯ ᠵᠦᠢᠯ᠎ᠢ ᠠᠮᠵᠢᠯᠲᠠ᠎ᠲᠠᠢ ᠪᠠᠢᠭᠤᠯᠵᠤ᠂ ᠬᠣᠯᠪᠤᠭᠠᠯᠠᠨ ᠬᠥᠭᠵᠢᠬᠦᠯᠬᠦ ᠪᠠᠢᠷᠢᠰᠢᠯ᠎ᠢ ᠪᠦᠷᠢᠯᠳᠦᠭᠦᠯᠪᠡ᠃ ᠪᠣᠭ᠍ᠲᠣ᠎ᠶ᠋ᠢᠨ ᠡᠯᠡᠰᠦ ᠮᠠᠩᠬᠠᠨ᠎ᠤ ᠵᠢᠭᠤᠯᠴᠢᠯᠠᠯ᠎ᠤᠨ ᠣᠷᠣᠨ ᠨᠢ ᠳᠤᠬᠠᠢ ᠵᠢᠨ ᠤᠷᠤᠨ᠎ᠤ ᠪᠠᠢᠳᠡᠯ᠎ᠢ ᠬᠤᠪᠢᠷᠠᠭᠤᠯᠬᠤ ᠵᠠᠩᠭᠢᠯᠠᠭ᠎ᠠ᠎ᠶᠢᠨ ᠲᠦᠯᠬᠢᠭᠦᠷ᠎ᠢ ᠤᠨᠤᠴᠠᠳᠠᠢ ᠪᠡᠷᠢᠵᠦ᠂ 《ᠡᠯᠡᠰᠦᠨ ᠴᠥᠯ᠎ᠦᠨ ᠵᠢᠭᠤᠯᠴᠢᠯᠠᠯ》 ᠭᠡᠬᠦ ᠡᠨᠡᠬᠦ ᠥᠪᠡᠷᠮᠢᠴᠡ ᠡᠬᠢ ᠪᠠᠶᠠᠯᠢᠭ᠋᠎ᠢ ᠨᠠᠷᠢᠯᠢᠭ᠋ ᠣᠨᠣᠪᠴᠢᠲᠠᠶ ᠲᠣᠭᠲᠠᠭᠠᠵᠤ᠂ 《ᠲᠡᠮᠡᠭᠡᠨ᠎ᠤ ᠦᠢᠯᠡᠰ》᠎ᠢ᠋ ᠪᠤᠵᠠᠭᠠᠢᠷᠠᠭᠤᠯᠤᠨ ᠬᠦᠴᠦᠷᠬᠡᠭᠵᠢᠭᠦᠯᠬᠦ ᠎ᠪᠡᠷ ᠲᠣᠭᠲᠠᠪᠠ᠃ ᠣᠢᠷ᠎ᠠ᠎ᠶᠢᠨ ᠵᠢᠯ᠎ᠳᠦ᠂ ᠳᠤᠬᠠᠢ ᠵᠢᠨ ᠤᠷᠤᠨ ᠨᠢ ᠴᠠᠭᠠᠨ ᠲᠡᠮᠡᠭᠡ ᠣᠷᠣᠭᠤᠯᠤᠨ ᠠᠪᠴᠢᠷᠠᠵᠤ ᠵᠢᠭᠤᠯᠴᠢᠯᠠᠭ᠍ᠰᠡᠳ᠎ᠢ ᠨᠠᠩ ᠢᠯᠡᠭᠦᠦ ᠲᠠᠲᠠᠬᠤ ᠪᠣᠯᠵᠠᠢ᠃ ᠲᠡᠵᠢᠭᠡᠨ ᠦᠷᠡᠵᠢᠭᠦᠯᠬᠦ ᠡᠷᠦᠬᠡ ᠨᠢ ᠦᠵᠡᠮᠵᠢ᠎ᠶᠢᠨ ᠣᠷᠣᠨ ᠯᠤᠭ᠎ᠠ ᠲᠣᠭᠲᠠᠭᠤᠨ ᠬᠠᠮᠲᠤᠷᠠᠯᠴᠠᠭᠠᠨ᠎ᠤ ᠵᠥᠪᠯᠡᠯᠴᠡᠭᠡᠷ ᠲᠣᠭᠲᠠᠵᠤ᠂ ᠲᠡᠮᠡᠭᠡ᠎ᠴᠤ ᠭᠡᠰᠡᠨ 《ᠠᠵᠢᠯ᠎ᠤᠨ ᠪᠠᠢᠷᠢ᠎ᠲᠠᠢ ᠪᠤᠯᠪᠠ》᠃ ᠣᠳᠣᠬᠠᠨ ᠪᠣᠯᠲᠠᠯ᠎ᠠ᠂ ᠪᠥᠬᠥ ᠭᠠᠴᠠᠭᠠᠨ᠎ᠤ 192 ᠡᠷᠦᠬᠡ᠎ᠶᠢᠨ ᠲᠡᠮᠡᠭᠡᠨ᠎ᠦ ᠲᠣᠭ᠎ᠠ ᠨᠢᠭᠡᠨᠲᠡ 300᠎ᠶᠢ ᠳᠠᠪᠠᠵᠦ᠂ ᠵᠥᠪᠬᠡᠨ 2025 ᠣᠨ᠎ᠤ 7 ᠰᠠᠷ᠎ᠠ᠎ᠶᠢᠨ ᠬᠤᠭᠤᠴᠠᠭᠠᠨ᠎ᠤ ᠵᠢᠭᠤᠯᠴᠢᠯᠠᠯ᠎ᠤᠨ ᠤᠯᠠᠷᠢᠯ᠎ᠳᠤ᠂ 30 ᠭᠠᠷᠤᠢ ᠲᠡᠵᠢᠭᠡᠨ ᠦᠷᠡᠵᠢᠭᠦᠯᠬᠦ ᠡᠷᠦᠬᠡ᠎ᠨᠢ ᠲᠡᠮᠡᠭᠡ ᠤᠨᠤᠬᠤ ᠲᠥᠷᠥᠯ ᠵᠦᠢᠯ᠎ᠢᠶᠡᠷ ᠳᠠᠮᠵᠢᠨ 94 ᠲᠦᠮᠡᠨ ᠲᠥᠭᠥᠷᠢᠭ᠎ᠦᠨ ᠣᠷᠣᠯᠭ᠎ᠠ ᠣᠯᠪᠠ᠃


33cb9c7f-ce62-43a5-a645-5aa887235881.png


ᠲᠡᠮᠡᠭᠡᠨ᠎ᠦ ᠠᠵᠤ ᠦᠢᠯᠡᠰ᠎ᠦᠨ ᠬᠥᠭᠵᠢᠯ ᠪᠠᠳᠠᠷᠠᠯ ᠨᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠦ ᠶᠡᠬᠡ ᠪᠡᠷ ᠬᠦᠴᠦᠨ ᠨᠡᠮᠡᠷᠢᠯᠡᠵᠦ᠂ ᠣᠨᠴᠠᠯᠢᠭ᠍ᠲᠤ ᠠᠵᠤ ᠦᠢᠯᠡᠰ ᠨᠢ ᠢᠵᠢ ᠪᠦᠷᠢᠳᠦᠭᠦᠯᠬᠦ ᠦᠢᠯᠡᠴᠢᠯᠡᠭᠡᠨ᠎ᠦ ᠦᠢᠯᠡᠰ᠎ᠦᠨ ᠥᠷᠨᠢᠭᠦᠨ ᠬᠥᠭᠵᠢᠯᠲᠡ᠎ᠶᠢ ᠳᠠᠶ᠋ᠢᠴᠢᠯᠠᠵᠤ᠂ ᠠᠵᠤ ᠦᠢᠯᠡᠰ᠎ᠦᠨ ᠬᠡᠯᠬᠢᠶ᠎ᠡ ᠵᠢ ᠲᠠᠰᠤᠷᠠᠯᠲᠠ ᠦᠭᠡᠢ ᠤᠷᠲᠤᠳᠬᠠᠪᠠ᠃ ᠰᠤᠯᠠ ᠪᠠᠢᠭ᠎ᠠ ᠭᠡᠷ ᠪᠠᠢᠰᠢᠩ᠎ᠤᠨ ᠡᠬᠢ ᠪᠠᠶᠠᠯᠢᠭ᠋᠎ᠢ ᠲᠠᠬᠢᠨ ᠠᠰᠢᠬᠯᠠᠵᠦ᠂ 16 ᠡᠷᠦᠬᠡ ᠵᠢᠨ ᠲᠣᠰᠬᠣᠨ᠎ᠤ ᠠᠷᠠᠳ᠎ᠢ ᠵᠣᠷᠢᠭ᠍ᠵᠢᠭᠤᠯᠤᠨ ᠭᠠᠵᠠᠷ ᠣᠷᠣᠨ᠎ᠤ ᠣᠨᠴᠠᠯᠢᠭ᠋ ᠪᠦᠬᠦᠢ ᠠᠷᠡᠳ᠎ᠤᠨ ᠤᠷᠤᠨ ᠰᠠᠭᠤᠴᠠ ᠪᠠ ᠲᠠᠷᠢᠶᠠᠴᠢᠨ ᠠᠢᠯ᠎ᠤᠨ ᠵᠢᠭᠤᠯᠴᠢᠯᠠᠯ᠎ᠢ ᠥᠭᠡᠷᠡᠴᠢᠯᠡᠨ ᠰᠢᠨᠡᠳᠬᠡᠪᠡ᠃ ᠡᠯᠡᠰᠦᠨ ᠴᠦᠯ᠎ᠦᠨ ᠬᠥᠪᠡᠭᠡ᠎ᠪᠡᠷ ᠲᠠᠷᠬᠠᠭᠰᠠᠨ ᠡᠲᠡᠭᠡᠷ ᠤᠯᠠᠭ᠎ᠠ ᠥᠷᠲᠡᠭᠡ ᠎ᠨᠦᠭᠦᠳ ᠪᠠᠶᠠᠷ ᠳᠤᠷᠠᠰᠬᠠᠯ᠎ᠤᠨ ᠡᠳᠦᠷ ᠪᠠ ᠠᠮᠠᠷᠠᠯᠳᠡ᠎ᠶᠢᠨ ᠬᠤᠭᠤᠴᠠᠭᠠᠨ᠎ᠳᠤ ᠨᠠᠩ ᠴᠤ᠌ ᠬᠥᠭᠵᠢᠶᠡᠨᠲᠡᠢ ᠪᠣᠯᠵᠤ᠂ ᠵᠢᠭᠤᠯᠴᠢᠯᠠᠭ᠍ᠰᠡᠳ᠎ᠲᠤ ᠬᠡᠷᠡᠯ ᠵᠢᠷᠤᠭ᠎ᠤᠨ ᠵᠠᠮᠴᠢ᠂ ᠣᠨᠴᠠᠯᠢᠭ᠍ᠲᠤ ᠢᠳᠡᠭᠡᠨ ᠤᠮᠳᠠᠭᠠᠨ᠂ ᠣᠨᠴᠠᠯᠢᠭᠳᠤ ᠪᠠᠭᠤᠳᠡᠯ ᠵᠡᠷᠭᠡ ᠨᠢᠭᠡ ᠥᠷᠲᠡᠭᠡᠴᠢᠯᠡᠭᠰᠡᠨ ᠮᠠᠶᠢᠭ᠋᠎ᠤᠨ ᠪᠡᠶᠡᠴᠢᠯᠡᠨ ᠣᠢᠯᠠᠭᠠᠬᠤ ᠦᠢᠯᠡᠴᠢᠯᠡᠭᠡ ᠬᠠᠩᠭᠠᠵᠤ᠂ ᠵᠢᠭᠤᠯᠴᠢᠯᠠᠯ᠎ᠤᠨ ᠤᠷᠤᠯᠭ᠎ᠠ ᠵᠢ ᠶᠡᠬᠡ᠎ᠪᠡᠷ ᠳᠡᠭᠡᠭᠰᠢᠯᠡᠭᠦᠯᠪᠡ᠃ ᠳᠤᠬᠠᠢ ᠵᠢᠨ ᠭᠠᠵᠠᠷ᠎ᠤᠨ ᠬᠢᠨ ᠤᠳᠤ ᠶᠠᠭ ᠲᠡᠮᠡᠭᠡᠨ᠎ᠤ ᠦᠢᠯᠡᠰ᠎ᠤᠨ ᠳᠤᠰᠬᠠᠢ ᠬᠣᠷᠰᠢᠶ᠎ᠠ ᠪᠠᠶ᠋ᠢᠭᠤᠯᠬᠤ᠎ᠪᠠᠷ ᠲᠥᠯᠥᠪᠯᠡᠵᠦ᠂ ᠲᠡᠮᠡᠬᠡ ᠤᠨᠤᠵᠤ ᠵᠢᠭᠤᠯᠴᠢᠯᠠᠬᠤ᠎ᠪᠠᠷ ᠪᠠᠷᠠᠬᠤ ᠦᠭᠡᠢ ᠢᠩᠬᠡᠨ ᠰᠦ᠂ ᠲᠡᠮᠡᠭᠡᠨ ᠨᠤᠤᠯᠤᠭᠤᠷ ᠵᠡᠷᠭᠡ ᠨᠠᠷᠢᠯᠢᠭ᠋ ᠪᠣᠯᠪᠠᠰᠤᠷᠠᠭᠤᠯᠬᠤ ᠠᠵᠤ ᠦᠢᠯᠡᠰ᠎ᠢ ᠥᠷᠭᠡᠳᠬᠡᠵᠦ᠂ ᠲᠡᠮᠡᠭᠡᠨ᠎ᠦ ᠠᠰᠢᠭ ᠰᠢᠮ᠎ᠠ ᠵᠢᠨ ᠥᠷᠲᠡᠭ᠎ᠢ ᠬᠠᠮᠤᠭ᠎ᠤᠨ ᠶᠡᠬᠡ ᠬᠡᠮᠵᠢᠶᠡᠨ᠎ᠳᠦ ᠬᠦᠷᠲᠡᠯ᠎ᠡ ᠪᠠᠳᠠᠷᠠᠭᠤᠯᠵᠤ᠂ ᠣᠷᠣᠯᠭ᠎ᠠ᠎ᠶᠢ ᠨᠡᠮᠡᠭᠳᠡᠭᠦᠯᠬᠦ ᠠᠷᠭ᠎ᠠ ᠵᠠᠮ᠎ᠢ ᠥᠷᠭᠡᠳᠬᠡᠬᠦ ᠠᠵᠤ ᠦᠢᠯᠡᠰ᠎ᠦᠨ ᠬᠡᠯᠬᠢᠶ᠎ᠡ᠎ᠶᠢᠨ ᠢᠷᠡᠬᠡᠳᠦᠢ᠎ᠶᠢᠨ ᠲᠦᠰᠦᠪᠯᠡᠯ ᠳᠤᠭᠳᠠᠭᠠᠭᠠᠳ ᠪᠠᠢᠭ᠎ᠠ ᠠᠵᠢ᠃


94fb59c1-5f20-46de-87de-457690d9d2eb.png


ᠨᠢ᠋ᠮᠠᠨ ᠬᠤᠰᠢᠭᠤᠨ᠎ᠤ ᠪᠠᠶᠠᠨᠲᠠᠯ᠎ᠠ ᠰᠤᠮᠤ᠎ᠶ᠋ᠢᠨ ᠵᠢᠭᠤᠯᠴᠢᠯᠠᠯ᠎ᠤᠨ ᠡᠬᠢ ᠪᠠᠶᠠᠯᠢᠭ ᠡᠯᠪᠡᠭ᠂ ᠢᠯᠠᠩᠭᠤᠶ᠎ᠠ ᠡᠯᠡᠰᠦ ᠮᠠᠩᠬᠠᠨ᠎ᠤ ᠥᠪᠡᠷᠮᠢᠴᠡ ᠪᠠᠢᠭᠠᠯᠢ ᠵᠢᠨ ᠦᠵᠡᠮᠵᠢ ᠪᠣᠯᠤᠨ ᠬᠡᠬᠡᠷ᠎ᠠ ᠵᠢᠨ ᠠᠮᠢᠲᠠᠨ ᠤᠷᠭᠤᠮᠠᠯ᠎ᠤᠨ ᠡᠬᠢ ᠪᠠᠶᠠᠯᠢᠭ ᠡᠯᠪᠡᠭ ᠲᠤᠯᠡ ᠮᠠᠨ᠎ᠤ ᠤᠷᠤᠨ᠎ᠤ ᠵᠡᠬᠦᠨ ᠬᠡᠰᠡᠭ᠎ᠤᠨ ᠭᠠᠵᠠᠷ ᠤᠷᠤᠨ᠎ᠳᠤ ᠦᠪᠡᠷ᠎ᠤᠨ ᠬᠡᠰᠡᠨ ᠪᠠᠢᠷᠢ ᠰᠠᠭᠤᠷᠢ ᠲᠠᠢ ᠪᠠᠢᠳᠠᠭ᠃ ᠨᠡᠡᠭ ᠢᠯᠠᠡᠭᠭᠤᠶ᠎ᠠ G111 ᠤᠯᠤᠰ᠎ᠤᠨ ᠵᠠᠮ ᠪᠠ ᠪᠡᠭᠡᠵᠢᠡᠭ ᠡᠴᠡ ᠲᠦᠡᠭᠯᠢᠶᠤᠤ ᠬᠦᠷᠬᠦ ᠲᠡᠮᠦᠷ ᠵᠠᠮ ᠨᠢ  ᠪᠠᠶᠠᠨᠳᠠᠯ᠎ᠠ ᠰᠤᠮᠤ ᠪᠡᠷ ᠦᠨᠭᠭᠡᠷᠡᠵᠦ᠍᠂ ᠪᠠᠰᠠ ᠲᠦᠡᠭᠯᠢᠶᠤᠤ ᠡᠴᠡ ᠤᠯᠠᠭᠠᠨᠬᠠᠳᠠ ᠬᠦᠷᠬᠦ᠌ ᠲᠦᠷᠭᠡᠨ᠎ᠤ ᠵᠠᠰᠠᠮᠠᠯ ᠵᠠᠮ᠂᠎ᠳ᠋ᠠᠴᠢᠡᠭ ᠡᠴᠡ ᠭᠤᠸᠠᠡᠭᠵᠸᠤ ᠬᠦᠷᠬᠦ ᠲᠦᠷᠭᠡᠨ᠎ᠤ ᠵᠠᠰᠠᠮᠠᠯ ᠵᠠᠮ ᠨᠢ ᠪᠦᠷ ᠪᠠᠶᠠᠨᠳᠠᠯ᠎ᠠ ᠰᠤᠮᠤ ᠡᠴᠡ ᠤᠢᠷᠠᠬᠠᠨ ᠪᠠᠢᠬᠤ ᠪᠠᠢᠷᠢᠰᠢᠯ᠎ᠤᠨ ᠳᠠᠪᠠᠭᠤᠯᠢᠭ ᠨᠢ ᠵᠢᠭᠤᠯᠴᠢᠯᠠᠯ᠎ᠤᠨ ᠠᠵᠤ ᠦᠶ᠋ᠯᠡᠰ᠎ᠢ ᠬᠥᠭ᠌ᠵᠢᠭᠦᠯᠬᠦ᠌᠎ᠳᠦ ᠨᠡᠯᠢᠶᠡᠳ ᠰᠠᠢᠨ ᠰᠠᠭᠤᠷᠢ᠎ᠵᠢ ᠲᠠᠯᠪᠢᠵᠤ ᠦᠭᠴᠠᠢ᠃ ᠰᠢᠰᠲᠧᠮ᠎ᠲᠠᠢ ᠲᠥᠯᠥᠪᠵᠢᠭᠦᠯᠬᠦ᠎ᠪᠡᠷ ᠳᠠᠮᠵᠢᠨ᠂ ᠰᠦᠮ᠎ᠡ ᠵᠢᠨ ᠠᠢᠯ ᠠᠷᠠᠳ᠎ᠤᠨ ᠵᠠᠩ ᠦᠢᠯᠡ᠎ᠶᠢᠨ ᠲᠣᠰᠬᠣᠨ᠂ ᠰᠢᠪᠡᠭᠡᠲᠦ ᠵᠢᠭᠤᠯᠴᠢᠯᠠᠯ᠎ᠤᠨ ᠴᠡᠭ ᠵᠡᠷᠭᠡ ᠨᠢᠭᠡ ᠪᠦᠯᠦᠭ ᠣᠨᠴᠠᠯᠢᠭ᠍ᠲᠤ ᠲᠥᠷᠥᠯ ᠵᠦᠢᠯ᠎ᠢ ᠠᠮᠵᠢᠯᠲᠠ᠎ᠲᠠᠢ ᠪᠠᠢᠭᠤᠯᠵᠤ᠂ ᠬᠣᠯᠪᠤᠭᠠᠯᠠᠨ ᠬᠥᠭᠵᠢᠬᠦ ᠪᠠᠢᠷᠢᠰᠢᠯ᠎ᠢ ᠪᠦᠷᠢᠯᠳᠦᠭᠦᠯᠵᠦ᠂ ᠤᠯᠤᠭᠰᠠᠨ ᠦᠷ᠎ᠡ ᠪᠦᠲᠦᠮᠵᠢ ᠨᠢ ᠡᠯ᠎ᠡ ᠲᠠᠯ᠎ᠠ᠎ᠶᠢᠨ ᠬᠢᠨ᠎ᠦ ᠦᠨᠡᠯᠡᠯᠳᠡ ᠵᠢ ᠣᠯᠣᠭᠰᠠᠨ ᠪᠠᠢᠨ᠎ᠠ᠃ 2021 ᠣᠨ᠎ᠳᠤ᠂ ᠪᠤᠬᠲᠤ ᠭᠠᠴᠠᠭ᠎ᠠ᠂ ᠰᠢᠪᠡᠭᠡᠲᠦ ᠲᠣᠰᠬᠣᠨ ᠨᠢ ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠣᠨ᠎ᠤ ᠵᠢᠭᠤᠯᠴᠢᠯᠠᠯ᠎ᠤᠨ ᠭᠣᠣᠯᠳᠠᠯᠭ᠎ᠠ᠎ᠲᠠᠢ ᠲᠣᠰᠬᠣᠨ; ᠪᠠᠶᠠᠨᠲᠠᠯ᠎ᠠ ᠰᠤᠮᠤ ᠨᠢ ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠣᠨ ᠎ᠤ ᠵᠢᠭᠤᠯᠴᠢᠯᠠᠯ᠎ᠤᠨ ᠭᠣᠣᠯᠳᠠᠯᠭ᠎ᠠ᠎ᠲᠠᠢ ᠪᠠᠯᠭᠠᠰᠤ; 2021 ᠣᠨ᠎ᠳᠤ᠂ ᠪᠠᠶᠠᠨᠲᠠᠯ᠎ᠠ ᠰᠤᠮᠤ ᠪᠦᠬᠦ ᠤᠯᠤᠰ᠎ᠤᠨ ᠬᠥᠳᠡᠭᠡ ᠲᠣᠰᠬᠣᠨ᠎ᠤ ᠵᠢᠭᠤᠯᠴᠢᠯᠠᠯ᠎ᠤᠨ ᠭᠣᠣᠯᠳᠠᠯᠭ᠎ᠠ᠎ᠲᠠᠢ ᠪᠠᠯᠭᠠᠰᠤ; 2023 ᠣᠨ᠎ᠳᠤ᠂ ᠪᠠᠶᠠᠨᠲᠠᠯ᠎ᠠ ᠰᠤᠮᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠩᠬᠠᠳᠠᠭ᠍ᠴᠢ ᠪᠦᠯᠦᠭ ᠬᠥᠳᠡᠭᠡ ᠠᠵᠤ ᠠᠬᠤᠢ ᠰᠣᠶᠣᠯ ᠵᠢᠭᠤᠯᠴᠢᠯᠠᠯ᠎ᠢ ᠠᠭᠤᠰᠤᠯᠴᠠᠭᠤᠯᠤᠭᠰᠠᠨ ᠵᠢᠱ᠌ᠢᠶ᠎ᠡ ᠦᠵᠡᠭᠦᠯᠬᠦ ᠲᠣᠰᠬᠣᠨ ᠪᠠᠯᠭᠠᠰᠤ᠎ᠪᠠᠷ ᠳᠤᠰ ᠳᠤᠰ ᠦᠨᠡᠯᠡᠭᠳᠡᠪᠡ᠃ 


b3e88b36-ba95-4c38-bc6b-e379ad2f807e.png


ᠣᠳᠣᠬᠠᠨ᠎ᠳᠤ᠂ ᠨᠠᠢ᠍ᠮᠠᠨ ᠬᠤᠰᠢᠭᠤᠨ᠎ᠤ ᠡᠨᠡ ᠬᠦ᠌ ᠳᠤᠷᠭᠠᠨ ᠬᠥᠷᠥᠰᠥᠨ᠎ᠳᠤ ᠠᠮᠢ ᠠᠬᠤᠶ᠎ᠶᠢᠨ ᠰᠦᠷᠯᠢᠭ ᠰᠠᠢᠬᠠᠨ ᠦᠵᠡᠮᠵᠢ ᠰᠦᠨᠳᠡᠷᠯᠡᠵᠦ᠂ ᠰᠣᠶᠣᠯ ᠵᠢᠭᠤᠯᠴᠢᠯᠠᠯ᠎ᠤᠨ ᠬᠦᠭᠵᠢᠯ ᠪᠠᠳᠠᠷᠡᠯ ᠪᠢᠯᠬᠠᠮ᠎ᠠ ᠪᠠᠢᠨ᠎ᠠ᠃ ᠪᠦᠬᠦᠳᠡ ᠵᠢᠨ ᠵᠤᠷᠢᠵᠦ ᠢᠷᠡᠭᠰᠡᠨ ᠪᠤᠭᠳᠤ ᠵᠢᠨ ᠡᠯᠡᠰᠦ ᠮᠠᠨᠭᠬ᠎ᠠ ᠵᠢᠨ ᠵᠢᠭᠤᠯᠴᠢᠯᠡᠯ᠎ᠤᠨ ᠤᠷᠤᠨ ᠨᠢ ᠵᠢᠭᠤᠯᠴᠢᠯᠠᠭ᠍ᠰᠠᠳ᠎ᠲᠤ᠌ ᠠᠶᠠᠳᠠᠢ ᠳᠤᠬᠠᠢ ᠦᠢᠯᠡᠴᠢᠯᠡᠬᠡ ᠬᠠᠨᠭᠭᠠᠵᠦ᠂ ᠤᠯᠠᠨ ᠡᠴᠡ ᠤᠨᠴᠠᠭᠠᠢᠷᠡᠬᠤ ᠠᠵᠢ᠃

(ᠬᠡᠷᠡᠯ ᠵᠢᠷᠤᠭ᠎ᠦᠳ᠎ᠢ ᠨᠢ᠋ᠮᠠᠨ ᠬᠤᠰᠢᠭᠤᠨ᠎ᠤ ᠬᠠᠮ ᠵᠠᠭᠤᠴᠢᠯᠠᠭᠤᠷ᠎ᠤᠨ ᠳᠦᠪ ᠡᠴᠡ ᠬᠠᠨᠭᠭᠠᠪᠠ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号