ᠵᠠᠩ ᠶᠠᠨ ᠺᠦᠨ ᠶᠠᠷᠢᠶ᠎ᠠ ᠲᠠᠯᠪᠢᠵᠠᠢ
6 ᠰᠠᠷ᠎ᠠ᠎ᠶ᠋ᠢᠨ 4 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ 《〈ᠬᠣᠶᠠᠷ ᠲᠠᠯ᠎ᠠ᠎ᠪᠡᠷ ᠪᠦᠬᠦ ᠤᠯᠤᠰ᠎ᠤᠨ ᠳᠡᠭᠡᠳᠦ ᠲᠦᠪᠰᠢᠨ᠎ᠳᠤ ᠲᠣᠭ᠍ᠲᠠᠭᠤᠨ ᠪᠠᠢᠬᠤ〉 ᠵᠢ ᠪᠠᠳᠤᠯᠠᠵᠤ ᠯᠠᠪᠳᠠᠭᠤᠨ᠎ᠢᠶᠠᠷ ᠬᠤᠯᠠ ᠠᠶᠠᠯᠠᠬᠤ》 ᠲᠤᠰᠭᠠᠢ ᠮᠡᠷᠭᠡᠵᠢᠯᠲᠡᠨ᠎ᠦ ᠵᠥᠪᠯᠡᠬᠦ᠌ ᠬᠤᠷᠠᠯ ᠬᠤᠷᠠᠯᠳᠤᠭᠤᠯᠪᠠ᠃
ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠵᠠᠩ ᠶᠠᠨ ᠺᠦᠨ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠠᠨ ᠷᠦᠨ ᠱᠧᠩ ᠬᠤᠷᠠᠯ᠎ᠢ ᠡᠷᠭᠢᠯᠡᠵᠦ᠍᠂ ᠨᠠᠷᠢᠨ ᠪᠢᠴᠢᠭ᠎ᠦᠨ ᠳᠠᠷᠤᠭ᠎ᠠ ᠶᠠᠩ ᠯᠢ ᠮᠢᠨ ᠬᠤᠷᠠᠯ᠎ᠳᠤ ᠣᠷᠣᠯᠴᠠᠵᠠᠶ᠃
ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠂ ᠤᠯᠤᠰ᠎ᠤᠨ ᠲᠣᠭ᠎ᠠ ᠪᠦᠷᠢᠳᠭᠡᠯ᠎ᠦᠨ ᠲᠣᠪᠴᠢᠶ᠎ᠠ᠎ᠶ᠋ᠢᠨ ᠥᠪᠥᠷ ᠮᠣᠩᠭᠣᠯ᠎ᠤᠨ ᠪᠠᠢᠴᠠᠭᠠᠯᠲᠠ᠎ᠶ᠋ᠢᠨ ᠶᠡᠷᠦᠩᠬᠡᠶ ᠠᠩᠭᠢ᠎ᠶ᠋ᠢᠨ ᠬᠣᠯᠪᠣᠭ᠍ᠳᠠᠯ ᠪᠥᠬᠥᠶ ᠬᠠᠷᠢᠭᠤᠴᠠᠯᠭᠠᠲᠠᠨ ᠨᠥᠬᠥᠳ ᠬᠤᠯᠪᠤᠭᠳᠠᠯ ᠪᠥᠬᠥᠶ ᠪᠠᠢᠳᠠᠯ᠎ᠢ ᠲᠠᠨᠢᠯᠴᠠᠭᠤᠯᠵᠤ᠂ ᠤᠯᠤᠰ ᠲᠥᠷᠥ᠎ᠶ᠋ᠢᠨ ᠵᠥᠪᠯᠡᠯᠭᠡᠨ᠎ᠦ 8 ᠭᠡᠱᠢᠭᠦᠨ᠂ ᠲᠤᠰᠭᠠᠶ ᠮᠡᠷᠭᠡᠵᠢᠯᠲᠡᠨ ᠦᠭᠡ ᠬᠡᠯᠡᠪᠡ᠃
ᠬᠤᠷᠠᠯ᠎ᠡᠴᠡ᠂ ᠥᠪᠡᠷᠲᠡᠭᠡᠨ ᠵᠠᠰᠠᠬᠤ ᠣᠷᠣᠨ᠎ᠤ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠳᠦ ᠳᠤᠷᠠᠳᠤᠭ᠍ᠰᠠᠨ ᠲᠡᠮᠡᠴᠡᠬᠦ᠌ ᠬᠠᠷᠠᠯᠲᠠ᠎ᠳᠤ ᠠᠨᠭᠬᠠᠷᠤᠯ᠎ᠢᠶᠡᠨ ᠲᠥᠪᠯᠡᠷᠡᠭᠦᠯᠵᠦ᠂ ᠠᠵᠤ ᠦᠶ᠋ᠯᠡᠰ᠎ᠦᠨ ᠬᠥᠭ᠌ᠵᠢᠯᠲᠡ᠎ᠶ᠋ᠢ ᠳᠣᠪᠣᠢᠯᠭᠠᠨ᠂ 《ᠬᠣᠶᠠᠷ ᠲᠠᠯ᠎ᠠ᠎ᠪᠡᠷ ᠪᠦᠬᠦ ᠤᠯᠤᠰ᠎ᠤᠨ ᠳᠡᠭᠡᠳᠦ ᠲᠦᠪᠰᠢᠨ᠎ᠳᠤ ᠲᠣᠭ᠍ᠲᠠᠭᠤᠨ ᠪᠠᠢᠬᠤ》 ᠰᠠᠭᠤᠷᠢ᠎ᠶ᠋ᠢ ᠪᠡᠬᠢᠵᠢᠭᠦᠯᠬᠦ᠌ ᠬᠡᠷᠡᠭ᠌ᠲᠡᠶ; ᠲᠥᠷᠥᠯ ᠵᠦᠶ᠋ᠯ ᠢ ᠲᠥᠯᠥᠪᠵᠢᠭᠦᠯᠵᠦ᠍ ᠪᠠᠯᠠ ᠣᠷᠣᠭᠤᠯᠤᠯᠲᠠ᠎ᠶ᠋ᠢ ᠲᠣᠭ᠍ᠲᠠᠪᠤᠷᠢᠵᠢᠭᠤᠯᠵᠤ᠂ 《ᠬᠣᠶᠠᠷ ᠲᠠᠯ᠎ᠠ᠎ᠪᠡᠷ ᠪᠦᠬᠦ ᠤᠯᠤᠰ᠎ᠤᠨ ᠳᠡᠭᠡᠳᠦ ᠲᠦᠪᠰᠢᠨ᠎ᠳᠤ ᠲᠣᠭ᠍ᠲᠠᠭᠤᠨ ᠪᠠᠢᠬᠤ》᠎ᠳ᠋ᠤ ᠦᠵᠡᠭᠦᠯᠬᠦ᠌ ᠳᠠᠢᠴᠢᠯᠠᠬᠤ ᠦᠶ᠋ᠯᠡᠳᠦᠯ᠎ᠢ ᠴᠢᠩᠭᠠᠳᠭᠠᠬᠤ ᠬᠡᠷᠡᠭᠲᠡᠢ; ᠬᠡᠷᠡᠭ᠌ᠯᠡᠭᠡ᠎ᠶ᠋ᠢ ᠢᠳᠡᠪᠬᠢᠲᠡᠢ ᠥᠷᠭᠡᠳᠭᠡᠵᠦ᠍᠂ 《ᠬᠣᠶᠠᠷ ᠲᠠᠯ᠎ᠠ᠎ᠪᠡᠷ ᠪᠦᠬᠦ ᠤᠯᠤᠰ᠎ᠤᠨ ᠳᠡᠭᠡᠳᠦ ᠲᠦᠪᠰᠢᠨ᠎ᠳᠤ ᠲᠣᠭ᠍ᠲᠠᠭᠤᠨ ᠪᠠᠢᠬᠤ》 ᠵᠢᠨ ᠳᠤᠲᠠᠭᠤᠳᠠᠯ᠎ᠢ ᠲᠦᠷᠭᠡᠨ ᠨᠥᠬᠥᠪᠥᠷᠢᠯᠡᠬᠦ᠌ ᠬᠡᠷᠡᠭ᠌ᠲᠡᠢ; ᠥᠭᠡᠷᠡᠴᠢᠯᠡᠯᠲᠡ ᠨᠡᠭᠡᠭᠡᠯᠲᠡ᠎ᠶ᠋ᠢ ᠭᠦᠨᠵᠡᠭᠡᠢᠷᠡᠭᠦᠯᠵᠦ᠍᠂ 《ᠬᠣᠶᠠᠷ ᠲᠠᠯ᠎ᠠ᠎ᠪᠡᠷ ᠪᠦᠬᠦ ᠤᠯᠤᠰ᠎ᠤᠨ ᠳᠡᠭᠡᠳᠦ ᠲᠦᠪᠰᠢᠨ᠎ᠳᠤ ᠲᠣᠭ᠍ᠲᠠᠭᠤᠨ ᠪᠠᠢᠬᠤ》᠎ᠶ᠋ᠢᠨ ᠬᠥᠳᠡᠯᠭᠡᠬᠦ᠌ ᠬᠦᠴᠦᠨ ᠪᠠ ᠠᠮᠢᠵᠢᠷᠠᠯ᠎ᠤᠨ ᠬᠦᠴᠦᠨ᠎ᠢ ᠴᠢᠩᠭᠠᠷᠠᠭᠤᠯᠬᠤ ᠬᠡᠷᠡᠭᠲᠡᠢ; ᠣᠷᠣᠯᠭ᠎ᠠ᠎ᠶ᠋ᠢ ᠨᠡᠮᠡᠭ᠌ᠳᠡᠭᠦᠯᠦᠨ ᠠᠷᠠᠳ᠎ᠢ ᠪᠠᠶᠠᠵᠢᠭᠤᠯᠬᠤ ᠲᠣᠭᠣᠷᠢᠨ᠎ᠳᠤ 《ᠬᠣᠶᠠᠷ ᠲᠠᠯ᠎ᠠ᠎ᠪᠡᠷ ᠪᠦᠬᠦ ᠤᠯᠤᠰ᠎ᠤᠨ ᠳᠡᠭᠡᠳᠦ ᠲᠦᠪᠰᠢᠨ᠎ᠳᠤ ᠲᠣᠭ᠍ᠲᠠᠭᠤᠨ ᠪᠠᠢᠬᠤ》 ᠵᠢᠨ ᠦᠨᠳᠦᠰᠦᠨ ᠳᠤᠰᠤᠯᠳᠠ ᠵᠢ ᠪᠣᠳᠠᠲᠠᠶ ᠠᠳᠭᠤᠬᠤ ᠬᠡᠷᠡᠭ᠌ᠲᠡᠶ᠃ ᠤᠯᠤᠰ ᠲᠦᠷᠦ᠍᠎ᠶ᠋ᠢᠨ ᠵᠥᠪᠯᠡᠯᠭᠡᠨ᠎ᠦ ᠴᠢᠳᠠᠪᠤᠷᠢᠲᠠᠨ ᠴᠤᠭ᠍ᠯᠠᠷᠠᠭ᠍ᠰᠠᠨ᠂ ᠤᠶᠤᠨ ᠤᠬᠠᠭᠠᠨ ᠲᠥᠪᠯᠡᠷᠡᠭ᠌ᠰᠡᠨ ᠳᠠᠪᠠᠭᠤᠯᠢᠭ᠎ᠢ ᠪᠠᠳᠠᠷᠠᠭᠤᠯᠵᠤ᠂ ᠪᠠᠢᠴᠠᠭᠠᠨ ᠰᠤᠳᠤᠯᠤᠯᠳᠠ ᠵᠠᠳᠠᠯᠤᠯᠳᠠ ᠵᠢ ᠢᠯᠡᠭᠦᠬᠡᠨ ᠬᠢᠵᠦ᠍᠂ ᠪᠣᠳᠠᠲᠠᠢ᠎ᠶ᠋ᠢ ᠡᠷᠬᠢᠮᠯᠡᠭ᠌ᠰᠡᠨ ᠰᠠᠨᠠᠭᠤᠯᠭ᠎ᠠ᠎ᠶ᠋ᠢ ᠢᠯᠡᠭᠦᠬᠡᠨ ᠳᠤᠷᠠᠳᠴᠤ᠌᠂ ᠥᠪᠥᠷ ᠮᠣᠩᠭᠣᠯ᠎ᠤᠨ ᠴᠢᠨᠠᠷ ᠰᠠᠢᠲᠠᠢ ᠬᠥᠭ᠌ᠵᠢᠯᠲᠡ᠎ᠳᠦ ᠬᠦᠴᠦᠨ ᠨᠡᠮᠡᠷᠢᠯᠡᠬᠦ᠌ ᠬᠡᠷᠡᠭ᠌ᠲᠡᠢ ᠭᠡᠵᠦ ᠳᠤᠷᠠᠳᠪᠠ᠃