ᠥᠪᠥᠷ ᠮᠣᠩᠭᠣᠯ᠎ᠤᠨ 15.4 ᠲᠦᠮᠡᠨ ᠰᠢᠯᠭᠠᠭᠤᠯᠤᠭ᠍ᠴᠢ ᠶᠡᠬᠡ ᠳᠡᠭᠡᠳᠦ ᠰᠤᠷᠭᠠᠭᠤᠯᠢ ᠵᠢᠨ ᠰᠣᠷᠣᠭ᠍ᠴᠢ ᠡᠯᠰᠡᠬᠦ ᠤᠯᠤᠰ᠎ᠤᠨ ᠨᠢᠬᠡᠳᠦᠯᠳᠡᠢ ᠰᠢᠯᠭᠠᠯᠲᠠ᠎ᠳᠤ ᠣᠷᠣᠯᠴᠠᠨ᠎ᠠ
2026-06-07 12:09:35
ᠵᠣᠬᠢᠶᠠᠭ᠍ᠴᠢ᠄
​ᠨᠠᠪᠴᠢ
ᠣᠩᠱᠢᠭ᠍ᠰᠠᠨ ᠣᠳᠠᠭ᠎ᠠ᠄
★★★☆☆

6 ᠰᠠᠷ᠎ᠠ᠎ᠶᠢᠨ 7 ᠎ᠤ᠋ ᠡᠳᠦᠷ᠂ 2026 ᠣᠨ᠎ᠤ ᠶᠡᠬᠡ ᠳᠡᠭᠡᠳᠦ ᠰᠤᠷᠭᠠᠭᠤᠯᠢ᠎ᠵᠢᠨ ᠰᠤᠷᠤᠭᠴᠢ ᠡᠯᠰᠡᠬᠦ ᠤᠯᠤᠰ᠎ᠤᠨ ᠨᠢᠭᠡᠳᠦᠯᠲᠡᠢ ᠰᠢᠯᠭᠠᠯᠲᠠ ᠡᠬᠢᠯᠡᠪᠡ᠃ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠰᠢᠯᠭᠠᠯᠲᠠ᠎ᠶᠢᠨ ᠬᠦᠷᠢᠶᠡᠯᠡᠩ᠎ᠦᠨ ᠮᠡᠳᠡᠭᠡ᠎ᠶᠢ ᠦᠨᠳᠦᠰᠦᠯᠡᠪᠡᠯ᠂ ᠡᠨᠡ ᠵᠢᠯ᠎ᠦᠨ ᠥᠪᠥᠷ ᠮᠣᠩᠭᠣᠯ᠎ᠤᠨ ᠶᠡᠬᠡ ᠳᠡᠭᠡᠳᠦ ᠰᠤᠷᠭᠠᠭᠤᠯᠢ᠎ᠵᠢᠨ ᠰᠣᠷᠣᠭ᠍ᠴᠢ ᠡᠯᠰᠡᠬᠦ ᠤᠯᠤᠰ᠎ᠤᠨ ᠨᠢᠭᠡᠳᠦᠯᠲᠡᠢ ᠰᠢᠯᠭᠠᠯᠲᠠ᠎ᠳᠤ ᠨᠡᠷ᠎ᠡ ᠮᠡᠳᠡᠭᠦᠯᠦᠭᠰᠡᠨ ᠰᠤᠷᠤᠭᠴᠢ ᠵᠢᠨ ᠲᠣᠭ᠎ᠠ 20.6 ᠲᠦᠮᠡ᠎ᠳᠦ ᠬᠦᠷᠴᠦ᠂ ᠳᠡᠭᠡᠳᠦ ᠵᠡᠷᠭᠡ᠎ᠶᠢᠨ ᠠᠵᠢᠯ ᠮᠡᠷᠭᠡᠵᠢᠯ᠎ᠦᠨ ᠰᠤᠷᠭᠠᠭᠤᠯᠢ᠎ᠶᠢᠨ ᠲᠤᠰᠠᠭᠠᠷ ᠰᠣᠷᠣᠭ᠍ᠴᠢ ᠡᠯᠰᠡᠭᠰᠡᠨ ᠪᠠ ᠳᠤᠮᠳᠠ ᠵᠡᠷᠬᠡ ᠵᠢᠨ ᠠᠵᠢᠯ ᠮᠡᠷᠬᠡᠵᠢᠯ᠎ᠤᠨ ᠰᠤᠷᠭᠠᠭᠤᠯᠢ ᠳ᠋ᠤ 3 ᠵᠢᠯ ᠰᠤᠷᠤᠯᠴᠠᠭᠰᠠᠨ᠎ᠤ ᠳᠠᠷᠠᠭ᠎ᠠ ᠳᠡᠬᠡᠳᠤ ᠵᠡᠷᠬᠡ ᠵᠢᠨ ᠠᠵᠢᠯ ᠮᠡᠷᠬᠡᠵᠢᠯ᠎ᠤᠨ ᠰᠤᠷᠭᠠᠭᠤᠯᠢ ᠳ᠋ᠤ ᠳᠠᠬᠢᠨ 2 ᠵᠢᠯ ᠰᠤᠷᠤᠯᠴᠠᠬᠤ ᠪᠡᠷ ᠱᠠᠳᠤ ᠰᠢᠯᠵᠢᠬᠦ ᠵᠢᠴᠢ ᠪᠤᠰᠤᠳ ᠲᠤᠰᠠᠭᠠᠷ ᠰᠣᠷᠣᠭ᠍ᠴᠢ ᠡᠯᠰᠡᠭᠰᠡᠨ 5.2 ᠲᠥᠮᠡᠨ ᠰᠤᠷᠤᠬᠴᠢ ᠎ᠡᠴᠡ ᠭᠠᠳᠠᠨ᠎ᠠ  ᠶᠡᠬᠡ ᠳᠡᠭᠡᠳᠦ ᠰᠤᠷᠭᠠᠭᠤᠯᠢ᠎ᠵᠢᠨ  ᠰᠣᠷᠣᠭ᠍ᠴᠢ ᠡᠯᠰᠡᠬᠦ ᠤᠯᠤᠰ᠎ᠤᠨ ᠨᠢᠭᠡᠳᠦᠯᠲᠡᠢ ᠰᠢᠯᠭᠠᠯᠲᠠ᠎ᠳᠤ ᠪᠣᠳᠠᠲᠠᠢ ᠣᠷᠣᠯᠴᠠᠬᠤ ᠰᠤᠷᠤᠭᠴᠢ ᠵᠢᠨ ᠲᠣᠭ᠎ᠠ 15.4 ᠲᠦᠮᠡ᠎ᠪᠠᠢᠨ᠎ᠠ᠃

ᠲᠣᠰ ᠤᠳᠠᠭᠠᠨ᠎ᠤ ᠰᠢᠯᠭᠠᠯᠲᠠ᠎ᠳᠤ ᠪᠥᠬᠥ ᠣᠷᠣᠨ᠎ᠤ 12 ᠠᠢᠮᠠᠭ ᠬᠣᠲᠠ᠎ᠳᠤ ᠨᠡᠶ᠋ᠢᠲᠡ 104 ᠰᠢᠯᠭᠠᠯᠲᠠ᠎ᠶᠢᠨ ᠲᠣᠭᠣᠷᠢᠭ᠋ ᠂ 193 ᠰᠢᠯᠭᠠᠯᠲᠠ᠎ᠶᠢᠨ ᠴᠡᠭ᠂ 5733 ᠰᠢᠯᠭᠠᠯᠲᠠ᠎ᠶᠢᠨ ᠲᠠᠯᠠᠪᠠᠢ ᠵᠢᠴᠢ 389 ᠪᠡᠯᠡᠳᠬᠡᠯ ᠰᠢᠯᠭᠠᠯᠲᠠ᠎ᠶᠢᠨ ᠲᠠᠯᠠᠪᠠᠢ ᠭᠠᠷᠭᠠᠵᠤ᠂ ᠪᠦᠬᠦᠨ᠎ᠢ ᠲᠣᠭᠠᠴᠢᠯᠠᠭᠰᠠᠨ ᠪᠠᠷᠢᠮᠵᠢᠶᠠᠲᠤ ᠰᠢᠯᠭᠠᠯᠲᠠ᠎ᠶᠢᠨ ᠲᠠᠯᠠᠪᠠᠢ᠎ᠳ᠋ᠤ ᠶᠠᠪᠤᠭᠳᠠᠭᠤᠯᠤᠨ᠎ᠠ᠃ ᠥᠪᠥᠷ ᠮᠣᠩᠭᠣᠯ᠎ᠤᠨ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ ᠰᠢᠰᠲᠧᠮ᠎ᠲᠠᠢ ᠲᠥᠯᠥᠪᠵᠢᠭᠦᠯᠬᠦ᠎ᠶᠢ ᠪᠠᠷᠢᠮᠲᠠᠯᠠᠵᠤ᠂ ᠨᠠᠷᠢᠨ ᠨᠢᠮᠪᠠᠢ ᠵᠣᠬᠢᠶᠠᠨ ᠪᠠᠢᠭᠤᠯᠵᠤ᠂ 《ᠠᠮᠤᠷ ᠲᠦᠪᠰᠢᠨ ᠤᠯᠤᠰ᠎ᠤᠨ ᠨᠢᠭᠡᠳᠦᠯᠲᠡᠢ ᠰᠢᠯᠭᠠᠯᠲᠠ》 ᠵᠢᠨ ᠬᠠᠷᠠᠯᠲᠠ᠎ᠶᠢ ᠪᠡᠶᠡᠯᠡᠭᠦᠯᠬᠦ᠎ᠶᠢ ᠪᠥᠬᠥ ᠬᠦᠴᠦᠨ᠎ᠢᠶᠡᠷ᠎ᠢᠶᠡᠨ ᠪᠠᠳᠤᠯᠠᠬᠤ ᠪᠤᠯᠤᠨ᠎ᠠ᠃

ᠰᠢᠯᠭᠠᠯᠲᠠ᠎ᠶᠢᠨ ᠬᠠᠭᠤᠳᠠᠰᠤ᠎ᠶᠢ ᠲᠡᠭᠡᠭᠡᠪᠦᠷᠢᠯᠡᠨ ᠬᠦᠷᠭᠡᠬᠦ᠂ ᠬᠠᠳᠠᠭᠠᠯᠠᠨ ᠬᠠᠮᠢᠶᠠᠷᠬᠤ ᠵᠡᠷᠭᠡ ᠭᠣᠭᠴᠣᠭ᠎ᠠ᠎ᠳᠤ᠂ ᠬᠥᠮᠥᠨ᠎ᠪᠠ ᠮᠡᠷᠭᠡᠵᠢᠯ ᠵᠢᠡᠷ ᠬᠣᠯᠪᠤᠭᠠᠯᠠᠨ ᠰᠡᠷᠭᠡᠢᠯᠡᠬᠦ᠎ᠶᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠰᠢᠯᠭᠠᠯᠲᠠ᠎ᠶᠢᠨ ᠬᠦᠷᠢᠶᠡᠯᠡᠩ᠎ᠡᠴᠡ ᠡᠯ᠎ᠡ ᠭᠠᠵᠠᠷ᠎ᠤᠨ ᠰᠢᠯᠭᠠᠯᠲᠠ᠎ᠶᠢᠨ ᠬᠠᠭᠤᠳᠠᠰᠤ᠎ᠶᠢᠨ ᠨᠢᠭᠤᠴᠠ᠎ᠶᠢ ᠬᠠᠮᠠᠭᠠᠯᠠᠬᠤ ᠲᠠᠰᠤᠭ᠎ᠢ 24 ᠴᠠᠭ᠎ᠢᠶᠠᠷ ᠰᠦᠯᠵᠢᠶᠡᠨ ᠳᠡᠭᠡᠷ᠎ᠡ ᠲᠣᠭᠣᠷᠢᠨ ᠪᠠᠢᠴᠠᠭᠠᠵᠤ᠂ ᠰᠢᠯᠭᠠᠯᠲᠠ᠎ᠶᠢᠨ ᠰᠡᠳᠦᠪ ᠰᠢᠯᠭᠠᠯᠲᠠ᠎ᠶᠢᠨ ᠬᠠᠭᠤᠳᠠᠰᠤ᠎ᠶᠢᠨ ᠠᠮᠤᠷ ᠲᠦᠪᠰᠢᠨ᠎ᠢ ᠪᠥᠬᠥ ᠬᠦᠴᠦᠨ᠎ᠢᠶᠡᠷ᠎ᠢᠶᠡᠨ ᠪᠠᠲᠤᠯᠠᠵᠤ ᠪᠠᠢᠨ᠎ᠠ᠃ ᠰᠢᠯᠭᠠᠯᠲᠠ᠎ᠳᠤ ᠬᠡᠮ ᠦᠢᠯᠡᠳᠬᠦ ᠠᠵᠢᠯᠯᠠᠭ᠎ᠠ᠎ᠳᠤ ᠡᠷᠡᠰ ᠴᠣᠬᠢᠯᠲᠠ ᠥᠭᠴᠦ᠂ ᠰᠢᠯᠭᠠᠯᠲᠠ᠎ᠳᠤ ᠬᠣᠯᠪᠣᠭᠳᠠᠬᠤ ᠰᠦᠯᠵᠢᠶᠡᠨ᠎ᠦ ᠣᠷᠴᠢᠨ᠎ᠢ ᠴᠡᠪᠡᠷᠰᠢᠭᠦᠯᠬᠦ᠂ ᠬᠡᠮ ᠦᠢᠯᠡᠳᠬᠦ ᠪᠠᠭᠠᠵᠢ ᠬᠡᠷᠡᠭᠰᠡᠯ᠎ᠢ ᠪᠣᠷᠣᠯᠠᠭᠤᠯᠬᠤ᠂ ᠰᠢᠯᠭᠠᠯᠲᠠ᠎ᠶᠢᠨ ᠴᠡᠭ᠎ᠦᠨ ᠡᠷᠬᠢᠨ ᠲᠣᠭᠣᠷᠢᠨ᠎ᠤ ᠣᠷᠴᠢᠨ ᠠᠬᠤᠢ ᠵᠢ ᠴᠡᠪᠡᠷᠰᠢᠭᠦᠯᠬᠦ᠂ ᠤᠷᠤᠯᠠᠨ ᠰᠢᠯᠭᠠᠬᠤ ᠬᠡᠮ ᠦᠢᠯᠡᠳᠬᠦ ᠠᠵᠢᠯᠯᠠᠭ᠎ᠠ᠎ᠳᠤ ᠴᠣᠬᠢᠯᠲᠠ ᠥᠭᠬᠦ᠂ ᠰᠢᠯᠭᠠᠯᠲᠠ᠎ᠳᠤ ᠬᠣᠯᠪᠣᠭᠳᠠᠬᠤ ᠪᠠ ᠰᠢᠯᠭᠠᠯᠲᠠ᠎ᠳᠤ ᠲᠤᠰᠠᠯᠠᠬᠤ ᠰᠤᠷᠭᠠᠭᠤᠯᠢ᠎ᠶᠢᠨ ᠭᠠᠳᠠᠨᠠᠬᠢ ᠪᠣᠯᠪᠠᠰᠤᠷᠠᠯ᠎ᠤᠨ ᠪᠠᠢᠭᠤᠯᠤᠮᠵᠢ᠎ᠶᠢ ᠴᠡᠭᠴᠡᠯᠡᠨ ᠵᠠᠰᠠᠬᠤ᠂ ᠨᠢᠭᠤᠴᠠ᠎ᠶᠢ ᠬᠠᠮᠠᠭᠠᠯᠠᠬᠤ ᠠᠮᠤᠷ ᠲᠦᠪᠰᠢᠨ᠎ᠢ ᠬᠠᠮᠠᠭᠠᠯᠠᠬᠤ ᠵᠡᠷᠭᠡ ᠲᠤᠰᠬᠠᠢ ᠠᠵᠢᠯᠯᠠᠭ᠎ᠠ᠎ᠶᠢ ᠪᠠᠢᠷᠢᠯᠠᠭᠤᠯᠵᠠᠢ ᠃

ᠰᠢᠯᠭᠠᠯᠲᠠ᠎ᠶᠢᠨ ᠴᠡᠭ ᠰᠢᠯᠭᠠᠯᠲᠠ᠎ᠶᠢᠨ ᠳᠠᠯᠠᠪᠠᠢ ᠵᠢᠨ《ᠣᠷᠣᠬᠤ ᠡᠭᠦᠳᠡ》ᠵᠢ ᠴᠢᠩᠭ᠎ᠠ ᠬᠠᠮᠢᠶᠠᠷᠴᠤ᠂ ᠬᠣᠶᠠᠷ ᠤᠳᠠᠭ᠎ᠠ ᠵᠢᠨ ᠬᠥᠮᠥᠨ᠎ᠦ ᠬᠦᠴᠦᠨ᠎ᠦ ᠠᠮᠤᠷ ᠲᠦᠪᠰᠢᠨ᠎ᠦ ᠪᠠᠢᠴᠠᠭᠠᠯᠲᠠ ᠪᠠ ᠨᠢᠭᠡ ᠤᠳᠠᠭ᠎ᠠ ᠵᠢᠨ ᠣᠶᠤᠨᠲᠤ ᠠᠮᠤᠷ ᠲᠦᠪᠰᠢᠨ᠎ᠦ ᠪᠠᠢᠴᠠᠭᠠᠯᠲᠠ᠎ᠶᠢᠨ《2+1》ᠠᠮᠤᠷ ᠲᠦᠪᠰᠢᠨ᠎ᠦ ᠪᠠᠢᠴᠠᠭᠠᠯᠲᠠ᠎ᠶᠢᠨ ᠵᠠᠭᠪᠤᠷ᠎ᠢ ᠦᠷᠭᠦᠯᠵᠢᠯᠡᠨ ᠬᠡᠷᠡᠭᠵᠢᠭᠦᠯᠵᠦ᠂ ᠣᠶᠤᠨᠲᠤ ᠠᠮᠤᠷ ᠲᠦᠪᠰᠢᠨ᠎ᠦ ᠪᠠᠢᠴᠠᠭᠠᠯᠲᠠ᠎ᠶᠢᠨ ᠠᠷᠭ᠎ᠠ ᠪᠠᠷᠢᠯ᠎ᠢ ᠤᠯᠠᠮ ᠨᠢᠭᠡ ᠠᠯᠬᠤᠮ ᠴᠢᠩᠭᠠᠳᠬᠠᠵᠦ᠂ ᠭᠠᠷ ᠤᠲᠠᠰᠤ᠂ ᠣᠶᠤᠨᠲᠤ ᠭᠠᠷ ᠴᠠᠭ᠂ ᠣᠶᠤᠨᠲᠤ ᠪᠠᠭᠤᠪᠴᠢ᠂ ᠣᠶᠤᠨᠲᠤ ᠨᠢᠳᠦᠨ ᠰᠢᠯ ᠵᠡᠷᠭᠡ ᠲᠥᠬᠦᠭᠡᠷᠦᠮᠵᠢ ᠵᠢ ᠰᠢᠯᠭᠠᠯᠳᠠ ᠵᠢᠨ ᠳᠠᠯᠠᠪᠠᠢ ᠳ᠋ᠤ ᠠᠪᠴᠤ ᠤᠷᠤᠬᠤ ᠵᠢ ᠡᠷᠡᠰ ᠬᠤᠷᠢᠬᠯᠠᠨ᠎ᠠ᠃ ᠰᠢᠯᠭᠠᠯᠲᠠ᠎ᠶᠢᠨ ᠲᠠᠯᠠᠪᠠᠢ ᠳ᠋ᠤ 《ᠲᠤᠬᠠᠢ᠎ᠶᠢᠨ ᠳᠠᠯᠠᠪᠠᠢ ᠵᠢᠨ ᠪᠠᠢᠴᠠᠭᠠᠬᠤ᠂ ᠲᠣᠭᠣᠷᠢᠨ ᠪᠠᠢᠴᠠᠭᠠᠬᠤ᠂ ᠸᠢᠳᠢᠤ᠋᠎ᠪᠠᠷ ᠪᠠᠢᠴᠠᠭᠠᠬᠤ + ᠲᠤᠬᠠᠢ᠎ᠶᠢᠨ ᠴᠠᠭ᠎ᠲᠤᠨᠢ ᠣᠶᠤᠨᠴᠢ ᠪᠡᠷ ᠲᠣᠭᠣᠷᠢᠨ ᠪᠠᠢᠴᠠᠭᠠᠬᠤ》 ᠪᠤᠰᠤᠭ᠎ᠠ ᠴᠤᠭᠴᠠᠳᠤ ᠬᠢᠨᠠᠨ ᠡᠵᠡᠮᠳᠡᠬᠦ ᠰᠢᠰᠲᠧᠮ᠎ᠢ ᠬᠡᠷᠡᠭᠯᠡᠨ᠂ ᠰᠢᠪᠡᠨᠡᠯᠳᠦᠨ ᠶᠠᠷᠢᠯᠴᠠᠬᠤ᠂ ᠬᠠᠵᠠᠭᠤ᠎ᠠᠴᠠ ᠨᠢ ᠬᠤᠯᠠᠭᠤᠨ ᠬᠠᠭᠤᠯᠬᠤ᠂ ᠲᠣᠭᠲᠠᠭᠠᠯ ᠠ᠋ᠴᠠ ᠵᠥᠷᠢᠴᠡᠭᠰᠡᠨ ᠡᠳ᠋ ᠪᠣᠳᠠᠰ᠎ᠢ ᠪᠡᠶ᠎ᠡ᠎ᠳᠡᠭᠡᠨ ᠠᠪᠴᠤ ᠶᠠᠪᠤᠬᠤ ᠵᠡᠷᠭᠡ ᠦᠶ᠋ᠯᠡ ᠠᠵᠢᠯᠯᠠᠭ᠎ᠠ᠎ᠳᠤ ᠴᠢᠩᠭ᠎ᠠ ᠬᠢᠨᠠᠨ ᠬᠠᠮᠢᠶᠠᠷᠤᠨ᠎ᠠ᠃ ᠲᠣᠭᠲᠠᠭᠠᠯ ᠠ᠋ᠴᠠ ᠵᠥᠷᠢᠴᠡᠭᠰᠡᠨ ᠡᠯ᠎ᠡ ᠲᠥᠷᠥᠯ᠎ᠦᠨ ᠦᠶ᠋ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠰᠢᠯᠭᠠᠯᠲᠠ᠎ᠶᠢᠨ ᠬᠦᠷᠢᠶᠡᠯᠡᠩ ᠨᠢ ᠳᠣᠲᠣᠭᠠᠳᠤ᠎ᠶᠢ ᠬᠠᠮᠠᠭᠠᠯᠠᠬᠤ᠂ ᠷᠠᠳᠢᠣ᠋᠎ᠶᠢᠨ ᠬᠠᠮᠢᠶᠠᠷᠤᠯᠲᠠ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ᠂ ᠰᠢᠯᠭᠠᠯᠲᠠ᠎ᠶᠢᠨ ᠬᠤᠭᠤᠴᠠᠭᠠᠨ᠎ᠳᠤ ᠰᠢᠯᠭᠠᠯᠲᠠ᠎ᠶᠢᠨ ᠴᠡᠭ᠎ᠤᠨ ᠡᠷᠬᠢᠨ ᠲᠣᠭᠣᠷᠢᠨ᠎ᠢ᠋ ᠪᠥᠬᠥ ᠲᠠᠯ᠎ᠠ᠎ᠪᠠᠷ ᠬᠢᠨᠠᠨ ᠡᠵᠡᠮᠳᠡᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号