6 ᠰᠠᠷ᠎ᠠ ᠵᠢᠨ 4 ᠤ᠋ ᠦᠳᠡ ᠵᠢᠨ ᠡᠮᠤᠨ᠎ᠡ᠂ ᠦᠪᠦᠷ ᠮᠤᠩᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠤᠯᠤᠰ ᠵᠢᠡᠨ ᠬᠠᠢᠷᠠᠯᠠᠬᠤ ᠡᠷᠡᠭᠦᠯ ᠬᠠᠮᠠᠭᠠᠯᠠᠯ ᠤ᠋ᠨ ᠦᠢᠯᠡᠴᠢᠯᠡᠭᠡᠨ ᠤ᠋ ᠲᠦᠪ᠂ ᠦᠪᠦᠷ ᠮᠤᠩᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠡᠪᠡᠳᠴᠢᠨ ᠡᠮᠬᠡᠭ ᠢ᠋ ᠰᠡᠷᠭᠡᠢᠯᠡᠨ ᠡᠵᠡᠮᠳᠡᠬᠦ ᠲᠦᠪ ᠡᠴᠡ ᠭᠤᠤᠯᠯᠠᠨ ᠡᠷᠬᠢᠯᠡᠵᠤ᠂ ᠦᠪᠦᠷ ᠮᠤᠩᠭᠤᠯ ᠤ᠋ᠨ ᠬᠦᠨᠦᠭᠡᠯᠲᠤ ᠠᠮᠢᠳᠤ ᠪᠤᠳᠠᠰ ᠢ᠋ ᠰᠡᠷᠭᠡᠢᠯᠡᠨ ᠵᠠᠰᠠᠬᠤ ᠨᠡᠢᠬᠡᠮᠯᠢᠭ ᠡᠴᠡ ᠳᠠᠭᠠᠭᠠᠴᠢᠯᠠᠨ ᠡᠷᠬᠢᠯᠡᠭᠰᠡᠨ 2026 ᠤᠨ ᠤ᠋ 《ᠳᠡᠯᠡᠬᠡᠢ ᠵᠢᠨ ᠬᠦᠨᠦᠭᠡᠯᠲᠤ ᠬᠤᠷᠤᠬᠠᠢ ᠵᠢᠨ ᠡᠳᠦᠷ》 ᠤ᠋ᠨ ᠨᠡᠢᠲᠡ ᠵᠢᠨ ᠠᠰᠠᠷᠠᠮᠵᠢ ᠵᠢᠨ ᠤᠬᠠᠭᠤᠯᠭ᠎ᠠ ᠵᠢᠨ ᠠᠵᠢᠯᠯᠠᠭ᠎ᠠ ᠬᠦᠬᠡᠬᠤᠲᠠ ᠳ᠋ᠤ ᠶᠠᠪᠤᠭᠳᠠᠪᠠ᠃
ᠤᠬᠠᠭᠤᠯᠭ᠎ᠠ ᠵᠢᠨ ᠠᠵᠢᠯᠯᠠᠭ᠎ᠠ ᠨᠢ 6 ᠰᠠᠷ᠎ᠠ ᠵᠢᠨ 6 ᠤ᠋ ᠡᠳᠦᠷ ᠤ᠋ᠨ 《ᠳᠡᠯᠡᠬᠡᠢ ᠵᠢᠨ ᠬᠦᠨᠦᠭᠡᠯᠲᠤ ᠬᠤᠷᠤᠬᠠᠢ ᠵᠢᠨ ᠡᠳᠦᠷ》 ᠬᠦᠷᠴᠤ ᠢᠷᠡᠬᠦ ᠲᠠᠰᠢᠷᠠᠮ ᠢ᠋ ᠲᠤᠬᠢᠶᠠᠯᠳᠤᠭᠤᠯᠵᠤ᠂ 《ᠰᠢᠨᠵᠢᠯᠡᠬᠦ ᠤᠬᠠᠭᠠᠨᠴᠢ ᠪᠡᠷ ᠢᠯᠠᠭ᠎ᠠ ᠪᠠᠳᠠᠭᠠᠨ᠎ᠠ ᠵᠢ ᠠᠷᠢᠯᠭᠠᠵᠤ ᠡᠷᠡᠬᠦᠯ ᠮᠡᠨᠳᠤ ᠵᠢ ᠰᠠᠬᠢᠨ ᠬᠠᠮᠠᠭᠠᠯᠠᠶ᠎ᠠ》 ᠬᠡᠬᠦ ᠭᠤᠤᠯ ᠰᠡᠳᠤᠪ ᠤ᠋ᠨ ᠲᠤᠭᠤᠷᠢᠨ ᠳ᠋ᠤ ᠢᠯᠠᠭ᠎ᠠ ᠤᠰᠠᠳᠬᠠᠬᠤ ᠳ᠋ᠸᠩ᠂ ᠬᠤᠯᠤᠭᠠᠨ᠎ᠠ ᠤᠰᠠᠳᠬᠠᠬᠤ ᠪᠠᠭᠠᠵᠢ ᠵᠡᠷᠭᠡ ᠲᠤᠨᠤᠭ ᠲᠦᠬᠦᠭᠡᠷᠦᠮᠵᠢ ᠶ᠋ᠢ ᠳᠡᠯᠭᠡᠨ ᠦᠵᠡᠭᠦᠯᠬᠦ᠂ ᠢᠯᠠᠭ᠎ᠠ᠂ ᠰᠢᠮᠠᠭᠤᠯ᠂ ᠬᠤᠯᠤᠭᠠᠨ᠎ᠠ᠂ ᠵᠤᠤᠮ᠎ᠠ ᠵᠡᠷᠭᠡ ᠡᠳᠦᠷ ᠲᠤᠲᠤᠮ ᠤ᠋ᠨ ᠠᠮᠢᠳᠤᠷᠠᠯ ᠳ᠋ᠤ ᠦᠷᠭᠦᠯᠵᠢ ᠲᠤᠬᠢᠶᠠᠯᠳᠤᠬᠤ ᠬᠦᠨᠦᠭᠡᠯᠲᠤ ᠬᠤᠷᠤᠬᠠᠢ ᠰᠢᠪᠡᠵᠢ ᠪᠠ ᠠᠮᠢᠳᠠᠨ ᠤ᠋ ᠵᠠᠭᠪᠤᠷ ᠢ᠋ ᠳᠡᠯᠭᠡᠨ ᠦᠵᠡᠭᠦᠯᠬᠦ᠂ 《ᠰᠢᠮᠠᠭᠤᠯ ᠢ᠋ ᠰᠡᠷᠭᠡᠢᠯᠡᠬᠦ ᠭᠠᠷ ᠠᠪᠤᠯᠭ᠎ᠠ》᠂ ᠬᠦᠨᠤᠭᠡᠯᠲᠤ ᠠᠮᠢᠳᠤ ᠪᠤᠳᠠᠰ ᠢ᠋ ᠰᠡᠷᠭᠡᠢᠯᠡᠨ ᠡᠵᠡᠮᠳᠡᠬᠦ ᠵᠡᠷᠭᠡ ᠰᠢᠨᠵᠢᠯᠡᠬᠦ ᠤᠬᠠᠭᠠᠨ ᠢ᠋ ᠲᠦᠭᠡᠮᠡᠯᠵᠢᠬᠦᠯᠬᠦ ᠤᠬᠠᠭᠤᠯᠭ᠎ᠠ ᠵᠢᠨ ᠬᠠᠭᠤᠳᠠᠰᠤ ᠲᠠᠷᠬᠠᠭᠠᠬᠤ᠂ ᠬᠦᠨᠦᠭᠡᠯᠲᠤ ᠬᠤᠷᠤᠬᠠᠢ ᠶ᠋ᠢ ᠤᠰᠠᠳᠬᠠᠬᠤ ᠡᠮ ᠲᠠᠷᠬᠠᠭᠠᠬᠤ ᠵᠢᠨ ᠬᠠᠮᠲᠤ ᠬᠡᠷᠬᠢᠨ ᠵᠦᠪ ᠵᠢᠡᠷ ᠬᠡᠷᠡᠭᠯᠡᠬᠦ ᠶ᠋ᠢ ᠬᠦᠲᠦᠯᠤᠨ ᠵᠢᠯᠤᠭᠤᠳᠬᠤ᠂ ᠲᠤᠰᠬᠠᠢ ᠮᠡᠷᠭᠡᠵᠢᠯᠲᠡᠨ ᠡᠴᠡ ᠠᠰᠠᠭᠤᠨ ᠯᠠᠪᠯᠠᠭ᠎ᠠ ᠬᠠᠩᠭᠠᠬᠤ᠂ ᠳᠤᠷᠠᠰᠬᠠᠯ ᠤ᠋ᠨ ᠪᠤᠳᠠᠰ ᠲᠠᠷᠬᠠᠭᠠᠬᠤ ᠵᠡᠷᠭᠡ ᠠᠭᠤᠯᠭ᠎ᠠ ᠪᠡᠷ ᠶᠠᠪᠤᠭᠳᠠᠵᠤ᠂ ᠬᠠᠷᠢᠶ᠎ᠠ ᠲᠤᠭᠤᠷᠢᠭ ᠤ᠋ᠨ ᠰᠠᠭᠤᠭᠠᠯᠢ ᠠᠷᠠᠳ᠂ ᠤᠷᠴᠢᠨ ᠲᠤᠭᠤᠷᠢᠨ ᠤ᠋ ᠠᠷᠢᠭᠤᠨ ᠴᠡᠪᠡᠷ ᠤ᠋ᠨ ᠠᠵᠢᠯᠲᠠᠳ ᠪᠠ ᠰᠠᠢᠨ ᠳᠤᠷᠠᠴᠤᠳ ᠠᠵᠢᠯᠯᠠᠭ᠎ᠠ ᠳ᠋ᠤ ᠢᠳᠡᠪᠬᠢᠯᠡᠨ ᠤᠷᠤᠯᠴᠠᠪᠠ᠃
ᠰᠢᠮᠠᠭᠤᠯ ᠡᠴᠡ ᠳ᠋ᠸᠩᠭᠦ᠋ ᠬᠠᠯᠠᠭᠤᠷᠠᠯᠭ᠎ᠠ ᠡᠭᠦᠰᠴᠤ᠂ ᠬᠤᠯᠤᠭᠠᠨ᠎ᠠ ᠡᠴᠡ ᠬᠤᠯᠤᠭᠠᠨ᠎ᠠ ᠬᠢᠵᠢᠭ ᠡᠭᠦᠰᠤᠨ᠂ ᠢᠯᠠᠭ᠎ᠠ ᠵᠤᠤᠮ᠎ᠠ ᠢᠳᠡᠭᠡᠨ ᠤᠮᠳᠠᠭᠠᠠ ᠢ᠋ ᠪᠤᠬᠢᠷᠳᠤᠭᠤᠯᠳᠠᠭ᠃ 《ᠡᠳᠦᠷ ᠳᠤᠲᠤᠮ ᠤ᠋ᠨ ᠠᠵᠢᠯ ᠠᠮᠢᠳᠤᠷᠠᠯ ᠳ᠋ᠤ ᠪᠠᠢᠩᠭᠤ ᠲᠤᠬᠢᠶᠠᠯᠳᠤᠬᠤ ᠬᠦᠨᠦᠭᠡᠯᠲᠤ ᠬᠤᠷᠤᠬᠠᠢ ᠰᠢᠪᠡᠵᠢ ᠪᠠ ᠠᠮᠢᠳᠠᠨ ᠨᠢ ᠬᠦᠮᠦᠰ ᠤ᠋ᠨ ᠡᠷᠡᠭᠦᠯ ᠮᠡᠨᠳᠤ ᠪᠠ ᠡᠳ᠋ ᠬᠦᠷᠦᠩᠭᠡ ᠳ᠋ᠤ ᠰᠦᠷᠳᠡᠭᠦᠯᠦᠯ ᠪᠤᠯᠳᠠᠭ ᠤᠴᠢᠷ ᠡᠴᠡ ᠪᠢᠳᠡ 〈ᠳᠡᠯᠡᠬᠡᠢ ᠵᠢᠨ ᠬᠦᠨᠦᠭᠡᠯᠲᠤ ᠬᠤᠷᠤᠬᠠᠢ ᠵᠢᠨ ᠡᠳᠦᠷ〉 ᠤ᠋ᠨ ᠠᠵᠢᠯᠯᠠᠭ᠎ᠠ ᠶ᠋ᠢ ᠵᠤᠬᠢᠶᠠᠨ ᠪᠠᠢᠭᠤᠯᠤᠭᠰᠠᠨ ᠨᠢ ᠵᠦᠪᠬᠡᠨ ᠬᠦᠨᠦᠭᠡᠯᠲᠤ ᠬᠤᠷᠤᠬᠠᠢ ᠶ᠋ᠢ ᠤᠰᠠᠳᠬᠠᠬᠤ ᠲᠡᠳᠤᠢ ᠪᠢᠰᠢ᠂ ᠬᠠᠷᠢᠨ ᠨᠡᠢᠭᠡᠮ ᠨᠡᠢᠲᠡ ᠳ᠋ᠤ ᠬᠦᠨᠦᠭᠡᠯᠲᠤ ᠬᠤᠷᠤᠬᠠᠢ ᠰᠢᠪᠡᠵᠢ ᠨᠢᠭᠡ ᠪᠦᠷᠢ ᠵᠢᠨ ᠤᠨᠴᠠᠯᠢᠭ ᠢ᠋ ᠤᠢᠯᠠᠭᠠᠭᠤᠯᠬᠤ ᠪᠡᠷ ᠳᠠᠮᠵᠢᠨ ᠤᠷᠢᠳᠴᠢᠯᠡᠨ ᠰᠡᠷᠭᠡᠢᠯᠡᠬᠦ ᠮᠡᠳᠡᠯᠭᠡ ᠮᠡᠳᠡᠴᠡ ᠶ᠋ᠢ ᠲᠦᠭᠡᠮᠡᠯᠵᠢᠬᠦᠯᠵᠤ᠂ ᠨᠡᠢᠭᠡᠮ ᠨᠡᠢᠲᠡ ᠪᠡᠷ ᠵᠢᠡᠨ ᠬᠦᠨᠦᠬᠡᠯᠳᠤ ᠬᠤᠷᠤᠬᠠᠢ ᠰᠢᠪᠡᠵᠢ ᠵᠢ ᠤᠷᠢᠳᠴᠢᠯᠡᠨ ᠰᠡᠷᠭᠡᠢᠯᠡᠬᠦ ᠰᠠᠢᠨ ᠰᠠᠢᠬᠠᠨ ᠠᠭᠤᠷ ᠠᠮᠢᠰᠭᠤᠯ ᠢ᠋ ᠪᠤᠢ ᠪᠤᠯᠭᠠᠬᠤ ᠶ᠋ᠢ ᠵᠤᠷᠢᠪᠠ》 ᠬᠡᠵᠤ ᠦᠪᠦᠷ ᠮᠤᠩᠭᠤᠯ ᠤ᠋ᠨ ᠬᠦᠨᠦᠭᠡᠯᠲᠤ ᠠᠮᠢᠳᠤ ᠪᠤᠳᠠᠰ ᠢ᠋ ᠰᠡᠷᠭᠡᠢᠯᠡᠨ ᠵᠠᠰᠠᠬᠤ ᠨᠡᠢᠬᠡᠮᠯᠢᠭ ᠤ᠋ᠨ ᠨᠡᠷ᠎ᠠ ᠬᠦᠨᠳᠤᠳᠤ ᠲᠤᠰᠬᠠᠢ ᠮᠡᠷᠬᠡᠵᠢᠯᠳᠡᠨ ᠸᠠᠩ ᠪᠤᠤ ᠯᠢᠨ ᠰᠤᠷᠪᠤᠯᠵᠢᠯᠠᠭᠴᠢ ᠳ᠋ᠤ ᠲᠠᠨᠢᠯᠴᠠᠭᠤᠯᠤᠨ᠎ᠠ᠃