ᠬᠥᠬᠡᠬᠣᠲᠠ ᠨᠡᠢᠭᠡᠮ ᠤ᠋ᠨ ᠠᠮᠤᠷ ᠢ᠋ ᠬᠠᠮᠠᠭᠠᠯᠠᠬᠤ ᠶᠡᠷᠦᠩᠬᠡᠢᠯᠡᠨ ᠵᠠᠰᠠᠬᠤ ᠲᠥᠪ᠎ᠦᠨ ᠵᠢᠷᠤᠮᠵᠢᠬᠰᠠᠨ ᠪᠠᠢᠭᠤᠯᠤᠯᠳᠠ᠎ᠶ᠋ᠢ ᠠᠬᠢᠭᠤᠯᠵᠤ ᠪᠤᠢ
2026-06-05 10:30:28
ᠵᠣᠬᠢᠶᠠᠭ᠍ᠴᠢ᠄
ᠰᠦᠨ ᠯᠢ ᠶᠢᠡᠭ
ᠣᠩᠱᠢᠭ᠍ᠰᠠᠨ ᠣᠳᠠᠭ᠎ᠠ᠄
★★★☆☆

ᠪᠥᠬᠥ᠌ ᠤᠯᠤᠰ᠎ᠤᠨ ᠨᠡᠢᠭᠡᠮ ᠤ᠋ᠨ ᠠᠮᠤᠷ ᠢ᠋ ᠬᠠᠮᠠᠭᠠᠯᠠᠬᠤ ᠶᠡᠷᠦᠩᠬᠡᠢᠯᠡᠨ ᠵᠠᠰᠠᠬᠤ ᠲᠥᠪ᠎ᠦᠨ ᠵᠢᠷᠤᠮᠵᠢᠬᠰᠠᠨ ᠪᠠᠢᠭᠤᠯᠤᠯᠲᠠ᠎ᠶ᠋ᠢᠨ ᠪᠣᠯᠪᠠᠰᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠬᠦᠬᠡᠬᠣᠲᠠ᠎ᠶ᠋ᠢᠨ ᠨᠡᠢᠭᠡᠮ ᠤ᠋ᠨ ᠠᠮᠤᠷ ᠢ᠋ ᠬᠠᠮᠠᠭᠠᠯᠠᠬᠤ ᠶᠡᠷᠦᠩᠬᠡᠢᠯᠡᠨ ᠵᠠᠰᠠᠬᠤ ᠲᠥᠪ᠎ᠦᠨ ᠵᠢᠷᠤᠮᠵᠢᠬᠰᠠᠨ ᠪᠠᠢᠭᠤᠯᠤᠯᠲᠠ᠎ᠶ᠋ᠢᠨ ᠲᠦᠪᠱᠢᠨ᠎ᠢ ᠳᠡᠭᠡᠭ᠌ᠰᠢᠯᠡᠭᠦᠯᠬᠦ᠌᠎ᠶ᠋ᠢᠨ ᠲᠥᠯᠥᠭᠡ᠂ ᠤᠢᠷ᠎ᠡ᠎ᠳᠦ ᠬᠥᠬᠡᠬᠣᠲᠠ᠎ᠶ᠋ᠢᠨ ᠶᠡᠷᠦᠩᠬᠡᠢᠯᠡᠨ ᠵᠠᠰᠠᠬᠤ ᠲᠥᠪ᠎ᠦᠨ ᠵᠢᠷᠤᠮᠵᠢᠬᠰᠠᠨ ᠪᠠᠢᠭᠤᠯᠤᠯᠲᠠ᠎ᠶ᠋ᠢ ᠠᠬᠢᠭᠤᠯᠬᠤ ᠪᠣᠯᠪᠠᠰᠤᠷᠠᠯ ᠬᠥᠬᠡᠬᠣᠲᠠ᠎ᠶ᠋ᠢᠨ ᠠᠵᠢᠯ ᠮᠡᠷᠭᠡᠵᠢᠯ᠎ᠦᠨ ᠶᠡᠬᠡ ᠰᠤᠷᠭᠠᠭᠤᠯᠢ᠎ᠳᠤ ᠶᠠᠪᠤᠬᠳᠠᠪᠠ᠃ ᠬᠦᠬᠡᠬᠣᠲᠠ᠎ᠶ᠋ᠢᠨ ᠶᠡᠷᠦᠩᠬᠡᠢᠯᠡᠨ ᠵᠠᠰᠠᠬᠤ ᠲᠥᠪ᠎ᠦᠨ ᠪᠥᠬᠥ᠌ ᠺᠠᠳ᠋ᠷ᠂ ᠬᠣᠱᠢᠭᠤ ᠱᠢᠶᠠᠨ ᠲᠣᠭᠣᠷᠢᠭ᠎ᠤᠨ ᠶᠡᠷᠦᠩᠬᠡᠢᠯᠡᠨ ᠵᠠᠰᠠᠬᠤ ᠲᠥᠪ᠎ᠦᠨ ᠡᠷᠬᠢᠯᠡᠭ᠌ᠴᠢ᠂ ᠱᠢᠶᠠᠩ ᠪᠠᠯᠭᠠᠰᠤ ᠵᠡᠭᠡᠯᠢ ᠭᠤᠳᠤᠮᠵᠢ᠎ᠶ᠋ᠢᠨ ᠤᠯᠤᠰ ᠲᠥᠷᠥ᠍ ᠬᠠᠤᠯᠢ ᠴᠠᠭᠠᠵᠠ᠎ᠶ᠋ᠢᠨ ᠬᠤᠷᠢᠶ᠎ᠠ ᠵᠢᠨ ᠭᠡᠱᠢᠭᠦᠨ ᠨᠡᠢᠲᠡ 100 ᠭᠠᠷᠤᠢ ᠬᠥᠮᠦᠨ ᠪᠣᠯᠪᠠᠰᠤᠷᠠᠯ᠎ᠳᠤ  ᠣᠷᠣᠯᠴᠠᠵᠠᠢ᠃

ᠲᠣᠰ ᠤᠳᠠᠭᠠᠨ᠎ᠤ ᠪᠣᠯᠪᠠᠰᠤᠷᠠᠯ᠎ᠳᠤ᠂ ᠪᠥᠬᠥ᠌ ᠤᠯᠤᠰ᠎ᠤᠨ ᠶᠡᠷᠦᠩᠬᠡᠢᠯᠡᠨ ᠵᠠᠰᠠᠬᠤ ᠲᠥᠪ᠎ᠦᠨ ᠵᠢᠷᠤᠮᠵᠢᠬᠰᠠᠨ ᠪᠠᠢᠭᠤᠯᠤᠯᠲᠠ᠎ᠶ᠋ᠢᠨ ᠪᠣᠯᠪᠠᠰᠤᠷᠠᠯ᠎ᠤᠨ ᠬᠣᠯᠪᠣᠭ᠍ᠳᠠᠯ ᠪᠥᠬᠥᠶ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ᠂ ᠬᠥᠬᠡᠬᠣᠲᠠ᠎ᠶ᠋ᠢᠨ ᠶᠡᠷᠦᠩᠬᠡᠢᠯᠡᠨ ᠵᠠᠰᠠᠬᠤ ᠠᠵᠢᠯ᠎ᠤᠨ ᠣᠯᠤᠭ᠍ᠰᠠᠨ ᠦᠷ᠎ᠡ  ᠪᠦᠲᠦᠮᠵᠢ ᠪᠠ ᠣᠷᠣᠱᠢᠵᠤ ᠪᠠᠢᠭ᠎ᠠ ᠠᠰᠠᠭᠤᠳᠠᠯ ᠢ᠋ ᠵᠢᠭᠠᠨ ᠭᠠᠷᠭᠠᠵᠤ᠂ 2026 ᠣᠨ᠎ᠳᠤ ᠱᠢᠶᠠᠨ᠂ ᠱᠢᠶᠠᠩ᠎ᠤᠨ ᠱᠠᠲᠤᠨ᠎ᠤ ᠶᠡᠷᠦᠩᠬᠡᠢᠯᠡᠨ ᠵᠠᠰᠠᠬᠤ ᠲᠥᠪ᠎ᠦᠨ ᠵᠢᠷᠤᠮᠵᠢᠬᠰᠠᠨ ᠪᠠᠢᠭᠤᠯᠤᠯᠲᠠ᠎ᠶ᠋ᠢ ᠠᠬᠢᠭᠤᠯᠬᠤ ᠠᠵᠢᠯ ᠢ᠋ ᠲᠤᠬᠢᠷᠠᠭᠤᠯᠪᠠ᠃ ᠪᠣᠯᠪᠠᠰᠤᠷᠠᠯ ᠳ᠋ᠤ ᠪᠠᠰᠠ ᠣᠳᠣᠬᠠᠨ᠎ᠤ ᠦᠨᠳᠦᠰᠦᠨ ᠱᠠᠲᠤᠨ᠎ᠤ ᠨᠡᠢᠭᠡᠮ᠎ᠦᠨ ᠵᠠᠰᠠᠯᠲᠠ᠎ᠳᠤ ᠲᠤᠯᠭᠠᠷᠠᠵᠤ ᠪᠠᠢᠭ᠎ᠠ ᠱᠢᠨ᠎ᠡ ᠪᠠᠢᠳᠠᠯ᠂ ᠱᠢᠨ᠎ᠡ ᠡᠭᠦᠷᠭᠡ᠂ ᠱᠢᠨ᠎ᠡ ᠥᠷᠢᠰᠥᠯᠳᠦᠭᠡᠨ᠎ᠦ ᠲᠣᠭᠣᠷᠢᠨ᠎ᠳᠤ᠂ ᠵᠥᠷᠢᠴᠡᠯ ᠵᠠᠭᠤᠷᠠᠯᠳᠤᠭᠠᠨ᠎ᠢ ᠤᠯᠠᠨ ᠡᠱᠢᠵᠢᠬᠦᠯᠦᠨ ᠱᠢᠢᠳᠪᠦᠷᠢᠯᠡᠬᠦ᠌ ᠪᠠ ᠭᠣᠣᠯᠳᠠᠯᠭ᠎ᠠ᠎ᠲᠠᠶ ᠬᠥᠮᠦᠰ᠎ᠢ ᠬᠠᠮᠢᠶᠠᠷᠤᠨ ᠡᠵᠡᠮᠳᠡᠬᠦ᠌᠂ ᠵᠥᠷᠢᠴᠡᠯ ᠵᠠᠭᠤᠷᠠᠯᠳᠤᠭᠠᠨ᠎ᠢ ᠪᠠᠢᠴᠠᠭᠠᠨ ᠱᠢᠢᠳᠪᠦᠷᠢᠯᠡᠬᠦ᠌ ᠳᠤᠮᠳᠠ ᠬᠡᠷᠬᠢᠨ ᠬᠠᠤᠯᠢ᠎ᠪᠠᠷ ᠵᠠᠰᠠᠬᠤ ᠠᠷᠭ᠎ᠠ ᠬᠡᠮᠵᠢᠶ᠎ᠠ ᠵᠢ ᠬᠡᠷᠡᠭᠯᠡᠬᠦ ᠵᠡᠷᠭᠡ ᠠᠭᠤᠯᠭ᠎ᠠ ᠪᠡᠷ ᠲᠤᠰᠭᠠᠢ ᠰᠡᠳᠦᠪᠳᠤ ᠲᠠᠢᠯᠤᠮᠵᠢ ᠬᠢᠵᠡᠢ᠃ ᠬᠢᠴᠢᠶᠡᠯ ᠨᠢ ᠤᠨᠤᠯ᠎ᠤᠨ ᠦᠨᠳᠦᠷᠴᠡ ᠲᠠᠢ ᠮᠥᠷᠲᠡᠭᠡᠨ ᠦᠢᠯᠡᠳᠦᠯᠭᠡ᠎ᠶ᠋ᠢᠨ ᠭᠦᠨᠴᠡ᠎ᠲᠡᠶ᠂ ᠬᠠᠨᠳᠤᠯᠭᠠᠲᠤ ᠴᠢᠨᠠᠷᠲᠠᠢ᠂ ᠬᠡᠷᠡᠭ᠌ᠵᠢᠭᠦᠯᠦᠯᠳᠦ ᠴᠢᠨᠠᠷ᠎ᠢᠶᠠᠷ ᠴᠢᠩᠭ᠎ᠠ ᠪᠠᠢᠵᠤ᠂ ᠪᠤᠯᠪᠠᠰᠤᠷᠠᠯ ᠳ᠋ᠤ ᠤᠷᠤᠯᠴᠠᠬᠰᠠᠳ᠎ᠢ ᠬᠠᠪᠰᠤᠷᠤᠨ ᠠᠵᠢᠯ᠎ᠤᠨ ᠰᠡᠳᠭᠢᠴᠡ᠎ᠶ᠋ᠢ ᠨᠢ ᠱᠢᠯᠤᠭᠤᠳᠭᠠᠵᠤ᠂ ᠠᠷᠭ᠎ᠠ ᠵᠠᠮ᠎ᠢ ᠨᠢ ᠡᠵᠡᠮᠱᠢᠭᠦᠯᠦᠭ᠌ᠰᠡᠨ ᠪᠠᠢᠨ᠎ᠠ᠃

ᠪᠣᠯᠪᠠᠰᠤᠷᠠᠯ᠎ᠤᠨ ᠬᠤᠭᠤᠴᠠᠭᠠᠨ᠎ᠳᠤ᠂ ᠤᠯᠠᠨ ᠵᠢᠡᠷ ᠵᠢᠡᠨ ᠲᠣᠰ ᠭᠠᠵᠠᠷ᠎ᠤᠨ᠎ᠢᠶᠠᠨ ᠪᠣᠳᠠᠲᠤ ᠪᠠᠢᠳᠠᠯ ᠪᠠ ᠠᠵᠢᠯ᠎ᠤᠨ ᠦᠶ᠋ᠯᠡᠳᠦᠯᠭᠡ᠎ᠲᠡᠶ ᠪᠠᠨ ᠤᠶᠠᠯᠳᠤᠭᠤᠯᠤᠨ᠂ 《ᠠᠵᠢᠯᠯᠠᠭᠠᠨ᠎ᠤ ᠲᠣᠭ᠍ᠲᠠᠴᠠ᠎ᠶ᠋ᠢᠨ ᠵᠢᠷᠤᠮᠵᠢᠯᠲᠠ᠎ᠶ᠋ᠢ ᠠᠬᠢᠭᠤᠯᠵᠤ᠂ ᠵᠦᠷᠢᠴᠡᠯ ᠵᠠᠭᠤᠷᠠᠯᠳᠤᠭᠠᠨ᠎ᠢ ᠱᠢᠶ᠋ᠳᠪᠦᠷᠢᠯᠡᠬᠦ᠌ ᠬᠤᠷᠳᠤᠴᠠ᠎ᠶ᠋ᠢ ᠲᠦᠷᠭᠡᠳᠭᠡᠬᠦ》᠂ 《ᠶᠡᠷᠦᠩᠬᠡᠢᠯᠡᠨ ᠵᠠᠰᠠᠯᠳᠠ ᠳ᠋ᠤ ᠬᠦᠴᠦᠨ ᠣᠯᠭᠣᠵᠤ᠂ ᠠᠮᠤᠷ ᠲᠦᠪᠱᠢᠨ᠎ᠦ ᠰᠠᠭᠤᠷᠢ᠎ᠶ᠋ᠢ ᠪᠡᠬᠢᠵᠢᠬᠦᠯᠬᠦ》 ᠵᠡᠷᠭᠡ ᠰᠡᠳᠦᠪ᠎ᠦᠨ ᠲᠣᠭᠣᠷᠢᠨ᠎ᠳᠤ ᠤᠯᠤᠯᠳᠠ ᠰᠡᠳᠬᠢᠭᠳᠡᠯ ᠵᠢᠡᠨ ᠬᠤᠪᠢᠶᠠᠯᠴᠠᠵᠤ᠂ ᠬᠠᠷᠢᠯᠴᠠᠨ ᠰᠤᠷᠤᠯᠴᠠᠵᠤ ᠬᠠᠷᠢᠯᠴᠠᠨ ᠲᠤᠯᠢᠯᠠᠵᠤ᠂ ᠦᠨᠳᠦᠰᠦᠨ ᠱᠠᠳᠤᠨ ᠤ᠋ ᠵᠠᠰᠠᠯᠳᠠ ᠵᠢᠨ ᠲᠦᠪᠰᠢᠨ ᠢ᠋ ᠲᠡᠭᠡᠭᠰᠢᠯᠡᠬᠦᠯᠬᠦ ᠬᠦᠴᠦᠨ ᠢ᠋ ᠨᠢᠬᠳᠠᠷᠠᠭᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号