ᠴᠢᠨᠠᠷ ᠰᠠᠢᠲᠠᠢ ᠬᠥᠭᠵᠢᠯᠲᠡ ᠪᠣᠯ ᠨᠡᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠭᠦ ᠲᠠᠯ᠎ᠠ᠎ᠪᠠᠷ ᠪᠦᠲᠦᠭᠡᠨ ᠪᠠᠢᠭᠤᠯᠬᠤ᠎ᠶᠢᠨ ᠲᠡᠷᠢᠭᠦᠨ ᠴᠢᠬᠤᠯᠠ ᠡᠭᠦᠷᠭᠡ ᠪᠠᠢᠵᠤ᠂ ᠪᠠᠰᠠᠴᠦ ᠣᠳᠣᠬᠠᠨ᠎ᠤ ᠪᠠ ᠬᠣᠢᠰᠢᠳᠠ᠎ᠶᠢᠨ ᠬᠡᠰᠡᠭ ᠬᠤᠭᠤᠴᠠᠭᠠᠨ᠎ᠤ ᠠᠵᠤ ᠠᠬᠤᠢ ᠨᠡᠢᠭᠡᠮ᠎ᠤᠨ ᠬᠥᠭᠵᠢᠯᠲᠡ᠎ᠶᠢᠨ ᠦᠨᠳᠦᠰᠦᠨ ᠱᠠᠭᠠᠷᠳᠠᠯᠭ᠎ᠠ ᠮᠥᠨ᠃ ᠵᠠᠰᠠᠭ᠎ᠤᠨ ᠠᠵᠢᠯ᠎ᠤᠨ ᠪᠦᠲᠦᠮᠵᠢ᠎ᠶᠢᠨ ᠦᠵᠡᠯᠲᠡ ᠪᠣᠯ ᠤᠳᠤᠷᠢᠳᠬᠤ ᠺᠠᠳ᠋ᠷᠴᠤᠳ᠎ᠤᠨ ᠨᠠᠮᠴᠢ ᠴᠢᠨᠠᠷ᠎ᠤᠨ ᠪᠣᠯᠪᠠᠰᠤᠷᠠᠯ᠂ ᠤᠯᠤᠰ ᠲᠦᠷᠦ᠎ᠶᠢᠨ ᠵᠣᠭᠰᠣᠯᠲᠠ᠂ ᠵᠣᠷᠢᠯᠲᠠ᠎ᠶᠢᠨ ᠤᠬᠠᠮᠰᠠᠷ᠎ᠤᠨ ᠲᠥᠪᠯᠡᠷᠡᠩᠭᠦᠢ ᠢᠯᠡᠷᠡᠯ ᠮᠥᠨ᠂ ᠲᠡᠷᠡ ᠨᠢ ᠬᠥᠭᠵᠢᠯᠲᠡ᠎ᠶᠢᠨ ᠴᠢᠭᠯᠡᠯ ᠪᠠ ᠠᠵᠢᠯ ᠦᠢᠯᠡᠰ᠎ᠤᠨ ᠠᠮᠵᠢᠯᠲᠠ ᠣᠯᠬᠤ ᠡᠰᠡᠬᠦ᠎ᠲᠠᠢ ᠰᠢᠭᠤᠳ ᠬᠣᠯᠪᠣᠭᠳᠠᠵᠤ ᠪᠠᠢᠳᠠᠭ᠃ ᠶᠡᠷᠦᠩᠬᠡᠢ ᠱᠦᠵᠢ ᠰᠢ᠎ᠶᠢᠨ ᠫᠢᠩ 《ᠥᠷᠭᠡᠨ ᠤᠯᠠᠨ ᠺᠠᠳ᠋ᠷᠴᠤᠳ᠎ᠢ ᠬᠥᠮᠥᠵᠢᠭᠦᠯᠦᠨ ᠵᠢᠯᠤᠭᠣᠳᠴᠤ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠵᠦ᠂ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠴᠢᠳᠠᠪᠤᠷᠢ᠎ᠶᠢ ᠨᠢ ᠳᠡᠭᠡᠭᠰᠢᠯᠡᠭᠦᠯᠭᠦ ᠬᠡᠷᠡᠭᠲᠡᠢ 》 ᠭᠡᠵᠦ ᠵᠢᠭᠠᠵᠤ ᠭᠠᠷᠭᠠᠭᠰᠠᠨ ᠪᠠᠢᠨ᠎ᠠ᠃ 《ᠠᠷᠪᠠᠨ ᠲᠠᠪᠤᠳᠤᠭᠠᠷ ᠲᠠᠪᠤᠨ ᠵᠢᠯ》 ᠤᠨ ᠲᠥᠯᠦᠪᠵᠢᠭᠦᠯᠭᠡ ᠵᠢᠨ ᠨᠡᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠭᠦ ᠲᠠᠯ᠎ᠠ᠎ᠪᠠᠷ ᠪᠦᠲᠦᠭᠡᠨ ᠪᠠᠢᠭᠤᠯᠬᠤ ᠰᠢᠨ᠎ᠡ ᠠᠶᠠᠨ ᠠᠬᠢᠵᠤ᠂ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ ᠪᠠᠷ ᠴᠢᠨᠠᠷ ᠰᠠᠢᠲᠠᠢ ᠬᠥᠭᠵᠢᠯᠲᠡ᠎ᠶᠢ ᠬᠥᠲᠥᠯᠥᠨ ᠳᠠᠭᠠᠭᠤᠯᠬᠤ ᠪᠣᠯ ᠴᠠᠭ ᠦᠶ᠎ᠡ᠎ᠶᠢᠨ ᠰᠡᠳᠦᠪ ᠪᠤᠯᠬᠤ᠎ᠪᠠᠷ ᠪᠠᠷᠠᠬᠤ ᠦᠭᠡᠢ ᠨᠡᠩ ᠴᠤ᠌ ᠤᠯᠤᠰ ᠲᠦᠷᠦ᠎ᠶᠢᠨ ᠬᠠᠷᠢᠭᠤᠴᠠᠯᠭ᠎ᠠ ᠮᠦᠨ᠃
ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ ᠪᠣᠯ ᠴᠢᠨᠠᠷ ᠰᠠᠢᠲᠠᠢ ᠬᠥᠭᠵᠢᠯᠲᠡ᠎ᠶᠢᠨ ᠦᠵᠡᠯ ᠰᠠᠨᠠᠭᠠᠨ᠎ᠤ ᠵᠦᠭᠯᠡᠭᠦᠷ ᠮᠦᠨ
ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ ᠨᠢ 《ᠬᠡᠨ᠎ᠤ ᠲᠥᠯᠥᠭᠡ ᠵᠠᠰᠠᠭ᠎ᠤᠨ ᠠᠵᠢᠯ᠎ᠤᠨ ᠪᠦᠲᠦᠮᠵᠢ ᠭᠠᠷᠭᠠᠬᠤ》 ᠠᠰᠠᠭᠤᠯᠲᠠ᠎ᠳᠤ ᠬᠠᠷᠢᠭᠤᠯᠲᠠ ᠥᠭᠴᠦ᠂ ᠴᠢᠨᠠᠷ ᠰᠠᠢᠲᠠᠢ ᠬᠥᠭᠵᠢᠯᠲᠡ᠎ᠶᠢᠨ ᠦᠷᠳᠡᠭ᠎ᠤᠨ ᠵᠣᠭᠰᠣᠯᠲᠠ᠎ᠶᠢ ᠬᠠᠷᠠᠭᠤᠯᠤᠭᠰᠠᠨ ᠶᠤᠮ ᠃ ᠶᠡᠷᠦᠩᠬᠡᠢ ᠱᠦᠵᠢ ᠰᠢ᠎ᠶᠢᠨ ᠫᠢᠩ᠄ 《ᠳᠤᠮᠳᠠᠳᠤ ᠤᠯᠤᠰ᠎ᠤᠨ ᠡᠪ ᠬᠠᠮᠲᠤ ᠨᠠᠮ ᠠᠷᠠᠳ᠎ᠤᠨ ᠲᠥᠯᠥᠭᠡ ᠠᠵᠢᠯ ᠬᠢᠵᠦ᠂ ᠠᠷᠠᠳ ᠲᠦᠮᠡᠨ᠎ᠳᠤ ᠪᠤᠶᠠᠨ ᠦᠢᠯᠡᠳᠬᠦ᠎ᠶᠢ ᠵᠠᠰᠠᠭ ᠤ᠋ᠨ ᠠᠵᠢᠯ᠎ᠤᠨ ᠬᠠᠮᠤᠭ᠎ᠤᠨ ᠴᠢᠬᠤᠯᠠ ᠪᠦᠲᠦᠮᠵᠢ ᠪᠤᠯᠭᠠᠵᠤ᠂ ᠠᠷᠠᠳ ᠲᠦᠮᠡᠨ᠎ᠳᠤ ᠬᠡᠴᠢᠨᠡᠨ ᠰᠠᠢᠨ ᠶᠠᠪᠤᠳᠠᠯ ᠪᠣᠳᠠᠲᠤ ᠶᠠᠪᠤᠳᠠᠯ ᠬᠢᠵᠦ ᠥᠭᠭᠦᠭᠰᠡᠨ᠎ᠢᠶᠠᠷ ᠵᠠᠰᠠᠭ᠎ᠤᠨ ᠠᠵᠢᠯ᠎ᠤᠨ ᠪᠦᠲᠦᠮᠵᠢ ᠶ᠋ᠢ ᠰᠢᠯᠭᠠᠬᠤ ᠴᠢᠬᠤᠯᠠ ᠪᠠᠷᠢᠮᠵᠢᠶ᠎ᠠ ᠪᠣᠯᠭᠠᠨ᠎ᠠ》 ᠭᠡᠵᠦ ᠴᠢᠬᠤᠯᠠᠴᠢᠯᠠᠪᠠ᠃ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢᠨ ᠦᠷᠳᠡᠭ᠎ᠤᠨ ᠭᠣᠣᠯᠳᠠᠯᠭ᠎ᠠ ᠪᠣᠯ ᠠᠷᠠᠳᠴᠢ ᠴᠢᠨᠠᠷ ᠮᠥᠨ᠃ ᠴᠢᠨᠠᠷ ᠰᠠᠢᠲᠠᠢ ᠬᠥᠭᠵᠢᠯᠲᠡ ᠨᠢ ᠠᠷᠠᠳ ᠲᠦᠮᠡᠨ᠎ᠤ ᠰᠠᠢᠨ ᠰᠠᠢᠬᠠᠨ ᠠᠮᠢᠳᠤᠷᠠᠯ᠎ᠤᠨ ᠬᠡᠷᠡᠭᠴᠡᠭᠡ᠎ᠶᠢ ᠬᠠᠩᠭᠠᠬᠤ᠎ᠪᠠᠷ ᠵᠣᠷᠢᠯᠭ᠎ᠠ ᠪᠤᠯᠭᠠᠵᠦ᠂ ᠲᠡᠭᠦᠨ᠎ᠤ ᠭᠠᠷᠳᠠᠴᠠ ᠪᠠ ᠲᠤᠰᠤᠯᠲᠠ ᠨᠢ ᠢᠮᠠᠭᠲᠠ ᠠᠷᠠᠳ ᠲᠦᠮᠡᠨ᠎ᠤ ᠵᠣᠯ ᠵᠢᠷᠭᠠᠯ ᠲᠠᠢ ᠬᠣᠯᠪᠣᠭᠳᠠᠵᠤ ᠪᠠᠢᠳᠠᠭ᠃ ᠲᠡᠷᠡ ᠨᠢ ᠺᠠᠳ᠋ᠷᠴᠤᠳ᠎ᠢ ᠤᠯᠠᠨ ᠲᠦᠮᠡᠨ᠎ᠤ ᠠᠮᠤᠷ ᠲᠠᠢᠪᠤᠩ ᠠᠶᠤᠯ ᠲᠦᠭᠰᠢᠭᠦᠷᠢ ᠬᠠᠯᠠᠭᠤᠨ ᠳᠤᠯᠠᠭᠠᠨ ᠪᠠᠢᠬᠤ ᠠᠰᠠᠭᠤᠳᠠᠯ ᠵᠢᠴᠢ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠢᠭ᠎ᠠ ᠠᠰᠠᠭᠤᠳᠠᠯ᠎ᠢᠶᠠᠷ ᠠᠵᠢᠯ᠎ᠤᠨ᠎ᠢᠶᠠᠨ ᠭᠠᠷᠳᠠᠴᠠ ᠪᠤᠯᠭᠠᠵᠤ᠂ ᠤᠯᠠᠨ ᠲᠦᠮᠡᠨ᠎ᠤ ᠬᠠᠨᠤᠮᠵᠢ᠎ᠶᠢᠨ ᠬᠡᠮᠵᠢᠶ᠎ᠡ᠎ᠪᠠᠷ ᠵᠠᠰᠠᠭ᠎ᠤᠨ ᠠᠵᠢᠯ᠎ᠤᠨ ᠪᠦᠲᠦᠮᠵᠢ᠎ᠶᠢ ᠬᠡᠮᠵᠢᠬᠦ 《ᠰᠢᠯᠭᠠᠭᠤᠷ》 ᠪᠤᠯᠭᠠᠵᠤ᠂ ᠠᠷᠠᠳ᠎ᠤᠨ ᠬᠡᠷᠡᠭᠴᠡᠭᠡ᠎ᠶᠢ ᠠᠰᠠᠭᠤᠬᠤ᠂ ᠠᠷᠭ᠎ᠠ ᠪᠣᠳᠣᠯᠭ᠎ᠠ᠎ᠶᠢ ᠠᠷᠠᠳ ᠡᠴᠨ ᠠᠰᠠᠭᠤᠬᠤ᠂ ᠦᠷ᠎ᠡ ᠪᠦᠲᠦᠮᠵᠢ᠎ᠶᠢ ᠠᠷᠠᠳ᠎ᠠᠴᠠ ᠠᠰᠠᠭᠤᠬᠤ᠎ᠶᠢ ᠪᠡᠶᠡᠯᠡᠭᠦᠯᠵᠦ᠂ ᠬᠥᠭᠵᠢᠯᠲᠡ᠎ᠶᠢᠨ ᠦᠷ᠎ᠡ ᠪᠦᠲᠦᠮᠵᠢ ᠶ᠋ᠢ ᠪᠦᠭᠦ ᠠᠷᠠᠳ ᠲᠦᠮᠡᠨ᠎ᠳᠤ ᠬᠦᠷᠲᠡᠭᠡᠬᠦ ᠬᠡᠷᠡᠭᠲᠡᠢ ᠭᠡᠵᠦ ᠱᠠᠭᠠᠷᠳᠠᠵᠤ ᠪᠠᠢᠨ᠎ᠠ᠃
ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ ᠨᠢ ᠵᠠᠰᠠᠭ᠎ᠤᠨ ᠠᠵᠢᠯ᠎ᠤᠨ 《ᠶᠠᠮᠠᠷ ᠶᠠᠩᠵᠤ᠎ᠶᠢᠨ ᠪᠦᠲᠦᠮᠵᠢ ᠭᠠᠷᠭᠠᠬᠤ》ᠵᠢᠨ ᠦᠢᠯᠡᠳᠦᠯᠭᠡ᠎ᠶᠢᠨ ᠪᠠᠷᠢᠮᠵᠢᠶ᠎ᠠ᠎ᠶᠢ ᠲᠣᠳᠣᠷᠬᠠᠢᠯᠠᠵᠤ᠂ ᠴᠢᠨᠠᠷ ᠰᠠᠢᠲᠠᠢ ᠬᠥᠭᠵᠢᠯᠲᠡ᠎ᠶᠢᠨ ᠠᠭᠤᠯᠤᠭᠳᠠᠬᠤᠨ᠎ᠤ ᠵᠠᠭᠠᠭ ᠬᠢᠵᠠᠭᠠᠷ᠎ᠢ ᠲᠣᠭᠲᠠᠭᠠᠭᠰᠠᠨ ᠪᠠᠢᠨ᠎ᠠ᠃ ᠴᠢᠨᠠᠷ ᠰᠠᠢᠲᠠᠢ ᠬᠥᠭᠵᠢᠯᠲᠡ ᠪᠣᠯ ᠨᠡᠩ ᠴᠢᠨᠠᠷ ᠰᠠᠢᠲᠠᠢ᠂ ᠦᠷ᠎ᠡ ᠪᠦᠲᠦᠮᠵᠢᠲᠡᠢ᠂ ᠡᠷᠬᠡ ᠲᠡᠭᠰᠢ᠂ ᠦᠷᠭᠦᠯᠵᠢᠯᠡᠬᠦᠢᠴᠡ᠂ ᠠᠮᠤᠷ ᠲᠦᠪᠰᠢᠨ ᠬᠥᠭᠵᠢᠯᠲᠡ ᠪᠣᠯᠣᠨ᠎ᠠ᠃ ᠦᠨᠡᠨ ᠪᠣᠳᠠᠲᠠᠢ᠎ᠶᠢ ᠬᠥᠭᠡᠭᠡᠴᠡᠯᠳᠦᠵᠦ᠂ ᠦᠢᠯᠡᠳᠦᠯᠭᠡ᠂ ᠠᠷᠠᠳ ᠲᠦᠮᠡᠨ᠂ ᠲᠡᠦᠬᠡ᠎ᠶᠢᠨ ᠰᠢᠯᠭᠠᠯᠲᠠ᠎ᠶᠢ ᠳᠠᠭᠠᠭᠠᠵᠤ ᠳᠡᠢᠯᠭᠦ ᠪᠣᠳᠠᠲᠤ ᠠᠮᠵᠢᠯᠲᠠ ᠪᠣᠯᠣᠨ᠎ᠠ᠂ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ ᠨᠢ ᠤᠳᠤᠷᠢᠳᠬᠤ ᠺᠠᠳ᠋ᠷᠴᠤᠳ ᠰᠢᠰᠲᠧᠮᠲᠦ ᠰᠡᠳᠬᠢᠬᠦᠢ᠎ᠶᠢ ᠪᠤᠢ ᠪᠤᠯᠭᠠᠵᠤ᠂ ᠨᠢᠭᠡᠳᠦᠯᠲᠡᠢ ᠲᠥᠯᠥᠪᠵᠢᠭᠦᠯᠦᠨ ᠨᠡᠢᠳᠡᠮ ᠳ᠋ᠤᠨᠢ ᠬᠠᠷᠠᠭᠠᠯᠵᠠᠬᠤ᠎ᠶᠢ ᠱᠠᠭᠠᠷᠳᠠᠨ᠎ᠠ᠃ ᠠᠷᠠᠳ ᠤᠯᠠᠨ᠎ᠤ ᠨᠢᠳᠦᠨ᠎ᠳᠤ ᠦᠵᠡᠭᠳᠡᠵᠦ ᠭᠠᠷ ᠲᠤ᠌ ᠪᠠᠷᠢᠭ᠍ᠳᠠᠮ᠎ᠠ ᠪᠣᠳᠠᠲᠠᠢ ᠠᠰᠢᠭ᠋ ᠬᠦᠷᠲᠡᠭᠡᠬᠦ ᠠᠵᠢᠯ᠎ᠢ ᠬᠢᠬᠦ᠎ᠪᠠᠷ ᠪᠠᠷᠠᠬᠤ ᠦᠭᠡᠢ᠂ ᠪᠠᠰᠠ ᠬᠣᠵᠢᠮ᠎ᠤᠨ ᠬᠥᠮᠥᠰ᠎ᠲᠤ ᠯᠠᠪᠯᠠᠯᠲᠠ ᠪᠤᠯᠭᠠᠵᠦ ᠰᠠᠭᠤᠷᠢ ᠲᠠᠯᠪᠢᠬᠤ᠂ ᠠᠯᠤᠰ ᠭᠡᠳᠤ᠎ᠳᠤ ᠠᠰᠢᠭ᠍ᠲᠠᠢ ᠰᠠᠢᠨ ᠶᠠᠪᠤᠳᠠᠯ᠎ᠢ ᠬᠢᠬᠦ ᠭᠡᠷᠡᠭᠲᠡᠢ; ᠠᠵᠤ ᠠᠬᠤᠢ᠎ᠶᠢᠨ ᠶᠠᠰᠤ ᠴᠢᠨᠠᠷ᠎ᠢ ᠪᠦᠲᠦᠮᠵᠢᠲᠡᠢ ᠳᠡᠭᠡᠭᠰᠢᠯᠡᠭᠦᠯᠭᠦ ᠪᠠ ᠲᠣᠭ᠎ᠠ ᠬᠡᠮᠵᠢᠶ᠎ᠡ᠎ᠶᠢ ᠵᠣᠬᠢᠰᠲᠠᠢ ᠨᠡᠮᠡᠭᠳᠡᠭᠦᠯᠬᠦ᠎ᠶᠢ ᠠᠬᠢᠭᠤᠯᠬᠤ ᠢᠯᠡ ᠪᠦᠲᠦᠮᠵᠢ ᠶ᠋ᠢ ᠭᠠᠷᠭᠠᠬᠤ᠎ᠪᠠᠷ ᠪᠠᠷᠠᠬᠤ ᠦᠭᠡᠢ ᠪᠠᠰᠠ ᠬᠥᠭᠵᠢᠯᠲᠡ᠎ᠶᠢᠨ ᠰᠠᠭᠤᠷᠢ᠎ᠶᠢ ᠪᠡᠬᠢᠵᠢᠭᠦᠯᠵᠦ᠂ ᠵᠠᠰᠠᠯᠲᠠ᠎ᠶᠢᠨ ᠰᠢᠰᠲᠧᠮ᠎ᠢ ᠲᠡᠭᠦᠯᠳᠡᠷᠵᠢᠭᠦᠯᠵᠦ᠂ ᠤᠯᠤᠰ ᠲᠦᠷᠦ᠎ᠶᠢᠨ ᠠᠮᠢ ᠠᠬᠤᠢ᠎ᠶᠢ ᠬᠠᠮᠠᠭᠠᠯᠠᠬᠤ ᠲᠠᠯᠳᠠ ᠴᠢᠳᠠᠪᠦᠷᠢ ᠵᠢ ᠲᠦᠯᠦᠪᠰᠢᠷᠡᠭᠦᠯᠬᠦ ᠬᠡᠷᠡᠭᠲᠡᠢ᠃
ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ ᠨᠢ 《ᠶᠠᠭᠤᠨ᠎ᠳᠤ ᠲᠦᠰᠢᠭᠯᠡᠵᠦ ᠵᠠᠰᠠᠭ᠎ᠤᠨ ᠠᠵᠢᠯ᠎ᠤᠨ ᠪᠦᠲᠦᠮᠵᠢ ᠭᠠᠷᠭᠠᠬᠤ》 ᠠᠷᠭ᠎ᠠ ᠵᠠᠮ᠎ᠢ ᠲᠣᠳᠣᠷᠬᠠᠢᠯᠠᠵᠤ᠂ ᠴᠢᠨᠠᠷ ᠰᠠᠢᠲᠠᠢ ᠬᠥᠭᠵᠢᠯᠲᠡ᠎ᠶᠢᠨ ᠬᠥᠳᠡᠯᠭᠡᠬᠦ ᠬᠦᠴᠦᠨ᠎ᠳᠦ ᠲᠤᠯᠭᠠᠭᠤᠷᠢᠯᠠᠯ ᠬᠠᠩᠭᠠᠭᠰᠠᠨ ᠪᠠᠢᠨ᠎ᠠ᠃ ᠦᠨᠡᠨ ᠬᠦ᠌ ᠠᠳᠬᠤᠨ ᠪᠣᠳᠠᠲᠠᠢ ᠠᠵᠢᠯᠯᠠᠬᠤ ᠪᠣᠯ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢᠨ ᠦᠢᠯᠡᠳᠦᠯᠭᠡ᠎ᠶᠢᠨ ᠰᠠᠭᠤᠷᠢ ᠥᠩᠭᠡ ᠮᠥᠨ᠃ ᠴᠢᠨᠠᠷ ᠰᠠᠢᠲᠠᠢ ᠬᠥᠭᠵᠢᠯᠲᠡ᠎ᠶᠢᠨ ᠬᠦᠴᠢᠷ ᠠᠰᠠᠭᠤᠳᠠᠯ᠎ᠳᠤ ᠳᠥᠲᠡ ᠵᠠᠮ ᠭᠡᠵᠦ ᠪᠠᠢᠬᠤ ᠦᠭᠡᠢ᠂ ᠭᠠᠭᠴᠠ ᠬᠦ᠌ ᠯᠠᠪᠳᠠᠭᠤᠨ ᠪᠠᠲᠤᠲᠠᠢ ᠪᠠᠢᠵᠤ ᠦᠨᠡᠨ ᠡᠴᠨ ᠵᠥᠪ ᠢ ᠡᠷᠢᠵᠦ᠂ ᠺᠠᠳ᠋ᠷᠴᠤᠳ᠎ᠢ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠢ ᠴᠢᠩᠭ᠎ᠠ ᠴᠡᠭᠡᠷᠯᠡᠵᠦ᠂ ᠪᠣᠳᠠᠲᠠᠢ᠎ᠠᠴᠠ ᠡᠭᠦᠰᠴᠦ᠂ ᠪᠤᠰᠤᠳᠴᠢ ᠵᠢᠮ᠎ᠡ ᠶᠣᠰᠣ᠌᠎ᠪᠠᠷ ᠠᠵᠢᠯᠯᠠᠵᠤ᠂ 《ᠬᠠᠳᠠᠭᠠᠰᠤ ᠬᠠᠳᠠᠬᠤ》 ᠵᠣᠷᠢᠭ᠋ ᠰᠠᠨᠠᠭ᠎ᠠ᠎ᠪᠠᠷ ᠪᠠᠢᠷᠢᠯᠠᠭᠤᠯᠤᠯᠲᠠ᠎ᠶᠢ ᠨᠠᠢᠳᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠵᠤ ᠪᠤᠢ᠃
ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢᠨ ᠵᠥᠷᠢᠶ᠎ᠡ ᠨᠢ ᠴᠢᠨᠠᠷ ᠰᠠᠢᠲᠠᠢ ᠬᠥᠭᠵᠢᠯᠲᠡ᠎ᠶᠢ ᠬᠢᠵᠠᠭᠠᠷᠯᠠᠵᠤ ᠪᠠᠢᠭ᠎ᠠ ᠲᠣᠪᠣᠢᠮ᠎ᠠ ᠠᠰᠠᠭᠤᠳᠠᠯ ᠮᠦᠨ
ᠣᠳᠣᠬᠠᠨ᠎ᠳᠤ᠂ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠤᠢ ᠪᠤᠯᠭᠠᠬᠤ ᠪᠠ ᠦᠢᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ᠎ᠢ ᠭᠦᠨᠵᠡᠭᠡᠢ ᠠᠬᠢᠭᠤᠯᠵᠤ᠂ ᠤᠯᠠᠨ ᠲᠣᠭᠠᠨ᠎ᠤ ᠤᠳᠤᠷᠢᠳᠬᠤ ᠺᠠᠳ᠋ᠷ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠦᠢᠯᠡᠳᠦᠯᠭᠡᠵᠢᠭᠦᠯᠵᠦ᠂ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠵᠤ ᠪᠠᠢᠭ᠎ᠠ ᠶᠤᠮ᠃ ᠭᠡᠪᠡᠴᠦ ᠬᠡᠰᠡᠭ ᠪᠦᠯᠦᠭ ᠤᠳᠤᠷᠢᠳᠬᠤ ᠺᠠᠳ᠋ᠷ᠎ᠤᠨ ᠪᠡᠶ᠎ᠡ ᠳᠡᠭᠡᠷ᠎ᠡ ᠵᠠᠰᠠᠭ᠎ᠤᠨ ᠠᠵᠢᠯ᠎ᠤᠨ ᠪᠦᠲᠦᠮᠵᠢ᠎ᠶᠢᠨ ᠦᠵᠡᠯᠲᠡ᠎ᠶᠢᠨ ᠵᠥᠷᠢᠶ᠎ᠡ ᠮᠥᠨ ᠬᠦ᠌ ᠣᠷᠣᠰᠢᠵᠤ᠂ ᠴᠢᠨᠠᠷ ᠰᠠᠢᠲᠠᠢ ᠬᠥᠭᠵᠢᠯᠲᠡ᠎ᠶᠢᠨ ᠠᠬᠢᠴᠠ᠎ᠶᠢ ᠨᠥᠯᠥᠭᠡᠯᠡᠵᠦ ᠪᠠᠢᠭ᠎ᠠ ᠪᠣᠯᠬᠣᠷ ᠳᠡᠭᠡᠳᠦ ᠬᠡᠮᠵᠢᠶ᠎ᠡ᠎ᠪᠠᠷ ᠰᠡᠷᠡᠮᠵᠢᠯᠡᠵᠦ᠂ ᠡᠷᠡᠰ ᠵᠠᠯᠠᠷᠠᠭᠤᠯᠬᠤ ᠬᠡᠷᠡᠭᠲᠡᠢ᠃
ᠬᠡᠰᠡᠭ ᠪᠦᠯᠦᠭ ᠺᠠᠳ᠋ᠷ ᠣᠬᠣᠷ ᠬᠤᠭᠤᠴᠠᠭᠠᠨ᠎ᠤ ᠦᠷ᠎ᠡ ᠪᠦᠲᠦᠮᠵᠢ᠎ᠶᠢ ᠥᠷᠥᠭᠡᠰᠦᠭᠡᠯ᠎ᠢᠶᠠᠷ ᠬᠥᠭᠡᠭᠡᠴᠡᠯᠳᠦᠵᠦ᠂ ᠲᠤᠰᠢᠶᠠᠯ᠎ᠤᠨ ᠬᠤᠭᠤᠴᠠᠭᠠᠨ᠎ᠳᠠᠭᠠᠨ ᠲᠦᠷᠭᠡᠨ ᠪᠦᠲᠦᠮᠵᠢ ᠭᠠᠷᠭᠠᠬᠤ᠎ᠶᠢ ᠲᠡᠷᠢᠭᠦᠨ ᠴᠢᠬᠤᠯᠠ ᠬᠠᠷᠠᠯᠲᠠ ᠪᠤᠯᠭᠠᠵᠤ᠂ ᠬᠥᠭᠵᠢᠯᠲᠡ᠎ᠶᠢᠨ ᠤᠷᠳᠤ ᠬᠤᠭᠤᠴᠠᠭᠠᠲᠤ ᠴᠢᠨᠠᠷ ᠪᠠ ᠦᠷᠭᠦᠯᠵᠢᠯᠡᠬᠦᠢᠴᠡ ᠴᠢᠨᠠᠷ᠎ᠢ ᠣᠮᠲᠣᠭᠠᠢᠯᠠᠵᠤ ᠪᠤᠢ᠃ ᠵᠠᠷᠢᠮ ᠨᠢ ᠨᠢᠳᠦᠨ ᠡᠮᠦᠨᠡᠬᠢ ᠠᠰᠢᠭ᠋ ᠲᠤᠰᠠ᠎ᠶᠢ ᠴᠢᠬᠤᠯᠠᠴᠢᠯᠠᠨ᠂ ᠠᠯᠤᠰ ᠭᠡᠳᠦᠶᠢᠨ ᠣᠷᠣᠭᠤᠯᠤᠯᠲᠠ᠎ᠶᠢ ᠬᠥᠩᠭᠡᠪᠴᠢᠯᠡᠵᠦ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠂ ᠡᠮ ᠡᠮᠨᠡᠯᠭᠡ ᠵᠡᠷᠭᠡ ᠰᠠᠭᠤᠷᠢ ᠴᠢᠨᠠᠷᠲᠠᠢ ᠠᠵᠢᠯ ᠦᠢᠯᠡᠰᠲᠠᠬᠢ ᠣᠷᠣᠭᠤᠯᠤᠯᠲᠠ ᠬᠦᠷᠦᠯᠴᠡᠬᠦ ᠦᠭᠡᠢ᠎ᠠᠴᠠ ᠪᠣᠯᠵᠤ ᠬᠥᠭᠵᠢᠯᠲᠡ᠎ᠶᠢᠨ ᠰᠡᠯᠭᠦᠬᠦ ᠬᠦᠴᠦᠨ ᠬᠣᠮᠰᠠᠳᠠᠵᠤ ᠪᠠᠢᠨ᠎ᠠ᠃ ᠠᠯᠤᠰ ᠭᠡᠳᠦᠶᠢᠨ ᠬᠠᠷᠠᠯᠲᠠ ᠦᠭᠡᠢ ᠡᠢᠮᠦᠷᠬᠦᠦ ᠠᠵᠢᠯᠯᠠᠭ᠎ᠠ ᠨᠢ ᠦᠵᠡᠬᠦ᠎ᠳᠤ《ᠨᠢᠳᠦᠨ ᠡᠮᠦᠨᠡᠬᠢ ᠠᠵᠢᠯ᠎ᠤᠨ ᠪᠦᠲᠦᠮᠵᠢ》 ᠰᠢᠭ᠋ ᠪᠤᠯᠪᠠᠴᠤ ᠦᠨᠡᠨ᠎ᠳᠡᠭᠡᠨ ᠠᠯᠤᠰ ᠭᠡᠳᠦᠶᠢᠨ ᠬᠥᠭᠵᠢᠯᠲᠡ᠎ᠶᠢ ᠬᠣᠬᠢᠷᠠᠭᠤᠯᠵᠤ᠂ ᠴᠢᠨᠠᠷ ᠰᠠᠢᠲᠠᠢ ᠬᠥᠭᠵᠢᠯᠲᠡ᠎ᠶᠢᠨ ᠱᠠᠭᠠᠷᠳᠠᠯᠭ᠎ᠠ᠎ᠲᠠᠢ ᠬᠠᠷᠰᠢᠯᠳᠤᠵᠤ ᠪᠠᠢᠳᠠᠭ᠃
ᠵᠠᠷᠢᠮ ᠺᠠᠳ᠋ᠷ ᠨᠢ ᠵᠥᠪᠭᠡᠨ 《ᠨᠢᠳᠦᠨ᠎ᠳᠤ ᠦᠵᠡᠭᠳᠡᠵᠦ᠂ ᠭᠠᠷ᠎ᠲᠤ ᠪᠠᠷᠢᠭ᠍ᠳᠠᠮ᠎ᠠ》 ᠢᠯᠡ ᠪᠦᠲᠦᠮᠵᠢ᠎ᠶᠢ ᠬᠥᠭᠡᠭᠡᠴᠡᠯᠳᠦᠵᠦ᠂ ᠰᠠᠭᠤᠷᠢ ᠲᠠᠯᠪᠢᠬᠤ᠂ ᠠᠯᠤᠰ ᠭᠡᠳᠦ᠎ᠳᠤ ᠠᠰᠢᠭ᠍ᠲᠠᠢ ᠲᠠᠯᠳᠠ ᠪᠦᠲᠦᠮᠵᠢ᠎ᠶᠢ ᠴᠢᠬᠤᠯᠠᠴᠢᠯᠠᠬᠤ ᠦᠭᠡᠢ ᠪᠠᠢᠳᠠᠭ᠃ 《ᠥᠡᠭᠭᠡᠨ ᠲᠠᠯ᠎ᠠ᠎ᠶᠢᠨ ᠢᠨᠵᠧᠨᠧᠷᠢᠩ》᠎ᠢ ᠰᠣᠬᠣᠷ ᠪᠠᠯᠠᠢ᠎ᠪᠠᠷ ᠪᠦᠲᠦᠭᠡᠨ ᠪᠠᠢᠭᠤᠯᠵᠤ᠂ ᠬᠥᠳᠡᠭᠡ ᠲᠣᠰᠬᠤᠨ᠎ᠤ ᠬᠥᠭᠵᠢᠯᠲᠡ᠂ ᠦᠨᠳᠦᠰᠦᠨ ᠱᠠᠲᠤᠨ᠎ᠤ ᠵᠠᠰᠠᠯᠲᠠ ᠵᠡᠷᠭᠡ ᠪᠠᠭᠤᠷᠠᠢ ᠲᠠᠯ᠎ᠠ᠎ᠶᠢ ᠣᠮᠲᠣᠭᠠᠢᠯᠠᠵᠤ᠂ ᠤᠬᠠᠭᠤᠯᠭ᠎ᠠ᠎ᠶᠢ ᠴᠢᠬᠤᠯᠠᠴᠢᠯᠠᠵᠤ᠂ ᠨᠠᠢᠳᠠᠪᠤᠷᠢᠵᠢᠭᠤᠯᠤᠯᠲᠠ᠎ᠶᠢ ᠬᠥᠩᠭᠡᠪᠴᠢᠯᠡᠵᠦ᠂ ᠤᠷᠢᠶ᠎ᠠ ᠬᠠᠰᠬᠢᠷᠤᠨ ᠰᠦᠷ ᠮᠠᠨᠳᠤᠭᠤᠯᠵᠤ᠂ ᠲᠥᠷᠥ᠎ᠶᠢᠨ ᠪᠣᠳᠣᠯᠭ᠎ᠠ᠎ᠶᠢᠨ ᠬᠡᠷᠡᠭᠵᠢᠭᠦᠯᠦᠯᠲᠡ᠎ᠶᠢ ᠮᠥᠷᠳᠡᠨ ᠳᠠᠭᠠᠵᠤ ᠦᠷ᠎ᠡ ᠪᠦᠲᠦᠮᠵᠢ᠎ᠶᠢ ᠠᠰᠠᠭᠤᠬᠤ᠎ᠪᠠᠷ ᠳᠤᠲᠠᠮᠠᠭ ᠪᠠᠢᠵᠤ ᠂ ᠠᠵᠢᠯ᠎ᠢᠶᠠᠨ ᠭᠡᠯᠪᠡᠷᠢ᠎ᠶᠢᠨ ᠲᠡᠳᠦᠢ ᠪᠤᠯᠭᠠᠵᠤ᠂ ᠴᠢᠨᠠᠷ ᠰᠠᠢᠲᠠᠢ ᠬᠥᠭᠵᠢᠯᠲᠡ᠎ᠶᠢᠨ ᠪᠦᠭᠦ ᠲᠠᠯᠠᠲᠤ ᠴᠢᠨᠠᠷ᠎ᠢ ᠨᠥᠯᠥᠭᠡᠯᠡᠵᠦ ᠪᠠᠢᠨ᠎ᠠ᠃ ᠪᠠᠰᠠ ᠵᠠᠷᠢᠮ ᠨᠢ ᠪᠣᠳᠠᠲᠤ ᠪᠠᠢᠳᠠᠯ᠎ᠠᠴᠠ ᠰᠠᠯᠤᠩᠭᠢᠷᠠᠵᠤ᠂ ᠤᠤᠯ ᠬᠡᠪ᠎ᠢᠶᠠᠷ ᠨᠢ ᠨᠡᠭᠦᠯᠭᠡᠨ ᠬᠡᠷᠡᠭᠯᠡᠭᠰᠡᠨ ᠨᠣᠮᠯᠠᠯ᠎ᠤᠨ ᠠᠷᠭ᠎ᠠ ᠢᠯᠡᠷᠡᠵᠦ ᠪᠠᠢᠨ᠎ᠠ᠃ ᠰᠢᠰᠲᠧᠮᠲᠦ ᠰᠡᠳᠬᠢᠬᠦᠢ ᠪᠠ ᠬᠤᠪᠢᠰᠤᠩᠭᠤᠢ ᠰᠡᠳᠬᠢᠬᠦᠢ᠎ᠪᠠᠷ ᠳᠤᠲᠠᠮᠠᠭ ᠪᠠᠢᠵᠤ᠂ ᠲᠣᠰ ᠭᠠᠵᠠᠷ ᠣᠷᠣᠨ᠂ ᠲᠣᠰ ᠰᠠᠯᠠᠭ᠎ᠠ ᠮᠥᠴᠢᠷ᠎ᠤᠨ᠎ᠢᠶᠠᠨ ᠪᠣᠳᠠᠲᠤ ᠪᠠᠢᠳᠠᠯ᠎ᠲᠠᠢ ᠤᠶᠠᠯᠳᠤᠭᠤᠯᠬᠤ ᠦᠭᠡᠢ᠎ᠪᠠᠷ ᠭᠠᠳᠠᠷ ᠣᠷᠣᠨ᠎ᠤ ᠬᠥᠭᠵᠢᠯᠲᠡ᠎ᠶᠢᠨ ᠵᠠᠭᠪᠤᠷ ᠪᠠ ᠲᠤᠷᠰᠢᠯᠭ᠎ᠠ᠎ᠶᠢ ᠰᠣᠬᠣᠷ ᠪᠠᠯᠠᠢ᠎ᠪᠠᠷ ᠤᠤᠯ ᠬᠡᠪ᠎ᠢᠶᠠᠷ ᠨᠢ ᠨᠡᠭᠦᠯᠭᠡᠨ ᠬᠡᠷᠡᠭᠯᠡᠭᠰᠡᠨ᠎ᠠᠴᠠ ᠬᠥᠭᠵᠢᠯᠲᠡ᠎ᠶᠢᠨ ᠠᠷᠭ᠎ᠠ ᠵᠠᠮ ᠨᠢ ᠪᠣᠳᠠᠲᠤ ᠪᠠᠢᠳᠠᠯ᠎ᠲᠠᠢ ᠪᠡᠨ ᠰᠠᠯᠤᠩᠬᠢᠷᠠᠭᠰᠠᠨ ᠪᠠᠢᠨ᠎ᠠ᠃ ᠬᠠᠷᠢᠭᠤᠴᠠᠯᠭ᠎ᠠ ᠡᠭᠦᠷᠭᠡᠯᠡᠬᠦ ᠡᠴᠡ ᠠᠶᠤᠵᠤ᠂ ᠠᠶᠤᠯ ᠲᠦᠭᠰᠢᠭᠦᠷᠢ᠎ᠠᠴᠠ ᠵᠠᠢᠯᠠᠵᠦ᠂ ᠴᠢᠬᠤᠯᠠ ᠶᠡᠬᠡ ᠲᠥᠷᠥᠯ ᠵᠦᠢᠯ᠂ ᠭᠣᠣᠯᠳᠠᠯᠭ᠎ᠠ᠎ᠲᠠᠢ ᠠᠵᠢᠯ᠎ᠤᠨ ᠳᠤᠮᠳᠠ ᠠᠶᠤᠵᠤ ᠲᠠᠲᠠᠭᠠᠯᠵᠠᠵᠤ᠂ ᠰᠢᠪᠲᠤᠯᠤᠯᠲᠠ ᠭᠠᠷᠭᠠᠬᠤ ᠵᠣᠷᠢᠭ᠋ ᠦᠭᠡᠢ᠎ᠠᠴᠠ ᠪᠣᠯᠵᠤ᠂ ᠬᠥᠭᠵᠢᠯᠲᠡ᠎ᠶᠢᠨ ᠠᠵᠠ ᠲᠣᠭᠢᠶᠠᠯ᠎ᠢ ᠠᠯᠳᠠᠭᠤᠯᠵᠤ᠂ ᠠᠵᠢᠯ᠎ᠢ ᠠᠬᠢᠭᠤᠯᠬᠤ ᠳᠤᠮᠳᠠ ᠲᠤᠯᠭᠠᠷᠠᠭᠰᠠᠨ ᠠᠰᠠᠭᠤᠳᠠᠯ᠎ᠢ ᠬᠠᠷᠠᠵᠤ ᠪᠠᠢᠭᠠᠳ ᠬᠠᠢᠬᠤᠷᠬᠤ ᠦᠭᠡᠢ ᠡᠴᠨ ᠪᠣᠯᠵᠤ ᠡᠯ᠎ᠡ ᠵᠦᠢᠯ᠎ᠤᠨ ᠠᠵᠢᠯ᠎ᠢ ᠪᠣᠳᠠᠲᠠᠢ᠎ᠳᠤ ᠨᠠᠢᠳᠠᠪᠤᠷᠢᠵᠢᠭᠤᠯᠵᠤ ᠦᠷ᠎ᠡ ᠪᠦᠲᠦᠮᠵᠢ ᠣᠯᠬᠤ᠎ᠳᠤ ᠬᠦᠴᠢᠷ ᠪᠠᠢᠬᠤ ᠡᠢᠮᠦᠷᠬᠦᠦ ᠨᠠᠵᠠᠭᠠᠢ ᠣᠪᠣᠷ ᠨᠢ ᠠᠵᠢᠯ ᠬᠢᠵᠦ ᠦᠢᠯᠡᠰ ᠪᠣᠰᠬᠠᠬᠤ ᠢᠳᠡᠪᠬᠢᠵᠢᠯ᠎ᠢ ᠪᠠᠭᠤᠷᠠᠭᠤᠯᠵᠤ᠂ ᠴᠢᠨᠠᠷ ᠰᠠᠢᠲᠠᠢ ᠬᠥᠭᠵᠢᠯᠲᠡ᠎ᠶᠢᠨ ᠬᠥᠳᠡᠯᠭᠡᠬᠦ ᠬᠦᠴᠦᠨ ᠵᠢᠴᠢ ᠠᠮᠢᠵᠢᠷᠠᠯ᠎ᠤᠨ ᠬᠦᠴᠦᠨ᠎ᠢ ᠬᠢᠵᠠᠭᠠᠷᠯᠠᠵᠤ ᠪᠠᠢᠨ᠎ᠠ᠃
ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠪᠠᠷ ᠴᠢᠨᠠᠷ ᠰᠠᠢᠲᠠᠢ ᠬᠥᠭᠵᠢᠯᠲᠡ᠎ᠶᠢ ᠬᠥᠲᠥᠯᠥᠨ ᠳᠠᠭᠠᠭᠤᠯᠵᠤ ᠭᠦᠨᠵᠡᠭᠡᠢᠷᠡᠭᠦᠯᠦᠨ ᠪᠣᠳᠠᠲᠠᠢᠵᠢᠭᠤᠯᠬᠤ ᠬᠡᠷᠡᠭᠲᠠᠢ
ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠪᠠᠷ ᠴᠢᠨᠠᠷ ᠰᠠᠢᠲᠠᠢ ᠬᠥᠭᠵᠢᠯᠲᠡ᠎ᠶᠢ ᠬᠥᠲᠥᠯᠥᠨ ᠳᠠᠭᠠᠭᠤᠯᠬᠤ ᠪᠣᠯ ᠰᠢᠰᠲᠧᠮᠲᠦ ᠢᠨᠵᠧᠨᠧᠷᠢᠩ ᠮᠥᠨ᠂ ᠦᠵᠡᠯ ᠰᠠᠨᠠᠭ᠎ᠠ ᠂ ᠴᠢᠳᠠᠪᠤᠷᠢ ᠂ ᠨᠠᠢᠳᠠᠪᠤᠷᠢᠵᠢᠭᠤᠯᠤᠯᠲᠠ᠂ ᠬᠢᠨᠠᠨ ᠰᠢᠯᠭᠠᠯᠲᠠ᠂ ᠬᠢᠨᠠᠯᠲᠠ ᠲᠠᠯᠪᠢᠯᠲᠠ ᠵᠡᠷᠭᠡ ᠲᠠᠪᠤᠨ ᠲᠠᠯ᠎ᠠ᠎ᠪᠠᠷ ᠬᠠᠮᠵᠢᠯᠴᠠᠨ ᠬᠦᠴᠦᠯᠡᠵᠦ᠂ ᠤᠳᠤᠷᠢᠳᠬᠤ ᠺᠠᠳ᠋ᠷᠴᠤᠳ ᠤ᠋ᠨ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠰᠡᠳᠬᠢᠯ᠎ᠳᠡᠭᠡᠨ ᠬᠠᠳᠠᠩᠰᠢᠭᠤᠯᠵᠤ᠂ ᠦᠢᠯᠡ ᠠᠵᠢᠯᠯᠠᠭ᠎ᠠ᠎ᠳᠠᠭᠠᠨ ᠢᠯᠡᠷᠡᠭᠦᠯᠬᠦ᠎ᠶᠢ ᠠᠬᠢᠭᠤᠯᠵᠤ᠂ ᠰᠤᠷᠤᠯᠴᠠᠯᠭ᠎ᠠ᠎ᠶᠢᠨ ᠦᠷ᠎ᠡ ᠪᠦᠲᠦᠭᠡᠯ᠎ᠢ ᠬᠥᠭᠵᠢᠯᠲᠡ᠎ᠶᠢᠨ ᠪᠣᠳᠠᠲᠤ ᠦᠷ᠎ᠡ ᠪᠦᠲᠦᠮᠵᠢ ᠪᠣᠯᠭᠠᠨ ᠤᠯᠠᠷᠢᠭᠤᠯᠬᠤ ᠬᠡᠷᠡᠭᠲᠡᠢ᠃ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠤᠢ ᠪᠤᠯᠭᠠᠬᠤ᠎ᠳᠤ ᠡᠩ ᠲᠡᠷᠢᠭᠦᠨ᠎ᠳᠤ ᠤᠨᠤᠯ᠎ᠢᠶᠠᠷ ᠵᠡᠪᠰᠡᠭᠯᠡᠬᠦ᠎ᠶᠢ ᠴᠢᠩᠭᠠᠳᠬᠠᠬᠤ ᠬᠡᠷᠡᠭᠲᠡᠢ᠃ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮᠲᠦ ᠦᠵᠡᠯ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ᠎ᠶᠢ ᠲᠡᠷᠢᠭᠦᠨ ᠴᠢᠬᠤᠯᠠ ᠤᠯᠤᠰ ᠲᠥᠷᠥ᠎ᠶᠢᠨ ᠡᠭᠦᠷᠭᠡ ᠪᠤᠯᠭᠠᠬᠤ᠎ᠶᠢ ᠪᠠᠷᠢᠮᠲᠠᠯᠠᠵᠤ᠂ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢᠨ ᠲᠠᠯ᠎ᠠ ᠪᠡᠷ ᠭᠢ ᠴᠢᠬᠤᠯᠠ ᠥᠭᠦᠯᠡᠯᠲᠡ᠎ᠶᠢ ᠭᠦᠨᠵᠡᠭᠡᠢ ᠰᠤᠷᠤᠯᠴᠠᠨ᠂ 《ᠬᠣᠶᠠᠷ ᠢ ᠲᠣᠭᠲᠠᠭᠠᠭᠰᠠᠨ》᠎ᠤ ᠰᠢᠢᠳᠪᠦᠷᠢᠯᠡᠭᠴᠢ ᠴᠢᠨᠠᠷᠲᠠᠢ ᠠᠴᠢ ᠬᠣᠯᠪᠣᠭᠳᠠᠯ᠎ᠢ ᠭᠦᠨᠵᠡᠭᠡᠢ ᠣᠢᠯᠠᠭᠠᠵᠤ᠂ 《ᠬᠣᠶᠠᠷ ᠢ ᠬᠠᠮᠠᠭᠠᠯᠠᠬᠤ》᠎ᠶᠢ ᠡᠷᠡᠰ ᠪᠡᠶᠡᠯᠡᠭᠦᠯᠬᠦ ᠬᠡᠷᠡᠭᠲᠡᠢ᠃ ᠲᠤᠰᠬᠠᠢ ᠰᠡᠳᠦᠪᠲᠦ ᠰᠤᠷᠤᠯᠴᠠᠯᠭ᠎ᠠ᠂ ᠰᠤᠳᠤᠯᠤᠨ ᠶᠠᠷᠢᠯᠴᠠᠵᠤ ᠪᠤᠳᠤᠯ ᠰᠠᠨᠠᠯ᠎ᠢᠶᠠᠨ ᠰᠣᠯᠢᠯᠴᠠᠬᠤ᠂ ᠰᠡᠷᠡᠮᠵᠢᠯᠡᠭᠦᠯᠭᠦ ᠬᠥᠮᠦᠵᠢᠯ ᠵᠡᠷᠭᠡ᠎ᠪᠠᠷ ᠳᠠᠮᠵᠢᠨ᠂ ᠺᠠᠳ᠋ᠷᠴᠤᠳ᠎ᠢ ᠬᠥᠲᠥᠯᠥᠨ ᠵᠢᠯᠤᠭᠣᠳᠴᠤ ᠪᠠᠢᠭᠠᠳ ᠵᠠᠰᠠᠭ ᠤᠨ ᠠᠵᠢᠯ ᠤᠨ ᠪᠦᠲᠦᠮᠵᠢ᠎ᠶᠢᠨ ᠲᠤᠬᠠᠢ ᠪᠤᠷᠤᠭᠤ ᠦᠵᠡᠯᠲᠡ᠎ᠶᠢ ᠲᠠᠶᠠᠭᠳᠠᠭᠤᠯᠵᠤ᠂ 《ᠠᠷᠠᠳ ᠲᠦᠮᠡᠨ᠎ᠳᠤ ᠪᠤᠶᠠᠨ ᠦᠢᠯᠡᠳᠬᠦ ᠪᠣᠯ ᠵᠠᠰᠠᠭ᠎ᠤᠨ ᠠᠵᠢᠯ᠎ᠤᠨ ᠬᠠᠮᠤᠭ᠎ᠤᠨ ᠶᠡᠬᠡ ᠪᠦᠲᠦᠮᠵᠢ ᠮᠥᠨ》 ᠭᠡᠬᠦ ᠣᠢᠯᠠᠭᠠᠭᠳᠠᠬᠤᠨ᠎ᠢ ᠪᠠᠲᠤ ᠪᠤᠢ ᠪᠤᠯᠭᠠᠵᠤ᠂ ᠨᠠᠮ ᠪᠣᠯᠣᠨ ᠤᠯᠤᠰ᠎ᠤᠨ ᠠᠵᠢᠯ ᠦᠢᠯᠡᠰ᠎ᠤᠨ ᠪᠦᠭᠦ ᠲᠠᠯ᠎ᠠ᠎ᠶ᠋ᠢᠨ ᠬᠥᠭᠵᠢᠯᠲᠡ᠎ᠶᠢᠨ ᠲᠤᠬᠠᠢ ᠢᠮᠠᠭᠲᠠ ᠲᠥᠯᠥᠪᠯᠡᠬᠦ ᠬᠡᠷᠡᠭᠲᠡᠢ᠃ ᠳᠠᠷᠠᠭᠠᠯᠠᠪᠠᠯ᠂ ᠴᠢᠳᠠᠪᠤᠷᠢ᠎ᠪᠠᠨ ᠳᠡᠭᠡᠭᠰᠢᠯᠡᠭᠦᠯᠵᠦ᠂ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠦᠢᠯᠡᠳᠦᠯᠭᠡ᠎ᠶᠢᠨ ᠴᠢᠳᠠᠪᠤᠷᠢ᠎ᠪᠠᠨ ᠴᠢᠩᠭᠠᠳᠬᠠᠬᠤ ᠬᠡᠷᠡᠭᠲᠡᠢ᠃ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠦᠢᠯᠡᠳᠦᠯᠭᠡᠵᠢᠭᠦᠯᠬᠦ᠎ᠳᠤ ᠡᠷᠬᠡᠪᠰᠢ ᠠᠵᠢᠯ ᠦᠢᠯᠡᠰ ᠲᠡᠭᠡᠨ ᠴᠠᠭᠠᠷᠠᠭᠰᠠᠨ ᠪᠠᠢᠬᠤ ᠬᠡᠷᠡᠭᠲᠡᠢ᠃ ᠰᠢᠨ᠎ᠡ ᠡᠭᠦᠷᠭᠡ ᠰᠢᠨ᠎ᠡ ᠥᠷᠢᠰᠦᠯᠳᠦᠭᠡᠨ᠎ᠤ ᠡᠮᠦᠨ᠎ᠡ᠂ ᠺᠠᠳ᠋ᠷᠴᠤᠳ ᠰᠠᠨᠠᠭᠠᠴᠢᠯᠠᠭ᠎ᠠ᠎ᠠᠴᠠ᠎ᠪᠠᠨ ᠳᠤᠲᠠᠭᠤᠳᠠᠯ᠎ᠢᠶᠠᠨ ᠨᠥᠬᠥᠪᠦᠷᠢᠯᠡᠵᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ᠰᠢᠰᠲᠧᠮᠲᠦ ᠰᠡᠳᠬᠢᠬᠦᠢ᠎ᠪᠠᠨ ᠴᠢᠩᠭᠠᠳᠬᠠᠵᠤ᠂ ᠰᠢᠨ᠎ᠡ ᠬᠥᠭᠵᠢᠯᠲᠡ᠎ᠶᠢᠨ ᠣᠢᠯᠠᠭᠠᠭᠳᠠᠬᠤᠨ ᠢ ᠰᠠᠢᠲᠤᠷ ᠰᠤᠷᠤᠯᠴᠠᠵᠤ᠂ ᠡᠯ᠎ᠡ ᠵᠦᠢᠯ᠎ᠤᠨ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠨᠡᠢᠳᠡᠮ ᠳ᠋ᠤᠨᠢ ᠬᠠᠷᠠᠭᠠᠯᠵᠠᠬᠤ ᠭᠡᠷᠡᠭ᠌ᠲᠠᠢ; ᠰᠢᠨ᠎ᠡ᠎ᠶᠢ ᠡᠭᠦᠳᠬᠦ ᠰᠡᠳᠬᠢᠬᠦᠢ᠎ᠪᠠᠨ ᠴᠢᠩᠭᠠᠳᠬᠠᠵᠤ᠂ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ ᠪᠠ ᠠᠵᠤ ᠦᠢᠯᠡᠰ᠎ᠤᠨ ᠬᠤᠪᠢᠰᠤᠯᠲᠠ᠎ᠳᠤ ᠵᠣᠬᠢᠴᠠᠭᠤᠯᠤᠨ᠂ ᠬᠥᠭᠵᠢᠯᠲᠡ᠎ᠶᠢᠨ ᠰᠢᠨ᠎ᠡ ᠠᠷᠭ᠎ᠠ ᠵᠠᠮ ᠢ ᠬᠠᠢᠨ ᠰᠦᠪᠡᠭᠴᠢᠯᠡᠵᠦ ᠦᠢᠯᠡᠳᠦᠯᠭᠡ᠎ᠶᠢᠨ ᠪᠣᠯᠪᠠᠰᠤᠷᠠᠯ᠎ᠢ ᠴᠢᠩᠭᠠᠳᠬᠠᠵᠤ᠂ ᠲᠦᠷᠦᠯ ᠵᠦᠢᠯ ᠤᠨ ᠪᠦᠲᠦᠭᠡᠨ ᠪᠠᠢᠭᠤᠯᠤᠯᠲᠠ᠎ᠳᠤ ᠦᠨᠳᠦᠰᠦᠯᠡᠵᠦ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠡᠮᠦᠨ᠎ᠡ ᠹᠷᠣᠨᠲ᠎ᠲᠤ ᠳᠠᠪᠲᠠᠨ ᠪᠤᠯᠪᠠᠰᠤᠷᠠᠭᠤᠯᠬᠤ ᠭᠡᠷᠡᠭ᠌ᠲᠠᠢ; ᠪᠠᠢᠴᠠᠭᠠᠨ ᠰᠤᠳᠤᠯᠤᠯᠲᠠ᠎ᠪᠠᠨ ᠴᠢᠩᠭᠠᠳᠬᠠᠵᠤ᠂ ᠦᠨᠳᠦᠰᠦᠨ ᠱᠠᠲᠤᠨ᠎ᠳᠤ ᠭᠦᠨᠵᠡᠭᠡᠢᠷᠡᠨ ᠪᠣᠳᠠᠲᠤ ᠪᠠᠢᠳᠠᠯ᠎ᠢ ᠣᠢᠯᠠᠭᠠᠵᠤ᠂ ᠪᠣᠳᠠᠲᠠᠢ ᠠᠷᠭ᠎ᠠ ᠬᠡᠮᠵᠢᠶ᠎ᠡ ᠠᠪᠴᠤ᠂ ᠰᠢᠢᠳᠪᠦᠷᠢᠲᠦ ᠪᠣᠳᠣᠯᠭ᠎ᠠ᠎ᠶᠢᠨ ᠰᠢᠨᠵᠢᠯᠡᠬᠦ ᠤᠬᠠᠭᠠᠨᠴᠢ ᠴᠢᠨᠠᠷ ᠪᠣᠯᠣᠨ ᠪᠣᠳᠠᠲᠤ ᠦᠷ᠎ᠡ ᠪᠦᠲᠦᠮᠵᠢᠲᠦ ᠴᠢᠨᠠᠷ᠎ᠢ ᠳᠡᠭᠡᠭᠰᠢᠯᠡᠭᠦᠯᠭᠦ ᠬᠡᠷᠡᠭᠲᠡᠢ᠃
ᠦᠨᠡᠨ ᠬᠦ᠌ ᠠᠳᠬᠤᠨ ᠪᠣᠳᠠᠲᠠᠢ ᠠᠵᠢᠯᠯᠠᠬᠤ ᠪᠣᠯ ᠵᠠᠰᠠᠭ ᠤᠨ ᠠᠵᠢᠯ ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠦᠢᠯᠡᠳᠦᠯᠭᠡᠵᠢᠭᠦᠯᠬᠦ᠎ᠶᠢᠨ ᠭᠣᠣᠯ ᠱᠠᠭᠠᠷᠳᠠᠯᠭ᠎ᠠ ᠮᠥᠨ᠂ ᠪᠠᠰᠠ ᠴᠤ᠌ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠵᠠᠩᠭᠢᠯᠠᠭ᠎ᠠ᠎ᠶᠢᠨ ᠠᠷᠭ᠎ᠠ ᠬᠡᠮᠵᠢᠶ᠎ᠡ ᠮᠥᠨ᠃ ᠨᠠᠮ᠎ᠤᠨ ᠭᠡᠰᠢᠭᠦᠨ ᠺᠠᠳ᠋ᠷᠴᠤᠳ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠢ ᠴᠢᠩᠭ᠎ᠠ ᠴᠡᠭᠡᠷᠯᠡᠵᠦ᠂ ᠬᠠᠳᠠᠭᠠᠰᠤ ᠬᠠᠳᠠᠬᠤ》 ᠵᠣᠷᠢᠭ᠋ ᠰᠠᠨᠠᠭ᠎ᠠ᠎ᠪᠠᠷ ᠨᠠᠢᠳᠠᠪᠤᠷᠢᠵᠢᠭᠤᠯᠤᠯᠲᠠ᠎ᠶᠢ ᠴᠢᠩᠭ᠎ᠠ ᠠᠳᠬᠤᠬᠤ ᠬᠡᠷᠡᠭᠲᠡᠢ᠃ ᠳᠠᠬᠢᠪᠠᠯ ᠪᠠᠰᠠ ᠬᠢᠨᠠᠨ ᠰᠢᠯᠭᠠᠬᠤ ᠤᠳᠤᠷᠢᠳᠤᠮᠵᠢ᠎ᠶᠢ ᠲᠡᠭᠦᠯᠳᠡᠷᠵᠢᠭᠦᠯᠵᠦ᠂ ᠴᠢᠨᠠᠷ ᠰᠠᠢᠲᠠᠢ ᠬᠥᠭᠵᠢᠯᠲᠡ᠎ᠶᠢᠨ ᠢᠯᠡ ᠲᠣᠳᠣ᠌ ᠪᠠᠷᠢᠮᠵᠢᠶ᠎ᠠ᠎ᠶᠢ ᠪᠤᠶ ᠪᠤᠯᠭᠠᠬᠤ ᠬᠡᠷᠡᠭᠲᠡᠢ᠃ ᠬᠢᠨᠠᠨ ᠰᠢᠯᠭᠠᠵᠤ ᠦᠨᠡᠯᠡᠬᠦ ᠪᠣᠯ ᠵᠠᠰᠠᠭ᠎ᠤᠨ ᠠᠵᠢᠯ ᠤᠨ ᠪᠦᠲᠦᠮᠵᠢ᠎ᠶᠢᠨ ᠦᠵᠡᠯᠲᠡ᠎ᠶᠢᠨ 《ᠵᠢᠯᠣᠭᠣᠳᠤᠮᠵᠢ᠎ᠶᠢᠨ ᠳᠣᠬᠢᠭᠤᠷ》 ᠪᠣᠯᠣᠨ᠎ᠠ᠃ ᠴᠢᠨᠠᠷ ᠰᠠᠢᠲᠠᠢ ᠬᠥᠭᠵᠢᠯᠲᠡ᠎ᠪᠠᠷ ᠤᠳᠤᠷᠢᠳᠤᠮᠵᠢ ᠪᠤᠯᠭᠠᠬ᠍ᠰᠠᠨ ᠬᠢᠨᠠᠨ ᠰᠢᠯᠭᠠᠬᠤ ᠰᠢᠰᠲᠧᠮ᠎ᠢ ᠲᠡᠭᠦᠯᠳᠡᠷᠵᠢᠭᠦᠯᠵᠦ ᠠᠷᠠᠳ᠎ᠤᠨ ᠠᠮᠢᠳᠤᠷᠠᠯ᠂ ᠠᠮᠢ ᠠᠬᠤᠢ᠂ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠎ᠤᠨ ᠰᠢᠨ᠎ᠡ᠎ᠶᠢ ᠡᠭᠦᠳᠬᠦ᠂ ᠵᠠᠰᠠᠯᠲᠠ ᠬᠢᠬᠦ ᠵᠡᠷᠭᠡ᠎ᠶᠢ ᠬᠢᠨᠠᠨ ᠰᠢᠯᠭᠠᠬᠤ᠎ᠳᠤ ᠣᠷᠣᠭᠤᠯᠵᠤ᠂ ᠲᠠᠯᠳᠠ ᠪᠦᠲᠦᠮᠵᠢ᠎ᠶᠢᠨ ᠭᠦᠢᠴᠡᠳᠬᠡᠯ ᠲᠣᠭ᠎ᠠ᠎ᠶᠢᠨ ᠬᠠᠷᠢᠴᠠᠯ᠎ᠢ ᠨᠡᠮᠡᠭᠳᠡᠭᠦᠯᠵᠦ ᠪᠣᠳᠠᠲᠠᠢ ᠪᠦᠲᠦᠮᠵᠢ᠎ᠪᠠᠷ ᠺᠠᠳ᠋ᠷ᠎ᠢ ᠦᠨᠡᠯᠡᠬᠦ᠂ ᠪᠣᠳᠠᠲᠠᠢ ᠪᠦᠲᠦᠮᠵᠢ ᠪᠠᠷ ᠺᠠᠳ᠋ᠷ᠎ᠢ ᠬᠡᠷᠡᠭᠯᠡᠬᠦ ᠢᠯᠡ ᠲᠣᠳᠣ᠌ ᠤᠳᠤᠷᠢᠳᠤᠮᠵᠢ᠎ᠶᠢ ᠪᠤᠢ ᠪᠤᠯᠭᠠᠵᠤ᠂ ᠤᠳᠤᠷᠢᠳᠬᠤ ᠺᠠᠳ᠋ᠷᠴᠤᠳ ᠰᠠᠨᠠᠭᠠᠴᠢᠯᠠᠭ᠎ᠠ᠎ᠠᠴᠠ᠎ᠪᠠᠨ ᠬᠠᠷᠢᠭᠤᠴᠠᠯᠭ᠎ᠠ ᠡᠭᠦᠷᠭᠡᠯᠡᠬᠦ᠂ ᠢᠳᠡᠪᠬᠢᠲᠡᠢ᠎ᠪᠠᠷ ᠠᠵᠢᠯ ᠬᠢᠬᠦ ᠶᠢ ᠵᠣᠷᠢᠭ᠍ᠵᠢᠭᠤᠯᠵᠤ᠂ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ ᠶᠢ ᠤᠬᠠᠮᠰᠠᠷ᠎ᠠᠴᠠ᠎ᠪᠠᠨ ᠦᠢᠯᠡᠳᠦᠯᠭᠡᠵᠢᠭᠦᠯᠬᠦ ᠬᠡᠷᠡᠭᠲᠡᠢ᠃
ᠬᠢᠨᠠᠯᠲᠠ ᠲᠠᠯᠪᠢᠬᠤ ᠰᠢᠰᠲᠧᠮ᠎ᠢ ᠪᠦᠷᠢᠨᠰᠢᠭᠦᠯᠵᠦ᠂ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ᠂ ᠲᠣᠭᠣᠷᠢᠨ ᠪᠠᠢᠴᠠᠭᠠᠬᠤ ᠴᠠᠭᠳᠠᠨ ᠪᠠᠢᠴᠠᠭᠠᠬᠤ᠂ ᠬᠢᠨᠠᠨ ᠪᠤᠳᠤᠬᠤ ᠵᠡᠷᠭᠡ ᠬᠦᠴᠦᠨ᠎ᠢ ᠨᠡᠢᠳᠬᠡᠵᠦ᠂ ᠬᠢᠨᠠᠯᠲᠠ ᠲᠠᠯᠪᠢᠬᠤ ᠬᠠᠮᠲᠤᠷᠠᠯ᠎ᠤᠨ ᠬᠦᠴᠦᠨ᠎ᠢ ᠪᠦᠷᠢᠯᠳᠦᠭᠦᠯᠬᠦ ᠬᠡᠷᠡᠭᠲᠠᠢ᠃ ᠴᠢᠩᠭ᠎ᠠ ᠬᠠᠮᠢᠶᠠᠷᠬᠤ ᠪᠠ ᠬᠠᠯᠠᠮᠵᠢᠯᠠᠨ ᠬᠠᠷᠠᠭᠠᠯᠵᠠᠬᠤ᠎ᠶᠢ ᠤᠶᠠᠯᠳᠤᠭᠤᠯᠤᠨ ᠪᠠᠷᠢᠮᠲᠠᠯᠠᠵᠤ᠂ ᠬᠠᠷᠢᠭᠤᠴᠠᠯᠭ᠎ᠠ ᠡᠭᠦᠷᠭᠡᠯᠡᠭᠴᠢ᠎ᠵᠢᠨ ᠡᠷᠴᠢ ᠵᠣᠷᠢᠭ᠋᠎ᠢ ᠬᠥᠪᠴᠢᠯᠡᠵᠦ᠂ ᠠᠵᠢᠯ ᠬᠢᠬᠦ ᠠᠮᠢᠵᠢᠷᠠᠯ᠎ᠤᠨ ᠬᠦᠴᠦᠨ᠎ᠢ ᠬᠥᠭᠵᠢᠭᠡᠬᠦ ᠬᠡᠷᠡᠭᠲᠠᠢ᠃ ᠡᠷᠬᠡ᠎ᠶᠢᠨ ᠠᠵᠢᠯᠯᠠᠭ᠎ᠠ᠎ᠨᠢ ᠵᠢᠷᠤᠮᠵᠢᠭᠤᠯᠵᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠠᠷᠠᠭᠠᠯᠠᠯ᠎ᠢ ᠪᠦᠷᠢᠨᠰᠢᠭᠦᠯᠵᠦ᠂ ᠵᠠᠰᠠᠭ᠎ᠤᠨ ᠠᠵᠢᠯ᠎ᠤᠨ ᠪᠦᠲᠦᠮᠵᠢ᠎ᠶᠢᠨ ᠦᠵᠡᠯᠲᠡ᠎ᠶᠢᠨ ᠵᠥᠷᠢᠶ᠎ᠡ᠎ᠶᠢ ᠡᠬᠢ ᠡᠭᠦᠰᠦᠯ᠎ᠠᠴᠠ ᠨᠢ ᠰᠡᠷᠭᠡᠢᠯᠡᠬᠦ ᠬᠡᠷᠡᠭᠲᠡᠢ᠃
(ᠵᠣᠬᠢᠶᠠᠭᠴᠢ ᠶ᠋ᠢᠨ ᠬᠠᠶᠢᠭ᠄ ᠥᠪᠥᠷ ᠮᠣᠩᠭᠣᠯ ᠤ᠋ᠨ ᠨᠡᠢᠭᠡᠮ ᠵᠢᠷᠤᠮ᠎ᠤᠨ ᠳᠡᠭᠡᠳᠦ ᠰᠤᠷᠭᠠᠭᠤᠯᠢ)