5 ᠰᠠᠷ᠎ᠠ᠎ᠶ᠋ᠢᠨ 18 ᠤ᠋ ᠡᠳᠦᠷ᠎ᠦᠨ ᠦᠳᠡ᠎ᠶ᠋ᠢᠨ ᠡᠮᠦᠨ᠎ᠡ᠂ ᠬᠥᠬᠡᠬᠣᠲᠠ᠎ᠶ᠋ᠢᠨ ᠢᠦᠢᠴᠢᠤᠸᠠᠨ ᠲᠣᠭᠣᠷᠢᠭ᠎ᠤᠨ ᠳ᠋ᠠ ᠨᠠᠨ ᠵᠡᠭᠡᠯᠢ ᠪᠠ ᠳ᠋ᠠ ᠰᠢ ᠵᠡᠭᠡᠯᠢ᠎ᠶ᠋ᠢᠨ ᠠᠭᠤᠯᠵᠠᠷ᠎ᠲᠤ ᠮᠠᠰᠢᠨ ᠲᠡᠷᠭᠡ ᠰᠦᠯᠵᠢᠯᠳᠦᠨ ᠬᠥᠮᠦᠨ ᠬᠠᠷ᠎ᠠ ᠲᠠᠰᠤᠷᠠᠯᠲᠠ ᠥᠬᠡᠶ ᠴᠤᠪᠤᠷᠠᠨ᠎ᠠ᠃ ᠵᠡᠭᠡᠯᠢ ᠳᠡᠭᠡᠷᠡᠬᠢ ᠦᠢᠮᠡᠭᠡᠨᠦ ᠳᠤᠮᠳᠠ 《ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠤᠨᠤᠬᠤ᠎ᠳᠤ ᠶᠠᠭᠠᠬᠢᠭᠠᠳ ᠳᠤᠭᠤᠯᠠᠭ᠎ᠠ ᠪᠡᠨ ᠡᠮᠦᠰᠳᠡᠭ ᠦᠭᠡᠢ ᠪᠤᠢ? ᠥᠪᠡᠷ᠎ᠦᠨ ᠠᠮᠤᠷ ᠲᠦᠪᠱᠢᠨ᠎ᠦ ᠲᠥᠯᠥᠭᠡ ᠵᠠᠪᠠᠯ ᠲᠤᠭᠤᠯᠠᠭ᠎ᠠ ᠡᠮᠦᠰᠴᠦ᠂ ᠮᠠᠱᠢᠨᠲᠤ ᠪᠤᠰᠤ ᠲᠡᠷᠭᠡᠨ᠎ᠦ ᠵᠠᠮ᠎ᠢᠶᠠᠷ ᠶᠠᠪᠤᠭᠠᠷᠠᠶ》 ᠭᠡᠬᠦ ᠵᠠᠮ ᠬᠠᠷᠢᠯᠴᠠᠭᠠᠨ᠎ᠤ ᠴᠠᠭ᠍ᠳᠠᠭ᠎ᠠ ᠵᠢᠨ ᠲᠣᠳᠣ ᠪᠥᠭᠡᠳ ᠡᠶᠡᠯᠳᠡᠭ ᠢᠳᠭᠠᠬᠤ ᠳᠠᠭᠤᠨ ᠬᠤᠯᠠ ᠡᠴᠡ ᠰᠤᠨᠤᠰᠳᠠᠨ᠎ᠠ᠃
《ᠲᠠ ᠰᠠᠢᠨ ᠦᠦ᠂ ᠲᠠ ᠰᠠᠶᠢ ᠤᠯᠠᠭᠠᠨ ᠳ᠋ᠧᠩ᠎ᠤᠨ ᠳᠤᠬᠢᠶ᠎ᠠ ᠵᠢ ᠵᠦᠷᠢᠴᠡᠪᠡ᠂ ᠵᠠᠮ ᠤ᠋ᠨ ᠬᠠᠵᠠᠭᠤ ᠳ᠋ᠸ᠋ ᠭᠠᠷᠴᠤ ᠱᠢᠶ᠋ᠳᠪᠦᠷᠢᠯᠡᠬᠦ᠌᠎ᠶ᠋ᠢ ᠬᠦᠯᠢᠶᠡᠬᠡᠷᠡᠢ》᠃ ᠬᠥᠬᠡᠬᠣᠲᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶᠠᠨ᠎ᠤ ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠰᠠᠯᠪᠤᠷᠢ ᠠᠩᠭᠢ᠎ᠶ᠋ᠢᠨ ᠢᠦᠢᠴᠢᠤᠸᠠᠨ ᠲᠣᠭᠣᠷᠢᠭ᠎ᠤᠨ ᠶᠡᠬᠡ ᠠᠩᠭᠢ᠎ᠶ᠋ᠢᠨ ᠬᠣᠶᠠᠳᠤᠭᠠᠷ ᠳᠤᠮᠳᠠ ᠠᠩᠭᠢ᠎ᠶ᠋ᠢᠨ ᠳᠡᠳ᠋ ᠳᠠᠷᠤᠭ᠎ᠠ ᠵᠧᠸ᠋ ᠬᠤᠤ ᠲᠢᠶᠠᠨ ᠶᠣᠰᠣᠷᠬᠠᠭ ᠮᠦᠷᠳᠡᠭᠡᠨ ᠲᠦᠪ ᠣᠪᠣᠷ᠎ᠢᠶᠠᠷ ᠵᠠᠬᠢᠶᠠᠯᠠᠭ᠎ᠠ᠎ᠶ᠋ᠢᠨ ᠬᠣᠭᠣᠯᠠ ᠬᠦᠷᠭᠡᠭ᠌ᠴᠢ᠎ᠶ᠋ᠢ ᠵᠠᠮ᠎ᠤᠨ ᠬᠠᠵᠠᠭᠤ᠎ᠳᠤ ᠲᠠᠭᠠᠭᠤᠯᠤᠨ ᠠᠪᠠᠴᠢᠪᠠ᠃ 《ᠰᠠᠶᠢ ᠨᠢᠭᠡ ᠵᠠᠬᠢᠶᠠᠯᠠᠭ᠎ᠠ ᠲᠤᠰᠴᠠᠢ᠂ ᠪᠢ ᠴᠠᠭ ᠬᠡᠳᠦᠷᠡᠬᠦ ᠡᠴᠨ ᠠᠶᠤᠭᠠᠳ ᠳᠣᠬᠢᠶᠠᠨ ᠳ᠋ᠧᠩ᠎ᠢ ᠠᠩᠬᠠᠷᠤᠭ᠍ᠰᠠᠨ ᠦᠭᠡᠢ᠃ ᠳᠠᠷᠠᠭ᠎ᠠ ᠤᠳᠠᠭ᠎ᠠ ᠯᠠᠪ ᠠᠩᠬᠠᠷᠤᠨ᠎ᠠ!》 ᠬᠡᠵᠦ ᠵᠠᠬᠢᠶᠠᠯᠠᠭ᠎ᠠ ᠵᠢᠨ ᠬᠤᠭᠤᠯᠠ ᠬᠦᠷᠬᠡᠭᠴᠢ ᠵᠠᠩ ᠠᠪᠤᠭᠠᠶ ᠢᠴᠢᠩᠬᠦᠷᠡᠨ ᠬᠡᠯᠡᠨ᠎ᠡ᠃
ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠨᠢ ᠲᠦᠬᠦᠮ ᠪᠤᠯᠬᠤᠷ ᠬᠣᠲᠠ᠎ᠶ᠋ᠢᠨ ᠣᠢᠷ᠎ᠠ ᠵᠠᠮ᠎ᠢᠶᠠᠷ ᠠᠶᠠᠯᠠᠬᠤ 《ᠭᠤᠤᠯ ᠬᠦᠴᠦᠨ》 ᠪᠣᠯᠤᠭ᠍ᠰᠠᠨ ᠪᠣᠯᠪᠠᠴᠤ᠌ ᠫᠠᠢᠰᠠ ᠥᠬᠡᠶ᠎ᠪᠡᠷ ᠵᠠᠮ ᠳᠡᠭᠡᠷ᠎ᠡ ᠭᠠᠷᠬᠤ᠂ ᠰᠥᠷᠴᠦ᠍ ᠶᠠᠪᠤᠬᠤ᠂ ᠤᠯᠠᠭᠠᠨ ᠳ᠋ᠧᠩ᠎ᠤᠨ ᠳᠤᠬᠢᠶ᠎ᠠ ᠵᠢ ᠵᠦᠷᠢᠴᠡᠬᠦ ᠵᠡᠷᠭᠡ ᠡᠷᠦᠶ ᠬᠤᠷᠤᠶ ᠥᠬᠡᠶ ᠦᠵᠡᠭ᠌ᠳᠡᠯ ᠭᠠᠷᠴᠤ᠌᠂ ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ 《ᠠᠷᠬᠠᠭ ᠬᠡᠮ》 ᠪᠣᠯᠤᠭ᠍ᠰᠠᠨ ᠪᠣᠯᠬᠣᠷ ᠵᠢᠷᠤᠮᠵᠢᠭᠤᠯᠤᠨ ᠴᠡᠭ᠌ᠴᠡᠯᠡᠨ ᠵᠠᠰᠠᠬᠤ ᠠᠵᠢᠯ᠎ᠢ ᠵᠠᠪᠠᠯ ᠶᠠᠪᠤᠬᠳᠠᠭᠤᠯᠬᠤ ᠴᠢᠬᠤᠯᠠᠲᠠᠶ ᠪᠣᠯᠵᠠᠶ᠃ 5 ᠰᠠᠷ᠎ᠠ᠎ᠶ᠋ᠢᠨ 14 ᠤ᠋ ᠡᠳᠦᠷ᠎ᠡᠴᠡ ᠡᠬᠢᠯᠡᠨ᠂ ᠬᠥᠬᠡᠬᠣᠲᠠ 6 ᠰᠠᠷ᠎ᠠ᠎ᠶ᠋ᠢᠨ ᠬᠤᠭᠤᠴᠠᠭ᠎ᠠ᠎ᠲᠠᠶ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ᠎ᠦ ᠵᠠᠮ ᠬᠠᠷᠢᠯᠴᠠᠭᠠᠨ᠎ᠤ ᠠᠮᠤᠷ ᠲᠦᠪᠱᠢᠨ᠎ᠦ ᠲᠤᠰᠭᠠᠶ ᠴᠡᠭ᠌ᠴᠡᠯᠡᠨ ᠵᠠᠰᠠᠬᠤ ᠠᠵᠢᠯᠯᠠᠭ᠎ᠠ᠎ᠶ᠋ᠢ ᠡᠬᠢᠯᠡᠭᠦᠯᠪᠡ᠃ ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ 《ᠬᠠᠲᠠᠭᠤ ᠵᠥᠭᠡᠯᠡᠨ᠎ᠢ ᠬᠤᠤᠰᠯᠠᠭᠤᠯᠤᠨ᠂ ᠬᠠᠤᠯᠢ ᠵᠦᠶ᠎ᠶ᠋ᠢ ᠠᠭᠤᠰᠤᠯᠴᠠᠭᠤᠯᠬᠤ》 ᠵᠠᠰᠠᠯᠲᠠ᠎ᠶ᠋ᠢᠨ ᠵᠠᠷᠴᠢᠮ᠎ᠢ ᠲᠣᠭ᠍ᠲᠠᠭᠠᠵᠤ᠂ ᠵᠠᠮ ᠬᠠᠷᠢᠯᠴᠠᠭᠠᠨ᠎ᠤ ᠬᠠᠤᠯᠢ ᠡᠴᠨ ᠵᠥᠷᠢᠴᠡᠭ᠌ᠰᠡᠨ ᠦᠶ᠋ᠯᠡ ᠠᠵᠢᠯᠯᠠᠭ᠎ᠠ᠎ᠶ᠋ᠢ ᠴᠢᠩᠭ᠎ᠠ ᠪᠠᠢᠴᠠᠭᠠᠵᠤ᠂ ᠠᠮᠤᠷ ᠲᠦᠪᠱᠢᠨ᠎ᠦ ᠬᠤᠷᠢᠭ᠎ᠠ ᠱᠤᠭᠤᠮ᠎ᠢ ᠪᠠᠲᠤ ᠰᠠᠬᠢᠬᠤ᠎ᠶ᠋ᠢᠨ ᠬᠠᠮᠲᠤ᠂ ᠦᠶ᠋ᠯᠡᠴᠢᠯᠡᠭᠡ᠎ᠪᠡᠨ ᠰᠡᠳᠭᠢᠯ ᠳᠡᠯᠪᠢᠨ ᠬᠠᠢᠷ᠎ᠠ ᠰᠡᠳᠭᠢᠯᠭᠡ᠎ᠲᠡᠶ᠎ᠪᠡᠷ ᠱᠢᠯᠢᠳᠡᠭ᠌ᠵᠢᠭᠦᠯᠵᠦ᠍᠂ ᠬᠠᠤᠯᠢ ᠬᠡᠷᠡᠭ᠌ᠵᠢᠭᠦᠯᠬᠦ᠌ ᠡᠷᠴᠢᠮ᠎ᠢ ᠴᠢᠩᠭᠠᠷᠠᠭᠤᠯᠬᠤ᠎ᠪᠠᠷ ᠪᠠᠷᠠᠬᠤ ᠥᠬᠡᠶ᠂ ᠨᠠᠩ ᠴᠤ᠌ ᠠᠷᠠᠳ᠎ᠤᠨ ᠠᠮᠢᠳᠤᠷᠠᠯ᠎ᠤᠨ ᠬᠠᠯᠠᠭᠤᠨ ᠳᠤᠯᠠᠭᠠᠨ᠎ᠢ ᠨᠡᠮᠡᠭ᠌ᠳᠡᠭᠦᠯᠵᠡᠢ᠃
ᠵᠠᠮ᠎ᠤᠨ ᠠᠭᠤᠯᠵᠠᠷ᠎ᠲᠤ ᠡᠭᠦᠷᠭᠡ ᠭᠦᠶ᠋ᠴᠡᠳᠭᠡᠬᠦ᠌ ᠳᠤᠮᠳᠠ᠂ ᠬᠣᠲᠠ᠎ᠶ᠋ᠢᠨ ᠠᠷᠠᠳ ᠸᠠᠩ ᠠᠪᠤᠭᠠᠶ ᠫᠠᠢᠰᠠ ᠥᠬᠡᠶ ᠴᠠᠬᠢᠯᠭᠠᠨ ᠬᠥᠳᠡᠯᠭᠡᠭᠦᠷᠲᠦ ᠲᠤᠭᠤᠢ ᠲᠡᠷᠭᠡ ᠵᠢᠯᠣᠭᠣᠳᠤᠭᠠᠳ ᠬᠠᠱᠢᠭ᠍ᠳᠠᠪᠠ᠃ 《ᠡᠨᠡ ᠤᠳᠠᠭ᠎ᠠ ᠠᠮᠠᠨ ᠰᠡᠷᠡᠮᠵᠢ ᠦᠭᠬᠦᠨ᠎ᠡ᠂ ᠵᠣᠭᠣᠰ᠎ᠢᠶᠠᠷ ᠲᠣᠷᠭᠠᠬᠤ ᠱᠢᠢᠳᠭᠡᠯ ᠥᠭ᠌ᠬᠦ ᠥᠬᠡᠶ᠃ ᠣᠷᠴᠢᠮ ᠤ᠋ᠨ ᠬᠡᠳᠦᠨ ᠰᠦᠯᠵᠢᠶᠡᠨ ᠤ᠋ ᠴᠡᠭ ᠲᠦ᠍ ᠫᠠᠢᠰᠠ ᠡᠯᠬᠦᠬᠦ ᠲᠤᠬᠠᠢᠯᠠᠬᠰᠠᠨ ᠠᠵᠢᠯ᠎ᠢ ᠬᠦᠢᠴᠡᠳᠬᠡᠵᠦ ᠪᠤᠯᠤᠨ᠎ᠠ᠂ ᠲᠠ ᠬᠤᠷᠳᠤᠨ ᠫᠠᠢᠰᠠ᠎ᠪᠠᠨ ᠡᠯᠬᠦᠬᠡᠷᠡᠢ》᠃ ᠵᠢᠵᠢᠭᠦᠷᠯᠡᠵᠦ᠍ ᠪᠠᠢᠭ᠎ᠠ ᠵᠠᠮ ᠬᠠᠷᠢᠯᠴᠠᠭᠠᠨ᠎ᠤ ᠴᠠᠭ᠍ᠳᠠᠭ᠎ᠠ ᠫᠠᠢᠰᠠ ᠥᠬᠡᠶ᠎ᠪᠡᠷ ᠵᠠᠮ᠎ᠳᠤ ᠭᠠᠷᠬᠤ ᠠᠮᠤᠷ ᠲᠦᠪᠱᠢᠨ᠎ᠦ ᠠᠶᠤᠯ ᠲᠦᠭ᠌ᠰᠢᠭᠦᠷᠢ᠎ᠶ᠋ᠢ ᠬᠦᠯᠢᠴᠡᠩᠭᠦᠶ᠎ᠪᠡᠷ ᠲᠣᠳᠣᠷᠬᠠᠢᠯᠠᠬᠤ᠎ᠶ᠋ᠢᠨ ᠬᠠᠮᠲᠤ ᠫᠠᠢᠰᠠ ᠡᠯᠬᠦᠬᠦ ᠤᠢᠷᠠᠯᠴᠠᠭ᠎ᠠ᠎ᠬᠢ ᠲᠤᠤᠷ ᠴᠡᠭ᠎ᠢ ᠬᠡᠯᠡᠵᠦ ᠦᠭᠬᠦᠨ᠎ᠡ᠃
《ᠴᠡᠭ᠌ᠴᠡᠯᠡᠨ ᠵᠠᠰᠠᠬᠤ᠎ᠶ᠋ᠢᠨ ᠵᠣᠷᠢᠯᠭ᠎ᠠ ᠨᠢ ᠲᠣᠷᠭᠠᠬᠤ᠎ᠶ᠋ᠢᠨ ᠲᠥᠯᠥᠭᠡ ᠪᠢᠰᠢ᠂ ᠬᠠᠷᠢᠨ ᠣᠯᠠᠨ ᠲᠦᠮᠡᠨ᠎ᠢ ᠬᠥᠲᠥᠯᠥᠨ ᠵᠢᠯᠣᠭᠣᠳᠴᠤ᠌ ᠪᠠᠢᠭᠠᠳ ᠰᠠᠢᠨ ᠰᠠᠢᠬᠠᠨ ᠭᠠᠳᠠᠬᠰᠢ ᠭᠠᠷᠬᠤ ᠳᠠᠳᠭᠠᠯ᠎ᠲᠠᠶ ᠪᠣᠯᠭᠠᠬᠤ᠎ᠶ᠋ᠢᠨ ᠲᠥᠯᠥᠭᠡ ᠶᠤᠮ》᠃ ᠵᠧᠸ᠋ ᠬᠤᠤ ᠲᠢᠶᠠᠨ ᠰᠤᠷᠪᠤᠯᠵᠢᠯᠠᠭ᠍ᠴᠢ᠎ᠳᠤ ᠬᠡᠯᠡᠬᠦ᠌᠎ᠳᠡᠭᠡᠨ᠂ ᠲᠣᠰ ᠤᠳᠠᠭᠠᠨ᠎ᠤ ᠴᠡᠭ᠌ᠴᠡᠯᠡᠨ ᠵᠠᠰᠠᠯᠲᠠ ᠨᠢ ᠰᠤᠷᠭᠠᠨ ᠬᠥᠮᠦᠵᠢᠭᠦᠯᠬᠦ᠌ ᠪᠠ ᠱᠢᠢᠳᠭᠡᠯ ᠥᠭ᠌ᠬᠦ᠎ᠶ᠋ᠢ ᠤᠶᠠᠯᠳᠤᠭᠤᠯᠬᠤ᠎ᠶ᠋ᠢ ᠪᠠᠷᠢᠮᠲᠠᠯᠠᠵᠤ᠂ ᠬᠠᠤᠯᠢ᠎ᠡᠴᠨ ᠵᠥᠷᠢᠴᠡᠭ᠌ᠰᠡᠨ ᠬᠥᠩᠭᠡᠪᠲᠦᠷ ᠦᠶ᠋ᠯᠡ ᠠᠵᠢᠯᠯᠠᠭ᠎ᠠ᠎ᠳᠤ ᠴᠢᠭ᠌ᠯᠡᠭᠦᠯᠦᠨ᠂ ᠠᠮᠠ᠎ᠪᠠᠷ ᠰᠡᠷᠡᠮᠵᠢᠯᠡᠭᠦᠯᠬᠦ᠌᠂ ᠬᠠᠤᠯᠢ ᠴᠠᠭᠠᠵᠠ᠎ᠶ᠋ᠢᠨ ᠶᠡᠷᠦ᠍᠎ᠶ᠋ᠢᠨ ᠮᠡᠳᠡᠯᠭᠡ᠎ᠶ᠋ᠢ ᠲᠦᠭᠡᠮᠡᠯᠵᠢᠭᠦᠯᠬᠦ᠌ ᠬᠥᠮᠦᠵᠢᠯ ᠬᠢᠬᠦ᠂ ᠠᠯᠪᠠᠨ ᠵᠢᠷᠤᠮ᠎ᠤᠨ ᠢᠳᠭᠠᠯᠭᠠᠪᠠᠷ ᠭᠤᠤᠯᠯᠠᠭᠤᠯᠵᠤ᠂ ᠭᠠᠳᠠᠬᠰᠢ ᠭᠠᠷᠬᠤ ᠮᠠᠭᠤ ᠳᠠᠳᠭᠠᠯ᠎ᠢ ᠤᠶᠠᠨ ᠬᠠᠲᠠᠨ᠎ᠢᠶᠠᠷ ᠵᠠᠯᠠᠷᠠᠭᠤᠯᠪᠠ ᠬᠡᠨ᠎ᠡ᠃ ᠫᠠᠢᠰᠠ ᠲᠡᠮᠳᠡᠭ᠎ᠢ ᠬᠠᠭᠤᠷᠮᠠᠭ᠎ᠢᠶᠠᠷ ᠵᠣᠬᠢᠶᠠᠬᠤ ᠪᠠ ᠬᠤᠪᠢᠷᠠᠭᠤᠯᠤᠨ ᠵᠣᠬᠢᠶᠠᠬᠤ᠂ ᠰᠣᠭ᠍ᠲᠣᠭᠤ᠎ᠪᠠᠷ ᠴᠠᠬᠢᠯᠭᠠᠨ ᠬᠦᠳᠡᠯᠬᠡᠬᠦᠷᠳᠦ ᠳᠤᠭᠤᠶ ᠲᠡᠷᠬᠡ ᠤᠨᠤᠬᠤ᠂ ᠤᠯᠠᠭᠠᠨ ᠳ᠋ᠧᠩ᠎ᠤᠨ ᠳᠤᠬᠢᠶ᠎ᠠ ᠵᠢ ᠵᠦᠷᠢᠴᠡᠬᠦ ᠵᠡᠷᠭᠡ ᠬᠠᠤᠯᠢ᠎ᠡᠴᠨ ᠵᠥᠷᠢᠴᠡᠭ᠌ᠰᠡᠨ ᠭᠤᠤᠯᠳᠠᠯᠭ᠎ᠠ᠎ᠲᠠᠶ ᠦᠶ᠋ᠯᠡ ᠠᠵᠢᠯᠯᠠᠭ᠎ᠠ᠎ᠳᠤ ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠡᠴᠡ ᠬᠠᠤᠯᠢ ᠬᠡᠷᠡᠭ᠌ᠵᠢᠭᠦᠯᠬᠦ᠌ ᠬᠣᠷᠢᠭ᠎ᠠ ᠱᠤᠭᠤᠮ᠎ᠢ ᠪᠠᠲᠤ ᠰᠠᠬᠢᠵᠤ᠂ ᠴᠢᠩᠭ᠎ᠠ ᠪᠠᠢᠴᠠᠭᠠᠨ ᠱᠢᠶ᠋ᠳᠪᠦᠷᠢᠯᠡᠵᠦ᠍᠂ ᠶᠠᠭᠠᠬᠢᠭ᠍ᠰᠠᠨ ᠴᠤ᠌ ᠢᠯᠳᠠᠷ ᠬᠠᠶᠠᠬᠤ ᠥᠬᠡᠶ᠂ ᠡᠷᠡᠰ ᠬᠠᠲᠠᠭᠤ ᠬᠠᠤᠯᠢ ᠬᠡᠷᠡᠭ᠌ᠵᠢᠭᠦᠯᠦᠯᠲᠡ᠎ᠪᠡᠷ ᠠᠮᠤᠷ ᠲᠦᠪᠱᠢᠨ᠎ᠦ ᠰᠡᠷᠭᠡᠢᠯᠡᠯᠲᠡ᠎ᠶ᠋ᠢᠨ ᠱᠤᠭᠤᠮ᠎ᠢ ᠪᠠᠲᠤ ᠴᠤᠬᠴᠠᠯᠠᠨ᠎ᠠ᠃
ᠬᠠᠤᠯᠢ ᠬᠡᠷᠡᠭ᠌ᠵᠢᠭᠦᠯᠬᠦ᠌᠎ᠳᠦ ᠬᠡᠮᠵᠢᠭᠦᠷ᠎ᠲᠡᠶ᠂ ᠦᠢᠯᠡᠴᠢᠯᠡᠬᠦ᠎ᠳᠦ ᠲᠤᠯᠠᠭᠠᠴᠠ᠎ᠲᠠᠶ ᠪᠠᠢᠬᠤ ᠬᠡᠷᠡᠭ᠌ᠲᠡᠢ᠃ ᠴᠡᠭ᠌ᠴᠡᠯᠡᠨ ᠵᠠᠰᠠᠬᠤ ᠠᠵᠢᠯᠯᠠᠭ᠎ᠠ ᠡᠬᠢᠯᠡᠭ᠌ᠰᠡᠨ ᠲᠤᠬᠠᠶ᠎ᠶ᠋ᠢᠨ ᠡᠳᠦᠷ᠂ ᠬᠥᠬᠡᠬᠣᠲᠠ᠎ᠶ᠋ᠢᠨ ᠪᠡᠶ᠎ᠡ᠎ᠶ᠋ᠢᠨ ᠲᠠᠮᠢᠷ᠎ᠤᠨ ᠲᠠᠯᠠᠪᠠᠶ᠎ᠶ᠋ᠢᠨ ᠵᠡᠭᠦᠨ ᠡᠭᠦᠳᠡᠨ᠎ᠳᠦ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠎ᠶ᠋ᠢ ᠲᠥᠪᠯᠡᠷᠡᠭᠦᠯᠦᠨ ᠫᠠᠢᠰᠠᠡᠯᠬᠦᠬᠦ ᠨᠡᠬᠦᠳᠡᠯ ᠦᠢᠯᠡᠴᠢᠯᠡᠬᠡᠨ ᠤ᠋ ᠴᠡᠭ ᠭᠠᠷᠭᠠᠵᠤ᠂ ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ ᠰᠠᠨᠠᠭᠠᠴᠢᠯᠠᠭ᠎ᠠ᠎ᠡᠴᠨ᠎ᠪᠠᠨ ᠳᠣᠷᠣᠭ᠍ᠰᠢ ᠪᠠᠭᠤᠵᠤ ᠦᠶ᠋ᠯᠡᠴᠢᠯᠡᠨ᠂ ᠮᠠᠰᠢᠨ ᠲᠡᠷᠬᠡ ᠵᠢ ᠪᠠᠢᠴᠠᠭᠠᠨ ᠱᠢᠯᠭᠠᠬᠤ᠂ ᠮᠡᠳᠡᠭᠡ ᠵᠠᠩᠭᠢ᠎ᠶ᠋ᠢ ᠳᠡᠩᠰᠡᠯᠡᠨ ᠲᠡᠮᠳᠡᠭ᠌ᠯᠡᠬᠦ᠌᠂ ᠫᠠᠢᠰᠠ ᠣᠯᠭᠣᠬᠤ ᠵᠡᠷᠭᠡ ᠪᠥᠬᠥ᠌ ᠶᠠᠪᠤᠴᠠ᠎ᠶ᠋ᠢ ᠤᠷᠤᠭ᠍ᠰᠢ ᠱᠢᠯᠵᠢᠭᠦᠯᠵᠦ᠍᠂ ᠠᠷᠠᠳ᠎ᠲᠤ ᠲᠥᠬᠥᠮ ᠦᠵᠡᠭᠦᠯᠬᠦ᠌ ᠦᠶ᠋ᠯᠡᠴᠢᠯᠡᠭᠡ᠎ᠶ᠋ᠢ ᠣᠯᠠᠨ ᠲᠦᠮᠡᠨ᠎ᠦ ᠬᠡᠷ ᠤ᠋ᠨ ᠡᠬᠦᠳᠡᠨ ᠳ᠋ᠸ᠋ ᠬᠦᠷᠭᠡᠪᠡ᠃
《ᠤᠤᠯ ᠨᠢ ᠫᠠᠢᠰᠠ ᠡᠯᠬᠦᠬᠦ ᠳ᠋ᠡᠬᠡᠨ ᠲᠤᠰᠭᠠᠢᠯᠠᠨ ᠴᠢᠯᠥᠭᠡ ᠭᠤᠶᠤᠬᠤᠭᠡᠵᠦ ᠪᠤᠳᠤᠵᠥ᠍ ᠪᠠᠢᠭ᠍ᠰᠠᠨ᠂ ᠤᠳᠤ ᠬᠡᠷ᠎ᠦᠨ᠎ᠢᠶᠡᠨ ᠡᠭᠦᠳᠡᠨ᠎ᠳᠦ ᠲᠠᠷᠤᠢ ᠰᠢᠢᠳᠪᠦᠷᠢᠯᠡᠵᠦ ᠲᠡᠢᠯᠬᠦ ᠪᠤᠯᠤᠬᠰᠠᠨ᠂ ᠤᠴᠢᠷ ᠶᠠᠪᠤᠳᠠᠯ ᠬᠦᠢᠴᠡᠳᠬᠡᠬᠦ ᠳᠤ ᠲᠦᠬᠦᠮ ᠮᠥᠷᠲᠡᠭᠡᠨ ᠰᠠᠨᠠᠭ᠎ᠠ ᠠᠮᠤᠷ ᠪᠣᠯᠵᠠᠢ》᠃ ᠰᠠᠶᠢᠬᠠᠨ ᠫᠠᠢᠰᠠ ᠡᠯᠭᠦᠬᠦ᠌ ᠭᠠᠷ ᠭᠦᠶ᠋ᠴᠡᠳᠭᠡᠯ ᠵᠢᠡᠨ ᠬᠢᠭ᠌ᠰᠡᠨ ᠯᠦᠸᠧ ᠠᠪᠠᠬᠠᠶ ᠵᠠᠯᠭᠠᠭ᠎ᠠ᠎ᠪᠠᠷ ᠮᠠᠭ᠍ᠲᠠᠨ ᠰᠠᠢᠰᠢᠶᠠᠨ᠎ᠠ᠃ ᠦᠶ᠋ᠯᠡᠴᠢᠯᠡᠭᠡᠨ᠎ᠦ ᠲᠤᠬᠠᠶ᠎ᠶ᠋ᠢᠨ ᠲᠠᠯᠠᠪᠠᠶ᠎ᠶ᠋ᠢᠨ ᠠᠵᠢᠯ᠎ᠤᠨ ᠬᠤᠪᠢᠶᠠᠷᠢᠯᠠᠯ ᠲᠣᠳᠣᠷᠬᠠᠶ ᠪᠠᠢᠵᠤ᠂ ᠠᠵᠢᠯᠲᠠᠨ ᠮᠠᠰᠢᠨ ᠲᠡᠷᠭᠡ᠎ᠶ᠋ᠢ ᠬᠢᠨᠠᠨ ᠱᠢᠯᠭᠠᠬᠤ᠂ ᠮᠡᠳᠡᠭᠡ ᠵᠠᠩᠭᠢ ᠣᠷᠣᠭᠤᠯᠬᠤ᠂ ᠫᠠᠢᠰᠠ ᠤᠭ᠍ᠰᠠᠷᠠᠬᠤ᠎ᠶ᠋ᠢ ᠲᠦᠷᠭᠡᠨ ᠪᠡᠶᠡᠯᠡᠭᠦᠯᠵᠦ᠍᠂ ᠲᠦᠬᠦᠮᠬᠡᠨ ᠬᠡᠳᠦᠨ ᠠᠯᠬᠤᠮ ᠳ᠋ᠸ᠋ ᠭᠦᠶ᠋ᠴᠡᠳᠭᠡᠵᠦ᠍ ᠲᠠᠭᠤᠰᠬᠠᠵᠤ᠂ ᠥᠨᠳᠥᠷ ᠪᠦᠲᠦᠮᠵᠢᠲᠡᠶ ᠪᠥᠭᠡᠳ ᠳᠥᠭᠥᠮ ᠳᠥᠲᠡ ᠪᠤᠯᠵᠠᠢ᠃
ᠲᠣᠰ ᠤᠳᠠᠭ᠎ᠠ ᠵᠢᠨ ᠴᠡᠭ᠌ᠴᠡᠯᠡᠨ ᠵᠠᠰᠠᠬᠤ ᠠᠵᠢᠯᠯᠠᠭ᠎ᠠ ᠵᠢᠨ ᠲᠤᠮᠳᠠᠬᠢ ᠲᠠᠩᠰᠠᠯᠠᠭᠤᠯᠤᠨ ᠫᠠᠢᠰᠠ ᠡᠯᠭᠦᠬᠦ᠌ ᠠᠰᠠᠭᠤᠳᠠᠯ᠎ᠳᠤ ᠴᠢᠭ᠌ᠯᠡᠭᠦᠯᠦᠨ᠂ ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ ᠡᠴᠨ ᠵᠠᠮ ᠳᠡᠭᠡᠷᠡᠬᠢ ᠪᠠᠢᠴᠠᠭᠠᠨ ᠱᠢᠶ᠋ᠳᠪᠦᠷᠢᠯᠡᠬᠦ᠌ ᠡᠷᠴᠢᠮ᠎ᠢᠶᠡᠨ ᠴᠢᠩᠭᠠᠷᠠᠭᠤᠯᠤᠭ᠍ᠰᠠᠨ᠎ᠢᠶᠠᠷ ᠪᠠᠷᠠᠬᠤ ᠥᠬᠡᠶ᠂ ᠨᠠᠩ ᠴᠤ᠌ ᠦᠶ᠋ᠯᠡᠴᠢᠯᠡᠭᠡ᠎ᠶ᠋ᠢ ᠱᠢᠯᠢᠳᠡᠭ᠌ᠵᠢᠭᠦᠯᠬᠦ᠌ ᠳᠡᠭᠡᠷ᠎ᠡ ᠬᠦᠴᠦ᠍ᠯᠡᠵᠠᠶ᠃ ᠪᠥᠬᠥ᠌ ᠬᠣᠲᠠ᠎ᠳᠤ ᠲᠠᠩᠰᠠᠯᠠᠭᠤᠯᠤᠨ ᠫᠠᠢᠰᠠ ᠡᠯᠬᠦᠬᠦ ᠰᠦᠯᠵᠢᠶᠡᠨ ᠤ᠋ ᠴᠡᠭ᠎ᠢ 189 ᠪᠠᠢᠭᠤᠯᠵᠤ᠂ ᠪᠠᠰᠠ 《ᠬᠡᠷ᠎ᠲᠦᠨᠢ ᠬᠦᠷᠴᠦ᠍ ᠭᠦᠶ᠋ᠴᠡᠳᠭᠡᠬᠦ᠌᠂ ᠲᠥᠪᠯᠡᠷᠡᠭᠦᠯᠦᠨ ᠭᠦᠶ᠋ᠴᠡᠳᠭᠡᠬᠦ᠌》 ᠨᠡᠭᠦᠳᠡᠯ ᠦᠶ᠋ᠯᠡᠴᠢᠯᠡᠭᠡᠨ᠎ᠦ ᠵᠠᠭ᠍ᠪᠤᠷ᠎ᠢ ᠬᠡᠷᠡᠭ᠌ᠵᠢᠭᠦᠯᠵᠦ᠍᠂ ᠨᠡᠢᠭᠡᠮ ᠲᠣᠭᠣᠷᠢᠭ᠂ ᠠᠵᠤ ᠠᠬᠤᠢᠯᠠᠯ᠂ ᠱᠢᠶᠠᠩ ᠪᠠᠯᠭᠠᠰᠤᠨ᠎ᠳᠤ ᠬᠦᠷᠴᠦ᠍ ᠠᠷᠠᠳ᠎ᠲᠤ ᠲᠥᠬᠥᠮ ᠦᠵᠡᠭᠦᠯᠬᠦ᠌ ᠦᠶ᠋ᠯᠡᠴᠢᠯᠡᠭᠡ ᠥᠷᠨᠢᠭᠦᠯᠬᠦ᠌᠎ᠶ᠋ᠢᠨ ᠬᠠᠮᠲᠤ ᠰᠦᠯᠵᠢᠶᠡᠨ ᠳᠡᠭᠡᠷ᠎ᠡ ᠭᠦᠶ᠋ᠴᠡᠳᠭᠡᠬᠦ᠌ ᠠᠷᠭ᠎ᠠ ᠵᠠᠮ᠎ᠢ ᠨᠡᠪᠲᠡᠷᠡᠭᠦᠯᠵᠦ᠍᠂ ᠡᠯᠧᠺᠲ᠋ᠷᠣᠨ ᠬᠤᠳᠠᠯᠳᠤᠭ᠎ᠠ᠎ᠪᠠᠷ ᠮᠠᠰᠢᠨ ᠲᠡᠷᠭᠡ ᠬᠤᠳᠠᠯᠳᠤᠨ ᠠᠪᠬᠤ᠂ ᠰᠦᠯᠵᠢᠶᠡᠨ ᠳᠡᠭᠡᠷ᠎ᠡ ᠭᠦᠶ᠋ᠴᠡᠳᠭᠡᠬᠦ᠌᠎ᠶ᠋ᠢ ᠨᠢᠭᠡ ᠯᠡ ᠥᠷᠲᠡᠭᠡᠴᠢᠯᠡᠨ ᠭᠦᠶ᠋ᠴᠡᠳᠭᠡᠬᠦ᠌᠎ᠶ᠋ᠢ ᠪᠡᠶᠡᠯᠡᠭᠦᠯᠪᠡ᠃
ᠵᠡᠭᠡᠯᠢ ᠭᠤᠳᠤᠮᠵᠢ ᠲᠡᠭᠡᠷ᠎ᠡ ᠬᠠᠢᠷ᠎ᠠ ᠬᠠᠯᠠᠮᠵᠢ ᠲᠠᠢ ᠪᠡᠷ ᠢᠳᠭᠠᠨ ᠰᠠᠨᠠᠭᠤᠯᠬᠤ᠂ ᠬᠠᠤᠯᠢ᠎ᠡᠴᠨ ᠵᠥᠷᠢᠴᠡᠭ᠌ᠰᠡᠳᠢ ᠴᠢᠩᠭ᠎ᠠ ᠪᠠᠢᠴᠠᠭᠠᠨ ᠱᠢᠶ᠋ᠳᠪᠦᠷᠢᠯᠡᠬᠦ᠌᠂ ᠠᠷᠠᠳ᠎ᠲᠤ ᠲᠥᠬᠥᠮ ᠦᠵᠡᠭᠦᠯᠵᠦ᠍ ᠰᠡᠳᠭᠢᠯ᠎ᠢ ᠳᠤᠯᠠᠭᠠᠴᠠᠭᠤᠯᠬᠤ ᠦᠶ᠋ᠯᠡᠴᠢᠯᠡᠭᠡ ᠬᠠᠩᠭᠠᠬᠤ ᠁ ᠬᠥᠬᠡᠬᠣᠲᠠ᠎ᠶ᠋ᠢᠨ ᠵᠠᠮ ᠬᠠᠷᠢᠯᠴᠠᠭᠠᠨ᠎ᠤ ᠴᠠᠭ᠍ᠳᠠᠭ᠎ᠠ ᠶᠠᠭ ᠬᠠᠲᠠᠭᠤ ᠵᠥᠭᠡᠯᠡᠨ᠎ᠢ ᠬᠤᠤᠰᠯᠠᠭᠤᠯᠬᠤ ᠵᠠᠰᠠᠯᠲᠠ᠎ᠶ᠋ᠢᠨ ᠣᠶᠤᠨ ᠤᠬᠠᠭᠠᠨ᠎ᠢᠶᠠᠷ ᠬᠠᠤᠯᠢ᠎ᠪᠠᠷ ᠵᠠᠰᠠᠬᠤ ᠡᠷᠴᠢᠮ ᠪᠠ ᠠᠷᠠᠳ᠎ᠤᠨ ᠠᠮᠢᠳᠤᠷᠠᠯ᠎ᠤᠨ ᠬᠠᠯᠠᠭᠤᠨ ᠳᠤᠯᠠᠭᠠᠨ᠎ᠢ ᠭᠦᠨᠵᠡᠭᠡᠶ ᠠᠭᠤᠰᠤᠯᠴᠠᠭᠤᠯᠵᠤ ᠪᠠᠢᠨ᠎ᠠ᠃ ᠡᠨᠡ᠎ᠨᠢ ᠬᠣᠲᠠ᠎ᠶ᠋ᠢᠨ ᠵᠠᠮ ᠬᠠᠷᠢᠯᠴᠠᠭᠠᠨ᠎ᠤ 《ᠬᠢᠯᠭᠠᠰᠤᠨ ᠰᠤᠳᠠᠯ》᠎ᠢ᠋ ᠪᠦᠲᠦᠮᠵᠢᠲᠡᠶ ᠨᠡᠪᠲᠡᠷᠡᠭᠦᠯᠦᠭ᠌ᠰᠡᠨ᠎ᠢᠶᠡᠷ ᠪᠠᠷᠠᠬᠤ ᠥᠬᠡᠶ᠂ ᠨᠠᠩ ᠴᠤ᠌ ᠬᠣᠲᠠ᠎ᠶ᠋ᠢᠨ ᠠᠷᠠᠳ᠎ᠤᠨ ᠵᠠᠮ ᠬᠠᠷᠢᠯᠴᠠᠭᠠᠨ᠎ᠤ ᠠᠮᠤᠷ ᠲᠦᠪᠰᠢᠨ᠎ᠢ ᠪᠠᠳᠤᠯᠠᠬᠰᠠᠨ ᠪᠠᠢᠨ᠎ᠠ᠃
[ᠰᠤᠷᠪᠤᠯᠵᠢᠯᠠᠭ᠍ᠴᠢ᠎ᠶ᠋ᠢᠨ ᠡᠪᠦᠷ ᠲᠡᠮᠳᠡᠭ᠌ᠯᠡᠯ]
ᠵᠡᠭᠡᠯᠢ ᠭᠤᠳᠤᠮᠵᠢ᠎ᠪᠠᠷ ᠲᠠᠪᠬᠢᠵᠤ᠂ ᠨᠠᠭᠠᠰᠢ ᠴᠠᠭᠠᠰᠢ ᠰᠦᠯᠵᠢᠯᠳᠦᠵᠦ᠍ ᠪᠠᠢᠭ᠎ᠠ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠬᠤᠳᠠ᠎ᠶ᠋ᠢᠨ ᠠᠷᠠᠳ ᠤ᠋ᠨ ᠠᠮᠢᠳᠤᠷᠠᠯ ᠢ ᠠᠴᠢᠶᠠᠯᠠᠵᠤ᠂ ᠪᠠᠰᠠ ᠬᠤᠳᠠ᠎ᠶ᠋ᠢᠨ ᠨᠠᠷᠢᠯᠢᠬ᠍ᠵᠢᠭᠤᠯᠤᠭ᠍ᠰᠠᠨ ᠵᠠᠰᠠᠯᠲᠠ᠎ᠶ᠋ᠢᠨ ᠴᠢᠳᠠᠪᠤᠷᠢ᠎ᠶ᠋ᠢ ᠱᠢᠯᠭᠠᠵᠤ ᠪᠠᠢᠳᠠᠭ᠃ ᠲᠣᠰ ᠤᠳᠠᠭ᠎ᠠ ᠴᠡᠭ᠌ᠴᠡᠯᠡᠨ ᠵᠠᠰᠠᠬᠤ ᠲᠤᠬᠠᠶ᠎ᠶ᠋ᠢᠨ ᠲᠠᠯᠠᠪᠠᠶ ᠪᠡᠷ ᠠᠰᠠᠭᠤᠨ ᠰᠤᠷᠪᠤᠯᠵᠢᠯᠠᠭᠠᠳ᠂ ᠰᠤᠷᠪᠤᠯᠵᠢᠯᠠᠭ᠍ᠴᠢ ᠬᠥᠬᠡᠬᠣᠲᠠ᠎ᠶ᠋ᠢᠨ ᠵᠠᠮ ᠬᠠᠷᠢᠯᠴᠠᠭᠠᠨ᠎ᠤ ᠴᠠᠭ᠍ᠳᠠᠭ᠎ᠠ᠎ᠶ᠋ᠢᠨ ᠬᠠᠤᠯᠢ ᠬᠡᠷᠡᠭ᠌ᠵᠢᠭᠦᠯᠬᠦ᠌ ᠠᠷᠭ᠎ᠠ ᠮᠠᠶᠢᠭ᠎ᠤᠨ ᠬᠤᠪᠢᠷᠠᠯᠳᠠ ᠪᠠ ᠲᠠᠰ ᠳᠡᠪᠱᠢᠯᠳᠠ ᠵᠢ ᠦᠨᠡᠨ ᠬᠦ᠌ ᠣᠢᠯᠠᠭᠠᠪᠠ᠃ ᠴᠢᠩᠭ᠎ᠠ ᠱᠢᠶ᠋ᠳᠭᠡᠬᠦ᠌ᠡᠴᠡ ᠭᠠᠳᠠᠨ᠎ᠠ᠂ ᠨᠠᠩ ᠣᠯᠠᠨ ᠨᠢ ᠬᠦᠯᠢᠴᠡᠩᠭᠦᠶ ᠨᠠᠷᠢᠨ ᠨᠢᠮᠪᠠᠶ ᠬᠠᠤᠯᠢ ᠲᠦᠭᠡᠮᠡᠯᠵᠢᠭᠦᠯᠬᠦ᠌ ᠢᠳᠭᠠᠯ ᠪᠤᠢ; ᠠᠵᠢᠯ ᠶᠠᠪᠤᠳᠠᠯ ᠬᠦᠢᠴᠡᠳᠬᠡᠬᠦ ᠶᠠᠪᠤᠴᠠ᠎ᠶ᠋ᠢ ᠳᠥᠭᠥᠮᠴᠢᠯᠡᠵᠦ᠍᠂ ᠠᠷᠠᠳ᠎ᠲᠤ ᠳᠥᠭᠥᠮ ᠦᠵᠡᠭᠦᠯᠬᠦ᠌ ᠦᠢᠯᠡᠴᠢᠯᠡᠭᠡ ᠪᠤᠢ᠃ ᠨᠢᠬᠡ ᠤᠳᠠᠭ᠎ᠠ ᠵᠢᠨ ᠰᠠᠢᠨ ᠰᠠᠨᠠᠭᠠᠨ᠎ᠤ ᠰᠠᠨᠠᠭᠤᠯᠤᠮᠵᠢ᠂ ᠨᠢᠭᠡ ᠤᠳᠠᠭ᠎ᠠ ᠵᠢᠨ ᠴᠢᠩᠭ᠎ᠠ ᠬᠠᠤᠯᠢ ᠬᠡᠷᠡᠭᠵᠢᠬᠦᠯᠦᠯᠳᠡ᠂ ᠨᠢᠭᠡ ᠵᠦᠶ᠋ᠯ᠎ᠦᠨ ᠠᠷᠠᠳ᠎ᠲᠤ ᠲᠥᠬᠥᠮ ᠦᠵᠡᠭᠦᠯᠬᠦ᠌ ᠠᠷᠭ᠎ᠠ ᠬᠡᠮᠵᠢᠶ᠎ᠡ ᠨᠢ ᠴᠥᠮ ᠠᠷᠠᠳ᠎ᠤᠨ ᠲᠥᠯᠥᠭᠡ ᠭᠡᠬᠦ᠌ ᠣᠭ ᠰᠠᠨᠠᠭ᠎ᠠ᠎ᠵᠢ ᠢᠯᠡᠷᠡᠭᠦᠯᠪᠡ᠃ ᠭᠠᠭ᠍ᠴᠠ ᠬᠦ᠌ ᠣᠯᠠᠨ ᠲᠦᠮᠡᠨ᠎ᠦ ᠵᠣᠭ᠍ᠰᠣᠯᠲᠠ᠎ᠳᠤ ᠪᠠᠲᠤ ᠵᠣᠭ᠍ᠰᠣᠵᠤ᠂ ᠵᠠᠰᠠᠯᠲᠠ᠎ᠶ᠋ᠢᠨ ᠣᠶᠤᠨ ᠤᠬᠠᠭᠠᠨ᠎ᠢ ᠠᠱᠢᠭ᠍ᠯᠠᠪᠠᠯ ᠰᠠᠶᠢ ᠪᠣᠯᠪᠠᠰᠤᠨ ᠵᠠᠮ ᠬᠠᠷᠢᠯᠴᠠᠭᠠᠨ᠎ᠤ ᠣᠢᠯᠠᠭᠠᠭ᠍ᠳᠠᠬᠤᠨ᠎ᠢ ᠬᠥᠮᠦᠰ᠎ᠦᠨ ᠰᠡᠳᠭᠢᠯ᠎ᠳᠦ ᠬᠠᠳᠠᠩᠱᠢᠭᠤᠯᠵᠤ᠂ ᠬᠣᠲᠠ᠎ᠶ᠋ᠢᠨ ᠵᠠᠮ᠎ᠢ ᠨᠠᠩ ᠰᠠᠭᠠᠳ ᠥᠬᠡᠶ ᠨᠡᠪᠲᠡᠷᠡᠭᠦᠯᠵᠦ᠍᠂ ᠣᠯᠠᠨ ᠲᠦᠮᠡᠨ᠎ᠦ ᠭᠠᠳᠠᠬᠰᠢ ᠭᠠᠷᠬᠤ᠎ᠶ᠋ᠢ ᠨᠠᠩ ᠠᠮᠤᠷ ᠲᠦᠪᠱᠢᠨ ᠪᠣᠯᠭᠠᠵᠤ ᠴᠢᠳᠠᠨ᠎ᠠ᠃