ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ 6 ᠰᠠᠷ᠎ᠠ᠎ᠶᠢᠨ 2 ᠤ᠋ᠨ ᠡᠳᠦᠷ 《ᠬᠣᠲᠠ ᠶᠢᠨ ᠨᠡᠢᠭᠡᠮ ᠲᠣᠭᠣᠷᠢᠭ᠋᠎ᠤᠨ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠦ ᠰᠢᠰᠲᠧᠮ ᠢ ᠤᠯᠠᠮ ᠨᠢᠭᠡ ᠠᠯᠬᠤᠮ ᠪᠦᠷᠢᠨᠰᠢᠭᠦᠯᠵᠦ ᠦᠢᠯᠡᠴᠢᠯᠡᠭᠡᠨ᠎ᠦ ᠴᠢᠳᠠᠪᠤᠷᠢ᠎ᠶᠢ ᠳᠡᠭᠡᠭᠰᠢᠯᠡᠭᠦᠯᠬᠦ ᠲᠤᠬᠠᠢ ᠮᠡᠳᠡᠭᠳᠡᠯ》 ᠢ᠋ ᠨᠡᠢᠲᠡᠯᠡᠵᠦ᠂ 2030 ᠣᠨ ᠪᠣᠯᠬᠤ᠎ᠳᠤ᠂ ᠪᠠᠢᠭᠤᠯᠤᠮᠵᠢ᠎ᠳᠦ ᠵᠡᠭᠡᠯᠢ ᠭᠤᠳᠤᠮᠵᠢ ᠨᠡᠢᠭᠡᠮ ᠲᠣᠭᠣᠷᠢᠭ᠋᠎ᠤᠨ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠦ ᠲᠥᠪ᠎ᠢ ᠪᠦᠬᠦᠨ᠎ᠢ ᠬᠠᠮᠤᠷᠬᠤ᠎ᠶᠢ ᠦᠨᠳᠦᠰᠦᠨ᠎ᠳᠡᠭᠡᠨ ᠪᠡᠶᠡᠯᠡᠭᠦᠯᠵᠦ᠂ ᠨᠡᠢᠭᠡᠮ ᠲᠣᠭᠣᠷᠢᠭ᠋᠎ᠤᠨ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ ᠦ ᠪᠠᠢᠭᠤᠯᠤᠮᠵᠢ᠎ᠶᠢᠨ ᠰᠠᠭᠤᠷᠢ ᠳᠦᠬᠦᠭᠡᠷᠦᠮᠵᠢ᠎ᠶᠢᠨ ᠨᠥᠬᠥᠴᠡᠯ ᠢ ᠢᠯᠡᠳᠲᠡ ᠰᠠᠢᠵᠢᠷᠠᠭᠤᠯᠤᠨ᠂ ᠲᠤᠭᠠᠴᠢᠯᠠᠬᠰᠠᠨ ᠦᠢᠯᠡᠴᠢᠯᠡᠭᠡ᠎ᠶᠢ ᠡᠮᠬᠢ ᠵᠢᠷᠤᠮ᠎ᠲᠠᠢ ᠠᠬᠢᠭᠤᠯᠵᠤ᠂ ᠦᠢᠯᠡᠴᠢᠯᠡᠭᠡᠨ ᠦ ᠴᠢᠳᠠᠪᠤᠷᠢ᠎ᠶᠢ ᠪᠥᠬᠥ ᠲᠠᠯ᠎ᠠ᠎ᠪᠠᠷ ᠳᠡᠭᠡᠭᠰᠢᠯᠡᠭᠦᠯᠦᠨ᠎ᠡ ᠭᠡᠵᠦ ᠲᠤᠳᠤᠷᠬᠠᠢᠯᠠᠪᠠ᠃
ᠮᠡᠳᠡᠭᠳᠡᠯ᠎ᠳᠦ᠂ 《ᠡᠳᠦᠷ ᠲᠤᠲᠤᠮ᠎ᠤᠨ ᠡᠪᠡᠳᠴᠢᠨ ᠡᠮᠭᠡᠭ᠎ᠢ ᠦᠨᠳᠦᠰᠦᠨ ᠱᠠᠲᠤᠨ᠎ᠳᠤ ᠰᠢᠢᠳᠪᠦᠷᠢᠯᠡᠬᠦ》 ᠱᠠᠭᠠᠷᠳᠠᠯᠭ᠎ᠠ᠎ᠶᠢ ᠨᠠᠢᠳᠠᠪᠤᠷᠢᠵᠢᠭᠤᠯᠵᠤ᠂ ᠬᠣᠲᠠ᠎ᠶᠢᠨ ᠬᠥᠮᠥᠨ ᠠᠮᠠ ᠲᠥᠪᠯᠡᠷᠡᠬᠦ᠂ ᠬᠡᠷᠡᠭᠴᠡᠭᠡ ᠱᠠᠭᠠᠷᠳᠠᠯᠭ᠎ᠠ ᠨᠡᠮᠡᠭᠳᠡᠬᠦ ᠬᠠᠨᠳᠤᠰᠢ ᠳᠤ ᠵᠣᠬᠢᠴᠠᠭᠤᠯᠤᠨ᠂ ᠡᠬᠢ ᠪᠠᠶᠠᠯᠢᠭ᠋᠎ᠤᠨ ᠲᠣᠬᠢᠷᠠᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠦᠢᠯᠡᠴᠢᠯᠡᠭᠡᠨ᠎ᠦ ᠴᠢᠳᠠᠮᠵᠢ ᠶᠢ ᠲᠡᠭᠦᠯᠳᠡᠷᠵᠢᠭᠦᠯᠦᠨ᠂ ᠦᠢᠯᠡᠴᠢᠯᠡᠭᠡᠨ ᠦ ᠴᠢᠳᠠᠪᠤᠷᠢ᠎ᠶᠢ ᠳᠡᠭᠡᠭᠰᠢᠯᠡᠭᠦᠯᠵᠦ᠂ ᠰᠢᠰᠲᠧᠮ ᠨᠢ ᠪᠦᠷᠢᠨ ᠪᠦᠲᠦᠨ᠂ ᠪᠠᠢᠷᠢᠰᠢᠯ ᠨᠢ ᠵᠦᠢ ᠵᠣᠬᠢᠰᠲᠠᠢ᠂ ᠠᠵᠢᠯ᠎ᠤᠨ ᠬᠤᠪᠢᠶᠠᠷᠢᠯᠠᠯ ᠨᠢ ᠲᠣᠳᠣᠷᠬᠠᠢ᠂ ᠴᠢᠳᠠᠮᠵᠢ ᠨᠢ ᠬᠠᠷᠢᠯᠴᠠᠨ ᠨᠥᠬᠥᠪᠦᠷᠢᠯᠡᠭᠰᠡᠨ᠂ ᠠᠵᠢᠯᠯᠠᠭᠠᠨ ᠨᠢ ᠥᠨᠳᠥᠷ ᠪᠦᠲᠦᠮᠵᠢᠲᠡᠶ᠂ ᠲᠥᠬᠥᠮ ᠪᠥᠭᠡᠳ ᠬᠦᠷᠴᠦ ᠳᠡᠶ᠋ᠢᠯᠬᠦ ᠬᠣᠲᠠ᠎ᠶᠢᠨ ᠨᠡᠢᠭᠡᠮ ᠲᠣᠭᠣᠷᠢᠭ᠋᠎ᠤᠨ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠦ ᠰᠢᠰᠲᠧᠮ ᠢ᠋ ᠪᠠᠢᠭᠤᠯᠤᠨ᠎ᠠ ᠭᠡᠵᠦ ᠳᠤᠷᠠᠳᠤᠨ ᠭᠠᠷᠭᠠᠪᠠ᠃
ᠮᠡᠳᠡᠭᠳᠡᠯ᠎ᠳᠦ ᠨᠡᠢᠭᠡᠮ ᠲᠣᠭᠣᠷᠢᠭ᠋᠎ᠤᠨ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠦ ᠲᠥᠪ᠎ᠤ᠋ᠨ ᠪᠦᠬᠦᠨ᠎ᠢ ᠬᠠᠮᠤᠷᠬᠤ᠎ᠶᠢ ᠪᠡᠶᠡᠯᠡᠬᠦᠯᠬᠦ᠎ᠳᠦ ᠨᠡᠢᠭᠡᠮ ᠲᠣᠭᠣᠷᠢᠭ᠋᠎ᠤᠨ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠦ ᠲᠣᠣᠷ ᠢ ᠨᠢᠭ᠍ᠲᠠ ᠪᠥᠭᠡᠳ ᠪᠠᠲᠤ ᠪᠡᠬᠢ ᠰᠦᠯᠵᠢᠵᠦ᠂ ᠠᠵᠢᠯᠲᠠᠨ᠎ᠤ ᠲᠣᠬᠢᠷᠠᠭᠤᠯᠤᠯᠲᠠ ᠪᠠ ᠪᠣᠯᠪᠠᠰᠤᠷᠠᠯ ᠢ ᠴᠢᠩᠭᠠᠷᠠᠭᠤᠯᠤᠨ᠂ ᠬᠡᠷᠡᠭᠴᠡᠭᠡ᠎ᠪᠡᠨ ᠦᠨᠳᠦᠰᠦᠯᠡᠨ ᠴᠢᠳᠠᠮᠵᠢ ᠶᠢ ᠳᠡᠭᠡᠭᠰᠢᠯᠡᠭᠦᠯᠬᠦ ᠴᠢᠳᠠᠪᠤᠷᠢ᠎ᠶᠢ ᠥᠷᠭᠡᠳᠬᠡᠵᠦ᠂ ᠡᠮ᠎ᠦᠨ ᠵᠦᠢᠯᠡᠰ ᠦᠨ ᠲᠣᠬᠢᠷᠠᠭᠤᠯᠤᠯᠲᠠ᠎ᠶᠢ ᠥᠷᠭᠡᠳᠬᠡᠨ᠂ ᠲᠣᠭᠣᠷᠢᠭ᠋᠎ᠤᠨ ᠱᠠᠲᠤᠨ᠎ᠤ ᠡᠮᠨᠡᠯᠭᠡ᠎ᠶᠢᠨ ᠬᠣᠷᠢᠶ᠎ᠠ ᠬᠢᠭᠡᠳ ᠨᠡᠢᠭᠡᠮ ᠲᠣᠭᠣᠷᠢᠭ᠋᠎ᠤᠨ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠦ ᠪᠠᠢᠭᠤᠯᠤᠮᠵᠢ᠎ᠶᠢᠨ ᠨᠢᠭᠡ ᠴᠣᠭᠴᠠᠵᠢᠭᠤᠯᠤᠭᠰᠠᠨ ᠬᠠᠮᠢᠶᠠᠷᠤᠯᠲᠠ᠎ᠶᠢ ᠬᠠᠢᠨ ᠰᠦᠪᠡᠭᠴᠢᠯᠡᠵᠦ᠂ ᠠᠵᠢᠯᠲᠠᠨ᠎ᠢ ᠳᠣᠷᠣᠭ᠍ᠰᠢ ᠪᠠᠭᠤᠯᠭᠠᠨ ᠳᠤᠮᠢᠯᠠᠨ ᠰᠠᠭᠤᠯᠭᠠᠬᠤ᠎ᠶᠢ ᠰᠠᠢᠲᠤᠷ ᠬᠢᠵᠦ᠂ ᠳᠤᠭᠠᠴᠢᠯᠠᠯᠳᠠ ᠤᠶᠤᠨᠴᠢᠯᠠᠯᠳᠠ ᠪᠡᠷ ᠡᠨᠧᠷᠭᠢ ᠣᠯᠭᠣᠬᠤ᠎ᠶᠢ ᠴᠢᠩᠭᠠᠳᠬᠠᠬᠤ ᠵᠡᠷᠭᠡ ᠨᠠᠢ᠍ᠮᠠᠨ ᠲᠠᠯ᠎ᠠ᠎ᠪᠠᠷ ᠭᠣᠣᠯ ᠡᠭᠦᠷᠭᠡ᠎ᠶᠢ ᠳᠤᠷᠠᠳᠤᠨ ᠭᠠᠷᠭᠠᠵᠠᠢ᠃
ᠮᠡᠳᠡᠭᠳᠡᠯ᠎ᠳᠦ᠂ ᠡᠯ᠎ᠡ ᠭᠠᠵᠠᠷ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶ᠋ᠢᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠦᠳ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠨ ᠳᠡᠮᠵᠢᠯᠭᠡ ᠶ᠋ᠢ ᠣᠯᠬᠤ᠎ᠪᠠᠷ ᠢᠳᠡᠪᠬᠢᠯᠡᠨ ᠴᠢᠷᠮᠠᠢᠵᠤ᠂ ᠬᠣᠲᠠ ᠶ᠋ᠢᠨ ᠨᠡᠢᠭᠡᠮ ᠲᠣᠭᠣᠷᠢᠭ᠋᠎ᠤᠨ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠦ ᠰᠢᠰᠲᠧᠮ᠎ᠦᠨ ᠪᠠᠢᠭᠤᠯᠤᠯᠲᠠ ᠶ᠋ᠢ ᠲᠤᠰ ᠭᠠᠵᠠᠷ᠎ᠤᠨ ᠤᠯᠤᠰ ᠠᠷᠠᠳ᠎ᠤᠨ ᠠᠵᠤ ᠠᠬᠤᠢ ᠪᠣᠯᠣᠨ ᠨᠡᠢᠭᠡᠮ᠎ᠦᠨ ᠬᠥᠭᠵᠢᠯᠲᠡ ᠶ᠋ᠢᠨ ᠲᠥᠯᠦᠪᠵᠢᠭᠦᠯᠭᠡ᠎ᠳᠦ ᠣᠷᠣᠭᠤᠯᠬᠤ ᠶ᠋ᠢ ᠠᠬᠢᠭᠤᠯᠬᠤ ᠶ᠋ᠢᠨ ᠬᠠᠮᠲᠤ《ᠠᠷᠪᠠᠨ ᠲᠠᠪᠤᠳᠤᠭᠠᠷ ᠲᠠᠪᠤᠨ ᠵᠢᠯ》᠎ᠤ᠋ᠨ ᠬᠤᠭᠤᠴᠠᠭᠠᠨ᠎ᠳᠠᠬᠢ ᠡᠮ ᠡᠮᠨᠡᠯᠭᠡ ᠡᠷᠡᠬᠦᠯ ᠬᠠᠮᠠᠭᠠᠯᠠᠯ᠎ᠤᠨ ᠦᠢᠯᠡᠴᠢᠯᠡᠬᠡᠨ᠎ᠤ ᠰᠢᠰᠲᠧᠮ᠎ᠤᠨ ᠪᠠᠢᠭᠤᠯᠤᠯᠳᠠ ᠵᠢᠨ ᠭᠤᠤᠯᠳᠠᠯᠭ᠎ᠠ ᠪᠤᠯᠭᠠᠬᠤ ᠬᠡᠷᠡᠭᠳᠡᠢ ᠭᠡᠵᠦ ᠱᠠᠭᠠᠷᠳᠠᠪᠠ᠃
(ᠰᠢᠨᠬᠤᠸᠠ ᠬᠣᠷᠢᠶ᠎ᠠ ᠵᠢᠨ ᠪᠡᠭᠡᠵᠢᠩ᠎ᠦᠨ 6 ᠰᠠᠷ᠎ᠠ᠎ᠶᠢᠨ 2 ᠤ᠋ᠨ ᠴᠠᠬᠢᠯᠭᠠᠨ ᠮᠡᠳᠡᠭᠡ)