ᠤᠯᠤᠰ᠎ᠤᠨ ᠬᠡᠪᠯᠡᠯ᠎ᠦᠨ ᠡᠷᠬᠡ᠎ᠶᠢᠨ ᠲᠣᠪᠴᠢᠶ᠎ᠠ ᠵᠡᠷᠭᠡ ᠳᠥᠷᠪᠡᠨ ᠰᠠᠯᠠᠭ᠎ᠠ ᠮᠥᠴᠢᠷ 《ᠰᠦᠯᠵᠢᠶᠡᠨ᠎ᠤ ᠰᠡᠯᠡᠮ᠎ᠡ 2026 》 ᠲᠤᠰᠬᠠᠢ ᠠᠵᠢᠯᠯᠠᠭ᠎ᠠ᠎ᠶᠢ ᠡᠬᠢᠯᠡᠭᠦᠯᠪᠡ
2026-06-05 10:07:42
ᠵᠣᠬᠢᠶᠠᠭ᠍ᠴᠢ᠄
ᠶᠠᠩ ᠵᠠᠨ ᠹᠧᠢ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ 2 ᠤ᠋ᠨ ᠡᠳᠦᠷ ᠤᠯᠤᠰ᠎ᠤᠨ ᠬᠡᠪᠯᠡᠯ᠎ᠦᠨ ᠡᠷᠬᠡ᠎ᠶᠢᠨ ᠲᠣᠪᠴᠢᠶ᠎ᠠ᠎ᠠᠴᠠ ᠣᠢᠯᠠᠭᠠᠭᠰᠠᠨ ᠵᠢᠨᠷ᠂ ᠤᠯᠤᠰ᠎ᠤᠨ ᠬᠡᠪᠯᠡᠯ᠎ᠦᠨ ᠡᠷᠬᠡ᠎ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶᠢᠨ ᠶᠠᠮᠤᠨ᠂ ᠳᠣᠲᠣᠭᠠᠳᠤ᠎ᠶᠢ ᠬᠠᠮᠠᠭᠠᠯᠠᠬᠤ ᠶᠠᠮᠤᠨ᠂ ᠤᠯᠤᠰ᠎ᠤᠨ ᠰᠦᠯᠵᠢᠶᠡᠨ᠎ᠦ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠵᠢᠨ ᠠᠯᠪᠠᠨ ᠭᠡᠷ ᠣᠢᠷ᠎ᠠ᠎ᠳᠤ ᠰᠦᠯᠵᠢᠶᠡᠨ ᠲᠡᠭᠡᠷᠡᠬᠢ ᠡᠷᠬᠡ᠎ᠳᠦ ᠬᠠᠯᠳᠠᠵᠤ ᠬᠡᠪᠯᠡᠯ ᠬᠤᠯᠠᠭᠠᠢᠯᠠᠬᠤ᠎ᠳᠦ ᠴᠢᠭᠯᠡᠬᠦᠯᠦᠭᠰᠡᠨ ᠴᠣᠬᠢᠯᠲᠠ ᠥᠭᠬᠦ ᠲᠤᠰᠬᠠᠢ ᠠᠵᠢᠯᠯᠠᠭ᠎ᠠ 《ᠰᠦᠯᠵᠢᠶᠡᠨ᠎ᠤ ᠰᠡᠯᠡᠮ᠎ᠡ 2026 》 ᠎ᠶ᠋ᠢ ᠬᠠᠮᠲᠤᠷᠠᠨ ᠡᠬᠢᠯᠡᠭᠦᠯᠪᠡ ᠂ ᠡᠨᠡ ᠪᠣᠯ ᠳᠥᠷᠪᠡᠨ ᠰᠠᠯᠠᠭ᠎ᠠ ᠮᠥᠴᠢᠷ᠎ᠦᠨ 22 ᠳ᠋ᠤᠭᠠᠷ ᠤᠳᠠᠭ᠎ᠠ ᠭᠣᠣᠯᠳᠠᠯᠭ᠎ᠠ᠎ᠲᠠᠢ ᠪᠦᠲᠦᠭᠡᠯ᠎ᠦᠨ ᠬᠦᠷᠢᠶ᠎ᠡ ᠵᠢᠴᠢ ᠭᠣᠣᠯᠳᠠᠯᠭ᠎ᠠ᠎ᠲᠠᠢ ᠰᠦᠯᠵᠢᠶᠡᠨ᠎ᠦ ᠲᠠᠪᠴᠠᠩ᠎ᠳᠤ ᠠᠩᠬᠠᠷᠤᠯ᠎ᠢᠶᠠᠨ ᠲᠥᠪᠯᠡᠷᠡᠭᠦᠯᠦᠨ ᠲᠤᠰᠬᠠᠢ ᠵᠠᠰᠠᠯᠲᠠ᠎ᠶᠢᠨ ᠠᠵᠢᠯ ᠥᠷᠨᠢᠭᠦᠯᠵᠦ ᠪᠠᠢᠭ᠎ᠠ ᠶᠠᠪᠤᠳᠠᠯ ᠪᠣᠯᠣᠨ᠎ᠠ᠃

ᠲᠣᠰ ᠤᠳᠠᠭᠠᠨ᠎ᠤ ᠲᠤᠰᠬᠠᠢ ᠠᠵᠢᠯᠯᠠᠭ᠎ᠠ᠎ᠶᠢ 6 ᠰᠠᠷ᠎ᠠ  ᠠ᠋ᠴᠠ 11 ᠰᠠᠷ᠎ᠠ ᠪᠣᠯᠲᠠᠯ᠎ᠠ ᠥᠷᠨᠢᠭᠦᠯᠵᠦ᠂ 4 ᠭᠣᠣᠯᠳᠠᠯᠭ᠎ᠠ᠎ᠲᠠᠢ ᠬᠦᠷᠢᠶᠡᠨ ᠎ᠳᠦ ᠲᠥᠪᠯᠡᠷᠡᠭᠦᠯᠪᠡ ᠄ ᠨᠢᠭᠡ᠎ᠳᠦ ᠺᠢᠨᠣ᠋ ᠲᠧᠯᠸᠢᠰ ᠵᠦᠴᠦᠭᠡ᠎ᠶᠢᠨ ᠬᠡᠪᠯᠡᠯ᠎ᠦᠨ ᠡᠷᠬᠡ ᠎ᠶᠢ ᠬᠠᠮᠠᠭᠠᠯᠠᠬᠤ ᠪᠠᠷ ᠭᠣᠣᠯᠳᠠᠯᠭ᠎ᠠ ᠪᠣᠯᠭᠠᠵᠤ᠂ ᠰᠦᠯᠵᠢᠶᠡᠨ᠎ᠦ ᠳ᠋ᠢᠰᠺ᠂ ᠬᠠᠢᠭᠤᠷ᠂ ᠬᠠᠢᠬᠤ ᠵᠠᠮᠴᠢᠯᠠᠭᠤᠷ ᠵᠡᠷᠭᠡ ᠰᠦᠯᠵᠢᠶᠡᠨ᠎ᠦ ᠦᠢᠯᠡᠴᠢᠯᠡᠭᠡᠨ᠎ᠦ ᠲᠠᠪᠴᠠᠩ᠎ᠤᠨ ᠰᠠᠨᠠᠭᠠᠴᠢᠯᠠᠭ᠎ᠠ ᠠ᠋ᠴᠠ᠎ᠪᠠᠨ ᠬᠡᠪᠯᠡᠯ ᠬᠤᠯᠠᠭᠠᠢᠯᠠᠭᠰᠠᠨ ᠺᠢᠨᠣ᠋ ᠲᠧᠯᠸᠢᠰ᠎ᠦᠨ ᠡᠬᠢ ᠪᠠᠶᠠᠯᠢᠭ᠋ ᠵᠢᠴᠢ ᠬᠣᠯᠪᠣᠭᠳᠠᠯ ᠪᠦᠬᠦᠢ ᠦᠢᠯᠡᠴᠢᠯᠡᠭᠡ᠎ᠶᠢ ᠬᠠᠩᠭᠠᠬᠤ᠎ᠶᠢ ᠬᠦᠴᠦᠯᠡᠨ ᠴᠡᠭᠴᠡᠯᠡᠨ ᠵᠠᠰᠠᠵᠤ᠂ ᠰᠢᠭᠤᠳ ᠨᠡᠪᠲᠡᠷᠡᠭᠦᠯᠬᠦ᠂ ᠣᠷᠣᠯᠠᠨ ᠡᠷᠢᠬᠦ᠂ᠬᠡᠷᠡᠭᠯᠡᠭᠴᠢᠳ ᠤ᠋ᠨ ᠤᠷᠤᠰᠬᠠᠯ ᠳᠠᠳᠠᠬᠤ ᠵᠡᠷᠭᠡ ᠠᠷᠭ᠎ᠠ ᠮᠠᠶᠢᠭ᠋᠎ᠢᠶᠠᠷ ᠬᠡᠪᠯᠡᠯ ᠬᠤᠯᠠᠭᠠᠢᠯᠠᠭᠰᠠᠨ ᠺᠢᠨᠣ᠋ ᠲᠧᠯᠸᠢᠰ᠎ᠦᠨ ᠡᠬᠢ ᠪᠠᠶᠠᠯᠢᠭ᠋᠎ᠢ ᠤᠯᠠᠮᠵᠢᠯᠠᠨ ᠲᠠᠷᠬᠠᠭᠠᠬᠤ ᠪᠤᠶᠤ ᠬᠤᠳᠠᠯᠳᠤᠬᠤ ᠵᠡᠷᠭᠡ ᠬᠠᠤᠯᠢ ᠠ᠋ᠴᠠ ᠵᠥᠷᠢᠴᠡᠭᠰᠡᠨ ᠦᠶ᠋ᠯᠡ ᠠᠵᠢᠯᠯᠠᠭ᠎ᠠ ᠎ᠶᠢ ᠬᠦᠴᠦᠯᠡᠨ ᠴᠡᠭᠴᠡᠯᠡᠨ ᠵᠠᠰᠠᠨ᠎ᠠ᠃ ᠬᠣᠶᠠᠷ᠎ᠲᠤ ᠰᠣᠶᠣᠯ᠎ᠤᠨ ᠡᠭᠦᠳᠦᠯᠲᠡ᠎ᠶᠢᠨ ᠬᠡᠪᠯᠡᠯ᠎ᠦᠨ ᠡᠷᠬᠡ᠎ᠶᠢ ᠬᠠᠮᠠᠭᠠᠯᠠᠬᠤ ᠎ᠪᠠᠷ ᠭᠣᠣᠯᠳᠠᠯᠭ᠎ᠠ ᠪᠣᠯᠭᠠᠵᠤ᠂ ᠰᠣᠶᠣᠯ᠎ᠤᠨ ᠡᠭᠦᠳᠦᠯᠲᠡ᠎ᠶᠢᠨ ᠬᠦᠷᠢᠶᠡᠨ᠎ᠳᠡᠬᠢ ᠢᠵᠢᠯᠰᠢᠭᠦᠯᠦᠨ ᠬᠤᠯᠠᠭᠠᠢᠯᠠᠬᠤ᠂ ᠳᠠᠭᠠᠵᠤ ᠬᠠᠭᠤᠯᠬᠤ᠂ ᠬᠤᠳᠠᠯ ᠬᠠᠭᠤᠷᠮᠠᠭ ᠬᠡᠪᠯᠡᠯ᠎ᠦᠨ ᠡᠷᠬᠡ᠎ᠶᠢᠨ ᠳᠠᠩᠰᠠᠯᠠᠯᠲᠠ ᠬᠢᠬᠦ᠂ ᠨᠡᠷ᠎ᠡ ᠠᠯᠳᠠᠷᠰᠢᠭ᠍ᠰᠠᠨ IP ᠪᠡᠷ ᠬᠠᠭᠤᠷᠮᠠᠬᠯᠠᠬᠤ᠂ ᠬᠤᠳᠠᠯ ᠬᠠᠭᠤᠷᠮᠠᠭ IP ᠲᠠᠢ ᠨᠡᠷ᠎ᠡ ᠬᠣᠯᠪᠣᠬᠤ᠂ ᠰᠣᠶᠣᠯ᠎ᠤᠨ ᠡᠭᠦᠳᠦᠯᠲᠡ᠎ᠶᠢᠨ ᠦᠢᠯᠡᠳᠬᠦᠨ᠎ᠢ ᠦᠢᠯᠡᠳᠪᠦᠷᠢᠯᠡᠬᠦ ᠡᠷᠭᠡ ᠤᠯᠭᠤᠯᠳᠠ᠎ᠶᠢ ᠬᠠᠭᠤᠷᠮᠠᠬ ᠵᠢᠨᠷ ᠵᠤᠬᠢᠶᠠᠬᠤ ᠪᠠ ᠰᠦᠯᠵᠢᠶᠡᠨ ᠳᠡᠭᠡᠷᠡᠬᠢ ᠪᠠ ᠪᠤᠳᠠᠳᠤ ᠴᠤᠬᠴᠠ ᠵᠢᠨ ᠠᠷᠭ᠎ᠠ ᠵᠠᠮ᠎ᠢᠶᠠᠷ ᠳᠠᠮᠵᠢᠭᠤᠯᠤᠨ ᠬᠤᠳᠠᠯᠳᠤᠬᠤ ᠵᠡᠷᠭᠡ ᠬᠠᠤᠯᠢ ᠠ᠋ᠴᠠ ᠵᠥᠷᠢᠴᠡᠭᠰᠡᠨ ᠦᠶ᠋ᠯᠡ ᠠᠵᠢᠯᠯᠠᠭ᠎ᠠ᠎ᠶᠢ ᠬᠦᠴᠦᠯᠡᠨ ᠴᠡᠭᠴᠡᠯᠡᠨ ᠵᠠᠰᠠᠨ᠎ᠠ ᠃ ᠭᠤᠷᠪᠠ᠎ᠳᠤ ᠨᠣᠮ ᠪᠢᠴᠢᠭ᠎ᠦᠨ ᠬᠡᠪᠯᠡᠯ᠎ᠦᠨ ᠡᠷᠬᠡ᠎ᠶᠢ ᠬᠠᠮᠠᠭᠠᠯᠠᠬᠤ᠎ᠪᠠᠷ ᠭᠣᠣᠯᠳᠠᠯᠭ᠎ᠠ ᠪᠣᠯᠭᠠᠵᠤ᠂ 《ᠬᠡᠷᠡᠭᠴᠡᠭᠡ᠎ᠶᠢ ᠦᠨᠳᠦᠰᠦᠯᠡᠨ ᠬᠤᠯᠠᠭᠠᠢᠯᠠᠨ ᠳᠠᠷᠤᠮᠠᠯᠯᠠᠬᠤ》᠂ ᠦᠨᠡᠨ ᠬᠤᠳᠠᠯ᠎ᠢ ᠬᠣᠯᠢᠯᠳᠤᠭᠤᠯᠤᠨ ᠬᠤᠳᠠᠯᠳᠤᠬᠤ᠂ ᠮᠠᠭᠤ ᠰᠠᠨᠠᠭ᠎ᠠ᠎ᠲᠠᠢ᠎ᠪᠠᠷ ᠪᠠᠷᠠᠭ᠎ᠠ ᠬᠤᠳᠬᠤᠯᠳᠤᠭᠤᠯᠬᠤ᠂ ᠬᠤᠯᠠᠭᠠᠢᠯᠠᠨ ᠬᠡᠪᠯᠡᠭᠰᠡᠨ ᠨᠣᠮ ᠪᠢᠴᠢᠭ ᠵᠢᠴᠢ ᠡᠯᠧᠺᠲᠷᠣᠨ ᠨᠣᠮ ᠪᠢᠴᠢᠭ᠎ᠦᠨ ᠡᠬᠢ ᠪᠠᠶᠠᠯᠢᠭ᠋᠎ᠢ ᠰᠦᠯᠵᠢᠶ᠎ᠡ᠎ᠪᠡᠷ ᠬᠡᠷᠡᠭᠯᠡᠭᠴᠢᠳ ᠤ᠋ᠨ ᠤᠷᠤᠰᠬᠠᠯ ᠤᠷᠤᠰᠬᠠᠯ ᠳᠠᠳᠠᠨ ᠪᠣᠷᠣᠯᠠᠭᠤᠯᠬᠤ ᠵᠡᠷᠭᠡ ᠬᠠᠤᠯᠢ ᠠ᠋ᠴᠠ ᠵᠥᠷᠢᠴᠡᠭᠰᠡᠨ ᠦᠶ᠋ᠯᠡ ᠠᠵᠢᠯᠯᠠᠭ᠎ᠠ᠎ᠶᠢ ᠭᠣᠣᠯᠳᠠᠯᠭ᠎ᠠ᠎ᠲᠠᠢ ᠪᠠᠢᠴᠠᠭᠠᠨ ᠰᠢᠢᠳᠪᠦᠷᠢᠯᠡᠨ᠎ᠡ᠃ ᠳᠥᠷᠪᠡ᠎ᠳᠦ ᠵᠣᠬᠢᠶᠠᠮᠠᠯ ᠤᠶᠤᠨ ᠴᠢᠳᠠᠪᠤᠷᠢ᠎ᠶᠢᠨ ᠬᠦᠷᠢᠶᠡᠨ᠎ᠦ ᠬᠡᠪᠯᠡᠯ᠎ᠦᠨ ᠡᠷᠬᠡ᠎ᠶᠢ ᠴᠡᠭᠴᠡᠯᠡᠨ ᠵᠠᠰᠠᠬᠤ᠎ᠪᠠᠷ ᠭᠣᠣᠯᠳᠠᠯᠭ᠎ᠠ ᠪᠣᠯᠭᠠᠵᠤ᠂ ᠲᠣᠮᠣ᠌ ᠵᠠᠭᠪᠤᠷ᠎ᠤᠨ ᠪᠣᠯᠪᠠᠰᠤᠷᠠᠯ᠎ᠤᠨ ᠬᠡᠯᠡᠨ᠎ᠦ ᠮᠠᠲᠧᠷᠢᠶᠠᠯ᠎ᠤᠨ ᠬᠡᠪᠯᠡᠯ᠎ᠦᠨ ᠡᠷᠬᠡ᠎ᠶᠢᠨ ᠳᠦᠷᠢᠮ᠎ᠳᠦ ᠨᠡᠢᠴᠡᠬᠦ ᠠᠰᠠᠭᠤᠳᠠᠯ᠎ᠢ ᠰᠢᠢᠳᠪᠦᠷᠢᠯᠡᠬᠦ᠎ᠶᠢ ᠠᠬᠢᠭᠤᠯᠤᠨ᠎ᠠ᠃

ᠤᠯᠤᠰ ᠎ᠤᠨ ᠬᠡᠪᠯᠡᠯ ᠎ᠦᠨ ᠡᠷᠬᠡ᠎ᠶᠢᠨ ᠲᠣᠪᠴᠢᠶ᠎ᠠ᠎ᠶᠢᠨ ᠬᠣᠯᠪᠣᠭᠳᠠᠯ ᠪᠦᠬᠦᠢ ᠬᠠᠷᠢᠭᠤᠴᠠᠯᠭᠠᠲᠠᠨ᠂ ᠲᠣᠰ ᠤᠳᠠᠭᠠᠨ᠎ᠤ ᠲᠤᠰᠬᠠᠢ ᠠᠵᠢᠯᠯᠠᠭ᠎ᠠ ᠨᠢ ᠭᠣᠣᠯᠳᠠᠯᠭ᠎ᠠ᠎ᠲᠠᠢ ᠬᠦᠷᠢᠶᠡᠨ᠎ᠳᠡᠬᠢ ᠲᠤᠰᠬᠠᠢ ᠵᠠᠰᠠᠯᠲᠠ᠎ᠪᠠᠷ ᠳᠡᠮᠵᠢᠨ᠂ ᠦᠵᠡᠵᠦ ᠰᠣᠨᠣᠰᠬᠤ᠂ ᠰᠣᠶᠣᠯ ᠎ᠤᠨ ᠡᠭᠦᠳᠦᠨ ᠪᠦᠲᠦᠭᠡᠬᠦ᠂ ᠨᠣᠮ ᠪᠢᠴᠢᠭ ᠵᠡᠷᠭᠡ ᠭᠣᠣᠯᠳᠠᠯᠭ᠎ᠠ᠎ᠲᠠᠢ ᠬᠦᠷᠢᠶᠡᠨ᠎ᠳᠡᠬᠢ ᠬᠡᠪᠯᠡᠯ ᠎ᠦᠨ ᠡᠷᠬᠡ᠎ᠶᠢᠨ ᠡᠮᠬᠢ ᠵᠢᠷᠤᠮ᠎ᠢ ᠲᠠᠰᠤᠷᠠᠯᠲᠠ ᠦᠭᠡᠢ ᠵᠢᠷᠤᠮᠵᠢᠭᠤᠯᠵᠤ᠂ ᠰᠣᠶᠣᠯ ᠎ᠤᠨ ᠠᠵᠤ ᠦᠢᠯᠡᠰ᠎ᠦᠨ ᠰᠢᠨ᠎ᠡ᠎ᠶᠢ ᠡᠭᠦᠳᠬᠦ ᠬᠥᠭᠵᠢᠯᠲᠡ᠎ᠳᠦ ᠦᠢᠯᠡᠴᠢᠯᠡᠨ᠂ ᠨᠣᠮ ᠎ᠤᠨ ᠰᠤᠷᠪᠤᠯᠵᠢᠳᠤ ᠨᠡᠢᠭᠡᠮ᠎ᠦᠨ ᠪᠠᠢᠭᠤᠯᠤᠯᠲᠠ᠎ᠳᠤ ᠬᠦᠴᠦᠨ ᠨᠡᠮᠡᠷᠢᠯᠡᠵᠦ᠂ ᠰᠢᠨ᠎ᠡ ᠎ᠪᠡᠷ ᠬᠥᠭᠵᠢᠭᠰᠡᠨ ᠬᠦᠷᠢᠶᠡᠨ᠎ᠳᠡᠬᠢ ᠬᠡᠪᠯᠡᠯ᠎ᠦᠨ ᠡᠷᠬᠡ᠎ᠶᠢᠨ ᠬᠠᠮᠠᠭᠠᠯᠠᠯᠲᠠ᠎ᠶᠢᠨ ᠳᠦᠷᠢᠮ ᠎ᠢ ᠲᠡᠭᠦᠯᠳᠡᠷᠵᠢᠭᠦᠯᠵᠦ᠂ ᠪᠥᠬᠥ ᠨᠡᠢᠭᠡᠮ᠎ᠦᠨ ᠰᠢᠨ᠎ᠡ᠎ᠶᠢ ᠡᠭᠦᠳᠬᠦ ᠪᠠ ᠡᠭᠦᠳᠦᠨ ᠪᠦᠲᠦᠭᠡᠬᠦ ᠠᠮᠢᠵᠢᠷᠠᠯ᠎ᠤᠨ ᠬᠦᠴᠦᠨ᠎ᠢ ᠤᠯᠠᠮ ᠨᠢᠭᠡ ᠠᠯᠬᠤᠮ ᠬᠦᠭᠵᠢᠬᠡᠨ᠎ᠡ᠃ ᠲᠤᠰᠬᠠᠢ ᠠᠵᠢᠯᠯᠠᠭ᠎ᠠ ᠨᠢ ᠬᠡᠷᠡᠭ  ᠢ᠋ ᠪᠠᠢᠴᠠᠭᠠᠨ ᠰᠢᠢᠳᠪᠦᠷᠢᠯᠡᠬᠦ  ᠶ᠋ᠢ ᠳᠣᠪᠣᠶ᠋ᠢᠯᠭᠠᠵᠤ᠂ ᠥᠷᠭᠡᠨ ᠣᠯᠠᠨ ᠡᠷᠬᠡᠲᠦ ᠬᠥᠮᠥᠨ ᠪᠠ ᠰᠦᠯᠵᠢᠶᠡᠨ᠎ᠦ ᠢᠷᠭᠡᠳ᠎ᠦᠨ ᠢᠳᠡᠪᠬᠢᠲᠡᠢ᠎ᠪᠡᠷ ᠢᠯᠡᠴᠢᠯᠡᠨ ᠵᠠᠭᠠᠯᠳᠤᠵᠤ᠂ ᠡᠷᠬᠡ᠎ᠳᠦ ᠬᠠᠯᠳᠠᠵᠤ ᠬᠡᠪᠯᠡᠯ ᠬᠤᠯᠠᠭᠠᠢᠯᠠᠭᠰᠠᠨ ᠬᠡᠷᠡᠭ᠎ᠦᠨ ᠰᠦᠪᠡᠭᠴᠢ ᠬᠠᠩᠭᠠᠬᠤ ᠶ᠋ᠢ ᠬᠦᠰᠡᠵᠦ ᠪᠠᠢᠨ᠎ᠠ ᠭᠡᠵᠦ ᠢᠯᠡᠳᠭᠡᠪᠡ᠃

ᠰᠢᠨᠬᠤᠸᠠ ᠬᠣᠷᠢᠶ᠎ᠠ ᠵᠢᠨ ᠪᠡᠭᠡᠵᠢᠩ᠎ᠦᠨ 6 ᠰᠠᠷ᠎ᠠ᠎ᠶᠢᠨ 2 ᠎ᠤ᠋ᠨ ᠴᠠᠬᠢᠯᠭᠠᠨ ᠮᠡᠳᠡᠭᠡ





ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号