ᠥᠪᠥᠷ ᠮᠣᠩᠭᠣᠯ ᠦᠶᠡᠷ᠎ᠢ ᠰᠡᠷᠭᠡᠶ᠋ᠢᠯᠡᠵᠦ᠍ ᠠᠶᠤᠯ ᠡᠴᠠ ᠠᠪᠤᠷᠠᠨ ᠲᠤᠰᠠᠯᠠᠬᠤ ᠰᠣᠷᠢᠯᠲᠠ ᠬᠢᠪᠠ
2026-06-05 10:49:51
ᠵᠣᠬᠢᠶᠠᠭ᠍ᠴᠢ᠄
​ ᠼᠠᠢ ᠳ᠋ᠦᠩ ᠮᠧᠶ
ᠣᠩᠱᠢᠭ᠍ᠰᠠᠨ ᠣᠳᠠᠭ᠎ᠠ᠄
★★★☆☆

6 ᠰᠠᠷ᠎ᠠ᠎ᠶᠢᠨ 3 ᠎ᠤ ᠡᠳᠦᠷ᠂ ᠥᠪᠥᠷ ᠮᠣᠩᠭᠣᠯ᠎ᠤᠨ ᠪᠠᠴᠢᠮ ᠪᠠᠶ᠋ᠢᠳᠠᠯ᠎ᠢ ᠠᠷᠭᠠᠴᠠᠭᠠᠬᠤ·2026 ᠤᠨ ᠎ᠤ ᠦᠶᠡᠷ᠎ᠢ ᠰᠡᠷᠭᠡᠶ᠋ᠢᠯᠡᠵᠦ᠍ ᠠᠶᠤᠯ᠎ᠠᠴᠠ ᠠᠪᠤᠷᠠᠨ ᠲᠤᠰᠠᠯᠠᠬᠤ ᠪᠣᠳᠠᠲᠤ᠌ ᠠᠬᠤᠢ ᠵᠢᠨ ᠰᠣᠷᠢᠯᠲᠠ ᠵᠢᠴᠢ 《ᠠᠶᠤᠯᠬᠦᠶ ᠦᠢᠯᠡᠳᠪᠦᠷᠢᠯᠡᠯ᠎ᠦᠨ ᠰᠠᠷ᠎ᠠ》ᠵᠢᠨ ᠡᠬᠢᠯᠡᠯᠲᠡ᠎ᠶᠢᠨ ᠶᠣᠰᠣᠯᠠᠯ ᠪᠤᠭᠤᠲᠤ᠌ ᠬᠣᠲᠠ᠎ᠳᠤ ᠶᠠᠪᠤᠭᠳᠠᠪᠠ᠃ ᠲᠣᠰ ᠤᠳᠠᠭᠠᠨ᠎ᠤ ᠰᠣᠷᠢᠯᠲᠠ᠎ᠨᠢ ᠪᠥᠬᠥ᠌ ᠤᠯᠤᠰ᠎ᠤᠨ 25 ᠳ᠋ᠤᠭᠠᠷ 《ᠠᠶᠤᠯᠬᠦᠶ ᠦᠢᠯᠡᠳᠪᠦᠷᠢᠯᠡᠯ᠎ᠦᠨ ᠰᠠᠷ᠎ᠠ》 ᠪᠠᠷ ᠲᠣᠬᠢᠶᠠᠯ ᠪᠣᠯᠭᠠᠨ᠂ ᠶᠡᠷᠦᠩᠬᠡᠶ ᠱᠦᠵᠢ ᠰᠢ ᠵᠢᠨ ᠫᠢᠩ᠎ᠦᠨ ᠠᠶᠤᠯᠬᠦᠶ ᠦᠢᠯᠡᠳᠪᠦᠷᠢᠯᠡᠯ᠂ ᠭᠠᠮᠰᠢᠭ᠎ᠢ ᠰᠡᠷᠭᠡᠶ᠋ᠢᠯᠡᠵᠦ᠍ ᠭᠠᠮᠰᠢᠭ᠎ᠢ ᠪᠠᠭᠠᠰᠬᠠᠬᠤ ᠭᠠᠮᠰᠢᠭ᠎ᠠᠴᠠ ᠠᠪᠤᠷᠬᠠᠤ ᠠᠵᠢᠯ᠎ᠤᠨ ᠲᠤᠬᠠᠶ ᠴᠢᠬᠤᠯᠠ ᠥᠭᠦᠯᠡᠯᠲᠡ᠎ᠶᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ 《ᠬᠥᠮᠦᠨ ᠪᠦᠬᠦᠨ ᠠᠮᠤᠷ ᠲᠦᠪᠰᠢᠨ᠎ᠢ ᠡᠷᠬᠢᠮᠯᠡᠵᠦ᠍᠂ ᠪᠠᠴᠢᠮ ᠪᠠᠶ᠋ᠢᠳᠠᠯ᠎ᠢ ᠠᠷᠭᠠᠴᠠᠭᠠᠵᠦ ᠴᠢᠳᠠᠬᠤ — ᠠᠶᠤᠯ ᠲᠦᠭᠰᠢᠭᠦᠷᠢ ᠵᠢᠨ ᠬᠡᠮ ᠰᠣᠭᠣᠭ᠎ᠢ ᠵᠢᠭᠰᠠᠭᠠᠨ ᠪᠠᠶ᠋ᠢᠴᠠᠭᠠᠵᠤ ᠴᠡᠭᠴᠡᠯᠡᠨ ᠵᠠᠰᠠᠬᠤ》 ᠭᠤᠤᠯ ᠰᠡᠳᠦᠪ᠎ᠦᠨ ᠲᠣᠭᠣᠷᠢᠨ᠎ᠳᠤ᠂ ᠪᠥᠬᠥ᠌ ᠣᠷᠣᠨ᠎ᠤ《ᠠᠶᠤᠯᠬᠦᠶ ᠦᠢᠯᠡᠳᠪᠦᠷᠢᠯᠡᠯ᠎ᠦᠨ ᠰᠠᠷ᠎ᠠ》᠎ᠶᠢᠨ ᠰᠢᠷᠢᠰ ᠠᠵᠢᠯᠯᠠᠭ᠎ᠠ᠎ᠶᠢᠨ ᠬᠥᠰᠢᠭᠡ᠎ᠶᠢ ᠪᠥᠬᠥ᠌ ᠲᠠᠯ᠎ᠠ᠎ᠪᠠᠷ ᠰᠡᠬᠦᠪᠡ᠃

ᠳᠤᠰ ᠤᠳᠠᠭᠠᠨ᠎ᠤ ᠰᠣᠷᠢᠯᠲᠠ ᠨᠢ ᠪᠤᠭᠤᠲᠤ᠌ ᠬᠣᠲᠠ᠎ᠳᠤ ᠭᠤᠤᠯ ᠰᠣᠷᠢᠯᠲᠠ᠎ᠶᠢᠨ ᠲᠠᠯᠠᠪᠠᠶ ᠭᠠᠷᠭᠠᠵᠤ᠂ ᠬᠥᠬᠡᠬᠣᠲᠠ᠂ ᠣᠷᠳᠣᠰ ᠬᠣᠲᠠ᠎ᠳᠤ ᠬᠤᠪᠢᠶᠠᠷᠢ ᠰᠣᠷᠢᠯᠲᠠ᠎ᠶᠢᠨ ᠲᠠᠯᠠᠪᠠᠶ ᠭᠠᠷᠭᠠᠵᠤ᠂ ᠭᠠᠶ ᠭᠠᠮᠰᠢᠭ᠎ᠢ ᠰᠢᠢᠳᠪᠦᠷᠢᠯᠡᠬᠦ᠌ ᠪᠥᠬᠥ᠌ ᠶᠠᠪᠤᠴᠠ᠎ᠶᠢ ᠳᠠᠪᠲᠠᠪᠠ᠃ ᠪᠠᠴᠢᠮ ᠪᠠᠶ᠋ᠢᠳᠠᠯ᠎ᠢ ᠠᠷᠭᠠᠴᠠᠭᠠᠬᠤ᠂ ᠤᠰᠤᠨ ᠠᠰᠢᠭᠯᠠᠯᠲᠠ᠂ ᠭᠠᠯ ᠤᠨᠲᠠᠷᠠᠭᠠᠬᠤ᠂ ᠴᠠᠭ ᠠᠭᠤᠷ ᠵᠡᠷᠭᠡ ᠠᠷᠪᠠ ᠭᠠᠷᠤᠶ ᠰᠠᠯᠠᠭ᠎ᠠ ᠮᠥᠴᠢᠷ ᠨᠢᠭᠡᠳᠦᠯᠲᠡᠶ ᠲᠥᠯᠥᠪᠯᠡᠨ ᠬᠣᠯᠪᠣᠭᠠᠯᠠᠨ ᠬᠥᠳᠡᠯᠦᠯᠴᠡᠵᠦ᠍᠂ ᠪᠠᠴᠢᠮ ᠪᠠᠶ᠋ᠢᠳᠠᠯ᠎ᠢ ᠠᠷᠭᠠᠴᠠᠭᠠᠵᠤ ᠠᠪᠤᠷᠠᠨ ᠲᠤᠰᠠᠯᠠᠬᠤ ᠡᠯ᠎ᠡ ᠲᠥᠷᠥᠯ᠎ᠦᠨ ᠬᠦᠴᠦᠨ᠎ᠢ 40 ᠭᠠᠷᠤᠶ ᠡᠩᠨᠡᠬᠡ᠂ 1000 ᠭᠠᠷᠤᠶ ᠭᠦᠮᠦᠨ᠎ᠢ ᠳᠠᠶ᠋ᠢᠴᠢᠯᠠᠨ᠂ ᠡᠭᠴᠡ ᠨᠢᠰᠬᠡᠯ᠂ ᠬᠥᠳᠡᠯᠭᠡᠬᠦ᠌ ᠬᠦᠴᠦᠨ᠎ᠦ ᠬᠥᠭᠥᠷᠭᠡ᠂ ᠤᠰᠤ ᠬᠠᠭᠤᠷᠠᠶ᠎ᠶᠢᠨ ᠮᠠᠯᠲᠠᠭᠤᠷ ᠮᠠᠰᠢᠨ ᠵᠡᠷᠭᠡ ᠲᠣᠨᠣᠭ ᠲᠥᠬᠥᠭᠡᠷᠦᠮᠵᠢ (ᠢᠵᠢ) ᠵᠢ ᠲᠦᠮᠡ ᠭᠠᠷᠤᠢ ᠬᠡᠷᠡᠭᠯᠡᠪᠡ᠃

ᠰᠣᠷᠢᠯᠲᠠ᠎ᠳᠤ ᠨᠡᠶ᠋ᠢᠲᠡ 3 ᠱᠠᠲᠤ᠌ 21 ᠲᠥᠷᠥᠯ ᠭᠠᠷᠭᠠᠵᠤ᠂ ᠲᠤᠶ᠋ᠢᠯ᠎ᠤᠨ ᠴᠠᠭ ᠠᠭᠤᠷ᠂ ᠬᠦᠨᠳᠦ ᠶᠡᠬᠡ ᠲᠦᠭᠰᠢᠭᠦᠷᠢᠲᠦ᠍ ᠪᠠᠶ᠋ᠢᠳᠠᠯ᠂ ᠨᠠᠷᠢᠨ ᠪᠤᠳᠤᠯᠢᠶᠠᠨᠲᠠᠶ ᠠᠬᠤᠶ ᠪᠠᠶ᠋ᠢᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠠᠭᠤᠯᠠᠨ ᠦᠶᠡᠷ᠎ᠢ ᠤᠷᠢᠳᠴᠢᠯᠠᠨ ᠰᠡᠷᠡᠮᠵᠢᠯᠡᠭᠦᠯᠬᠦ᠌᠎ᠶᠢ ᠨᠡᠶ᠋ᠢᠲᠡᠯᠡᠬᠦ᠌᠂ ᠭᠤᠤᠯ᠎ᠤᠨ ᠵᠠᠮ᠎ᠤᠨ ᠲᠦᠭᠰᠢᠭᠦᠷᠢᠲᠦ᠍ ᠪᠠᠶ᠋ᠢᠳᠠᠯ᠎ᠢ ᠰᠢᠢᠳᠪᠦᠷᠢᠯᠡᠬᠦ᠌᠂ ᠬᠠᠰᠢᠯᠭ᠎ᠠ ᠳᠠᠯᠠᠩ᠎ᠢ ᠪᠡᠬᠢᠵᠢᠭᠦᠯᠦᠨ ᠠᠶᠤᠯ᠎ᠠᠴᠠ ᠠᠪᠤᠷᠠᠬᠤ᠂ ᠣᠯᠠᠨ ᠲᠦᠮᠡᠨ᠎ᠢ ᠰᠢᠯᠵᠢᠭᠦᠯᠦᠨ ᠲᠥᠪᠬᠢᠨᠡᠭᠦᠯᠬᠦ᠌᠂ ᠬᠠᠰᠢᠭᠳᠠᠭᠰᠠᠨ ᠬᠥᠮᠦᠰ᠎ᠢ ᠡᠷᠢᠵᠦ᠍ ᠠᠪᠤᠷᠬᠠᠤ᠂ ᠪᠠᠴᠢᠮ ᠪᠠᠶ᠋ᠢᠳᠠᠯ᠎ᠢ ᠠᠷᠭᠠᠴᠠᠭᠠᠬᠤ ᠡᠳ᠋ ᠪᠣᠳᠠᠰ᠎ᠢ ᠰᠢᠯᠵᠢᠭᠦᠯᠦᠨ ᠥᠭᠬᠦ᠌᠂ ᠵᠠᠮ᠎ᠢ ᠵᠠᠪᠳᠤᠨ ᠨᠡᠪᠲᠡᠷᠡᠭᠦᠯᠬᠦ᠌᠂ ᠡᠮᠴᠢᠯᠡᠭᠡᠨ᠎ᠦ ᠪᠠᠴᠢᠮ ᠪᠠᠶ᠋ᠢᠳᠠᠯ᠎ᠢ ᠠᠷᠭᠠᠴᠠᠭᠠᠨ ᠠᠪᠤᠷᠠᠨ ᠲᠤᠰᠠᠯᠠᠬᠤ᠂ ᠭᠠᠮᠰᠢᠭ᠎ᠤᠨ ᠳᠠᠷᠠᠭᠠᠬᠢ ᠬᠡᠮ ᠰᠣᠭᠣᠭ᠎ᠢ ᠵᠢᠭᠰᠠᠭᠠᠨ ᠪᠠᠶ᠋ᠢᠴᠠᠭᠠᠬᠤ ᠵᠡᠷᠭᠡ ᠠᠬᠤᠶ ᠪᠠᠶ᠋ᠢᠳᠠᠯ᠎ᠢ ᠬᠠᠮᠤᠷᠴᠤ᠌᠂ ᠪᠥᠬᠥ᠌ ᠬᠦᠴᠦᠨ ᠵᠦᠢᠯ᠎ᠢ ᠪᠠᠬᠳᠠᠭᠠᠬᠰᠠᠨ᠂ ᠣᠷᠣᠨ ᠪᠦᠰᠡ ᠠᠯᠤᠰᠯᠠᠭᠰᠠᠨ ᠪᠣᠳᠠᠲᠤ᠌ ᠲᠡᠶ᠋ᠢᠨ᠎ᠦ ᠰᠣᠷᠢᠯᠲᠠ᠎ᠶᠢ ᠥᠷᠨᠢᠭᠦᠯᠪᠡ᠃ ᠪᠦᠬᠦᠶ᠋ᠢᠯᠡ ᠰᠣᠷᠢᠯᠲᠠ ᠨᠢ ᠪᠣᠳᠠᠲᠤ᠌ ᠪᠠᠶ᠋ᠢᠯᠳᠤᠭᠠᠨ᠎ᠳᠤ ᠣᠶ᠋ᠢᠷᠠᠲᠤᠵᠤ᠂ ᠨᠢᠭᠲᠠ ᠴᠢᠩᠭ᠎ᠠ ᠵᠣᠬᠢᠶᠠᠨ ᠪᠠᠶ᠋ᠢᠭᠤᠯᠵᠤ᠂ ᠰᠠᠭᠠᠳ ᠦᠭᠡᠢ ᠵᠣᠯᠭᠠᠭᠤᠯᠵᠤ᠂ ᠭᠤᠷᠪᠠᠨ ᠱᠠᠲᠤᠨ᠎ᠤ ᠵᠢᠯᠣᠭᠣᠳᠬᠤ ᠰᠢᠰᠲ᠋ᠧᠮ᠎ᠢ ᠨᠡᠩ ᠰᠢᠯᠤᠭᠤᠳᠬᠠᠵᠤ᠂ ᠤᠯᠠᠨ ᠲᠠᠯ᠎ᠠ᠎ᠶᠢᠨ ᠬᠠᠮᠵᠢᠯᠴᠠᠬᠤ ᠲᠣᠭᠲᠠᠴᠠ᠎ᠶᠢ ᠨᠡᠩ ᠪᠣᠯᠪᠠᠰᠤᠷᠠᠩᠭᠤᠢ ᠪᠣᠯᠭᠠᠵᠤ᠂ ᠡᠩᠨᠡᠭᠡᠨ᠎ᠦ ᠪᠣᠳᠠᠲᠤ᠌ ᠪᠠᠶ᠋ᠢᠯᠳᠤᠭᠠᠨ᠎ᠤ ᠴᠢᠳᠠᠪᠤᠷᠢ᠎ᠶᠢ ᠨᠡᠩ ᠴᠢᠡᠭᠭᠠᠷᠠᠭᠤᠯᠵᠤ᠂ ᠶᠡᠷᠦᠩᠬᠡᠶ᠋ᠢᠯᠡᠭᠰᠡᠨ ᠪᠠᠲᠤᠯᠠᠭ᠎ᠠ᠎ᠶᠢᠨ ᠰᠢᠰᠲ᠋ᠧᠮ᠎ᠢ ᠨᠡᠩ ᠪᠠᠲᠤ᠌ ᠪᠡᠬᠢ ᠪᠣᠯᠭᠠᠵᠠᠢ᠃ ᠲᠤᠬᠠᠶ᠎ᠶᠢᠨ ᠲᠠᠯᠠᠪᠠᠶ᠎ᠳᠤ ᠠᠮᠤᠷ ᠲᠦᠪᠰᠢᠨ᠎ᠦ ᠮᠡᠳᠡᠯᠭᠡ᠎ᠶᠢ ᠲᠦᠭᠡᠮᠡᠯᠵᠢᠭᠦᠯᠬᠦ᠌ ᠪᠠ ᠲᠣᠨᠣᠭ ᠲᠥᠬᠥᠭᠡᠷᠦᠮᠵᠢ᠎ᠶᠢ ᠬᠠᠷᠢᠯᠴᠠᠨ ᠦᠢᠯᠡᠳᠦᠯᠴᠡᠭᠦᠯᠦᠨ ᠳᠡᠯᠭᠡᠨ ᠦᠵᠡᠭᠦᠯᠬᠦ᠌᠎ᠶᠢ ᠵᠡᠷᠭᠡᠪᠡᠷ ᠥᠷᠨᠢᠭᠦᠯᠵᠦ᠍᠂ ᠭᠠᠮᠰᠢᠭ᠎ᠢ ᠰᠡᠷᠭᠡᠶ᠋ᠢᠯᠡᠵᠦ᠍ ᠭᠠᠮᠰᠢᠭ᠎ᠢ ᠪᠠᠭᠠᠰᠬᠠᠬᠤ ᠠᠮᠤᠷ ᠲᠦᠪᠰᠢᠨ᠎ᠦ ᠦᠵᠡᠯ ᠤᠬᠠᠮᠰᠠᠷ᠎ᠢ ᠢᠯᠡᠳᠲᠡ ᠴᠢᠩᠭᠠᠷᠠᠭᠤᠯᠤᠨ᠂ ᠪᠡᠯᠡᠳᠬᠡᠯ ᠲᠥᠰᠦᠯ᠎ᠢ ᠰᠢᠯᠭᠠᠨ ᠪᠠᠢᠴᠠᠭᠠᠬᠤ᠂ ᠡᠩᠨᠡᠭᠡ᠎ᠶᠢ ᠳᠠᠪᠲᠠᠨ ᠪᠣᠯᠪᠠᠰᠤᠷᠠᠭᠤᠯᠬᠤ᠂ ᠮᠡᠷᠭᠡᠵᠢᠯ ᠴᠢᠳᠠᠪᠤᠷᠢ᠎ᠶᠢ ᠲᠦᠭᠡᠮᠡᠯᠵᠢᠭᠦᠯᠬᠦ᠌ ᠵᠡᠷᠬᠡ ᠲᠣᠭᠲᠠᠭᠰᠠᠨ ᠬᠠᠷᠠᠯᠲᠠ᠎ᠶᠢ ᠲᠡᠭᠦᠰ ᠠᠮᠵᠢᠯᠲᠠ᠎ᠲᠠᠶ ᠪᠡᠶᠡᠯᠡᠭᠦᠯᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号