ᠣᠢᠷ᠎ᠠ᠎ᠳᠤ᠂ ᠥᠪᠥᠷ ᠮᠣᠩᠭᠣᠯ᠎ᠤᠨ ᠡᠯ᠎ᠡ ᠱᠠᠲᠤᠨ᠎ᠤ ᠡᠮᠡᠭ᠌ᠲᠡᠢᠴᠦᠳ᠎ᠦᠨ ᠬᠣᠯᠪᠣᠭ᠎ᠠ 《ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠬᠠᠤᠯᠢ᠎ᠶ᠋ᠢ ᠪᠥᠬᠥ᠌ ᠲᠠᠯ᠎ᠠ᠎ᠪᠠᠷ ᠰᠤᠷᠤᠯᠴᠠᠨ ᠤᠬᠠᠭᠤᠯᠵᠤ ᠲᠤᠭᠤᠱᠢᠯᠠᠭᠤᠯᠤᠨ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠦᠷᠭᠦᠯᠵᠢᠯᠡᠨ ᠰᠠᠢᠲᠤᠷ ᠪᠥᠲᠥᠭᠡᠨ ᠪᠠᠢᠭᠤᠯᠬᠤ》 ᠭᠤᠤᠯ ᠰᠡᠳᠦᠪ᠎ᠦᠨ ᠲᠣᠭᠣᠷᠢᠨ᠎ᠳᠤ᠂ ᠡᠬᠢ ᠪᠠᠶᠠᠯᠢᠭ᠎ᠢ ᠨᠢᠭᠡᠳᠦᠯᠲᠡᠶ ᠲᠥᠯᠥᠪᠵᠢᠭᠦᠯᠵᠦ᠍᠂ ᠣᠯᠠᠨ ᠠᠷᠭ᠎ᠠ ᠬᠡᠮᠵᠢᠶ᠎ᠡ᠎ᠶ᠋ᠢ ᠵᠡᠷᠭᠡ᠎ᠪᠡᠷ ᠬᠡᠷᠡᠭ᠌ᠯᠡᠨ ᠦᠨᠳᠦᠰᠦᠲᠡᠨ᠎ᠦ ᠲᠥᠷᠥ᠎ᠶ᠋ᠢᠨ ᠪᠣᠳᠣᠯᠭ᠎ᠠ᠂ ᠦᠨᠳᠦᠰᠦᠲᠡᠨ᠎ᠦ ᠬᠠᠤᠯᠢ᠎ᠪᠠᠷ ᠵᠠᠰᠠᠬᠤ ᠵᠢᠴᠢ ᠡᠮᠡᠭ᠌ᠲᠡᠢᠴᠦᠳ ᠬᠡᠦᠬᠡᠳ᠎ᠦᠨ ᠡᠷᠬᠡ ᠠᠱᠢᠭ᠎ᠢ ᠬᠠᠮᠠᠭᠠᠯᠠᠬᠤ ᠡᠯᠪᠡᠭ ᠪᠠᠶᠠᠯᠢᠭ ᠤᠬᠠᠭᠤᠯᠭ᠎ᠠ ᠬᠥᠮᠦᠵᠢᠯ᠎ᠦᠨ ᠠᠵᠢᠯᠯᠠᠭ᠎ᠠ ᠥᠷᠨᠢᠭᠦᠯᠪᠡ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠡᠭ᠌ᠲᠡᠢᠴᠦᠳ᠎ᠦᠨ ᠬᠣᠯᠪᠣᠭ᠎ᠠ ᠬᠤᠯᠪᠤᠭᠠᠯᠠᠨ ᠲᠠᠭᠠᠭᠠᠴᠢᠯᠠᠵᠤ ᠪᠠᠢᠭ᠎ᠠ ᠨᠡᠢᠭᠡᠮ ᠲᠣᠭᠣᠷᠢᠭ᠎ᠲᠤ ᠬᠦᠷᠴᠦ᠍᠂ 《ᠦᠨᠳᠦᠰᠦᠲᠡᠨ᠎ᠦ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ ᠵᠢᠴᠢ ᠰᠠᠢᠨ ᠳᠤᠷ᠎ᠠ᠎ᠶ᠋ᠢᠨ ᠦᠶ᠋ᠯᠡᠴᠢᠯᠡᠭᠡ᠎ᠶ᠋ᠢ ᠨᠡᠢᠭᠡᠮ ᠲᠣᠭᠣᠷᠢᠭ᠎ᠲᠤ ᠣᠷᠣᠭᠤᠯᠬᠤ》 ᠠᠵᠢᠯᠯᠠᠭ᠎ᠠ ᠥᠷᠨᠢᠭᠦᠯᠵᠦ᠍᠂ ᠲᠤᠬᠠᠶ᠎ᠶ᠋ᠢᠨ ᠲᠠᠯᠠᠪᠤᠷ᠎ᠲᠤ ᠤᠬᠠᠭᠤᠯᠭ᠎ᠠ᠎ᠶ᠋ᠢᠨ ᠬᠥᠨᠳᠡᠯᠡᠨ ᠪᠢᠴᠢᠭᠡᠰᠦ ᠡᠯᠭᠦᠵᠦ᠍᠂ ᠦᠨᠳᠦᠰᠦᠲᠡᠨ᠎ᠦ ᠲᠥᠷᠥ᠎ᠶ᠋ᠢᠨ ᠪᠣᠳᠣᠯᠭ᠎ᠠ᠎ᠶ᠋ᠢᠨ ᠭᠤᠤᠯ ᠰᠡᠳᠦᠪᠲᠦ ᠦᠵᠡᠭᠦᠯᠭᠡ᠎ᠶ᠋ᠢᠨ ᠰᠠᠮᠪᠠᠷ᠎ᠠ᠎ᠶ᠋ᠢ ᠳᠡᠯᠭᠡᠵᠦ᠍᠂ ᠤᠬᠠᠭᠤᠯᠭ᠎ᠠ᠎ᠶ᠋ᠢᠨ ᠮᠠᠲ᠋ᠧᠷᠢᠶᠠᠯ᠂ ᠬᠠᠨᠤᠮᠵᠢ᠎ᠶ᠋ᠢᠨ ᠬᠡᠮᠵᠢᠶ᠎ᠡ᠎ᠶ᠋ᠢᠨ ᠪᠠᠢᠴᠠᠭᠠᠯᠲᠠ᠎ᠶ᠋ᠢᠨ ᠬᠦᠰᠦᠨᠦᠭ᠌ᠲᠦ ᠵᠡᠷᠭᠡ᠎ᠶ᠋ᠢ ᠲᠠᠷᠬᠠᠭᠠᠵᠤ᠂ ᠬᠠᠤᠯᠢ᠎ᠶ᠋ᠢ ᠬᠦᠨᠳᠦᠳᠭᠡᠬᠦ᠌᠂ ᠬᠠᠤᠯᠢ᠎ᠶ᠋ᠢ ᠰᠤᠷᠬᠤ᠂ ᠬᠠᠤᠯᠢ᠎ᠶ᠋ᠢ ᠰᠠᠬᠢᠬᠤ᠂ ᠬᠠᠤᠯᠢ᠎ᠶ᠋ᠢ ᠬᠡᠷᠡᠭ᠌ᠯᠡᠬᠦ᠌᠎ᠶ᠋ᠢ ᠬᠥᠲᠥᠯᠥᠨ ᠵᠢᠯᠣᠭᠣᠳᠪᠠ; ᠲᠦᠩᠯᠢᠶᠣᠤ ᠬᠣᠲᠠ᠎ᠶ᠋ᠢᠨ ᠡᠮᠡᠭ᠌ᠲᠡᠢᠴᠦᠳ᠎ᠦᠨ ᠬᠣᠯᠪᠣᠭ᠎ᠠ ᠲᠤᠰᠭᠠᠶ ᠰᠡᠳᠦᠪᠲᠦ ᠬᠢᠴᠢᠶᠡᠯ᠎ᠦᠨ ᠲᠠᠩᠬᠢᠮ ᠨᠡᠭᠡᠭᠡᠵᠦ᠍᠂ ᠲᠦᠩᠯᠢᠶᠣᠤ᠎ᠶ᠋ᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠳᠤ 《ᠡᠮᠡᠭ᠌ᠲᠡᠢᠴᠦᠳ᠎ᠦᠨ ᠠᠨᠠᠷ᠎ᠤᠨ ᠦᠷ᠎ᠡ》 ᠲᠤᠰᠭᠠᠶ ᠰᠡᠳᠦᠪᠲᠦ ᠬᠢᠴᠢᠶᠡᠯ᠎ᠦᠨ ᠲᠠᠩᠬᠢᠮ᠎ᠢ ᠡᠬᠢᠯᠡᠭᠦᠯᠵᠦ᠍᠂ ᠵᠠᠯᠠᠭᠤᠴᠤᠳ᠎ᠤᠨ ᠪᠦᠯᠬᠦᠮ ᠨᠡᠢᠳᠡ᠎ᠳᠦ ᠬᠠᠨᠳᠤᠭᠤᠯᠤᠨ ᠦᠨᠳᠦᠰᠦᠲᠡᠨ᠎ᠦ ᠪᠦᠯᠬᠦᠮᠳᠡᠯ᠎ᠦᠨ ᠤᠬᠠᠭᠤᠯᠭ᠎ᠠ ᠬᠥᠮᠦᠵᠢᠯ᠎ᠢ ᠪᠠᠢᠩᠭᠤᠵᠢᠭᠤᠯᠤᠨ ᠥᠷᠨᠢᠭᠦᠯᠪᠡ; ᠤᠯᠠᠭᠠᠨᠬᠠᠳᠠ ᠬᠣᠲᠠ᠎ᠶ᠋ᠢᠨ ᠡᠯ᠎ᠡ ᠭᠠᠵᠠᠷ᠎ᠤᠨ ᠡᠮᠡᠭ᠌ᠲᠡᠢᠴᠦᠳ᠎ᠦᠨ ᠬᠣᠯᠪᠣᠭ᠎ᠠ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠬᠥᠮᠦᠵᠢᠯ ᠬᠢᠭᠡᠳ ᠬᠡᠷ᠎ᠤᠨ ᠬᠥᠮᠦᠵᠢᠯ ᠬᠡᠷ᠎ᠦᠨ ᠰᠤᠷᠲᠠᠯ᠎ᠤᠨ ᠪᠠᠢᠭᠤᠯᠤᠯᠲᠠ᠎ᠶ᠋ᠢ ᠭᠦᠨᠵᠡᠭᠡᠶ ᠠᠭᠤᠰᠤᠯᠴᠠᠭᠤᠯᠵᠤ᠂ 《ᠲᠠᠪᠤᠨ 100》 ᠵᠢᠨ ᠠᠵᠢᠯᠯᠠᠭ᠎ᠠ᠎ᠶ᠋ᠢ ᠯᠠᠪᠳᠠᠭᠤᠨ ᠪᠠᠲᠤᠲᠠᠶ ᠠᠬᠢᠭᠤᠯᠵᠤ᠂ 《ᠬᠠᠮᠤᠭ᠎ᠤᠨ ᠭᠣᠶᠣ ᠬᠡᠷ ᠪᠦᠯᠢ》 ᠵᠡᠷᠭᠡ ᠲᠡᠷᠢᠭᠦᠨ᠎ᠦ ᠨᠡᠢᠲᠡᠯᠢᠭ ᠵᠢᠱ᠌ᠢᠶ᠎ᠡ᠎ᠶ᠋ᠢ ᠰᠣᠩᠭᠣᠨ ᠪᠣᠶ ᠪᠣᠯᠭᠠᠵᠤ᠂ ᠥᠯᠢᠭᠡᠷ ᠳᠠᠭᠤᠷᠢᠶᠠᠯ᠎ᠤᠨ ᠬᠦᠴᠦᠨ᠎ᠢᠶᠡᠷ ᠦᠨᠳᠦᠰᠦᠲᠡᠨ᠎ᠨᠦᠭᠦᠳ᠎ᠦᠨ ᠬᠡᠷ ᠪᠦᠯᠢ᠎ᠶ᠋ᠢ ᠬᠥᠲᠥᠯᠥᠨ ᠳᠠᠭᠠᠭᠤᠯᠵᠤ ᠪᠣᠯᠪᠠᠰᠤᠨ᠎ᠤ ᠱᠢᠨ᠎ᠡ ᠬᠡᠪ ᠰᠤᠷᠲᠠᠯ᠎ᠢ ᠬᠠᠮᠲᠤ᠎ᠪᠠᠷ ᠪᠠᠢᠭᠤᠯᠤᠨ ᠬᠠᠮᠲᠤ᠎ᠪᠠᠷ ᠡᠳ᠋ᠯᠡᠭᠦᠯᠪᠡ; ᠦᠬᠠᠶ ᠬᠣᠲᠠ᠎ᠶ᠋ᠢᠨ ᠡᠮᠡᠭ᠌ᠲᠡᠢᠴᠦᠳ᠎ᠦᠨ ᠬᠣᠯᠪᠣᠭ᠎ᠠ 《ᠪᠣᠳᠠᠰ᠎ᠤᠨ ᠪᠤᠰᠤ ᠰᠣᠶᠣᠯ᠎ᠤᠨ ᠥᠪ᠎ᠦᠨ ᠭᠠᠷ ᠤᠷᠠᠯᠠᠯ DIY》 ᠦᠨᠳᠦᠰᠦᠲᠡᠨ᠎ᠦ ᠪᠦᠯᠬᠦᠮᠳᠡᠯ᠎ᠦᠨ ᠭᠤᠤᠯ ᠰᠡᠳᠦᠪᠲᠦ ᠦᠶ᠋ᠯᠡᠳᠦᠯᠭᠡ᠎ᠶ᠋ᠢᠨ ᠠᠵᠢᠯᠯᠠᠭ᠎ᠠ ᠥᠷᠨᠢᠭᠦᠯᠵᠦ᠍᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠭᠠᠷ ᠤᠷᠠᠯᠠᠯ᠎ᠢᠶᠠᠷ ᠬᠣᠯᠪᠣᠭᠠᠰᠤ ᠪᠣᠯᠭᠠᠵᠤ᠂ ᠦᠨᠳᠦᠰᠦᠲᠡᠨ᠎ᠦ ᠪᠦᠯᠬᠦᠮᠳᠡᠯ᠎ᠦᠨ ᠬᠥᠮᠦᠵᠢᠯ ᠬᠢᠭᠡᠳ ᠰᠣᠶᠣᠯ᠎ᠢ ᠤᠯᠠᠮᠵᠢᠯᠠᠨ ᠵᠠᠯᠭᠠᠮᠵᠢᠯᠠᠬᠤ᠎ᠶ᠋ᠢ ᠭᠦᠨᠵᠡᠭᠡᠶ ᠠᠭᠤᠰᠤᠯᠴᠠᠭᠤᠯᠵᠤ᠂ ᠵᠠᠯᠠᠭᠤᠴᠤᠳ ᠪᠠᠭᠠᠴᠤᠳ᠎ᠤᠨ ᠰᠣᠯᠢᠯᠴᠠᠨ ᠬᠥᠳᠡᠯᠦᠯᠴᠡᠬᠦ᠌ ᠳᠤᠮᠳᠠ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠬᠥᠲᠥᠯᠥᠨ ᠵᠢᠯᠣᠭᠣᠳᠴᠤ᠌᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠣᠢᠯᠠᠭᠠᠭ᠍ᠳᠠᠬᠤᠨ᠎ᠢ ᠬᠥᠮᠦᠰ᠎ᠦᠨ ᠰᠡᠳᠭᠢᠯ᠎ᠳᠦ ᠬᠠᠳᠠᠩᠱᠢᠭᠤᠯᠬᠤ᠎ᠶ᠋ᠢ ᠠᠬᠢᠭᠤᠯᠪᠠ; ᠠᠯᠠᠱᠠ ᠠᠢᠮᠠᠭ᠎ᠤᠨ ᠡᠮᠡᠭ᠌ᠲᠡᠢᠴᠦᠳ᠎ᠦᠨ ᠬᠣᠯᠪᠣᠭ᠎ᠠ 《ᠦᠨᠳᠦᠰᠦᠲᠡᠨ᠎ᠦ ᠲᠥᠷᠥ᠎ᠶ᠋ᠢᠨ ᠪᠣᠳᠣᠯᠭ᠎ᠠ᠎ᠶ᠋ᠢ ᠰᠤᠷᠤᠯᠴᠠᠵᠤ ᠦᠨᠳᠦᠰᠦᠲᠡᠨ᠎ᠦ ᠬᠠᠤᠯᠢ ᠲᠣᠭ᠍ᠲᠠᠭᠠᠯ᠎ᠢ ᠣᠢᠯᠠᠭᠠᠵᠤ ᠡᠮᠡᠭ᠌ᠲᠡᠢᠴᠦᠳ ᠬᠡᠦᠬᠡᠳ᠎ᠦᠨ ᠡᠷᠬᠡ ᠠᠱᠢᠭ᠎ᠢ ᠬᠠᠮᠠᠭᠠᠯᠠᠬᠤ》 ᠱᠠᠩᠨᠠᠯᠲᠤ ᠥᠷᠢᠰᠥᠯᠳᠦᠭᠡᠨ᠎ᠦ ᠠᠵᠢᠯᠯᠠᠭ᠎ᠠ ᠥᠷᠨᠢᠭᠦᠯᠵᠦ᠍᠂ ᠣᠯᠠᠨ᠎ᠢ ᠤᠷᠢᠵᠤ ᠦᠨᠳᠦᠰᠦᠲᠡᠨ᠎ᠦ ᠲᠥᠷᠥ᠎ᠶ᠋ᠢᠨ ᠪᠣᠳᠣᠯᠭ᠎ᠠ ᠬᠠᠤᠯᠢ ᠲᠣᠭ᠍ᠲᠠᠭᠠᠯ᠎ᠢ ᠬᠠᠮᠲᠤ᠎ᠪᠠᠷ ᠰᠤᠷᠤᠯᠴᠠᠵᠤ᠂ ᠡᠮᠡᠭ᠌ᠲᠡᠢᠴᠦᠳ ᠬᠡᠦᠬᠡᠳ᠎ᠦᠨ ᠡᠷᠬᠡ ᠠᠱᠢᠭ᠎ᠤᠨ ᠮᠡᠳᠡᠯᠭᠡ᠎ᠶ᠋ᠢ ᠣᠢᠯᠠᠭᠠᠵᠤ᠂ ᠦᠨᠳᠦᠰᠦᠲᠡᠨ᠎ᠦ ᠪᠦᠯᠬᠦᠮᠳᠡᠯ᠎ᠢ ᠠᠬᠢᠭᠤᠯᠵᠦ᠂ ᠡᠮᠡᠭ᠌ᠲᠡᠢᠴᠦᠳ ᠬᠡᠦᠬᠡᠳ᠎ᠦᠨ ᠬᠠᠤᠯᠢ ᠶᠣᠰᠣᠨ᠎ᠤ ᠡᠷᠬᠡ ᠠᠱᠢᠭ᠎ᠢ ᠰᠠᠬᠢᠨ ᠬᠠᠮᠠᠭᠠᠯᠠᠪᠠ᠃
ᠪᠥᠬᠥ᠌ ᠣᠷᠣᠨ᠎ᠤ ᠡᠯ᠎ᠡ ᠱᠠᠲᠤᠨ᠎ᠤ ᠡᠮᠡᠭ᠌ᠲᠡᠢᠴᠦᠳ᠎ᠦᠨ ᠬᠣᠯᠪᠣᠭ᠎ᠠ᠎ᠶ᠋ᠢᠨ ᠱᠢᠰᠲ᠋ᠧᠮ᠎ᠦᠨ᠎ᠬᠢᠨ ᠦᠨᠳᠦᠰᠦᠲᠡᠨ᠎ᠦ ᠲᠥᠷᠥ᠎ᠶ᠋ᠢᠨ ᠪᠣᠳᠣᠯᠭ᠎ᠠ᠂ ᠦᠨᠳᠦᠰᠦᠲᠡᠨ᠎ᠦ ᠬᠠᠤᠯᠢ ᠪᠡᠷ ᠵᠠᠰᠠᠬᠤ ᠤᠬᠠᠭᠤᠯᠭ᠎ᠠ ᠬᠢᠭᠡᠳ ᠡᠮᠡᠭ᠌ᠲᠡᠢᠴᠦᠳ ᠬᠡᠦᠬᠡᠳ᠎ᠦᠨ ᠡᠷᠬᠡ ᠠᠱᠢᠭ᠎ᠢ ᠬᠠᠮᠠᠭᠠᠯᠠᠬᠤ᠂ ᠬᠡᠷ᠎ᠤᠨ ᠬᠥᠮᠦᠵᠢᠯ ᠬᠡᠷ᠎ᠦᠨ ᠰᠤᠷᠲᠠᠯ᠎ᠤᠨ ᠪᠠᠢᠭᠤᠯᠤᠯᠲᠠ᠎ᠶ᠋ᠢ ᠭᠦᠨᠵᠡᠭᠡᠶ ᠠᠭᠤᠰᠤᠯᠴᠠᠭᠤᠯᠵᠤ᠂ ᠡᠯ᠎ᠡ ᠲᠥᠷᠥᠯ᠎ᠦᠨ ᠤᠬᠠᠭᠤᠯᠭ᠎ᠠ ᠬᠥᠮᠦᠵᠢᠯ᠎ᠦᠨ ᠠᠵᠢᠯᠯᠠᠭ᠎ᠠ᠎ᠶ᠋ᠢ ᠨᠡᠢᠲᠡ 680 ᠭᠠᠷᠤᠶ ᠲᠠᠯᠠᠪᠤᠷ ᠥᠷᠨᠢᠭᠦᠯᠵᠦ᠍᠂ ᠰᠦᠯᠵᠢᠶᠡᠨ ᠳᠡᠭᠡᠷ᠎ᠡ 500 ᠭᠠᠷᠤᠶ ᠤᠬᠠᠭᠤᠯᠭ᠎ᠠ᠎ᠶ᠋ᠢᠨ ᠠᠭᠤᠯᠭ᠎ᠠ᠎ᠶ᠋ᠢ ᠲᠠᠨᠢᠯᠴᠠᠭᠤᠯᠤᠨ ᠬᠦᠷᠭᠡᠵᠦ᠍᠂ 47000 ᠭᠠᠷᠤᠶ ᠬᠤᠪᠢ ᠤᠬᠠᠭᠤᠯᠭ᠎ᠠ᠎ᠶ᠋ᠢᠨ ᠮᠠᠲ᠋ᠧᠷᠢᠶᠠᠯ ᠲᠠᠷᠬᠠᠭᠠᠵᠤ᠂ 6000 ᠱᠢᠬᠠᠮ ᠬᠥᠮᠦᠨ᠎ᠢ ᠬᠠᠮᠤᠷᠴᠤ᠌᠂ ᠨᠠᠮ᠎ᠤᠨ ᠦᠨᠳᠦᠰᠦᠲᠡᠨ᠎ᠦ ᠣᠨᠣᠯ ᠲᠥᠷᠥ᠎ᠶ᠋ᠢᠨ ᠪᠣᠳᠣᠯᠭ᠎ᠠ᠂ ᠬᠠᠤᠯᠢ ᠴᠠᠭᠠᠵᠠ ᠬᠠᠤᠯᠢ ᠲᠣᠭ᠍ᠲᠠᠭᠠᠯ᠎ᠢ ᠦᠨᠡᠨ ᠬᠦ᠌ ᠦᠨᠳᠦᠰᠦᠨ ᠱᠠᠲᠤᠨ᠎ᠳᠤ ᠬᠦᠷᠭᠡᠵᠦ᠍᠂ ᠦᠨᠳᠦᠰᠦᠲᠡᠨ᠎ᠨᠦᠭᠦᠳ᠎ᠦᠨ ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠬᠤ᠂ ᠪᠦᠯᠬᠦᠮᠳᠡᠨ ᠳᠠᠪᠰᠢᠬᠤ ᠰᠠᠢᠨ ᠰᠠᠢᠬᠠᠨ ᠤᠷᠴᠢᠨ ᠠᠬᠤᠢ ᠵᠢ ᠪᠣᠶ ᠪᠣᠯᠭᠠᠪᠠ᠃