ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠪᠠ ᠠᠵᠤ ᠦᠢᠯᠡᠰ᠎ᠦᠨ ᠰᠢᠨ᠎ᠡ᠎ᠶᠢ ᠡᠭᠦᠳᠬᠦ ᠭᠦᠨᠵᠡᠭᠡᠢ ᠠᠭᠤᠰᠤᠯᠴᠠᠯ᠎ᠢ ᠯᠠᠪᠳᠠᠭᠤᠨ ᠪᠠᠲᠤᠲᠠᠢ ᠠᠬᠢᠭᠤᠯᠤᠶ᠎ᠠ
2026-06-05 10:28:12
ᠵᠣᠬᠢᠶᠠᠭ᠍ᠴᠢ᠄
ᠹᠠᠨ ᠰᠢᠶᠣᠣ ᠶᠦᠨ
ᠣᠩᠱᠢᠭ᠍ᠰᠠᠨ ᠣᠳᠠᠭ᠎ᠠ᠄
★★★☆☆

ᠶᠡᠷᠦᠩᠬᠡᠢ ᠱᠦᠵᠢ ᠰᠢ ᠵᠢᠨ ᠫᠢᠩ ᠄ 《ᠣᠳᠣᠬᠢᠴᠢᠯᠠᠭᠰᠠᠨ ᠠᠵᠤ ᠦᠢᠯᠡᠰ᠎ᠦᠨ ᠰᠢᠰᠲᠧᠮ᠎ᠢ ᠪᠠᠢᠭᠤᠯᠵᠤ᠂ ᠠᠵᠤ ᠦᠢᠯᠡᠰ᠎ᠦᠨ ᠰᠢᠰᠲᠧᠮ ᠎ᠦᠨ ᠪᠦᠬᠦᠯᠢ ᠴᠣᠭᠴᠠ ᠵᠢᠨ  ᠦᠰᠦᠷᠦᠯᠲᠡ᠎ᠶᠢ ᠪᠡᠶᠡᠯᠡᠭᠦᠯᠬᠦ ᠪᠣᠯ ᠠᠷᠪᠠᠨ ᠲᠠᠪᠤᠳᠤᠭᠠᠷ ᠲᠠᠪᠤᠨ ᠵᠢᠯ ᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠠᠬᠢ ᠴᠢᠬᠤᠯᠠ ᠪᠠᠢᠯᠳᠤᠬᠤ ᠪᠣᠳᠣᠯᠭ᠎ᠠ᠎ᠶᠢᠨ ᠡᠭᠦᠷᠭᠡ ᠮᠥᠨ》 ᠭᠡᠵᠦ ᠵᠢᠭᠠᠵᠤ ᠭᠠᠷᠭᠠᠪᠠ᠃ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠪᠣᠯ ᠨᠢᠭᠡᠳᠦᠭᠡᠷ ᠦᠢᠯᠡᠳᠪᠦᠷᠢᠯᠡᠯ ᠎ᠦᠨ ᠬᠦᠴᠦᠨ ᠮᠥᠨ᠂ ᠠᠵᠤ ᠦᠢᠯᠡᠰ ᠪᠣᠯ ᠤᠯᠤᠰ ᠠᠷᠠᠳ᠎ᠤᠨ ᠠᠵᠤ ᠠᠬᠤᠢ᠎ᠶᠢᠨ ᠰᠠᠭᠤᠷᠢ ᠮᠥᠨ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ  ᠵᠢ ᠡᠭᠦᠳᠬᠦ ᠪᠠ ᠠᠵᠤ ᠦᠢᠯᠡᠰ᠎ᠦᠨ ᠰᠢᠨ᠎ᠡ ᠵᠢ ᠡᠭᠦᠳᠬᠦ᠎ᠶᠢ ᠭᠦᠨᠵᠡᠭᠡᠢ ᠠᠭᠤᠰᠤᠯᠴᠠᠭᠤᠯᠬᠤ ᠪᠣᠯ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠪᠣᠢᠵᠢᠭᠤᠯᠬᠤ᠂ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠶᠢ ᠪᠡᠶᠡᠯᠡᠭᠦᠯᠬᠦ ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠠᠬᠢᠭᠤᠯᠬᠤ ᠴᠢᠬᠤᠯᠠ ᠠᠷᠭ᠎ᠠ ᠵᠠᠮ ᠪᠣᠯᠣᠨ᠎ᠠ ᠃ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠦᠭᠦᠳᠡ ᠬᠤᠷᠠᠯ᠎ᠠᠴᠠ ᠬᠢᠨᠠᠨ ᠪᠠᠲᠤᠯᠠᠭᠰᠠᠨ《ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭᠵᠢᠯᠲᠡ᠎ᠶᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠦᠪᠵᠢᠭᠦᠯᠭᠡ᠎ᠶᠢ ᠲᠣᠭᠲᠠᠭᠠᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠰᠠᠨᠠᠭᠤᠯᠭ᠎ᠠ》 ᠎ᠳᠦ᠂ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ 《ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠪᠠ ᠠᠵᠤ ᠦᠢᠯᠡᠰ᠎ᠦᠨ ᠰᠢᠨ᠎ᠡ᠎ᠶᠢ ᠡᠭᠦᠳᠬᠦ ᠭᠦᠨᠵᠡᠭᠡᠢ ᠠᠭᠤᠰᠤᠯᠴᠠᠯ᠎ᠢ ᠠᠬᠢᠭᠤᠯᠤᠨ᠎ᠠ》 ᠭᠡᠵᠦ ᠲᠣᠳᠣᠷᠬᠠᠢ ᠳᠤᠷᠠᠳᠴᠠᠢ᠃ ᠡᠨᠡ ᠨᠢ ᠮᠠᠨ᠎ᠤ ᠤᠯᠤᠰ᠎ᠤᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ ᠰᠢᠨ᠎ᠡ ᠡᠭᠡᠯᠵᠢ᠎ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠎ᠦᠨ ᠬᠤᠪᠢᠰᠬᠠᠯ ᠪᠠ ᠠᠵᠤ ᠦᠢᠯᠡᠰ᠎ᠦᠨ ᠬᠤᠪᠢᠰᠤᠯᠲᠠ᠎ᠶᠢ ᠬᠥᠲᠥᠯᠥᠨ ᠳᠠᠭᠠᠭᠤᠯᠬᠤ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠬᠦ ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠪᠠ ᠠᠵᠤ ᠦᠢᠯᠡᠰ᠎ᠦᠨ ᠰᠢᠨ᠎ᠡ᠎ᠶᠢ ᠡᠭᠦᠳᠬᠦ ᠭᠦᠨᠵᠡᠭᠡᠢ ᠠᠭᠤᠰᠤᠯᠴᠠᠯ᠎ᠢ ᠠᠬᠢᠭᠤᠯᠬᠤ᠎ᠳᠤ ᠵᠢᠯᠣᠭᠣᠳᠤᠮᠵᠢ ᠪᠠ ᠴᠢᠭᠯᠡᠯ᠎ᠢ ᠬᠠᠩᠭᠠᠵᠠᠢ᠃

ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠎ᠦᠨ ᠰᠢᠨ᠎ᠡ  ᠵᠢ ᠡᠭᠦᠳᠬᠦ ᠪᠠ ᠠᠵᠤ ᠦᠢᠯᠡᠰ ᠎ᠦᠨ ᠰᠢᠨ᠎ᠡ ᠵᠢ ᠡᠭᠦᠳᠬᠦ  ᠭᠦᠨᠵᠡᠭᠡᠢ ᠠᠭᠤᠰᠤᠯᠴᠠᠯ᠎ᠤᠨ ᠴᠠᠭ ᠦᠶ᠎ᠡ᠎ᠶᠢᠨ ᠠᠭᠤᠯᠤᠭᠳᠠᠬᠤᠨ

《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠦᠪᠵᠢᠭᠦᠯᠭᠡ᠎ᠳᠦ ᠬᠠᠨᠳᠤᠵᠤ᠂  ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠬᠢᠭᠡᠳ ᠠᠵᠤ ᠦᠢᠯᠡᠰ᠎ᠦᠨ ᠰᠢᠨ᠎ᠡ᠎ᠶᠢ ᠡᠭᠦᠳᠬᠦ᠎ᠶᠢᠨ ᠭᠦᠨᠵᠡᠭᠡᠢ ᠠᠭᠤᠰᠤᠯᠴᠠᠯ᠎ᠢ ᠠᠬᠢᠭᠤᠯᠬᠤ ᠨᠢ ᠢᠯᠡ ᠲᠣᠳᠣ᠌ ᠴᠠᠭ ᠦᠶ᠎ᠡ᠎ᠶᠢᠨ ᠠᠬᠤᠢ ᠪᠠᠢᠳᠠᠯ᠎ᠲᠠᠢ ᠶᠤᠮ᠃ ᠨᠠᠷᠢᠨ ᠪᠤᠳᠤᠯᠢᠶᠠᠨᠲᠠᠢ ᠪᠥᠭᠡᠳ ᠬᠤᠪᠢᠷᠠᠯᠲᠠ ᠶᠡᠬᠡᠲᠡᠢ ᠤᠯᠠᠨ ᠤᠯᠤᠰ᠎ᠤᠨ ᠪᠠᠢᠳᠠᠯ ᠪᠣᠯᠣᠨ ᠣᠳᠣᠬᠠᠨ᠎ᠤ ᠮᠠᠨ᠎ᠤ ᠤᠯᠤᠰ᠎ᠤᠨ ᠠᠵᠤ ᠠᠬᠤᠢ᠎ᠶᠢᠨ ᠬᠥᠭᠵᠢᠯᠲᠡ᠎ᠶᠢᠨ ᠱᠠᠲᠤ ᠦᠶᠡᠴᠢ ᠴᠢᠨᠠᠷᠲᠠᠢ ᠣᠨᠴᠠᠯᠢᠭ᠋ ᠨᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠪᠠ ᠠᠵᠤ ᠦᠢᠯᠡᠰ᠎ᠦᠨ ᠰᠢᠨ᠎ᠡ᠎ᠶᠢ ᠡᠭᠦᠳᠬᠦ᠎ᠶᠢᠨ ᠭᠦᠨᠵᠡᠭᠡᠢ ᠠᠭᠤᠰᠤᠯᠴᠠᠯ᠎ᠤᠨ ᠴᠢᠬᠤᠯᠠ ᠴᠢᠨᠠᠷ ᠪᠣᠯᠣᠨ ᠲᠤᠯᠭᠠᠮ᠎ᠴᠢᠨᠠᠷ᠎ᠢ ᠬᠠᠮᠲᠤ᠎ᠪᠠᠷ ᠲᠣᠭᠲᠠᠭᠠᠵᠠᠢ᠃

ᠤᠯᠠᠨ ᠤᠯᠤᠰ᠎ᠤᠨ ᠣᠷᠴᠢᠨ ᠨᠥᠬᠥᠴᠡᠯ᠎ᠡᠴᠡ ᠦᠵᠡᠪᠡᠯ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ  ᠵᠢ ᠡᠭᠦᠳᠬᠦ ᠪᠠ ᠠᠵᠤ ᠦᠢᠯᠡᠰ᠎ᠦᠨ ᠰᠢᠨ᠎ᠡ ᠵᠢ ᠡᠭᠦᠳᠬᠦ ᠨᠢ ᠨᠢᠭᠡᠨᠲᠡ ᠲᠣᠮᠣ᠌ ᠤᠯᠤᠰ᠎ᠤᠨ ᠦᠷᠢᠰᠦᠯᠳᠦᠭᠡᠨ᠎ᠤ ᠲᠥᠪᠯᠡᠷᠡᠯ᠎ᠦᠨ ᠴᠡᠭ ᠪᠣᠯᠤᠭᠰᠠᠨ ᠪᠠᠢᠨ᠎ᠠ᠃ ᠳᠡᠯᠡᠬᠡᠢ᠎ᠶᠢᠨ ᠵᠠᠭᠤᠨ ᠵᠢᠯ᠎ᠳᠦ ᠲᠣᠬᠢᠶᠠᠯᠳᠤᠭ᠎ᠠ ᠦᠭᠡᠢ ᠶᠡᠬᠡ ᠬᠤᠪᠢᠰᠤᠯᠲᠠ ᠲᠦᠷᠭᠡᠳᠴᠦ᠂ ᠪᠦᠬᠦ ᠪᠥᠮᠪᠥᠷᠴᠡᠭ᠎ᠦᠨ ᠠᠵᠤ ᠦᠢᠯᠡᠰ᠎ᠦᠨ ᠬᠡᠯᠬᠢᠶ᠎ᠡ ᠬᠠᠩᠭᠠᠯᠭ᠎ᠠ᠎ᠶᠢᠨ ᠬᠡᠯᠬᠢᠶ᠎ᠡ ᠠᠵᠤ ᠠᠬᠤᠢ᠎ᠶᠢᠨ ᠪᠤᠰᠤ ᠬᠦᠴᠦᠨ ᠵᠦᠢᠯ᠎ᠦᠨ ᠬᠠᠷᠰᠢᠯᠠᠯ ᠳᠣᠣᠷ᠎ᠠ ᠲᠠᠬᠢᠨ ᠴᠣᠭᠴᠠᠯᠠᠭᠳᠠᠵᠤ᠂ ᠮᠠᠨ᠎ᠤ ᠤᠯᠤᠰ᠎ᠤᠨ ᠬᠥᠭᠵᠢᠯᠲᠡ᠎ᠳᠦ ᠪᠠᠢᠯᠳᠤᠬᠤ ᠪᠣᠳᠣᠯᠭ᠎ᠠ᠎ᠶᠢᠨ ᠠᠵᠠ ᠲᠣᠬᠢᠶᠠᠯ ᠪᠣᠯᠣᠨ ᠠᠶᠤᠯ ᠲᠦᠭᠰᠢᠭᠦᠷᠢ ᠥᠷᠢᠰᠦᠯᠳᠦᠭᠡᠨ ᠵᠡᠷᠭᠡ ᠪᠡᠷ ᠲᠤᠯᠭᠠᠷᠠᠵᠤ ᠪᠠᠢᠨ᠎ᠠ᠃ ᠵᠠᠩᠭᠢᠯᠠᠭ᠎ᠠ᠎ᠶᠢᠨ ᠮᠡᠷᠭᠡᠵᠢᠯ᠎ᠦᠨ ᠰᠢᠪᠲᠤᠯᠤᠯᠲᠠ᠂ ᠭᠣᠣᠯᠯᠠᠬᠤ ᠠᠵᠤ ᠦᠢᠯᠡᠰ᠎ᠦᠨ ᠬᠡᠯᠬᠢᠶ᠎ᠡ᠎ᠶᠢᠨ ᠡᠵᠡᠮᠳᠡᠬᠦ ᠡᠷᠬᠡ ᠪᠣᠯᠣᠨ ᠳᠡᠭᠡᠳᠦ ᠲᠠᠰ᠎ᠤᠨ ᠥᠷᠲᠡᠭ᠎ᠦᠨ ᠬᠡᠯᠬᠢᠶ᠎ᠡ᠎ᠶᠢᠨ ᠤᠷᠤᠨ ᠪᠠᠢᠷᠢ ᠵᠢ ᠡᠵᠡᠯᠡᠬᠦ ᠥᠷᠢᠰᠦᠯᠳᠦᠭᠡᠨ ᠲᠠᠰᠤᠷᠠᠯᠲᠠ ᠦᠭᠡᠢ ᠲᠠᠰ ᠳᠠᠪᠰᠢᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠨᠢ ᠦᠢᠯᠡᠳᠪᠦᠷᠢᠯᠡᠯ᠎ᠦᠨ ᠬᠦᠴᠦᠨ᠎ᠦ ᠬᠥᠭᠵᠢᠯᠲᠡ᠎ᠶᠢᠨ ᠵᠠᠩᠭᠢᠯᠠᠭ᠎ᠠ ᠪᠣᠯᠬᠤ᠎ᠪᠠᠷ ᠪᠠᠷᠠᠬᠤ ᠦᠭᠡᠢ᠂ ᠤᠯᠤᠰ᠎ᠤᠨ ᠠᠮᠤᠷ ᠲᠦᠪᠰᠢᠨ ᠪᠣᠯᠣᠨ ᠪᠠᠢᠯᠳᠤᠬᠤ ᠪᠣᠳᠣᠯᠭ᠎ᠠ᠎ᠶᠢᠨ ᠰᠢᠢᠳᠪᠦᠷᠢᠲᠦ ᠪᠣᠳᠣᠯᠭ᠎ᠠ ᠎ᠳᠤ ᠨᠠᠩ ᠭᠦᠨᠵᠡᠭᠡᠢ ᠬᠤᠯᠪᠤᠭᠳᠠᠵᠦ ᠪᠤᠢ᠃ ᠡᠭᠡᠳᠡᠷᠡᠭᠡᠨ ᠪᠤᠳᠤᠯᠢᠶᠠᠨᠲᠠᠢ ᠣᠷᠴᠢᠨ ᠨᠥᠬᠥᠴᠡᠯ ᠎ᠳᠦ ᠤᠯᠤᠰ᠎ᠤᠨ ᠦᠷᠭᠦᠯᠵᠢᠯᠡᠬᠦ ᠥᠷᠢᠰᠦᠯᠳᠦᠭᠡᠨ ᠎ᠦ ᠳᠠᠪᠠᠭᠤᠯᠢᠭ᠋᠎ᠢ ᠪᠦᠷᠢᠯᠳᠦᠭᠦᠯᠬᠦ᠎ᠳᠦ ᠵᠥᠪᠬᠡᠨ ᠮᠡᠷᠭᠡᠵᠢᠯ᠎ᠦᠨ ᠰᠢᠪᠲᠤᠯᠤᠯᠲᠠ ᠪᠤᠶᠤ ᠠᠵᠤ ᠦᠢᠯᠡᠰ᠎ᠦᠨ ᠥᠷᠭᠡᠳᠬᠡᠯ᠎ᠳᠦ ᠲᠦᠰᠢᠭᠯᠡᠵᠦ ᠪᠣᠯᠬᠤ ᠦᠭᠡᠢ᠂ ᠬᠠᠷᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ ᠡᠭᠦᠳᠦᠯᠲᠡ ᠪᠣᠯᠣᠨ ᠠᠵᠤ ᠦᠢᠯᠡᠰ᠎ᠦᠨ ᠰᠢᠨ᠎ᠡ ᠡᠭᠦᠳᠦᠯᠲᠡ᠎ᠶᠢᠨ ᠭᠦᠨᠵᠡᠭᠡᠢ ᠠᠭᠤᠰᠤᠯᠴᠠᠯ᠎ᠢᠶᠠᠷ ᠳᠠᠮᠵᠢᠭᠤᠯᠵᠤ᠂ ᠮᠡᠷᠭᠡᠵᠢᠯ᠎ᠦᠨ ᠲᠠᠪᠰᠢᠯᠳᠠ᠎ᠶᠢ ᠠᠵᠤ ᠦᠢᠯᠡᠰ᠎ᠦᠨ ᠰᠢᠰᠲᠧᠮ᠎ᠦᠨ ᠪᠦᠬᠦ ᠶᠠᠪᠤᠴᠠ᠎ᠳᠤ ᠪᠦᠲᠦᠮᠵᠢᠲᠡᠢ ᠠᠭᠤᠰᠤᠯᠴᠠᠭᠤᠯᠵᠦ᠂ ᠮᠡᠷᠭᠡᠵᠢᠯ᠂ ᠠᠵᠤ ᠦᠢᠯᠡᠰ ᠪᠣᠯᠣᠨ ᠳᠦᠷᠢᠮ᠎ᠦᠨ ᠬᠠᠮᠵᠢᠯᠴᠠᠨ ᠬᠦᠴᠦᠯᠡᠬᠦ ᠳᠣᠲᠣᠭᠠᠳᠤ ᠲᠣᠭᠲᠠᠴᠠ᠎ᠶᠢ ᠪᠠᠶ᠋ᠢᠭᠤᠯᠬᠤ ᠬᠡᠷᠡᠭᠲᠡᠢ᠃ᠡᠨᠡ ᠪᠣᠯ ᠪᠦᠬᠦ ᠪᠥᠮᠪᠥᠷᠴᠡᠭ᠎ᠦᠨ ᠠᠵᠤ ᠦᠢᠯᠡᠰ᠎ᠦᠨ ᠲᠠᠬᠢᠨ ᠴᠤᠬᠴᠠᠯᠠᠯᠳᠠ ᠪᠠ ᠭᠠᠵᠠᠷ ᠣᠷᠣᠨ᠎ᠤ ᠠᠵᠤ ᠠᠬᠤᠢ᠎ᠶᠢᠨ ᠡᠰᠡᠷᠭᠦᠴᠡᠯᠳᠦᠯ ᠰᠢᠷᠦᠭᠦᠰᠴᠦ ᠪᠠᠢᠭ᠎ᠠ ᠠᠬᠤᠢ ᠪᠠᠢᠳᠠᠯ ᠳᠣᠣᠷ᠎ᠠ  ᠬᠥᠭᠵᠢᠯᠲᠡ᠎ᠶᠢᠨ ᠤᠶᠠᠨ ᠬᠠᠳᠠᠨ ᠴᠢᠨᠠᠷ᠎ᠢ ᠴᠢᠩᠭᠠᠳᠬᠠᠵᠤ᠂ ᠭᠣᠣᠯᠯᠠᠬᠤ ᠥᠷᠢᠰᠦᠯᠳᠦᠬᠦ ᠬᠦᠴᠦᠨ᠎ᠢ ᠳᠡᠭᠡᠭᠰᠢᠯᠡᠭᠦᠯᠵᠦ᠂ ᠬᠥᠭᠵᠢᠯᠲᠡ᠎ᠶᠢᠨ ᠰᠠᠨᠠᠭᠠᠴᠢᠯᠠᠭᠠᠲᠤ ᠡᠷᠬᠡ᠎ᠶᠢ ᠪᠠᠲᠤ ᠡᠵᠡᠮᠳᠡᠬᠦ᠎ᠶᠢᠨ ᠵᠠᠢᠯᠠᠰᠢ ᠦᠭᠡᠢ ᠱᠠᠭᠠᠷᠳᠠᠯᠭ᠎ᠠ ᠪᠣᠯᠣᠨ᠎ᠠ᠃

ᠤᠯᠤᠰ᠎ᠤᠨ ᠳᠣᠲᠣᠭᠠᠳᠤ᠎ᠶᠢᠨ ᠬᠥᠭᠵᠢᠯᠲᠡ᠎ᠶᠢᠨ ᠱᠠᠲᠤᠨ᠎ᠠᠴᠠ ᠦᠵᠡᠪᠡᠯ ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ  ᠵᠢ ᠡᠭᠦᠳᠬᠦ ᠪᠠ ᠠᠵᠤ ᠦᠢᠯᠡᠰ᠎ᠦᠨ ᠰᠢᠨ᠎ᠡ ᠵᠢ ᠡᠭᠦᠳᠬᠦ ᠭᠦᠨᠵᠡᠭᠡᠢ ᠠᠭᠤᠰᠤᠯᠴᠠᠯ ᠨᠢ ᠲᠡᠦᠬᠡ᠎ᠶᠢᠨ ᠵᠠᠢᠯᠠᠰᠢ ᠦᠭᠡᠢ ᠴᠢᠨᠠᠷ᠎ᠲᠠᠢ ᠶᠤᠮ᠃ 2025 ᠣᠨ᠎ᠳᠤ ᠮᠠᠨ᠎ᠤ ᠤᠯᠤᠰ᠎ᠤᠨGDP ᠵᠢᠨ ᠬᠡᠮᠵᠢᠶ᠎ᠡ 140 ᠲᠦᠮᠡᠨ ᠳ᠋ᠦᠩᠰᠢᠭᠤᠷ ᠲᠥᠭᠥᠷᠢᠭ᠎ᠦᠨ ᠰᠢᠨ᠎ᠡ ᠳᠡᠭᠲᠡᠷ᠎ᠲᠦ ᠭᠠᠷᠴᠤ᠂ ᠳᠡᠯᠡᠬᠡᠢ᠎ᠶᠢᠨ ᠠᠵᠤ ᠠᠬᠤᠢ᠎ᠶᠢᠨ ᠨᠡᠮᠡᠭᠳᠡᠯ᠎ᠳᠦ ᠦᠵᠡᠭᠦᠯᠬᠦ ᠬᠤᠪᠢ ᠨᠡᠮᠡᠷᠢ᠎ᠶᠢᠨ ᠨᠣᠷᠮ᠎ᠠ ᠵᠢᠱ᠌ᠢᠯᠲᠡ᠎ᠪᠡᠷ 30%᠎ᠳᠦ ᠬᠦᠷᠦᠭᠰᠡᠨ ᠪᠠᠢᠨ᠎ᠠ᠃ ᠡᠨᠡ ᠬᠦ᠌ ᠱᠠᠲᠤᠨ᠎ᠳᠤ ᠮᠠᠨ᠎ᠤ ᠤᠯᠤᠰ ᠨᠢᠭᠡᠨᠲᠡ ᠪᠦᠬᠦ ᠪᠥᠮᠪᠥᠷᠴᠡᠭ᠎ᠦᠨ ᠦᠷᠳᠡᠭ᠎ᠦᠨ ᠬᠡᠯᠬᠢᠶ᠎ᠡ ᠎ᠶᠢᠨ 《ᠣᠷᠣᠯᠴᠠᠭ᠍ᠴᠢ》 ᠪᠠᠢᠭᠰᠠᠨ᠎ᠠᠴᠠ᠎ᠪᠠᠨ ᠠᠯᠬᠤᠮ ᠠᠯᠬᠤᠮ᠎ᠢᠶᠠᠷ ᠵᠠᠩᠭᠢᠯᠠᠭ᠎ᠠ᠎ᠶᠢᠨ ᠭᠣᠭᠴᠣᠭ᠎ᠠ ᠪᠣᠯᠣᠨ ᠭᠣᠣᠯ ᠬᠦᠷᠢᠶ᠎ᠡ ᠴᠠᠷᠠᠭᠠᠨ᠎ᠦ 《ᠥᠷᠢᠰᠦᠯᠳᠦᠭᠴᠢ》 ᠴᠢᠨᠠᠭᠰᠢᠯᠠᠪᠠᠯ 《ᠴᠣᠭᠴᠠᠯᠠᠭ᠍ᠴᠢ》 ᠪᠣᠯᠣᠨ ᠬᠤᠪᠢᠷᠠᠵᠤ᠂ ᠪᠦᠬᠦ ᠪᠥᠮᠪᠥᠷᠴᠡᠭ᠎ᠦᠨ ᠠᠵᠤ ᠦᠢᠯᠡᠰ᠎ᠦᠨ ᠪᠠᠢᠷᠢᠰᠢᠯ᠎ᠳᠠᠬᠢ ᠦᠭᠡ ᠬᠡᠯᠡᠬᠦ ᠡᠷᠬᠡ ᠲᠠᠰᠤᠷᠠᠯᠳᠠ ᠦᠭᠡᠢ ᠳᠡᠭᠡᠭᠰᠢᠯᠡᠪᠡ᠃ ᠭᠡᠪᠡᠴᠦ  ᠶᠡᠷᠦᠩᠬᠡᠢ ᠳ᠋ᠦ᠍ᠨᠢ ᠠᠪᠴᠤ ᠦᠵᠡᠪᠡᠯ᠂ ᠮᠠᠨ᠎ᠤ ᠤᠯᠤᠰ᠎ᠤᠨ ᠠᠵᠤ ᠦᠢᠯᠡᠰ᠎ᠦᠨ ᠬᠡᠯᠬᠢᠶ᠎ᠡ᠎ᠶᠢᠨ《ᠲᠣᠮᠣ᠌ ᠪᠣᠯᠪᠠᠴᠤ ᠬᠦᠴᠦᠷᠬᠡᠭ ᠪᠢᠰᠢ᠂ ᠬᠡᠯᠬᠢᠶ᠎ᠡ ᠪᠦᠷᠢᠯᠳᠦᠭᠰᠡᠨ  ᠪᠣᠯᠪᠠᠴᠤ ᠲᠣᠭᠲᠠᠭᠤᠨ ᠪᠤᠰᠤ》 ᠪᠠᠢᠬᠤ ᠪᠦᠲᠦᠴᠡ᠎ᠶᠢᠨ ᠴᠢᠨᠠᠷᠲᠠᠢ ᠵᠥᠷᠢᠴᠡᠯ ᠮᠥᠨ ᠲᠣᠪᠣᠢᠮ᠎ᠠ ᠪᠠᠢᠵᠤ᠂ ᠵᠠᠩᠭᠢᠯᠠᠭ᠎ᠠ᠎ᠶᠢᠨ ᠭᠣᠣᠯᠯᠠᠭ᠍ᠴᠢ ᠮᠡᠷᠭᠡᠵᠢᠯ᠎ᠦᠨ ᠬᠦᠷᠢᠶ᠎ᠡ ᠴᠠᠷᠠᠭᠠᠨ᠎ᠦ 《ᠲᠡᠭᠰᠢ ᠬᠡᠮ᠎ᠤᠨ ᠪᠤᠰᠤ ᠲᠦᠰᠢᠭᠯᠡᠯᠴᠡᠨ ᠣᠷᠣᠰᠢᠬᠤ》 ᠠᠰᠠᠭᠤᠳᠠᠯ ᠬᠠᠷᠠᠬᠠᠨ ᠦᠨᠳᠦᠰᠦᠨ᠎ᠡᠴᠡ᠎ᠪᠡᠨ ᠬᠤᠪᠢᠷᠠᠭᠠᠳᠤᠢ ᠪᠠᠢᠵᠤ᠂ ᠠᠵᠤ ᠦᠢᠯᠡᠰ᠎ᠦᠨ ᠦᠷᠳᠡᠭ᠎ᠦᠨ ᠬᠡᠯᠬᠢᠶ᠎ᠡ᠎ᠶᠢᠨ ᠳᠤᠮᠳᠠ ᠳᠡᠭᠡᠳᠦ ᠲᠡᠰ ᠲᠡᠢᠰᠢ ᠳᠠᠪᠠᠬᠤ᠎ᠶᠢ ᠬᠢᠵᠠᠭᠠᠷᠯᠠᠵᠤ ᠪᠠᠢᠭ᠎ᠠ ᠮᠥᠨ ᠴᠢᠨᠠᠷ᠎ᠤᠨ ᠬᠠᠷᠰᠢᠯᠠᠯ ᠪᠣᠯᠤᠭᠰᠠᠨ ᠪᠠᠢᠨ᠎ᠠ᠃ ᠶᠠᠭ ᠡᠨᠡ ᠬᠦ᠌ ᠠᠬᠤᠢ ᠪᠠᠢᠳᠠᠯ ᠳᠣᠣᠷ᠎ᠠ᠂ ᠡᠷᠴᠢᠮ᠎ᠢᠶᠡᠨ ᠴᠢᠩᠭᠠᠷᠠᠭᠤᠯᠵᠤ ᠪᠠᠢᠭᠠᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠪᠠ ᠠᠵᠤ ᠦᠢᠯᠡᠰ᠎ᠦᠨ ᠰᠢᠨ᠎ᠡ᠎ᠶᠢ ᠡᠭᠦᠳᠬᠦ᠎ᠶᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠵᠠᠩᠭᠢᠯᠠᠭ᠎ᠠ᠎ᠶᠢᠨ ᠬᠦᠷᠢᠶᠡᠨ᠎ᠳᠦ ᠬᠦᠴᠦᠨ᠎ᠢᠶᠡᠨ ᠲᠥᠪᠯᠡᠷᠡᠭᠦᠯᠦᠨ ᠪᠣᠭᠣᠮᠲᠠ ᠰᠢᠪᠲᠤᠯᠬᠤ ᠪᠦᠬᠦ ᠤᠯᠤᠰ ᠎ᠤᠨ ᠵᠣᠬᠢᠶᠠᠨ ᠪᠠᠢᠭᠤᠯᠤᠯᠲᠠ᠎ᠶᠢᠨ ᠳᠠᠪᠠᠭᠤᠯᠢᠭ᠋᠎ᠲᠤ ᠲᠦᠰᠢᠭᠯᠡᠨ᠂ ᠮᠡᠷᠭᠡᠵᠢᠯ᠎ᠦᠨ ᠰᠢᠪᠲᠤᠯᠤᠯᠲᠠ᠎ᠶᠢ ᠠᠵᠤ ᠦᠢᠯᠡᠰ᠎ᠦᠨ ᠴᠢᠳᠠᠪᠤᠷᠢ ᠪᠣᠯᠭᠠᠨ ᠬᠤᠪᠢᠷᠠᠭᠤᠯᠬᠤ ᠵᠠᠩᠭᠢᠯᠠᠭ᠎ᠠ᠎ᠶᠢᠨ ᠵᠠᠮ᠎ᠢ ᠨᠠᠪᠲᠠᠷᠡᠭᠦᠯᠵᠦ᠂ ᠬᠥᠭᠵᠢᠯᠲᠡ᠎ᠶᠢᠨ ᠪᠣᠭᠣᠮᠢ᠎ᠶᠢ ᠲᠠᠢᠯᠬᠤ᠂ ᠴᠢᠨᠠᠷ ᠰᠠᠢᠲᠠᠢ ᠬᠥᠭᠵᠢᠯᠲᠡ᠎ᠶᠢ ᠪᠡᠶᠡᠯᠡᠭᠦᠯᠬᠦ  ᠨᠢ ᠵᠠᠢᠯᠠᠰᠢ ᠦᠭᠡᠢ ᠵᠠᠮ ᠪᠣᠯᠤᠭᠰᠠᠨ ᠪᠠᠢᠨ᠎ᠠ᠃

ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠪᠠ ᠠᠵᠤ ᠦᠢᠯᠡᠰ᠎ᠦᠨ ᠰᠢᠨ᠎ᠡ᠎ᠶᠢ ᠡᠭᠦᠳᠬᠦ᠎ᠶᠢ ᠭᠦᠨᠵᠡᠭᠡᠢ ᠠᠭᠤᠰᠤᠯᠴᠠᠭᠤᠯᠬᠤ ᠦᠢᠯᠡᠳᠦᠯᠭᠡ᠎ᠶᠢᠨ ᠠᠷᠭ᠎ᠠ ᠵᠠᠮ

ᠰᠢᠨ᠎ᠡ᠎ᠶᠢ ᠡᠭᠦᠳᠬᠦ᠎ᠶᠢ ᠪᠡᠶᠡᠯᠡᠭᠦᠯᠬᠦ ᠨᠢ ᠤᠯᠤᠰ᠎ᠤᠨ ᠰᠢᠨ᠎ᠡ᠎ᠶᠢ ᠡᠭᠦᠳᠬᠦ ᠰᠢᠰᠲᠧᠮ᠎ᠳᠦ ᠲᠦᠰᠢᠭᠯᠡᠨ᠎ᠡ᠂ ᠡᠨᠡ ᠨᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠪᠠ ᠠᠵᠤ ᠦᠢᠯᠡᠰ᠎ᠦᠨ ᠰᠢᠨ᠎ᠡ᠎ᠶᠢ ᠡᠭᠦᠳᠬᠦ᠎ᠶᠢᠨ ᠭᠦᠨᠵᠡᠭᠡᠢ ᠠᠭᠤᠰᠤᠯᠴᠠᠯ᠎ᠢ ᠠᠬᠢᠭᠤᠯᠬᠤ᠎ᠳᠤ ᠰᠢᠰᠲᠧᠮ᠎ᠦᠨ ᠦᠵᠡᠯᠲᠡ᠎ᠶᠢ ᠪᠠᠷᠢᠮᠲᠠᠯᠠᠬᠤ ᠬᠡᠷᠡᠭᠲᠡᠢ ᠭᠡᠳᠡᠭ᠎ᠢ ᠲᠣᠭᠲᠠᠭᠠᠵᠠᠢ᠃ ᠣᠳᠣᠬᠠᠨ᠎ᠳᠤ  ᠭᠣᠣᠯᠳᠠᠯᠭ᠎ᠠ᠎ᠪᠠᠨ ᠭᠤᠷᠪᠠᠨ ᠶᠡᠬᠡ ᠬᠦᠴᠦᠯᠡᠬᠦ ᠴᠡᠭ᠎ᠲᠦ ᠲᠠᠯᠪᠢᠬᠤ ᠬᠡᠷᠡᠭᠲᠡᠢ᠃

ᠨᠢᠭᠡ᠎ᠳᠦ᠂ ᠬᠡᠯᠬᠢᠶ᠎ᠡ᠎ᠶᠢᠨ ᠭᠣᠣᠯᠯᠠᠭᠴᠢ ᠠᠵᠤ ᠠᠬᠤᠢᠯᠠᠯ᠎ᠢᠶᠠᠷ ᠬᠦᠢᠰᠦ ᠪᠣᠯᠭᠠᠵᠤ ᠂ ᠰᠢᠨ᠎ᠡ᠎ᠶᠢ ᠡᠭᠦᠳᠬᠦ ᠡᠬᠢ ᠪᠠᠶᠠᠯᠢᠭ᠋᠎ᠢ ᠠᠵᠤ ᠠᠬᠤᠢᠯᠠᠯ ᠲᠡᠢᠰᠢ ᠲᠥᠪᠯᠡᠷᠡᠭᠦᠯᠬᠦ᠎ᠶᠢ ᠠᠬᠢᠭᠤᠯᠤᠨ᠎ᠠ᠃ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠪᠠ ᠠᠵᠤ ᠦᠢᠯᠡᠰ᠎ᠦᠨ ᠰᠢᠨ᠎ᠡ᠎ᠶᠢ ᠡᠭᠦᠳᠬᠦ᠎ᠶᠢᠨ ᠭᠦᠨᠵᠡᠭᠡᠢ ᠠᠭᠤᠰᠤᠯᠴᠠᠯ᠎ᠢ ᠪᠡᠶᠡᠯᠡᠭᠦᠯᠬᠦ᠎ᠳᠦ᠂ ᠰᠢᠨ᠎ᠡ᠎ᠶᠢ ᠡᠭᠦᠳᠬᠦ ᠡᠬᠢ ᠪᠠᠶᠠᠯᠢᠭ᠋᠎ᠢ ᠠᠵᠤ ᠠᠬᠤᠢᠯᠠᠯ ᠲᠡᠢᠰᠢ ᠲᠥᠪᠯᠡᠷᠡᠭᠦᠯᠬᠦ᠎ᠶᠢ ᠠᠬᠢᠭᠤᠯᠵᠤ᠂ ᠬᠡᠯᠬᠢᠶ᠎ᠡ᠎ᠶᠢᠨ ᠭᠤᠤᠯᠯᠠᠭᠴᠢ ᠠᠵᠤ ᠠᠬᠤᠢᠯᠠᠯ᠎ᠤᠨ ᠬᠥᠲᠥᠯᠥᠨ ᠳᠠᠭᠠᠭᠤᠯᠵᠤ ᠳᠠᠢᠴᠢᠯᠠᠬᠤ ᠦᠢᠯᠡᠳᠦᠯ᠎ᠢ ᠭᠦᠢᠴᠡᠳ ᠪᠠᠳᠠᠷᠠᠭᠤᠯᠬᠤ ᠬᠡᠷᠡᠭᠲᠡᠢ᠃ ᠬᠡᠯᠬᠢᠶ᠎ᠡ᠎ᠶᠢᠨ ᠭᠤᠤᠯᠯᠠᠭᠴᠢ ᠠᠵᠤ ᠠᠬᠤᠢᠯᠠᠯ ᠨᠢ ᠶᠡᠷᠦ᠎ᠳᠡᠭᠡᠨ ᠨᠠᠩ ᠰᠠᠢᠨ ᠡᠬᠢ ᠪᠠᠶᠠᠯᠢᠭ᠋᠎ᠢ ᠲᠣᠬᠢᠷᠠᠭᠤᠯᠬᠤ ᠴᠢᠳᠠᠪᠤᠷᠢ ᠪᠠ ᠬᠠᠮᠵᠢᠯᠴᠠᠨ ᠵᠣᠬᠢᠶᠠᠨ ᠪᠠᠶ᠋ᠢᠭᠤᠯᠬᠤ ᠴᠢᠳᠠᠪᠤᠷᠢ᠎ᠲᠠᠢ ᠪᠠᠢᠵᠤ᠂ ᠠᠵᠤ ᠦᠢᠯᠡᠰ᠎ᠦᠨ ᠬᠡᠯᠬᠢᠶ᠎ᠡ᠎ᠶᠢᠨ ᠲᠠᠰ ᠳᠡᠪᠰᠢᠬᠦ᠎ᠶᠢ ᠠᠬᠢᠭᠤᠯᠬᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠪᠡ ᠠᠵᠤ ᠦᠢᠯᠡᠰ᠎ᠢ ᠠᠭᠤᠰᠤᠯᠴᠠᠭᠤᠯᠬᠤ ᠬᠤᠮᠠᠬᠢ ᠲᠣᠭᠲᠠᠴᠠ᠎ᠶᠢ ᠬᠥᠭᠵᠢᠭᠡᠬᠦ ᠴᠢᠬᠤᠯᠠ ᠠᠴᠢᠶᠠᠯᠠᠪᠤᠷᠢ ᠪᠣᠯᠬᠤ ᠶᠤᠮ᠃ ᠠᠵᠤ ᠦᠢᠯᠡᠰ᠎ᠦᠨ ᠰᠢᠨ᠎ᠡ᠎ᠶᠢ ᠡᠭᠦᠳᠬᠦ ᠠᠮᠢ ᠠᠬᠤᠢ᠎ᠶᠢᠨ ᠰᠢᠰᠲᠧᠮ᠎ᠦᠨ ᠬᠠᠷᠠᠭᠠᠰᠤ ᠡᠴᠡ ᠦᠵᠡᠪᠡᠯ᠂ ᠬᠡᠯᠬᠢᠶ᠎ᠡ᠎ᠶᠢᠨ ᠭᠤᠤᠯᠯᠠᠭᠴᠢ ᠠᠵᠤ ᠠᠬᠤᠢᠯᠠᠯ ᠶᠡᠷᠦ ᠨᠢ 《ᠪᠦᠲᠦᠴᠡ ᠬᠢᠭᠡᠳ ᠵᠢᠭ᠍ᠰᠠᠭᠠᠬᠤ》 ᠴᠢᠳᠠᠮᠵᠢ᠎ᠶᠢ ᠡᠭᠦᠷᠭᠡᠯᠡᠵᠦ᠂ ᠳᠦᠷᠢᠮ᠎ᠢ ᠲᠥᠯᠥᠪᠯᠡᠬᠦ᠂ ᠪᠠᠷᠢᠮᠵᠢᠶ᠎ᠠ᠎ᠶᠢ ᠲᠣᠭᠲᠠᠭᠠᠬᠤ ᠪᠠ ᠲᠠᠪᠴᠠᠩᠵᠢᠭᠤᠯᠤᠨ ᠬᠠᠮᠵᠢᠯᠴᠠᠬᠤ ᠵᠡᠷᠭᠡ ᠠᠷᠭ᠎ᠠ ᠬᠡᠯᠪᠡᠷᠢ᠎ᠪᠡᠷ ᠠᠮᠢ ᠠᠬᠤᠢ᠎ᠶᠢᠨ ᠳᠣᠲᠣᠭᠠᠳᠤ ᠎ᠳᠡᠬᠢ ᠡᠯ᠎ᠡ ᠲᠦᠷᠦᠯ᠎ᠦᠨ ᠭᠣᠣᠯ ᠴᠣᠭᠴᠠ᠎ᠶᠢᠨ ᠠᠵᠢᠯᠯᠠᠭ᠎ᠠ᠎ᠶᠢᠨ ᠵᠠᠭᠠᠭ ᠱᠤᠭᠤᠮ ᠬᠢᠭᠡᠳ ᠬᠠᠮᠵᠢᠯᠴᠠᠬᠤ ᠵᠠᠭᠪᠤᠷ᠎ᠢ ᠪᠤᠢ ᠪᠣᠯᠭᠠᠳᠠᠭ᠃ ᠬᠡᠯᠬᠢᠶ᠎ᠡ᠎ᠶᠢᠨ ᠭᠤᠤᠯᠯᠠᠭᠴᠢ ᠠᠵᠤ ᠠᠬᠤᠢᠯᠠᠯ ᠮᠡᠷᠭᠡᠵᠢᠯ᠎ᠦᠨ ᠪᠠᠷᠢᠮᠵᠢᠶ᠎ᠠ᠎ᠪᠠᠨ ᠳᠡᠭᠡᠭᠰᠢᠯᠡᠭᠦᠯᠬᠦ ᠪᠤᠶᠤ ᠰᠢᠨ᠎ᠡ ᠦᠢᠯᠡᠳᠬᠦᠨ᠎ᠦ ᠪᠠᠷᠢᠮᠵᠢᠶ᠎ᠠ ᠪᠣᠯᠣᠨ ᠵᠠᠯᠭᠠᠭᠠᠰᠤ᠎ᠶᠢᠨ ᠵᠢᠷᠤᠮᠵᠢᠯ᠎ᠢ ᠭᠠᠷᠭᠠᠬᠤ ᠦᠶ᠎ᠡ᠎ᠳᠦ᠂ ᠬᠡᠯᠬᠢᠶ᠎ᠡ᠎ᠶᠢᠨ ᠳᠤᠮᠳᠠ ᠪᠠᠭ᠎ᠠ ᠠᠵᠤ ᠠᠬᠤᠢᠯᠠᠯ ᠨᠢ ᠬᠠᠩᠭᠠᠯᠭ᠎ᠠ᠎ᠶᠢᠨ ᠬᠡᠯᠬᠢᠶ᠎ᠡ᠎ᠶᠢᠨ ᠲᠣᠭᠲᠠᠭᠤᠨ᠎ᠢ ᠪᠠᠲᠤᠯᠠᠬᠤ᠎ᠶᠢᠨ ᠬᠠᠮᠲᠤ ᠲᠤᠰ ᠪᠡᠶ᠎ᠡ᠎ᠶᠢᠨ ᠥᠷᠢᠰᠦᠯᠳᠦᠬᠦ ᠬᠦᠴᠦᠨ᠎ᠢᠶᠡᠨ ᠪᠠᠲᠤᠯᠠᠬᠤ᠎ᠶᠢᠨ ᠲᠥᠯᠥᠭᠡ᠂  ᠶᠡᠷᠦ᠎ᠳᠡᠭᠡᠨ ᠰᠤᠳᠤᠯᠭᠠᠨ ᠪᠣᠯᠣᠨ ᠤᠷ᠎ᠠ ᠮᠡᠷᠭᠡᠰᠢᠯ᠎ᠦᠨ ᠣᠷᠣᠭᠤᠯᠤᠯᠲᠠ᠎ᠪᠠᠨ ᠵᠣᠬᠢᠴᠠᠩᠭᠤᠢ᠎ᠪᠠᠷ ᠲᠣᠬᠢᠷᠠᠭᠤᠯᠬᠤ ᠴᠢᠬᠤᠯᠠᠲᠠᠢ ᠪᠠᠢᠵᠤ᠂ ᠪᠠᠷᠢᠮᠵᠢᠶ᠎ᠠ᠎ᠶᠢᠨ ᠱᠠᠭᠠᠷᠳᠠᠯᠭ᠎ᠠ᠎ᠶᠢ ᠬᠠᠩᠭᠠᠬᠤ ᠎ᠪᠠᠷ ᠲᠠᠮᠵᠢᠨ ᠦᠢᠯᠡᠳᠬᠦᠨ ᠪᠣᠯᠣᠨ ᠴᠢᠳᠠᠪᠤᠷᠢ᠎ᠶᠢᠨ ᠰᠣᠯᠢᠭ᠍ᠳᠠᠯ᠎ᠢ ᠪᠡᠶᠡᠯᠡᠭᠦᠯᠵᠦ᠂ ᠡᠭᠦᠨ᠎ᠦ ᠤᠯᠠᠮ᠎ᠢᠶᠠᠷ ᠠᠵᠤ ᠦᠢᠯᠡᠰ᠎ᠦᠨ ᠬᠡᠯᠬᠢᠶ᠎ᠡ᠎ᠶᠢᠨ ᠳᠣᠲᠣᠭᠠᠳᠤ᠎ᠳᠤ ᠭᠣᠣᠯ ᠠᠵᠤ ᠠᠬᠤᠢᠯᠠᠯ ᠵᠢᠡᠷ ᠬᠥᠲᠥᠯᠥᠨ ᠳᠠᠭᠠᠭᠤᠯᠤᠬᠰᠠᠨ ᠰᠢᠨ᠎ᠡ᠎ᠶᠢ ᠡᠭᠦᠳᠬᠦ ᠪᠠ ᠬᠠᠮᠵᠢᠯᠴᠠᠨ ᠲᠡᠰ ᠳᠡᠪᠰᠢᠭᠦᠯᠬᠦ ᠲᠣᠭᠲᠠᠴᠠ᠎ᠶᠢ ᠪᠥᠷᠢᠯᠳᠦᠭᠦᠯᠳᠡᠭ ᠂ ᠡᠨᠡ ᠪᠣᠯ ᠶᠠᠭ ᠰᠢᠨᠵᠢᠯᠡᠬᠦ ᠤᠬᠠᠭᠠᠨ ᠪᠣᠯᠣᠨ ᠠᠵᠤ ᠦᠢᠯᠡᠰ᠎ᠢ ᠠᠭᠤᠰᠤᠯᠴᠠᠭᠤᠯᠬᠤ ᠬᠤᠮᠠᠬᠢ ᠲᠣᠭᠲᠠᠴᠠ᠎ᠶᠢᠨ ᠭᠣᠣᠯ ᠠᠵᠢᠯᠯᠠᠭᠠᠨ᠎ᠤ ᠯᠣᠭᠢᠭ᠋ ᠪᠣᠯᠣᠨ᠎ᠠ᠃ᠡᠢᠮᠦᠷᠬᠦᠦ ᠲᠣᠮᠣ᠌ ᠠᠵᠤ ᠠᠬᠤᠢᠯᠠᠯ  ᠲᠠᠪᠴᠠᠩ᠎ᠪᠠᠢᠭᠤᠯᠵᠤ ᠂ ᠳᠤᠮᠳᠠ ᠪᠠᠭ᠎ᠠ ᠠᠵᠤ ᠠᠬᠤᠢᠯᠠᠯ ᠎ᠢ ᠳᠠᠭᠠᠭᠤᠯᠬᠤ ᠬᠡᠯᠪᠡᠷᠢ ᠵᠢᠨ ᠬᠠᠮᠲᠤ᠎ᠪᠠᠷ ᠣᠷᠣᠰᠢᠬᠤ ᠵᠠᠭᠪᠤᠷ ᠨᠢ ᠰᠠᠭᠤᠷᠢ ᠰᠤᠳᠤᠯᠭᠠᠨ ᠂ ᠬᠡᠷᠡᠭᠯᠡᠭᠡᠨ᠎ᠦ ᠨᠡᠭᠡᠭᠡᠨ ᠬᠥᠭᠵᠢᠭᠦᠯᠦᠯᠲᠡ ᠪᠣᠯᠣᠨ ᠦᠷ᠎ᠡ ᠪᠦᠲᠦᠭᠡᠯ᠎ᠢ ᠣᠨᠳᠣᠣᠰᠢᠭᠤᠯᠬᠤ ᠪᠦᠬᠦ ᠬᠡᠯᠬᠢᠶ᠎ᠡ᠎ᠶᠢ ᠪᠦᠲᠦᠮᠵᠢᠲᠡᠢ ᠨᠠᠪᠲᠠᠷᠡᠭᠦᠯᠵᠦ᠂ ᠰᠢᠨ᠎ᠡ᠎ᠶᠢ ᠡᠭᠦᠳᠬᠦ ᠴᠢᠬᠤᠯᠠ ᠡᠯᠧᠮᠧᠨ᠋ᠲ᠎ᠢ ᠰᠢᠯᠢᠳᠡᠭᠵᠢᠭᠦᠯᠦᠨ ᠲᠣᠬᠢᠷᠠᠭᠤᠯᠬᠤ᠎ᠶᠢ ᠠᠬᠢᠭᠤᠯᠵᠤ ᠴᠢᠳᠠᠨ᠎ᠠ᠃

ᠬᠣᠶᠠᠷ᠎ᠲᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠤᠨ ᠮᠥᠩᠭᠥᠨ ᠭᠦᠢᠯᠭᠡᠭᠡ᠎ᠶᠢ ᠶᠡᠬᠡ᠎ᠪᠡᠷ ᠬᠥᠭᠵᠢᠭᠦᠯᠵᠦ ᠂ 《ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠊᠊᠊ ᠠᠵᠤ ᠦᠢᠯᠡᠰ ᠊᠊᠊ ᠮᠥᠩᠭᠥᠨ ᠭᠦᠢᠯᠭᠡᠭᠡ》᠎ᠶ᠋ᠢᠨ ᠣᠷᠴᠢᠯ᠎ᠢ ᠰᠢᠯᠤᠭᠤᠳᠬᠠᠨ᠎ᠠ᠃ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ  ᠵᠢ ᠡᠭᠦᠳᠬᠦ ᠪᠠ ᠠᠵᠤ ᠦᠢᠯᠡᠰ᠎ᠦᠨ ᠰᠢᠨ᠎ᠡ ᠵᠢ ᠡᠭᠦᠳᠬᠦ ᠭᠦᠨᠵᠡᠭᠡᠢ ᠠᠭᠤᠰᠤᠯᠴᠠᠯ᠎ᠤᠨ ᠵᠠᠩᠭᠢᠯᠠᠭ᠎ᠠ ᠨᠢ 《ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠊᠊᠊ ᠠᠵᠤ ᠦᠢᠯᠡᠰ ᠊᠊᠊ ᠮᠥᠩᠭᠥᠨ ᠭᠦᠢᠯᠭᠡᠭᠡ》ᠵᠢᠨ ᠬᠣᠭᠣᠷᠣᠨᠳᠣᠬᠢ ᠤᠷᠴᠢᠯ᠎ᠢ ᠪᠦᠲᠦᠮᠵᠢᠲᠡᠢ ᠨᠠᠪᠲᠠᠷᠡᠭᠦᠯᠵᠦ ᠂ ᠬᠠᠷᠢᠯᠴᠠᠨ ᠱᠢᠮᠡᠵᠢᠭᠦᠯᠬᠦ ᠂ ᠬᠠᠮᠵᠢᠯᠴᠠᠨ ᠤᠷᠤᠭᠰᠢᠯᠠᠬᠤ ᠰᠠᠢᠨ ᠣᠷᠴᠢᠯ᠎ᠤᠨ ᠰᠢᠰᠲᠧᠮ᠎ᠢ ᠪᠠᠶ᠋ᠢᠭᠤᠯᠬᠤ᠎ᠳᠤ ᠪᠤᠢ᠃ ᠡᠨᠡ ᠨᠢ ᠮᠥᠨ ᠴᠦ᠍ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠮᠥᠩᠭᠥᠨ ᠭᠦᠢᠯᠭᠡᠭᠡᠨ᠎ᠦ ᠬᠥᠭᠵᠢᠯᠲᠡ᠎ᠳᠦ ᠰᠢᠨ᠎ᠡ ᠱᠠᠭᠠᠷᠳᠠᠯᠭ᠎ᠠ ᠲᠠᠯᠪᠢᠭ᠍ᠰᠠᠨ ᠪᠠᠢᠨ᠎ᠠ᠃ ᠮᠥᠩᠭᠥᠨ ᠭᠦᠢᠯᠭᠡᠭᠡᠨ᠎ᠢᠶᠡᠷ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠎ᠶᠢ ᠳᠡᠮᠵᠢᠬᠦ᠎ᠳᠦ ᠮᠥᠩᠭᠥᠨ ᠭᠦᠢᠯᠭᠡᠭᠡᠨ᠎ᠦ ᠰᠢᠰᠲᠧᠮ ᠨᠢ ᠰᠢᠨ᠎ᠡ᠎ᠶᠢ ᠡᠭᠦᠳᠬᠦ᠎ᠳᠦ ᠬᠥᠳᠡᠯᠦᠩᠭᠦᠢ᠎ᠪᠡᠷ ᠦᠨ᠎ᠡ ᠲᠣᠭᠲᠠᠭᠠᠵᠤ ᠴᠢᠳᠠᠬᠤ᠎ᠶᠢ ᠱᠠᠭᠠᠷᠳᠠᠵᠤ ᠪᠠᠢᠳᠠᠭ᠃ ᠢᠯᠡ ᠪᠤᠰᠤ  ᠬᠥᠷᠥᠩᠭᠡ᠎ᠶᠢᠨ ᠢᠲᠡᠭᠡᠮᠵᠢ᠎ᠶᠢᠨ ᠲᠠᠰ ᠨᠡᠮᠡᠭᠳᠡᠭᠦᠯᠬᠦ ᠦᠢᠯᠡᠳᠦᠯ ᠨᠢ ᠢᠯᠡ ᠪᠤᠰᠤ ᠬᠥᠷᠥᠩᠭᠡ᠎ᠶᠢᠨ ᠵᠢᠱ᠌ᠢᠯᠲᠡ ᠥᠷᠲᠡᠭ ᠵᠢᠴᠢ ᠲᠤᠰᠬᠠᠢ ᠠᠰᠢᠭ᠋ ᠵᠡᠷᠭᠡ ᠰᠢᠨ᠎ᠡ᠎ᠶᠢ ᠡᠭᠦᠳᠬᠦ ᠬᠦᠴᠦᠨ ᠵᠦᠢᠯ᠎ᠳᠦ  ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠤᠨ ᠮᠥᠩᠭᠥᠨ ᠭᠦᠢᠯᠭᠡᠭᠡᠨ ᠨᠢ ᠬᠡᠮᠵᠢᠶᠡᠵᠢᠭᠦᠯᠦᠨ ᠵᠠᠳᠠᠯᠤᠯᠲᠠ ᠬᠢᠬᠦ ᠪᠠᠨ ᠤᠯᠠᠮ ᠴᠢᠩᠭᠠᠳᠬᠠᠬᠤ ᠬᠡᠷᠡᠭᠲᠡᠢ ᠭᠡᠳᠡᠭ᠎ᠢ ᠬᠠᠷᠠᠭᠤᠯᠪᠠ᠃ ᠵᠣᠬᠢᠶᠠᠮᠠᠯ ᠣᠶᠤᠨ ᠴᠢᠳᠠᠪᠤᠷᠢ᠎ᠶᠢᠨ ᠮᠡᠷᠭᠡᠵᠢᠯ᠎ᠦᠨ ᠬᠥᠭᠵᠢᠯᠲᠡ᠎ᠶᠢ ᠳᠠᠭᠠᠯᠳᠤᠨ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠤᠨ ᠮᠥᠩᠭᠥᠨ ᠭᠦᠢᠯᠭᠡᠭᠡᠨ᠎ᠦ ᠣᠨᠣᠯ ᠴᠤ᠌ ᠲᠠᠰᠤᠷᠠᠯᠲᠠ ᠦᠭᠡᠢ ᠰᠢᠨ᠎ᠡ᠎ᠶᠢ ᠡᠭᠦᠳᠬᠦ ᠴᠢᠬᠤᠯᠠᠲᠠᠢ ᠪᠠᠢᠵᠤ ᠂ ᠢᠯᠠᠩᠭᠤᠶ᠎ᠠ ᠵᠢᠱ᠌ᠢᠯᠲᠡ᠎ᠶᠢᠨ ᠠᠷᠭ᠎ᠠ᠎ᠶᠢ ᠵᠣᠭᠰᠣᠩᠭᠤᠢ ᠪᠠᠢᠳᠠᠯ᠎ᠠᠴᠠ ᠬᠥᠳᠡᠯᠦᠩᠭᠦᠢ ᠳᠠᠢᠰᠢ ᠤᠯᠠᠷᠢᠭᠤᠯᠬᠤ᠎ᠶᠢ ᠪᠡᠶᠡᠯᠡᠭᠦᠯᠵᠦ᠂ ᠬᠥᠳᠡᠯᠦᠩᠭᠦᠢ ᠵᠢᠱ᠌ᠢᠯᠲᠡ᠎ᠶᠢᠨ ᠵᠠᠭᠪᠤᠷ᠎ᠢ ᠦᠷᠭᠦᠯᠵᠢᠯᠡᠨ ᠲᠡᠭᠦᠯᠳᠡᠷᠵᠢᠭᠦᠯᠵᠦ ᠂ ᠮᠡᠷᠭᠡᠵᠢᠯ᠎ᠦᠨ ᠥᠷᠲᠡᠭ᠎ᠦᠨ ᠦᠨᠡᠯᠡᠯᠲᠡ᠎ᠶᠢᠨ ᠣᠨᠣᠪᠴᠢᠲᠤ ᠴᠢᠨᠠᠷ᠎ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠡᠭᠦᠨ᠎ᠦ ᠬᠠᠮᠲᠤ ᠂ ᠲᠠᠩ ᠴᠤᠯᠭᠤᠢ ᠮᠥᠩᠭᠥᠨ ᠭᠦᠢᠯᠭᠡᠭᠡᠨ᠎ᠦ ᠭᠣᠣᠯ ᠴᠣᠭᠴᠠ ᠨᠢ ᠰᠢᠨ᠎ᠡ᠎ᠶᠢ ᠡᠭᠦᠳᠬᠦ ᠠᠶᠤᠯ ᠲᠦᠭᠰᠢᠭᠦᠷᠢ᠎ᠶᠢ ᠡᠭᠦᠷᠭᠡᠯᠡᠬᠦ᠎ᠳᠦ ᠪᠡᠷᠬᠡ ᠪᠠᠢᠬᠤ᠎ᠶᠢ ᠪᠣᠳᠣᠯᠬᠢᠯᠠᠵᠤ ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠪᠠ ᠠᠵᠤ ᠦᠢᠯᠡᠰ᠎ᠦᠨ ᠰᠢᠨ᠎ᠡ᠎ᠶᠢ ᠡᠭᠦᠳᠬᠦ᠎ᠭᠦᠨᠵᠡᠭᠡᠢ ᠠᠭᠤᠰᠤᠯᠴᠠᠯ᠎ᠢ ᠠᠬᠢᠭᠤᠯᠬᠤ᠎ᠳᠤ ᠪᠠᠰᠠ ᠰᠢᠨ᠎ᠡ᠎ᠶᠢ ᠡᠭᠦᠳᠬᠦ ᠠᠶᠤᠯ ᠲᠦᠭᠰᠢᠭᠦᠷᠢ᠎ᠶᠢ ᠠᠳᠠᠯᠢ ᠪᠤᠰᠤ ᠮᠥᠩᠭᠥᠨ ᠭᠦᠢᠯᠭᠡᠭᠡᠨ᠎ᠦ ᠭᠣᠣᠯ ᠴᠣᠭᠴᠠ ᠂ ᠠᠳᠠᠯᠢ ᠪᠤᠰᠤ ᠱᠠᠲᠤ ᠦᠶ᠎ᠡ᠎ᠶᠢᠨ ᠬᠣᠭᠣᠷᠣᠨᠳᠤ ᠪᠦᠲᠦᠮᠵᠢᠲᠡᠶ᠎ᠪᠡᠷ ᠬᠤᠪᠢᠶᠠᠨ ᠡᠭᠦᠷᠭᠡᠯᠡᠬᠦᠯᠬᠦ᠎ᠶᠢ ᠪᠡᠶᠡᠯᠡᠭᠦᠯᠬᠦ ᠬᠡᠷᠡᠭᠲᠡᠢ᠃ ᠡᠭᠦᠨ᠎ᠡᠴᠡ ᠭᠠᠳᠠᠨ᠎ᠠ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠲᠦᠭᠰᠢᠭᠦᠷᠢ ᠨᠢ ᠪᠠᠰᠠ ᠱᠠᠲᠤ ᠠᠯᠤᠰᠯᠠᠨ ᠢᠯᠡᠳᠲᠡ ᠤᠯᠠᠷᠢᠨ ᠬᠤᠪᠢᠰᠬᠤ ᠣᠨᠴᠠᠯᠢᠭ᠎ᠢᠯᠡᠷᠡᠵᠦ ᠂ ᠠᠵᠤ ᠠᠬᠤᠢᠯᠠᠯ᠎ᠤᠨ ᠰᠤᠳᠤᠯᠤᠨ ᠨᠡᠭᠡᠭᠡᠬᠦ᠂ ᠲᠤᠷᠰᠢᠯᠲᠠ ᠬᠢᠬᠦ᠎ᠡᠴᠡ ᠠᠵᠤ ᠦᠢᠯᠡᠰᠵᠢᠯᠲᠡ ᠬᠦᠷᠲᠡᠯᠡᠬᠢ ᠲᠦᠭᠰᠢᠭᠦᠷᠢ᠎ᠶᠢᠨ ᠪᠦᠲᠦᠴᠡ᠎ᠳᠦ ᠦᠷᠭᠦᠯᠵᠢᠯᠡᠨ ᠬᠤᠪᠢᠷᠠᠯᠲᠠ ᠭᠠᠷᠴᠤ ᠂ ᠵᠦᠷᠢᠶᠡᠴᠢᠯᠡᠭᠰᠡᠨ ᠲᠦᠭᠰᠢᠭᠦᠷᠢ᠎ᠶᠢ ᠬᠠᠮᠢᠶᠠᠷᠤᠨ ᠡᠵᠡᠮᠳᠡᠬᠦ ᠠᠷᠭ᠎ᠠ ᠪᠣᠳᠣᠯᠭ᠎ᠠ᠎ᠲᠠᠢ ᠪᠠᠢᠬᠤ᠎ᠶᠢ ᠱᠠᠭᠠᠷᠳᠠᠵᠤ ᠪᠤᠢ᠃ ᠡᠭᠦᠨ᠎ᠦ ᠲᠤᠯᠠᠳᠠ᠂ ᠠᠭᠤᠰᠤᠯᠴᠠᠬᠤ ᠶᠠᠪᠤᠴᠠ᠎ᠳᠠᠬᠢ ᠭᠣᠣᠯ ᠴᠣᠭᠴᠠ ᠠᠯᠤᠰᠯᠠᠭᠰᠠᠨ᠂ ᠱᠠᠲᠤ ᠠᠯᠤᠰᠯᠠᠭᠰᠠᠨ ᠲᠦᠭᠰᠢᠭᠦᠷᠢ᠎ᠶᠢ ᠳᠠᠮᠵᠢᠭᠤᠯᠬᠤ ᠪᠣᠷᠣ᠌ ᠲᠥᠯᠥᠪ᠎ᠢ ᠭᠦᠨᠵᠡᠭᠡᠢ ᠰᠤᠳᠤᠯᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠤᠨ ᠮᠥᠩᠭᠥᠨ ᠭᠦᠢᠯᠭᠡᠭᠡᠨ᠎ᠦ ᠦᠢᠯᠡᠴᠢᠯᠡᠭᠡ᠎ᠳᠦ ᠰᠢᠨ᠎ᠡ᠎ᠶᠢ ᠡᠭᠦᠳᠬᠦ ᠬᠡᠷᠡᠭᠲᠡᠢ᠃

ᠭᠤᠷᠪᠠ ᠎ᠳᠦ᠂ ᠠᠵᠤ ᠦᠢᠯᠡᠰ᠎ᠦᠨ ᠲᠦᠷᠦ᠎ᠶᠢᠨ ᠪᠣᠳᠣᠯᠭ᠎ᠠ᠎ᠶᠢᠨ ᠰᠢᠨ᠎ᠡ᠎ᠶᠢ ᠡᠭᠦᠳᠴᠦ᠂ ᠪᠠᠲᠤ ᠴᠢᠩᠭ᠎ᠠ ᠳᠦᠷᠢᠮ᠎ᠦᠨ ᠪᠠᠲᠤᠯᠠᠭ᠎ᠠ ᠬᠠᠩᠭᠠᠨ᠎ᠠ᠃ᠠᠵᠤ ᠦᠢᠯᠡᠰ᠎ᠦᠨ ᠬᠥᠭᠵᠢᠯᠲᠡ᠎ᠶᠢᠨ ᠡᠬᠢᠨ᠎ᠦ ᠬᠤᠭᠤᠴᠠᠭ᠎ᠠ ᠪᠠ ᠵᠠᠬ᠎ᠠ ᠳᠡᠯᠭᠡᠭᠦᠷ᠎ᠦᠨ ᠲᠣᠭᠲᠠᠴᠠ ᠲᠡᠭᠦᠯᠳᠡᠷᠵᠢᠭᠡᠳᠦᠢ ᠱᠠᠲᠤ ᠦᠶ᠎ᠡ᠎ᠳᠦ ᠠᠵᠤ ᠦᠢᠯᠡᠰ᠎ᠦᠨ ᠲᠥᠷᠥ᠎ᠶᠢᠨ ᠪᠣᠳᠣᠯᠭ᠎ᠠ ᠨᠢ ᠰᠢᠨᠵᠢᠯᠡᠬᠦ ᠤᠬᠠᠭᠠᠨᠴᠢ ᠤᠷᠮᠠᠰᠢᠭᠤᠯᠬᠤ ᠲᠥᠯᠥᠪᠯᠡᠭᠡ ᠬᠢᠭᠡᠳ ᠲᠣᠳᠣᠷᠬᠠᠢ ᠳᠣᠬᠢᠶ᠎ᠠ᠎ᠲᠡᠮᠳᠡᠭ ᠵᠢᠡᠷ ᠳᠠᠮᠵᠢᠭᠤᠯᠤᠨ  ᠬᠥᠷᠥᠩᠭᠡ᠂ ᠢᠲᠡᠭᠡᠮᠵᠢᠲᠦ ᠵᠢᠭᠡᠯᠡᠯᠭᠡ ᠵᠡᠷᠭᠡ ᠡᠯ᠎ᠡ ᠲᠥᠷᠥᠯ᠎ᠦᠨ ᠬᠦᠴᠦᠨ ᠵᠦᠢᠯ᠎ᠦᠨ ᠰᠢᠨ᠎ᠡ᠎ᠶᠢ ᠡᠭᠦᠳᠬᠦ ᠬᠦᠷᠢᠶ᠎ᠡ ᠲᠡᠢᠰᠢ ᠰᠢᠯᠵᠢᠬᠦ᠎ᠶᠢ ᠬᠥᠲᠥᠯᠥᠨ ᠵᠢᠯᠤᠭᠣᠳᠴᠤ᠂ ᠠᠵᠤ ᠠᠬᠤᠢᠯᠠᠯ᠎ᠤᠨ ᠰᠢᠨ᠎ᠡ᠎ᠶᠢ ᠡᠭᠦᠳᠬᠦ ᠪᠡᠯᠡ ᠲᠣᠬᠢᠷᠠᠭᠤᠯᠤᠯᠲᠠ ᠵᠢᠨ  ᠬᠢᠵᠠᠭᠠᠷᠯᠠᠯ᠎ᠢ  ᠪᠦᠲᠦᠮᠵᠢᠲᠡᠶ ᠨᠠᠮᠳᠠᠭᠤᠯᠵᠤ᠂ ᠠᠵᠤ ᠠᠬᠤᠢᠯᠠᠯ᠎ᠤᠨ ᠰᠢᠨ᠎ᠡ᠎ᠶᠢ ᠡᠭᠦᠳᠬᠦ ᠪᠠ ᠬᠡᠯᠪᠡᠷᠢ᠎ᠪᠡᠨ ᠬᠤᠪᠢᠷᠠᠭᠤᠯᠬᠤ᠎ᠵᠢ ᠲᠦᠷᠭᠡᠳᠬᠡᠬᠦ᠎ᠶᠢ ᠠᠬᠢᠭᠤᠯᠬᠤ ᠬᠡᠷᠡᠭᠳᠡᠢ; ᠰᠢᠨᠵᠢᠯᠡᠬᠦ ᠤᠬᠠᠭᠠᠨ᠎ᠤ ᠰᠤᠳᠤᠯᠭᠠᠨ᠎ᠤ ᠠᠵᠢᠯᠯᠠᠭ᠎ᠠ ᠥᠷᠨᠢᠭᠦᠯᠬᠦ ᠪᠠ ᠳᠡᠭᠡᠳᠦ ᠲᠠᠰ᠎ᠤᠨ ᠴᠢᠳᠠᠪᠤᠷᠢᠲᠠᠨ᠎ᠤ ᠰᠢᠯᠵᠢᠯᠲᠡ᠎ᠶᠢ ᠳᠡᠮᠵᠢᠬᠦ᠎ᠪᠡᠷ ᠳᠠᠮᠵᠢᠨ᠂ ᠬᠣᠰᠢᠭᠤᠷᠠᠯ ᠮᠡᠷᠭᠡᠵᠢᠯ᠎ᠢ ᠠᠵᠤ ᠠᠬᠤᠢᠯᠠᠯ ᠲᠡᠢᠰᠢ ᠳᠡᠯᠭᠡᠷᠡᠭᠦᠯᠬᠦ᠎ᠶᠢ ᠠᠬᠢᠭᠤᠯᠵᠤ᠂ ᠠᠵᠢᠯ ᠲᠥᠷᠥᠯ᠎ᠦᠨ ᠪᠦᠬᠦᠯᠢ ᠴᠣᠭᠴᠠ᠎ᠶᠢᠨ ᠰᠢᠨ᠎ᠡ᠎ᠶᠢ ᠡᠭᠦᠳᠬᠦ ᠴᠢᠳᠠᠪᠤᠷᠢ᠎ᠶᠢ ᠴᠢᠩᠭᠠᠳᠭᠠᠨ᠎ᠠ᠃ ᠠᠩᠬᠠᠷᠤᠭᠤᠰᠢᠲᠠᠢ ᠨᠢ ᠠᠵᠤ ᠦᠢᠯᠡᠰ᠎ᠦᠨ ᠲᠦᠷᠦ᠎ᠶᠢᠨ ᠪᠣᠳᠣᠯᠭ᠎ᠠ᠎ᠶᠢᠨ ᠪᠦᠲᠦᠮᠵᠢᠲᠦ ᠴᠢᠨᠠᠷ ᠨᠢ ᠢᠯᠡᠳᠲᠡ ᠨᠥᠬᠥᠴᠡᠯᠳᠦ ᠴᠢᠨᠠᠷ ᠪᠠ ᠣᠨᠳᠣᠣ ᠴᠢᠨᠠᠷ᠎ᠲᠠᠢ ᠪᠠᠢᠳᠠᠭ᠂ ᠲᠡᠭᠦᠨ᠎ᠦ ᠬᠡᠷᠡᠭᠵᠢᠭᠦᠯᠦᠯᠲᠡ᠎ᠶᠢᠨ ᠦᠷ᠎ᠡ ᠪᠦᠲᠦᠮᠵᠢ ᠨᠢ ᠰᠢᠨᠵᠢᠯᠡᠬᠦ ᠤᠬᠠᠭᠠᠨᠴᠢ ᠲᠦᠷᠦ᠎ᠶᠢᠨ ᠪᠣᠳᠣᠯᠭ᠎ᠠ᠎ᠶᠢᠨ ᠲᠥᠯᠥᠪᠯᠡᠭᠡ᠂ ᠪᠦᠷᠢᠨ ᠲᠡᠭᠦᠯᠳᠡᠷ ᠳᠦᠷᠢᠮ᠎ᠦᠨ ᠣᠷᠴᠢᠨ ᠲᠣᠭᠣᠷᠢᠨ ᠪᠠ ᠭᠠᠵᠠᠷ ᠣᠷᠣᠨ᠎ᠤ ᠡᠬᠢ ᠪᠠᠶᠠᠯᠢᠭ᠋᠎ᠤᠨ ᠳᠠᠪᠠᠭᠤᠯᠢᠭ᠋᠎ᠲᠤ ᠲᠦᠰᠢᠭᠯᠡᠳᠡᠭ᠃ ᠵᠠᠬ᠎ᠠ ᠳᠡᠯᠭᠡᠭᠦᠷ᠎ᠲᠦ  ᠪᠦᠷᠢᠨ ᠪᠤᠰᠤ ᠴᠢᠨᠠᠷ᠎ᠢᠶᠠᠷ ᠨᠡᠯᠢᠶᠡᠳ ᠴᠢᠩᠭ᠎ᠠ ᠪᠤᠶᠤ ᠬᠡᠪᠴᠢᠶᠡᠲᠦ ᠠᠵᠤ ᠠᠬᠤᠢ᠎ᠪᠠᠷ ᠢᠯᠡᠷᠬᠡᠢ ᠰᠠᠯᠠᠭ᠎ᠠ ᠮᠥᠴᠢᠷ᠎ᠲᠦ ᠠᠵᠤ ᠦᠢᠯᠡᠰ᠎ᠦᠨ ᠲᠥᠷᠥ᠎ᠶᠢᠨ ᠪᠣᠳᠣᠯᠭ᠎ᠠ᠎ᠶᠢᠨ ᠠᠬᠢᠭᠤᠯᠬᠤ ᠦᠢᠯᠡᠳᠦᠯ ᠨᠢ ᠨᠡᠩ ᠲᠣᠪᠣᠢᠮ᠎ᠠ ᠪᠠᠢᠳᠠᠭ; ᠵᠠᠬ᠎ᠠ ᠳᠡᠯᠭᠡᠭᠦᠷ᠎ᠦᠨ ᠥᠷᠢᠰᠦᠯᠳᠦᠭᠡᠨ ᠭᠦᠢᠴᠡᠳ ᠬᠦᠷᠢᠶ᠎ᠡ᠎ᠴᠠᠷᠠᠭᠠᠨ ᠎ᠳᠦ ᠲᠥᠷᠥ᠎ᠶᠢᠨ ᠪᠣᠳᠣᠯᠭ᠎ᠠ᠎ᠪᠠᠷ ᠬᠡᠲᠦ ᠭᠠᠷ ᠲᠦᠷᠦᠭᠦ ᠨᠢ ᠵᠠᠬ᠎ᠠ ᠳᠡᠯᠭᠡᠭᠦᠷ ᠎ᠦᠨ ᠠᠮᠢᠵᠢᠷᠠᠯ ᠎ᠤᠨ ᠬᠦᠴᠦᠨ᠎ᠢ ᠬᠣᠷᠢᠭ᠍ᠯᠠᠵᠤ ᠮᠡᠳᠡᠬᠦ ᠪᠥᠭᠡᠳ ᠭᠡᠳᠡᠷᠭᠦ᠎ᠪᠡᠨ ᠰᠢᠨ᠎ᠡ᠎ᠶᠢ ᠡᠭᠦᠳᠬᠦ ᠬᠥᠭᠵᠢᠯᠲᠡ᠎ᠳᠦ ᠠᠰᠢᠭ᠋ ᠦᠭᠡᠢ ᠶᠤᠮ᠃ ᠬᠥᠭᠵᠢᠯᠲᠡ᠎ᠶᠢᠨ ᠱᠠᠲᠤᠨ᠎ᠠᠴᠠ ᠠᠪᠴᠤ ᠦᠵᠡᠪᠡᠯ᠂ ᠳᠤᠮᠳᠠ ᠵᠡᠷᠭᠡ᠎ᠶᠢᠨ ᠣᠷᠣᠯᠭ᠎ᠠ᠎ᠲᠠᠢ ᠠᠵᠤ ᠠᠬᠤᠢ᠎ᠶᠢᠨ ᠴᠣᠭᠴᠠ ᠬᠡᠷᠪᠡ ᠮᠡᠷᠭᠡᠵᠢᠯ᠎ᠦᠨ ᠰᠢᠨ᠎ᠡ ᠡᠭᠦᠳᠦᠯᠲᠡ᠎ᠶᠢ ᠠᠵᠤ ᠦᠢᠯᠡᠰ᠎ᠦᠨ ᠬᠡᠪᠴᠢᠶᠡᠵᠢᠯ ᠲᠡᠢᠰᠢ ᠥᠷᠭᠡᠳᠬᠡᠬᠦ᠎ᠶᠢ ᠪᠡᠶᠡᠯᠡᠭᠦᠯᠵᠦ ᠳᠡᠶ᠋ᠢᠯᠬᠦ ᠦᠭᠡᠢ ᠪᠣᠯ ᠨᠡᠮᠡᠭᠳᠡᠯ ᠵᠣᠭᠰᠣᠩᠭᠢᠷᠠᠬᠤ ᠬᠦᠴᠢᠷᠳᠡᠯ᠎ᠳᠦ ᠲᠤᠢᠯ᠎ᠤᠨ ᠠᠮᠠᠷᠬᠠᠨ ᠣᠷᠣᠬᠤ ᠪᠣᠯᠣᠨ᠎ᠠ ᠭᠡᠳᠡᠭ᠎ᠢ ᠤᠯᠤᠰ ᠠᠯᠤᠰᠯᠠᠭᠰᠠᠨ ᠲᠤᠷᠰᠢᠯᠭ᠎ᠠ ᠬᠠᠷᠠᠭᠤᠯᠵᠤ ᠪᠠᠢᠳᠠᠭ᠃ ᠡᠢᠮᠦ᠎ᠡᠴᠡ᠂ ᠮᠠᠨ᠎ᠤ ᠤᠯᠤᠰ᠎ᠤᠨ ᠠᠵᠤ ᠦᠢᠯᠡᠰ᠎ᠦᠨ ᠲᠦᠷᠦ᠎ᠶᠢᠨ ᠪᠣᠳᠣᠯᠭ᠎ᠠ ᠣᠬᠣᠷ ᠬᠤᠭᠤᠴᠠᠭᠠᠨ᠎ᠤ ᠰᠡᠳᠡᠯᠲᠡ᠎ᠡᠴᠡ ᠤᠷᠳᠤ ᠬᠤᠭᠤᠴᠠᠭᠠᠨ᠎ᠤ ᠰᠢᠨ᠎ᠡ᠎ᠶᠢ ᠡᠭᠦᠳᠬᠦ ᠴᠢᠳᠠᠪᠤᠷᠢ᠎ᠶᠢ ᠪᠣᠢᠵᠢᠭᠤᠯᠬᠤ ᠲᠡᠢᠰᠢ ᠬᠤᠪᠢᠷᠠᠬᠤ᠎ᠶᠢ ᠪᠡᠶᠡᠯᠡᠭᠦᠯᠵᠦ᠂ 《ᠰᠢᠨ᠎ᠡ᠎ᠶᠢ ᠡᠭᠦᠳᠬᠦ ᠊᠊᠊  ᠠᠵᠤ ᠦᠢᠯᠡᠰᠵᠢᠯᠲᠡ ᠵᠢᠨ ᠰᠠᠯᠤᠩᠭᠢᠷᠠᠬᠤ》᠂ 《ᠡᠯᠧᠮᠧᠨ᠋ᠲ᠎ᠤᠨ ᠪᠤᠷᠤᠭᠤ ᠲᠤᠬᠢᠷᠠᠭᠤᠯᠤᠯᠲᠠ ᠲᠣᠭᠲᠠᠪᠤᠷᠢᠵᠢᠬᠤ》᠂ 《ᠳᠦᠷᠢᠮ ᠪᠣᠯᠣᠨ ᠬᠥᠮᠥᠨ᠎ᠦ ᠬᠦᠴᠦᠨ᠎ᠦ ᠬᠠᠩᠭᠠᠯᠭ᠎ᠠ ᠬᠦᠷᠦᠯᠴᠡᠬᠦ ᠦᠭᠡᠢ》 ᠵᠡᠷᠭᠡ ᠵᠠᠩᠭᠢᠯᠠᠭ᠎ᠠ᠎ᠶᠢᠨ ᠬᠢᠵᠠᠭᠠᠷᠯᠠᠯ᠎ᠢ ᠬᠦᠴᠦᠯᠡᠨ ᠰᠢᠢᠳᠪᠦᠷᠢᠯᠡᠵᠦ᠂ ᠠᠮᠢ ᠠᠬᠤᠢ᠎ᠶᠢ ᠲᠠᠰᠤᠷᠠᠯᠳᠠ ᠦᠭᠡᠢ ᠰᠢᠯᠢᠳᠡᠭᠵᠢᠭᠦᠯᠦᠨ ᠰᠢᠨ᠎ᠡ᠎ᠶᠢ ᠡᠭᠦᠳᠴᠦ᠂ ᠠᠵᠤ ᠦᠢᠯᠡᠰ᠎ᠦᠨ ᠰᠢᠰᠲᠧᠮ᠎ᠦᠨ ᠪᠦᠬᠦᠯᠢ ᠴᠣᠭᠴᠠ᠎ᠶᠢᠨ ᠳᠡᠭᠡᠭᠰᠢᠯᠡᠯᠲᠡ᠎ᠶᠢ ᠠᠬᠢᠭᠤᠯᠬᠤ ᠬᠡᠷᠡᠭᠲᠡᠢ᠃

ᠵᠣᠬᠢᠶᠠᠭ᠍ᠴᠢ ᠵᠢᠨ ᠬᠠᠶᠢᠭ᠄ ᠨᠠᠨᠺᠠᠢ ᠶᠡᠬᠡ ᠰᠤᠷᠭᠠᠭᠤᠯᠢ᠎ᠶᠢᠨ ᠮᠥᠩᠭᠥᠨ ᠭᠦᠢᠯᠭᠡᠭᠡᠨ᠎ᠦ ᠳᠡᠭᠡᠳᠦ ᠰᠤᠷᠭᠠᠭᠤᠯᠢ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号