ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠰᠣᠶᠣᠯ ᠪᠠ ᠵᠢᠭᠤᠯᠴᠢᠯᠠᠯ ᠤ᠋ᠨ ᠬᠥᠭ᠌ᠵᠢᠯᠲᠡ ᠶ᠋ᠢᠨ ᠰᠤᠳᠤᠯᠭᠠᠨ ᠤ᠋ ᠬᠦᠷᠢᠶᠡᠯᠡᠩ (ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠬᠠᠮᠠᠭᠠᠯᠠᠯᠲᠠ ᠶ᠋ᠢᠨ ᠲᠥᠪ) ᠤ᠋ᠨ ᠥᠪᠡᠷᠲᠡᠭᠡᠨ ᠵᠠᠰᠠᠬᠤ ᠣᠷᠣᠨ ᠤ᠋ ᠮᠡᠳᠡᠯᠭᠡ ᠶ᠋ᠢᠨ ᠥᠮᠴᠢᠯᠡᠯ ᠤ᠋ᠨ ᠡᠷᠬᠡ ᠶ᠋ᠢᠨ ᠬᠠᠮᠠᠭᠠᠯᠠᠯᠲᠠ ᠶ᠋ᠢᠨ ᠲᠥᠪ᠂ ᠥᠪᠥᠷ ᠮᠣᠩᠭᠣᠯ ᠤ᠋ᠨ ᠷᠠᠳᠢᠣ᠋ ᠲᠧᠯᠸᠢᠰ ᠬᠣᠷᠢᠶ᠎ᠠ ᠲᠠᠢ ᠬᠠᠮᠲᠤᠷᠠᠨ ᠡᠷᠡᠮᠡᠯᠵᠡᠭᠰᠡᠨ 《ᠪᠣᠳᠠᠰ ᠤ᠋ᠨ ᠪᠤᠰᠤ ᠰᠣᠶᠣᠯ ᠤ᠋ᠨ ᠥᠪ ᠪᠣᠯᠤᠨ ᠭᠠᠵᠠᠷ ᠵᠦᠶ ᠶ᠋ᠢᠨ ᠢᠯᠡᠷᠬᠡᠢᠯᠡᠯᠳᠤ ᠵᠢᠨ ᠠᠭᠤᠰᠤᠯᠴᠠᠯ ᠵᠢᠡᠷ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠳ᠋ᠦ ᠬᠦᠴᠦᠨ ᠨᠡᠮᠡᠷᠢᠯᠡᠭ᠌ᠰᠡᠨ ᠵᠢᠱ᠌ᠢᠶ᠎ᠡ》 ᠪᠤᠯᠤᠨ 《ᠪᠢᠳᠡ ᠪᠣᠯ ᠦᠪᠯᠡᠨ ᠤᠯᠠᠮᠵᠢᠯᠠᠭᠴᠢ》 ᠭᠡᠬᠦ᠌ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠰᠦᠯᠵᠢᠶᠡᠨ ᠤ᠋ ᠪᠢᠴᠢᠯ ᠪᠠᠷᠢᠮᠲᠠᠲᠤ ᠹᠢᠯᠢᠮ ᠢ᠋ ᠤᠯᠠᠮᠵᠢᠯᠠᠨ ᠲᠠᠷᠬᠠᠭᠠᠬᠤ ᠲᠥᠷᠥᠯ ᠵᠦᠶ᠋ᠯ ᠨᠢ 2026 ᠤᠨ ᠤ᠋ ᠪᠦᠬᠦ ᠤᠯᠤᠰ ᠤ᠋ᠨ ᠪᠤᠳᠠᠰ ᠤ᠋ᠨ ᠪᠤᠰᠤ ᠰᠤᠶᠤᠯ ᠤ᠋ᠨ ᠦᠪ ᠢ᠋ ᠤᠯᠠᠮᠵᠢᠯᠠᠨ ᠳᠡᠯᠭᠡᠷᠡᠬᠦᠯᠦᠭᠰᠡᠨ ᠰᠢᠨ᠎ᠠ ᠦᠯᠢᠬᠡᠷ ᠵᠢᠱ᠌ᠢᠶ᠎ᠡ ᠪᠡᠷ ᠰᠤᠩᠭᠤᠭᠳᠠᠵᠦ᠂ ᠥᠪᠡᠷᠲᠡᠭᠡᠨ ᠵᠠᠰᠠᠬᠤ ᠣᠷᠣᠨ ᠤ᠋ ᠰᠣᠶᠣᠯ ᠪᠠ ᠵᠢᠭᠤᠯᠴᠢᠯᠠᠯ ᠤ᠋ᠨ ᠬᠥᠭ᠌ᠵᠢᠯᠲᠡ ᠶ᠋ᠢᠨ ᠰᠤᠳᠤᠯᠭᠠᠨ ᠤ᠋ ᠬᠦᠷᠢᠶᠡᠯᠡᠩ ᠨᠢᠭᠡᠨᠲᠡ 3 ᠵᠢᠯ ᠳᠠᠷᠠᠭᠠᠯᠠᠨ 4 ᠲᠥᠷᠥᠯ ᠵᠦᠶ᠋ᠯ ᠲᠣᠰ ᠢᠷᠠᠭᠤ ᠠᠯᠳᠠᠷ ᠢ᠋ ᠬᠦᠷᠳᠡᠵᠠᠢ᠃
ᠥᠪᠥᠷ ᠮᠣᠩᠭᠣᠯ ᠤ᠋ᠨ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠬᠠᠮᠠᠭᠠᠯᠠᠯᠲᠠ ᠪᠠ ᠳᠠᠮᠵᠢᠭᠤᠯᠭ᠎ᠠ ᠶ᠋ᠢᠨ ᠭᠣᠣᠯᠯᠠᠭ᠍ᠴᠢ ᠬᠦᠴᠦᠨ ᠪᠣᠯᠤᠭ᠍ᠰᠠᠨ ᠤ᠋ ᠬᠤᠪᠢ ᠳ᠋ᠦ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠰᠣᠶᠣᠯ ᠪᠠ ᠵᠢᠭᠤᠯᠴᠢᠯᠠᠯ ᠤ᠋ᠨ ᠬᠥᠭ᠌ᠵᠢᠯᠲᠡ ᠶ᠋ᠢᠨ ᠰᠤᠳᠤᠯᠭᠠᠨ ᠤ᠋ ᠬᠦᠷᠢᠶᠡᠯᠡᠩ (ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠬᠠᠮᠠᠭᠠᠯᠠᠯᠲᠠ ᠶ᠋ᠢᠨ ᠲᠥᠪ) ᠣᠷᠣᠨ ᠪᠦᠰᠡ ᠶ᠋ᠢᠨ ᠰᠣᠶᠣᠯ ᠤ᠋ᠨ ᠣᠨᠴᠠᠯᠢᠭ ᠲᠦ᠍ ᠰᠠᠭᠤᠷᠢᠯᠠᠨ᠂ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠠᠮᠢᠳᠤ ᠪᠣᠳᠠᠰ ᠤ᠋ᠨ ᠤᠯᠠᠮᠵᠢᠯᠠᠯ ᠪᠠ ᠱᠢᠨ᠎ᠡ ᠵᠢ ᠡᠭᠦᠳᠬᠦ᠌ ᠳᠠᠮᠵᠢᠭᠤᠯᠭ᠎ᠠ ᠶ᠋ᠢᠨ ᠬᠦᠷᠢᠶ᠎ᠡ ᠵᠢ ᠭᠦᠨᠵᠡᠭᠡᠢᠷᠡᠭᠦᠯᠵᠦ᠍᠂ ᠤᠯᠠᠮᠵᠢᠯᠠᠯᠲᠤ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠳᠠᠮᠵᠢᠭᠤᠯᠭ᠎ᠠ ᠶ᠋ᠢᠨ ᠬᠢᠵᠠᠭᠠᠷᠯᠠᠯ ᠢ᠋ ᠡᠪᠳᠡᠨ᠂ ᠤᠯᠠᠨ ᠡᠱᠢᠵᠢᠭ᠌ᠰᠡᠨ᠂ ᠵᠠᠯᠠᠭᠤᠵᠢᠭ᠍ᠰᠠᠨ᠂ ᠲᠣᠭᠠᠴᠢᠯᠠᠭ᠍ᠰᠠᠨ ᠳᠠᠮᠵᠢᠭᠤᠯᠭ᠎ᠠ ᠶ᠋ᠢᠨ ᠠᠷᠭ᠎ᠠ ᠵᠠᠮ ᠢ᠋ ᠬᠠᠢᠨ ᠰᠦᠪᠡᠭ᠌ᠴᠢᠯᠡᠵᠤ ᠦᠢᠯᠡᠳᠦᠯᠬᠡᠵᠢᠬᠦᠯᠦᠬᠡᠳ ᠲᠤᠪᠤᠢᠮ᠎ᠠ ᠦᠷ᠎ᠠ ᠪᠦᠳᠦᠮᠵᠢ ᠤᠯᠪᠠ᠃ ᠲᠤᠰ ᠬᠦᠷᠢᠶᠡᠯᠡᠩ ᠨᠢ ᠪᠣᠳᠠᠰ ᠤ᠋ᠨ ᠪᠤᠰᠤ ᠰᠣᠶᠣᠯ ᠤ᠋ᠨ ᠥᠪ ᠢ᠋ ᠤᠯᠠᠮᠵᠢᠯᠠᠨ ᠳᠡᠯᠭᠡᠷᠡᠭᠦᠯᠬᠦ᠌ ᠱᠢᠨ᠎ᠡ ᠵᠢ ᠡᠭᠦᠳᠬᠦ᠌ ᠦᠶ᠋ᠯᠡᠳᠦᠯᠭᠡ ᠵᠢ ᠦᠷᠭᠦᠯᠵᠢᠯᠡᠨ ᠭᠦᠨᠵᠡᠭᠡᠶ ᠥᠷᠨᠢᠭᠦᠯᠵᠦ᠍᠂ ᠯᠠᠪᠯᠠᠯᠳᠠ ᠪᠤᠯᠭᠠᠵᠦ ᠪᠣᠯᠬᠤ᠂ ᠳᠡᠯᠭᠡᠷᠡᠭᠦᠯᠵᠦ᠍ ᠪᠣᠯᠬᠤ ᠲᠤᠷᠱᠢᠯᠭ᠎ᠠ ᠪᠠ ᠠᠷᠭ᠎ᠠ ᠬᠢᠳᠡᠯ ᠢ᠋ᠶ᠋ᠡᠨ ᠳ᠋ᠦᠩᠨᠡᠨ᠂ ᠪᠣᠳᠠᠰ ᠤ᠋ᠨ ᠪᠤᠰᠤ ᠰᠣᠶᠣᠯ ᠤ᠋ᠨ ᠥᠪ ᠬᠢᠭᠡᠳ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠂ ᠱᠢᠨ᠎ᠡ ᠵᠠᠭᠤᠴᠢᠯᠠᠭᠤᠷ᠂ ᠰᠣᠶᠣᠯ ᠵᠢᠭᠤᠯᠴᠢᠯᠠᠯ ᠤ᠋ᠨ ᠠᠵᠤ ᠦᠶ᠋ᠯᠡᠰ ᠤ᠋ᠨ ᠭᠦᠨᠵᠡᠭᠡᠶ ᠠᠭᠤᠰᠤᠯᠴᠠᠭ᠍ᠰᠠᠨ ᠱᠢᠨ᠎ᠡ ᠠᠷᠭ᠎ᠠ ᠵᠠᠮ ᠢ᠋ ᠲᠠᠰᠤᠷᠠᠯᠲᠠ ᠥᠬᠡᠶ ᠬᠠᠢᠨ ᠰᠦᠪᠡᠭ᠌ᠴᠢᠯᠡᠵᠦ᠍᠂ ᠥᠪᠥᠷ ᠮᠣᠩᠭᠣᠯ ᠤ᠋ᠨ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠨᠠᠷᠠ ᠠᠯᠳᠠᠷᠱᠢᠯ ᠪᠠ ᠨᠥᠯᠥᠭᠡᠯᠡᠬᠦ᠌ ᠬᠦᠴᠦᠨ ᠢ᠋ ᠤᠯᠠᠮ ᠦᠷᠭᠡᠳᠬᠡᠵᠦ᠂ ᠪᠥᠬᠥ᠌ ᠣᠷᠣᠨ ᠤ᠋ ᠰᠣᠶᠣᠯ ᠵᠢᠭᠤᠯᠴᠢᠯᠠᠯ ᠤ᠋ᠨ ᠴᠢᠨᠠᠷ ᠰᠠᠢᠲᠠᠶ ᠬᠥᠭ᠌ᠵᠢᠯᠲᠡ ᠵᠢ ᠠᠬᠢᠭᠤᠯᠬᠤ᠂ ᠳᠤᠮᠳᠠᠳᠤ ᠶ᠋ᠢᠨ ᠱᠢᠯᠢᠳᠡᠭ ᠤᠯᠠᠮᠵᠢᠯᠠᠯᠲᠤ ᠰᠣᠶᠣᠯ ᠢ᠋ ᠤᠯᠠᠮᠵᠢᠯᠠᠨ ᠪᠠᠳᠠᠷᠠᠭᠤᠯᠬᠤ ᠳ᠋ᠦ ᠨᠠᠩ ᠶᠡᠬᠡ ᠬᠦᠴᠦᠨ ᠴᠢᠳᠠᠯ ᠢ᠋ᠶ᠋ᠠᠨ ᠡᠷᠭᠦᠬᠦ᠌ ᠪᠡᠷ ᠬᠦᠴᠦᠯᠡᠨ ᠴᠢᠷᠮᠠᠢᠵᠦ ᠪᠠᠢᠨ᠎ᠠ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号