ᠤᠷᠠᠳ᠎ᠤᠨ ᠬᠣᠢᠲᠤ ᠬᠣᠱᠢᠭᠤ ᠨᠡᠢᠭᠡᠮ ᠨᠡᠢᠲᠡ᠎ᠪᠡᠷ᠎ᠢᠶᠡᠨ ᠬᠠᠮᠲᠤ᠎ᠪᠠᠷ ᠬᠥᠮᠦᠵᠢᠭᠦᠯᠬᠦ᠌ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠰᠤᠷᠭᠠᠨ ᠬᠥᠮᠦᠵᠢᠯ᠎ᠦᠨ ᠣᠷᠴᠢᠨ ᠨᠥᠬᠥᠴᠡᠯ᠎ᠢ ᠪᠣᠶ ᠪᠣᠯᠭᠠᠪᠠ
2026-06-08 15:15:50
ᠵᠣᠬᠢᠶᠠᠭ᠍ᠴᠢ᠄
ᠪᠥᠸᠧ᠎ᠶ᠋ᠢᠨ ᠹᠸᠩ
ᠣᠩᠱᠢᠭ᠍ᠰᠠᠨ ᠣᠳᠠᠭ᠎ᠠ᠄
★★★☆☆

ᠪᠠᠶᠠᠨᠨᠠᠭᠤᠷ ᠬᠤᠳᠠ᠎ᠶ᠋ᠢᠨ ᠤᠷᠠᠳ᠎ᠤᠨ ᠬᠣᠢᠲᠤ ᠬᠣᠱᠢᠭᠤᠨ᠎ᠤ ᠬᠣᠶᠠᠳᠤᠭᠠᠷ ᠬᠡᠦᠬᠡᠳ᠎ᠦᠨ ᠴᠡᠴᠡᠷᠯᠢᠭ᠎ᠦᠨ ᠬᠢᠴᠢᠶᠡᠯ᠎ᠦᠨ ᠭᠡᠷ᠎ᠲᠦ᠂ ᠬᠡᠦᠬᠡᠳ᠎ᠦᠳ ᠶᠠᠭ ᠪᠠᠭ᠍ᠰᠢ ᠬᠤᠸᠠᠩ ᠬᠤᠢ ᠴᠢᠨ᠎ᠦ ᠬᠠᠵᠠᠭᠤ᠎ᠳᠤ᠂ ᠤᠶᠤᠨᠴᠢ ᠲᠤᠰᠠᠯᠠᠬᠤ ᠪᠠᠭ᠍ᠰᠢ᠎ᠶ᠋ᠢᠨ ᠱᠢᠰᠲᠸᠮ᠎ᠤᠨ ᠨᠡᠪᠲᠡᠷᠡᠭᠦᠯᠦᠭ᠌ᠰᠡᠨ ᠪᠠᠷᠢᠮᠵᠢᠶᠠᠲᠤ ᠤᠩᠱᠢᠯᠭ᠎ᠠ᠎ᠶᠢ ᠲᠠᠭᠠᠵᠤ᠂ ᠨᠢᠭᠡ ᠦᠰᠦᠭ ᠨᠢᠭᠡ ᠦᠭᠦᠯᠡᠪᠤᠷᠢ᠎ᠪᠡᠷ ᠵᠢᠷᠤᠭ᠎ᠤᠨ ᠳᠡᠪᠲᠡᠷ᠎ᠢ ᠤᠩᠱᠢᠵᠤ ᠪᠠᠢᠯ᠎ᠠ᠃  ᠬᠡᠦᠬᠡᠳ᠎ᠦᠨ ᠴᠡᠭᠡᠯᠬᠡᠨ ᠳᠠᠭᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠠᠢᠵᠠᠮ᠎ᠳᠤ ᠨᠡᠪᠴᠢᠨ᠎ᠡ᠃

ᠬᠤᠸᠠᠩ ᠬᠤᠢ ᠴᠢᠨ᠎ᠦ ᠪᠠᠢᠭ᠎ᠠ ᠬᠣᠶᠠᠳᠤᠭᠠᠷ ᠬᠡᠦᠬᠡᠳ᠎ᠦᠨ ᠴᠡᠴᠡᠷᠯᠢᠭ᠎ᠲᠦ ᠲᠣᠭ᠍ᠯᠠᠭᠠᠮ ᠨᠢ ᠴᠢᠬᠤᠯᠠ ᠠᠴᠢᠶᠠᠯᠠᠪᠤᠷᠢ ᠪᠣᠯᠵᠠᠶ᠃ ᠪᠠᠷᠢᠮᠵᠢᠶ᠎ᠠ ᠮᠥᠷᠲᠡᠭᠡᠨ ᠠᠮᠢᠳᠤᠯᠢᠭ ᠺᠠᠷᠲ᠋ᠣᠨ ᠵᠢᠷᠤᠭ᠂ ᠬᠡᠦᠬᠡᠳ᠎ᠦᠨ ᠳᠠᠭᠤᠤ᠂ ᠱᠢᠯᠦᠭ ᠳᠠᠭᠤᠯᠠᠯ᠎ᠢ ᠣᠶᠤᠨᠴᠢ ᠱᠢᠰᠲ᠋ᠧᠮ᠎ᠢᠶᠡᠷ ᠢᠯᠡᠷᠡᠭᠦᠯᠵᠦ᠍᠂ 《ᠥᠷᠯᠥᠭᠡ᠎ᠶ᠋ᠢᠨ ᠶᠠᠷᠢᠯᠴᠠᠭ᠎ᠠ ᠭᠤᠷᠪᠠᠨ ᠮᠢᠨᠦ᠋ᠲ》 ᠨᠢ ᠬᠡᠦᠬᠡᠳ ᠨᠢᠭᠡᠪᠦᠷᠢ᠎ᠳᠦ ᠢᠯᠡᠳᠭᠡᠬᠦ᠌ ᠲᠠᠪᠴᠠᠩ ᠬᠠᠩᠭᠠᠵᠤ᠂ ᠬᠡᠦᠬᠡᠳ᠎ᠦᠨ ᠦᠭᠡ ᠬᠡᠯᠡᠨ᠎ᠦ ᠢᠯᠡᠳᠭᠡᠬᠦ᠌ ᠴᠢᠳᠠᠪᠤᠷᠢ ᠳᠡᠭᠡᠭ᠌ᠰᠢᠯᠡᠪᠡ᠃ ᠰᠤᠷᠭᠠᠨ ᠬᠥᠮᠦᠵᠢᠯ᠎ᠦᠨ ᠬᠠᠮᠲᠤᠷᠠᠯ ᠬᠦᠴᠦᠨ᠎ᠢ ᠪᠠᠰᠠ ᠬᠡᠷ ᠪᠦᠯᠢ ᠬᠦᠷᠲᠡᠯ᠎ᠡ ᠤᠷᠲᠤᠳᠭᠠᠵᠤ᠂ ᠡᠴᠢᠭᠡ ᠡᠬᠡ ᠦᠷ᠎ᠡ ᠬᠡᠦᠬᠡᠳ᠎ᠦᠨ ᠬᠠᠮᠲᠤ᠎ᠪᠠᠷ ᠤᠩᠱᠢᠵᠤ ᠬᠠᠮᠲᠤ᠎ᠪᠠᠷ ᠡᠳ᠋ᠯᠡᠬᠦ᠌᠂ ᠺᠠᠷᠲ ᠪᠦᠷᠢᠳᠭᠡᠭᠦᠯᠬᠦ᠌ ᠠᠵᠢᠯᠯᠠᠭ᠎ᠠ᠂ ᠬᠡᠷ᠎ᠦᠨ ᠠᠬᠠᠮᠠᠳ᠎ᠤᠨ ᠥᠯᠢᠭᠡᠷ᠎ᠦᠨ ᠬᠢᠴᠢᠶᠡᠯ᠎ᠦᠨ ᠲᠠᠩᠬᠢᠮ ᠵᠡᠷᠭᠡ ᠬᠡᠯᠪᠡᠷᠢ᠎ᠪᠡᠷ ᠳᠠᠮᠵᠢᠭᠤᠯᠤᠨ᠂ ᠬᠡᠷ ᠪᠦᠯᠢ ᠪᠠ ᠴᠡᠴᠡᠷᠯᠢᠭ᠎ᠤᠨ ᠬᠠᠮᠵᠢᠯᠴᠠᠬᠤ ᠲᠠᠪᠴᠠᠩ᠎ᠢ ᠪᠠᠢᠭᠤᠯᠵᠤ᠂ ᠨᠡᠢᠭᠡᠮ ᠨᠡᠢᠲᠡ᠎ᠪᠡᠷ᠎ᠢᠶᠡᠨ ᠬᠠᠮᠲᠤ᠎ᠪᠠᠷ ᠬᠥᠮᠦᠵᠢᠭᠦᠯᠬᠦ᠌ ᠰᠠᠢᠨ ᠰᠠᠢᠬᠠᠨ ᠦᠭᠡ ᠬᠡᠯᠡᠨ᠎ᠦ ᠣᠷᠴᠢᠨ ᠨᠥᠬᠥᠴᠡᠯ᠎ᠢ ᠪᠣᠶ ᠪᠣᠯᠭᠠᠪᠠ᠃

《ᠪᠢᠳᠡ ᠢᠮᠠᠭ᠍ᠲᠠ ᠤᠯᠤᠰ᠎ᠤᠨ ᠨᠡᠢᠳᠡᠮ ᠬᠡᠷᠡᠭᠯᠡᠬᠦ᠌ ᠦᠭᠡ ᠬᠡᠯᠡ ᠦᠰᠦᠭ ᠪᠢᠴᠢᠭ᠎ᠦᠨ ᠵᠢᠭᠠᠨ ᠰᠤᠷᠭᠠᠯᠲᠠ᠎ᠶ᠋ᠢ ᠬᠡᠦᠬᠡᠳ᠎ᠦᠨ ᠡᠳᠦᠷ ᠳᠤᠲᠤᠮ᠎ᠦᠨ ᠠᠮᠢᠳᠤᠷᠠᠯ᠎ᠳᠤ ᠠᠭᠤᠰᠤᠯᠴᠠᠭᠤᠯᠵᠤ᠂ ᠣᠶᠤᠨᠴᠢ ᠵᠢᠭᠠᠨ ᠰᠤᠷᠭᠠᠯᠲᠠ᠎ᠶ᠋ᠢ ᠳᠡᠮᠵᠢᠬᠦ᠌ ᠱᠢᠰᠲ᠋ᠧᠮ᠎ᠳᠦ ᠲᠦᠱᠢᠭᠯᠡᠨ᠂ ᠰᠤᠨᠢᠷᠬᠠᠯ ᠦᠭᠡᠢ ᠠᠪᠢᠶᠠᠯᠠᠬᠤ ᠪᠣᠯᠪᠠᠰᠤᠷᠠᠯ᠎ᠢ ᠰᠣᠨᠢᠷᠬᠠᠯᠲᠠᠶ ᠪᠣᠯᠭᠠᠵᠤ᠂ ᠬᠡᠦᠬᠡᠳ᠎ᠦᠳ᠎ᠢ ᠠᠶᠠᠲᠠᠢ ᠲᠠᠭᠠᠲᠠᠢ ᠠᠭᠤᠷ ᠠᠮᠢᠰᠭᠤᠯ᠎ᠤᠨ ᠳᠤᠮᠳᠠ ᠵᠤᠷᠢᠭᠲᠠᠢ ᠬᠡᠯᠡᠬᠦ᠂ ᠬᠡᠯᠡᠵᠦ᠍ ᠴᠢᠳᠠᠬᠤ᠂ ᠰᠠᠢᠨ ᠬᠡᠯᠡᠬᠦ ᠪᠣᠯᠭᠠᠪᠠ᠃ ᠡᠭᠦᠨ᠎ᠦ ᠬᠠᠮᠲᠤ᠂ ᠬᠡᠷ ᠣᠷᠣᠨ᠎ᠤ ᠬᠠᠮᠵᠢᠯᠴᠠᠬᠤ ᠬᠡᠪ ᠵᠠᠭ᠍ᠪᠤᠷ᠎ᠨᠢ ᠴᠦ᠍ ᠬᠡᠷ᠎ᠦᠨ ᠠᠬᠠᠮᠠᠳ᠎ᠢ ᠰᠠᠨᠠᠭᠠᠴᠢᠯᠠᠭ᠎ᠠ᠎ᠡᠴᠡ᠎ᠪᠠᠨ ᠣᠷᠣᠯᠴᠠᠬᠤ ᠪᠤᠯᠭᠠᠵᠤ᠂ ᠬᠢᠴᠢᠶᠡᠯ᠎ᠦᠨ ᠲᠠᠨᠭᠬᠢᠮ᠎ᠳ᠋ᠦ ᠰᠤᠷᠤᠯᠴᠠᠨ᠂ ᠬᠡᠷ᠎ᠲᠡᠭᠡᠨ ᠪᠣᠯᠪᠠᠰᠤᠷᠠᠬᠤ ᠰᠠᠢᠨ ᠰᠠᠢᠬᠠᠨ ᠠᠭᠤᠷ ᠠᠮᠢᠰᠭᠤᠯ᠎ᠢ ᠪᠣᠶ ᠪᠣᠯᠭᠠᠵᠤ᠂ ᠬᠡᠦᠬᠡᠳ᠎ᠦᠳ᠎ᠢ ᠬᠠᠪᠰᠤᠷᠤᠨ ᠠᠭᠠᠵᠢᠮ᠎ᠢᠶᠠᠷ ᠬᠡᠯᠡᠨ᠎ᠦ ᠰᠠᠭᠤᠷᠢ᠎ᠶ᠋ᠢ᠎ᠨᠢ ᠪᠡᠬᠢᠵᠢᠭᠦᠯᠵᠦ᠍᠂ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠤᠨ ᠦᠷ᠎ᠡ᠎ᠶ᠋ᠢ ᠰᠠᠴᠤᠵᠤ ᠥᠭ᠌ᠴᠡᠶ》 ᠭᠡᠵᠦ ᠬᠤᠸᠠᠩ ᠬᠤᠢ ᠴᠢᠨ ᠬᠡᠯᠡᠪᠡ᠃

ᠡᠨᠡ ᠪᠣᠯ ᠲᠤᠰ ᠬᠣᠱᠢᠭᠤᠨ᠎ᠤ ᠰᠤᠷᠭᠠᠭᠤᠯᠢ᠎ᠵᠢᠨ ᠨᠠᠰᠤᠨ᠎ᠡᠴᠡ ᠡᠮᠦᠨᠡᠬᠢ ᠰᠤᠷᠭᠠᠨ ᠬᠥᠮᠦᠵᠢᠯ᠎ᠦᠨ ᠱᠠᠲᠤᠨ᠎ᠳᠤ ᠤᠯᠤᠰ᠎ᠤᠨ ᠨᠡᠢᠳᠡᠮ ᠬᠡᠷᠡᠭᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠌ ᠡᠳᠦᠷ ᠲᠤᠲᠤᠮ᠎ᠤᠨ ᠦᠵᠡᠭ᠌ᠳᠡᠯ ᠪᠣᠯᠤᠨ᠎ᠠ᠃ ᠦᠭᠡ ᠬᠡᠯᠡ ᠪᠣᠯ ᠨᠡᠪᠲᠡᠷᠡᠯᠴᠡᠬᠦ᠌ ᠬᠥᠭᠥᠷᠭᠡ ᠮᠥᠨ᠂ ᠨᠡᠩ ᠴᠤ᠌ ᠦᠵᠡᠯ ᠤᠬᠠᠮᠰᠠᠷ᠎ᠤᠨ ᠬᠣᠯᠪᠣᠭᠠᠰᠤ ᠮᠥᠨ᠃ ᠲᠤᠬᠠᠢ᠎ᠶ᠋ᠢᠨ ᠭᠠᠵᠠᠷ᠎ᠤᠨ ᠬᠢᠨ ᠰᠤᠷᠭᠠᠭᠤᠯᠢ᠎ᠵᠢᠨ ᠨᠠᠰᠤᠨ᠎ᠡᠴᠡ ᠡᠮᠦᠨᠡᠬᠢ ᠰᠤᠷᠭᠠᠨ ᠬᠥᠮᠦᠵᠢᠯ᠎ᠦᠨ ᠦᠭᠡ ᠬᠡᠯᠡ᠎ᠶ᠋ᠢ ᠰᠤᠷᠤᠯᠴᠠᠬᠤ ᠵᠠᠩᠭᠢᠯᠠᠭ᠎ᠠ᠎ᠶ᠋ᠢᠨ ᠬᠤᠭᠤᠴᠠᠭ᠎ᠠ᠎ᠶ᠋ᠢ ᠠᠳᠭᠤᠵᠤ᠂ ᠤᠯᠤᠰ᠎ᠤᠨ ᠨᠡᠢᠳᠡᠮ ᠬᠡᠷᠡᠭᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠬᠦ᠌᠎ᠪᠡᠷ ᠴᠢᠬᠤᠯᠠ ᠭᠠᠷᠳᠡᠴᠡ ᠪᠣᠯᠭᠠᠵᠤ᠂ ᠪᠠᠭ᠍ᠰᠢ ᠪᠣᠯᠤᠨ ᠬᠢᠴᠢᠶᠡᠯ᠎ᠦᠨ ᠲᠠᠨᠭᠬᠢᠮ᠎ᠤᠨ ᠬᠣᠶᠠᠷ ᠲᠠᠯ᠎ᠠ᠎ᠡᠴᠡ ᠬᠦᠴᠦᠯᠡᠨ ᠠᠳᠬᠤᠵᠠᠢ᠃

4 ᠰᠠᠷ᠎ᠠ᠎ᠶ᠋ᠢᠨ 14᠎ᠤ᠋ ᠡᠳᠦᠷ᠂ ᠪᠦᠬᠦ᠌ ᠬᠣᠱᠢᠭᠤᠨ᠎ᠤ 48 ᠰᠤᠷᠭᠠᠭᠤᠯᠢ᠎ᠵᠢᠨ ᠨᠠᠰᠤᠨ᠎ᠡᠴᠡ ᠡᠮᠦᠨᠡᠬᠢ ᠭᠣᠣᠯᠯᠠᠭ᠍ᠴᠢ ᠪᠠᠭ᠍ᠰᠢ᠎ᠳᠤ ᠬᠠᠨᠳᠤᠭᠤᠯᠤᠭ᠍ᠰᠠᠨ ᠲᠤᠰᠭᠠᠢ ᠪᠣᠯᠪᠠᠰᠤᠷᠠᠯ ᠶᠠᠪᠤᠭ᠍ᠳᠠᠪᠠ᠃ ᠪᠣᠷᠣᠲᠣᠬᠣᠶ ᠳᠡᠭᠡᠳᠦ ᠰᠤᠷᠭᠠᠭᠤᠯᠢ᠎ᠶ᠋ᠢᠨ ᠲᠤᠰᠭᠠᠶ ᠮᠡᠷᠭᠡᠵᠢᠯᠲᠡᠨ ᠱᠢᠨ᠎ᠡ᠎ᠪᠡᠷ ᠵᠠᠰᠠᠪᠤᠷᠢ ᠣᠷᠣᠭᠤᠯᠤᠭ᠍ᠰᠠᠨ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠨᠡᠢᠳᠡᠮ ᠬᠡᠷᠡᠭᠯᠡᠬᠦ᠌ ᠦᠭᠡ ᠬᠡᠯᠡ ᠥᠰᠥᠭ ᠪᠢᠴᠢᠭ᠎ᠦᠨ ᠬᠠᠤᠯᠢ》᠂ ᠪᠠᠭ᠍ᠰᠢ᠎ᠶ᠋ᠢᠨ ᠲᠤᠰᠭᠠᠶ ᠮᠡᠷᠭᠡᠵᠢᠯ᠎ᠦᠨ ᠬᠥᠭ᠌ᠵᠢᠯᠲᠡ ᠵᠢᠴᠢ ᠵᠣᠬᠢᠶᠠᠮᠠᠯ ᠣᠶᠤᠨ ᠴᠢᠳᠠᠪᠤᠷᠢ᠎ᠶ᠋ᠢᠨ ᠵᠢᠭᠠᠨ ᠰᠤᠷᠭᠠᠯᠲᠠ᠎ᠶ᠋ᠢᠨ ᠬᠡᠷᠡᠭᠯᠡᠯᠲᠡ ᠵᠡᠷᠭᠡ ᠭᠤᠤᠯ ᠰᠡᠳᠦᠪ᠎ᠦᠨ ᠲᠣᠭᠣᠷᠢᠨ᠎ᠳᠤ ᠭᠦᠨᠵᠡᠭᠡᠶ ᠲᠠᠢᠯᠤᠮᠵᠢ ᠬᠢᠪᠠ᠃ 《ᠲᠤᠰᠭᠠᠶ ᠮᠡᠷᠭᠡᠵᠢᠯᠲᠡᠨ ᠡᠴᠡ ᠪᠢᠳᠡᠨ᠎ᠤ ᠮᠠᠰᠢ ᠣᠯᠠᠨ ᠵᠢᠭᠠᠨ ᠰᠤᠷᠭᠠᠯᠲᠠ᠎ᠶ᠋ᠢᠨ ᠦᠶ᠋ᠯᠡᠳᠦᠯᠭᠡ᠎ᠶ᠋ᠢᠨ ᠳᠤᠮᠳᠠᠬᠢ ᠪᠠᠯᠠᠷᠬᠠᠶ ᠲᠠᠯ᠎ᠠ᠎ᠶ᠋ᠢ ᠲᠣᠳᠣᠷᠬᠠᠶ ᠪᠣᠯᠭᠠᠨ ᠥᠭᠴᠦ᠂ ᠪᠢᠳᠡᠨ᠎ᠦ ᠣᠢᠯᠠᠭᠠᠭ᠍ᠳᠠᠬᠤᠨ᠎ᠢ ᠱᠢᠨᠡᠳᠭᠡᠪᠡ》 ᠭᠡᠵᠦ ᠪᠣᠯᠪᠠᠰᠤᠷᠠᠯ᠎ᠳᠤ ᠣᠷᠣᠯᠴᠠᠭ᠍ᠰᠠᠨ ᠤᠷᠠᠳ᠎ᠤᠨ ᠬᠣᠢᠲᠤ ᠬᠣᠱᠢᠭᠤᠨ᠎ᠤ ᠭᠤᠷᠪᠠᠳᠤᠭᠠᠷ ᠬᠡᠦᠬᠡᠳ᠎ᠦᠨ ᠴᠡᠴᠡᠷᠯᠢᠭ᠎ᠦᠨ ᠳᠡᠳ᠋ ᠳᠠᠷᠤᠭ᠎ᠠ ᠵᠢᠶᠠ ᠹᠠᠩ ᠢᠯᠡᠳᠬᠡᠪᠡ᠃ ᠪᠣᠯᠪᠠᠰᠤᠷᠠᠯ᠎ᠨᠢ ᠪᠠᠭ᠍ᠰᠢ᠎ᠨᠠᠷ ᠤ᠋ᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠤ᠋ᠨ ᠳᠠᠭᠤᠳᠠᠯᠭ᠎ᠠ᠂ ᠪᠢᠴᠢᠯᠭᠡ ᠵᠢᠴᠢ ᠵᠢᠭᠠᠨ ᠰᠤᠷᠭᠠᠯᠲᠠ᠎ᠶ᠋ᠢᠨ ᠬᠡᠷᠡᠭ᠌ᠯᠡᠭᠡᠨ᠎ᠳᠡᠬᠢ ᠳᠤᠲᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠱᠢᠨᠵᠢᠯᠡᠬᠦ᠌ ᠤᠬᠠᠭᠠᠨᠴᠢ ᠠᠷᠭ᠎ᠠ᠎ᠶ᠋ᠢ ᠤᠯᠠᠮᠵᠢᠯᠠᠨ᠂ ᠲᠤᠬᠠᠶ᠎ᠶ᠋ᠢᠨ ᠭᠠᠵᠠᠷ᠎ᠤᠨ ᠰᠤᠷᠭᠠᠭᠤᠯᠢ ᠵᠢᠨ ᠨᠠᠰᠤᠨ᠎ᠡᠴᠡ ᠡᠮᠦᠨᠡᠬᠢ ᠰᠤᠷᠭᠠᠨ ᠬᠥᠮᠦᠵᠢᠯ᠎ᠢ ᠵᠢᠷᠤᠮᠵᠢᠭᠤᠯᠬᠤ᠂ ᠪᠠᠷᠢᠮᠵᠢᠶᠠᠵᠢᠭᠤᠯᠤᠨ ᠬᠥᠭ᠌ᠵᠢᠭᠦᠯᠬᠦ᠌ ᠰᠠᠭᠤᠷᠢ᠎ᠶ᠋ᠢ ᠪᠡᠬᠢᠵᠢᠭᠦᠯᠪᠡ᠃

ᠣᠢᠯᠠᠭᠠᠭ᠍ᠰᠠᠨ᠎ᠢᠶᠠᠷ᠂ ᠤᠷᠠᠳ᠎ᠤᠨ ᠬᠣᠢᠲᠤ ᠬᠣᠱᠢᠭᠤᠨ᠎ᠤ ᠡᠯ᠎ᠡ ᠬᠡᠦᠬᠡᠳ᠎ᠦᠨ ᠴᠡᠴᠡᠷᠯᠢᠭ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ᠂ ᠦᠭᠡ ᠬᠡᠯᠡᠨ᠎ᠦ ᠰᠤᠷᠤᠯᠴᠠᠯᠭ᠎ᠠ᠎ᠶ᠋ᠢ ᠠᠮᠢᠳᠤᠯᠢᠭ ᠪᠣᠯᠭᠠᠪᠠ᠃ ᠨᠢᠭᠡᠳᠦᠭᠡᠷ ᠬᠡᠦᠬᠡᠳ᠎ᠦᠨ ᠴᠡᠴᠡᠷᠯᠢᠭ᠎ᠲᠦ᠂ 《ᠬᠠᠪᠲᠠᠭᠠᠶ ᠺᠣᠮᠫᠢᠦ᠋ᠲ᠋ᠧᠷ᠎ᠦᠨ ᠬᠠᠪᠰᠤᠷᠤᠮᠵᠢ ᠦᠶ᠋ᠯᠡᠳᠦᠯᠴᠡᠯ》 ᠨᠢ ᠰᠤᠷᠤᠯᠴᠠᠬᠤ ᠤᠷᠮ᠎ᠠ ᠪᠠᠬ᠎ᠠ᠎ᠶ᠋ᠢ ᠨᠡᠮᠡᠭ᠌ᠳᠡᠭᠦᠯᠵᠦ᠍᠂ 《ᠵᠢᠷᠤᠭ᠍ᠲᠤ ᠳᠡᠪᠲᠡᠷ᠎ᠢ ᠳᠠᠭᠠᠵᠤ ᠵᠢᠭᠤᠯᠴᠢᠯᠠᠬᠤ》᠂ 《ᠲᠠᠭᠤ᠎ᠶ᠋ᠢ ᠴᠢᠨᠢ ᠰᠣᠨᠣᠰᠤᠯ᠎ᠠ》 ᠵᠡᠷᠭᠡ ᠣᠨᠴᠠᠯᠢᠭ᠍ᠲᠤ ᠠᠵᠢᠯᠯᠠᠭ᠎ᠠ ᠨᠢ ᠬᠡᠦᠬᠡᠳ᠎ᠦᠳ᠎ᠲᠦ ᠥᠯᠢᠭᠡᠷ ᠪᠠ ᠲᠠᠭᠤᠨ᠎ᠤ ᠳᠤᠮᠳᠠ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠤᠨ ᠲᠤᠬᠠᠶ ᠮᠡᠳᠡᠷᠡᠮᠵᠢ᠎ᠶ᠋ᠢ ᠨᠢ ᠨᠡᠮᠡᠭ᠌ᠳᠡᠭᠦᠯᠪᠡ᠃ ᠬᠡᠦᠬᠡᠳ᠎ᠦᠨ ᠴᠡᠴᠡᠷᠯᠢᠭ᠎ᠨᠢ ᠪᠠᠭ᠍ᠰᠢ᠎ᠨᠠᠷ ᠤ᠋ᠨ ᠦᠭᠡ ᠬᠡᠯᠡᠨ᠎ᠦ ᠬᠢᠷᠢ ᠲᠦᠪᠱᠢᠨ᠎ᠢ ᠦᠷᠭᠦᠯᠵᠢᠯᠡᠨ ᠬᠢᠨᠠᠨ ᠬᠡᠮᠵᠢᠵᠦ᠍᠂ ᠶᠡᠬᠡ ᠳᠡᠭᠡᠳᠦ ᠰᠤᠷᠭᠠᠭᠤᠯᠢ᠎ᠶ᠋ᠢᠨ ᠡᠬᠢ ᠪᠠᠶᠠᠯᠢᠭ᠎ᠲᠠᠢ ᠰᠠᠨᠠᠭᠠᠴᠢᠯᠠᠭ᠎ᠠ᠎ᠡᠴᠡ᠎ᠪᠠᠨ ᠵᠣᠯᠭᠠᠭᠤᠯᠬᠤ᠎ᠶ᠋ᠢᠨ ᠬᠠᠮᠲᠤ ᠰᠤᠷᠭᠠᠭᠤᠯᠢ ᠵᠢᠨ ᠨᠠᠰᠤᠨ᠎ᠡᠴᠡ ᠡᠮᠦᠨᠡᠬᠢ ᠣᠶᠤᠨᠴᠢ᠎ᠪᠠᠷ ᠬᠠᠪᠰᠤᠷᠤᠨ ᠰᠤᠷᠭᠠᠬᠤ ᠱᠢᠰᠲ᠋ᠧᠮ᠎ᠢ ᠠᠮᠢᠳᠤᠯᠢᠭ ᠪᠥᠭᠡᠳ ᠰᠠᠢᠲᠤᠷ ᠬᠡᠷᠡᠭ᠌ᠯᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠡᠳᠦᠷ ᠲᠤᠲᠤᠮ᠎ᠤᠨ ᠠᠮᠢᠳᠤᠷᠠᠯ᠎ᠳᠤ ᠠᠭᠤᠰᠤᠯᠴᠠᠭᠤᠯᠪᠠ᠃

《ᠪᠢᠳᠡ ᠵᠢᠭᠠᠨ ᠰᠤᠷᠭᠠᠯᠲᠠ᠎ᠶ᠋ᠢᠨ ᠥᠭᠡᠷᠡᠴᠢᠯᠡᠯᠲᠡ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠠᠷᠭ᠎ᠠ ᠬᠡᠮᠵᠢᠶ᠎ᠡ ᠠᠷᠭ᠎ᠠ ᠪᠠᠷᠢᠯ᠎ᠤᠨ ᠱᠢᠨ᠎ᠡ᠎ᠶ᠋ᠢ ᠡᠭᠦᠳᠴᠦ᠍᠂ ᠪᠠᠭ᠍ᠰᠢ᠎ᠶ᠋ᠢᠨ ᠡᠩᠨᠡᠭᠡ᠎ᠶ᠋ᠢ ᠪᠠᠢᠭᠤᠯᠤᠨ ᠬᠦᠴᠦᠷᠬᠡᠭ᠌ᠵᠢᠭᠦᠯᠵᠦ᠍᠂ ᠪᠠᠭ᠍ᠰᠢ ᠰᠤᠷᠤᠭ᠍ᠴᠢᠳ᠎ᠢ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠱᠢᠮ᠎ᠡ ᠲᠡᠵᠢᠭᠡᠯ ᠳᠣᠣᠷ᠎ᠠ ᠳᠤᠮᠳᠠᠳᠤ᠎ᠶ᠋ᠢᠨ ᠰᠣᠶᠣᠯ᠎ᠤᠨ ᠱᠢᠮᠡᠯᠢᠭ ᠬᠥᠷᠥᠰᠥᠨ᠎ᠳᠦ ᠭᠦᠨ ᠦᠨᠳᠦᠰᠦᠯᠡᠭᠦᠯᠦᠨ᠎ᠡ》 ᠭᠡᠵᠦ ᠤᠷᠠᠳ᠎ᠤᠨ ᠬᠣᠢᠲᠤ ᠬᠣᠱᠢᠭᠤᠨ᠎ᠤ ᠰᠤᠷᠭᠠᠨ ᠬᠥᠮᠦᠵᠢᠯ᠎ᠦᠨ ᠲᠣᠪᠴᠢᠶᠠᠨ᠎ᠤ ᠶᠡᠷᠦᠩᠬᠡᠶ ᠰᠤᠷᠭᠠᠭᠤᠯᠢ ᠪᠠᠢᠴᠠᠭᠠᠭ᠍ᠴᠢ ᠪᠠᠶ ᠯᠢ ᠴᠢᠨ ᠲᠠᠨᠢᠯᠴᠠᠭᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号