ᠱᠠᠩᠨᠠᠯ ᠨᠥᠬᠥᠪᠥᠷᠢ ᠵᠢᠨ ᠨᠠᠷᠢᠨ ᠲᠦᠷᠢᠮ ᠢ᠋ ᠲᠣᠭ᠍ᠲᠠᠭᠠᠵᠤ ᠬᠦᠶ᠋ᠲᠡᠨ ᠰᠡᠷᠢᠭᠦᠨ ᠤᠷᠤᠨ ᠤ᠋ ᠢᠳᠡᠱᠢᠨ ᠨᠣᠭᠣᠭ᠎ᠠ ᠵᠢᠨ ᠦᠢᠯᠡᠳᠪᠤᠷᠢᠯᠡᠯ ᠤ᠋ᠨ ᠰᠠᠭᠤᠷᠢ ᠵᠢ ᠴᠢᠩᠭᠠᠳᠭᠠᠨ᠎ᠠ
2026-06-08 09:27:03
ᠵᠣᠬᠢᠶᠠᠭ᠍ᠴᠢ᠄
ᠼᠠᠢ ᠬᠤᠡᠭ
ᠣᠩᠱᠢᠭ᠍ᠰᠠᠨ ᠣᠳᠠᠭ᠎ᠠ᠄
★★★☆☆

ᠬᠦᠢᠲᠡᠨ ᠰᠡᠷᠢᠭᠦᠨ ᠤᠷᠤᠨ ᠤ᠋ ᠢᠳᠡᠱᠢᠨ ᠨᠣᠭᠣᠭ᠎ᠠ ᠶ᠋ᠢᠨ ᠴᠢᠨᠠᠷ ᠰᠠᠢᠲᠠᠶ ᠦᠢᠯᠡᠳᠪᠦᠷᠢᠯᠡᠯ ᠤ᠋ᠨ ᠰᠠᠭᠤᠷᠢᠨ ᠢ᠋ 10 ᠪᠠᠢᠭᠤᠯᠤᠨ᠎ᠠ᠂ 17 ᠥᠨᠳᠥᠷ ᠪᠠᠷᠢᠮᠵᠢᠶᠠᠲᠤ ᠲᠦᠬᠦᠭᠡᠷᠦᠮᠵᠢᠲᠦ ᠬᠦᠷᠢᠶᠡᠯᠡᠩ ᠲᠣᠭᠣᠷᠢᠭ ᠢ᠋ ᠱᠢᠨ᠎ᠡ ᠪᠡᠷ ᠪᠠᠢᠭᠤᠯᠬᠤ ᠪᠤᠶᠤ ᠥᠭᠡᠷᠡᠴᠢᠯᠡᠨ ᠪᠠᠢᠭᠤᠯᠤᠨ᠎ᠠ᠂ ᠢᠳᠡᠰᠢᠨ ᠨᠤᠭᠤᠭ᠎ᠠ ᠵᠢᠨ ᠦᠷ᠎ᠡ ᠴᠢᠬᠢ ᠶ᠋ᠢᠨ ᠦᠢᠯᠡᠳᠪᠦᠷᠢᠯᠡᠯ ᠤ᠋ᠨ ᠴᠢᠳᠠᠪᠤᠷᠢ ᠵᠢ 40 ᠳ᠋ᠦᠩᠱᠢᠭᠤᠷ ᠰᠠᠭᠤᠷᠢ ᠵᠢ ᠳᠠᠪᠠᠭᠤᠯᠤᠨ᠎ᠠ ᠁

ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠭᠣᠨ ᠮᠠᠯᠵᠢᠬᠤ ᠣᠷᠣᠨ ᠤ᠋ ᠲᠢᠩᠬᠢᠮ ᠪᠣᠯᠤᠨ ᠡᠳ᠋ ᠤ᠋ᠨ ᠵᠠᠰᠠᠭ ᠤ᠋ᠨ ᠲᠢᠩᠬᠢᠮ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠵᠢᠨ《1571》 ᠠᠵᠢᠯ ᠤ᠋ᠨ ᠪᠠᠢᠷᠢᠯᠠᠭᠤᠯᠤᠯᠲᠠ ᠶ᠋ᠢ ᠭᠦᠨᠵᠡᠭᠡᠶ ᠲᠤᠭᠤᠰᠢᠯᠠᠭᠤᠯᠤᠨ ᠨᠠᠢᠳᠠᠪᠤᠷᠢᠵᠢᠭᠤᠯᠬᠤ ᠶ᠋ᠢᠨ ᠲᠦᠯᠦᠭᠡ ᠡᠬᠢ ᠪᠠᠶᠠᠯᠢᠭ ᠤ᠋ᠨ ᠲᠠᠪᠠᠭᠤᠯᠢᠭ ᠬᠢᠭᠡᠳ ᠠᠵᠤ ᠦᠶ᠋ᠯᠡᠰ ᠤ᠋ᠨ ᠰᠠᠭᠤᠷᠢ ᠳ᠋ᠠᠭᠠᠨ ᠲᠦᠰᠢᠭᠯᠡᠵᠤ᠂ ᠪᠥᠬᠥ᠌ ᠣᠷᠣᠨ ᠤ᠋ ᠬᠦᠶ᠋ᠲᠡᠨ ᠰᠡᠷᠢᠭᠦᠨ ᠤᠷᠤᠨ ᠤ᠋ ᠢᠳᠡᠱᠢᠨ ᠨᠣᠭᠣᠭ᠎ᠠ ᠵᠢᠨ ᠠᠵᠤ ᠦᠶ᠋ᠯᠡᠰ ᠤ᠋ᠨ ᠬᠥᠭ᠌ᠵᠢᠯᠲᠡ ᠵᠢᠨ ᠪᠣᠳᠠᠲᠤ ᠪᠠᠢᠳᠠᠯ ᠲᠠᠶ ᠤᠶᠠᠯᠳᠤᠭᠤᠯᠤᠨ ᠤᠢᠷ᠎ᠠ ᠳ᠋ᠤ 《2026 ᠣᠨ ᠤ᠋ ᠬᠦᠶ᠋ᠲᠡᠨ ᠰᠡᠷᠢᠭᠦᠨ ᠤᠷᠤᠨ ᠤ᠋ ᠢᠳᠡᠱᠢᠨ ᠨᠣᠭᠣᠭ᠎ᠠ ᠵᠢᠨ ᠦᠢᠯᠡᠳᠪᠤᠷᠢᠯᠡᠯ ᠤ᠋ᠨ ᠰᠠᠭᠤᠷᠢ ᠵᠢ ᠴᠢᠩᠭᠠᠳᠭᠠᠬᠤ ᠢᠨᠵᠧᠨᠧᠷᠢᠩ ᠢ᠋ ᠬᠡᠷᠡᠭ᠌ᠵᠢᠭᠦᠯᠬᠦ᠌ ᠨᠠᠷᠢᠨ ᠲᠦᠷᠢᠮ》 ᠢ᠋ ᠬᠠᠮᠳᠤᠷᠠᠨ ᠳᠠᠷᠤᠮᠠᠯᠯᠠᠨ ᠲᠠᠷᠬᠠᠭᠠᠵᠤ᠂ ᠬᠦᠶ᠋ᠲᠡᠨ ᠰᠡᠷᠢᠭᠦᠨ ᠤᠷᠤᠨ ᠤ᠋ ᠢᠳᠡᠱᠢᠨ ᠨᠣᠭᠣᠭ᠎ᠠ ᠵᠢᠨ ᠰᠠᠭᠤᠷᠢ ᠵᠢ ᠴᠢᠩᠭᠠᠳᠭᠠᠬᠤ ᠢᠨᠵᠧᠨᠧᠷᠢᠩ ᠢ᠋ ᠠᠬᠢᠭᠤᠯᠤᠨ᠂ ᠪᠥᠬᠥ᠌ ᠣᠷᠣᠨ ᠤ᠋ ᠬᠦᠶ᠋ᠲᠡᠨ ᠰᠡᠷᠢᠭᠦᠨ ᠤᠷᠤᠨ ᠤ᠋ ᠢᠳᠡᠱᠢᠨ ᠨᠣᠭᠣᠭ᠎ᠠ ᠵᠢᠨ ᠬᠠᠩᠭᠠᠯᠭ᠎ᠠ ᠵᠢᠨ ᠴᠢᠳᠠᠪᠤᠷᠢ ᠵᠢ ᠪᠦᠬᠦ ᠬᠦᠴᠦᠨ ᠵᠢᠡᠷ ᠵᠢᠡᠨ ᠳᠡᠭᠡᠭ᠌ᠰᠢᠯᠡᠭᠦᠯᠵᠤ ᠪᠠᠢᠨ᠎ᠠ᠃

《2026 ᠣᠨ ᠤ᠋ ᠬᠦᠶ᠋ᠲᠡᠨ ᠰᠡᠷᠢᠭᠦᠨ ᠤᠷᠤᠨ ᠤ᠋ ᠢᠳᠡᠱᠢᠨ ᠨᠣᠭᠣᠭ᠎ᠠ ᠵᠢᠨ ᠦᠢᠯᠡᠳᠪᠤᠷᠢᠯᠡᠯ ᠤ᠋ᠨ ᠰᠠᠭᠤᠷᠢ ᠵᠢ ᠴᠢᠩᠭᠠᠳᠭᠠᠬᠤ ᠢᠨᠵᠧᠨᠧᠷᠢᠩ ᠢ᠋ ᠬᠡᠷᠡᠭ᠌ᠵᠢᠭᠦᠯᠬᠦ᠌ ᠨᠠᠷᠢᠨ ᠲᠦᠷᠢᠮ》 ᠳ᠋ᠦ ᠲᠥᠷᠥ ᠵᠢᠨ ᠪᠣᠳᠣᠯᠭ᠎ᠠ ᠵᠢᠨ ᠪᠣᠳᠠᠲᠤ ᠦᠷ᠎ᠡ ᠪᠦᠳᠤᠮᠵᠢᠳᠤ ᠴᠢᠨᠠᠷ ᠪᠠ ᠲᠦᠭᠡᠮᠡᠯ ᠬᠠᠷᠠᠭᠠᠯᠵᠠᠯᠲᠤ ᠴᠢᠨᠠᠷ ᠢ᠋ ᠬᠠᠮᠲᠤ ᠳ᠋ᠤᠨᠢ ᠬᠠᠷᠠᠭᠠᠯᠵᠠᠬᠤ ᠵᠠᠷᠴᠢᠮ ᠢ᠋ ᠪᠠᠷᠢᠮᠲᠠᠯᠠᠨ᠂ ᠬᠦᠶ᠋ᠲᠡᠨ ᠰᠡᠷᠢᠭᠦᠨ ᠤᠷᠤᠨ ᠤ᠋ ᠢᠳᠡᠱᠢᠨ ᠨᠣᠭᠣᠭ᠎ᠠ ᠵᠢᠨ ᠦᠶ᠋ᠯᠡᠳᠪᠦᠷᠢᠯᠡᠯ ᠤ᠋ᠨ ᠰᠠᠭᠤᠷᠢᠨ᠂ ᠲᠥᠬᠥᠭᠡᠷᠦᠮᠵᠢ᠎ᠬᠦᠯᠡᠮᠵᠢ᠂ ᠴᠢᠬᠢ ᠪᠣᠢᠵᠢᠭᠤᠯᠬᠤ ᠲᠥᠪ᠂ ᠭᠠᠷᠤᠯᠲᠠ ᠵᠢᠨ ᠣᠷᠣᠨ ᠤ᠋ ᠢᠵᠢ ᠪᠥᠷᠢᠳᠦᠭᠦᠯᠬᠦ᠌ ᠦᠶ᠋ᠯᠡᠴᠢᠯᠡᠭᠡᠨ ᠤ᠋ ᠲᠦᠬᠦᠭᠡᠷᠦᠮᠵᠢ ᠵᠢᠨ ᠪᠥᠲᠥᠭᠡᠨ ᠪᠠᠢᠭᠤᠯᠤᠯᠲᠠ ᠵᠡᠷᠭᠡ 4 ᠬᠦᠷᠢᠶᠡᠨ ᠳ᠋ᠤ ᠱᠠᠩᠨᠠᠯ ᠨᠥᠬᠥᠪᠥᠷᠢ ᠤᠯᠭᠤᠬᠤ ᠨᠠᠷᠢᠨ ᠲᠦᠷᠢᠮ ᠲᠣᠭ᠍ᠲᠠᠭᠠᠵᠤ᠂ ᠱᠠᠩᠨᠠᠯ ᠨᠥᠬᠥᠪᠥᠷᠢ ᠤᠯᠭᠤᠬᠤ ᠡᠲᠡᠭᠡᠳ᠂ ᠱᠠᠩᠨᠠᠯ ᠨᠥᠬᠥᠪᠥᠷᠢ ᠤᠯᠭᠤᠬᠤ ᠠᠭᠤᠯᠭ᠎ᠠ ᠵᠢᠴᠢ ᠪᠠᠷᠢᠮᠵᠢᠶ᠎ᠠ᠂ ᠭᠤᠶᠤᠴᠢᠯᠠᠨ ᠮᠡᠳᠡᠭᠦᠯᠬᠦ᠌ ᠪᠠ ᠬᠢᠨᠠᠨ ᠬᠠᠷᠭᠤᠭᠤᠯᠬᠤ ᠶᠠᠪᠤᠴᠠ ᠵᠡᠷᠭᠡ ᠬᠠᠮᠢᠶ᠎ᠠ ᠪᠥᠬᠥᠶ ᠵᠦᠶ᠋ᠯᠡᠰ ᠢ᠋ ᠲᠣᠰᠪᠤᠷᠢ ᠲᠣᠳᠣᠷᠬᠠᠶ ᠲᠣᠭ᠍ᠲᠠᠭᠠᠵᠤ᠂ ᠲᠥᠷᠥ ᠵᠢᠨ ᠪᠣᠳᠣᠯᠭ᠎ᠠ ᠵᠢᠨ ᠨᠠᠢᠳᠠᠪᠤᠷᠢᠵᠢᠭᠤᠯᠵᠤ ᠪᠣᠯᠬᠤ᠂ ᠬᠡᠷᠡᠭ᠌ᠵᠢᠭᠦᠯᠵᠦ᠍ ᠪᠣᠯᠬᠤ ᠪᠠ ᠦᠷ᠎ᠡ ᠪᠦᠲᠦᠮᠵᠢ ᠤᠯᠬᠤ ᠵᠢ ᠦᠨᠡᠨ ᠬᠦ᠌ ᠪᠠᠲᠤᠯᠠᠪᠠ᠃ ᠬᠦᠶ᠋ᠲᠡᠨ ᠰᠡᠷᠢᠭᠦᠨ ᠤᠷᠤᠨ ᠤ᠋ ᠢᠳᠡᠱᠢᠨ ᠨᠣᠭᠣᠭ᠎ᠠ ᠵᠢᠨ ᠦᠶ᠋ᠯᠡᠳᠪᠦᠷᠢᠯᠡᠯ ᠤ᠋ᠨ ᠰᠠᠭᠤᠷᠢᠨ ᠤ᠋ ᠱᠠᠩᠨᠠᠯ ᠨᠥᠬᠥᠪᠥᠷᠢ ᠵᠢᠨ ᠪᠠᠷᠢᠮᠵᠢᠶ᠎ᠠ ᠨᠢ ᠮᠥ᠍ ᠪᠦᠷᠢ ᠳ᠋ᠤ 300 ᠲᠥᠭᠥᠷᠢᠭ ᠪᠠᠢᠵᠤ᠂ ᠭᠤᠤᠯ ᠴᠣᠭ᠍ᠴᠠ ᠨᠢᠭᠡᠪᠦᠷᠢ ᠵᠢᠨ ᠱᠠᠩᠨᠠᠯ ᠨᠥᠬᠥᠪᠥᠷᠢ ᠵᠢᠨ ᠶᠡᠷᠦᠩᠬᠡᠶ ᠬᠡᠮᠵᠢᠶ᠎ᠠ ᠵᠢ 100 ᠲᠦᠮᠡᠨ ᠲᠥᠭᠥᠷᠢᠭ ᠡᠴᠡ ᠬᠡᠲᠦᠷᠡᠭᠦᠯᠬᠦ ᠦᠭᠡᠢ ᠪᠠᠢᠵᠤ᠂ ᠵᠢᠯ ᠪᠦᠷᠢ 10 ᠲᠦᠮᠡᠨ ᠮᠥ᠍ ᠢᠳᠡᠰᠢᠨ ᠨᠤᠭᠤᠭ᠎ᠠ ᠳ᠋ᠦ ᠱᠠᠡᠭᠨᠠᠯ ᠨᠦᠬᠦᠪᠦᠷᠢ ᠤᠯᠭᠤᠬᠤ ᠪᠤᠯᠤᠨ᠎ᠠ᠃

ᠣᠢᠯᠠᠭᠠᠭ᠍ᠰᠠᠨ ᠵᠢᠡᠷ᠂ ᠡᠨᠡ ᠵᠢᠯ ᠮᠠᠨ ᠤ᠋ ᠤᠷᠤᠨ ᠬᠦᠶ᠋ᠲᠡᠨ ᠰᠡᠷᠢᠭᠦᠨ ᠤᠷᠤᠨ ᠤ᠋ ᠢᠳᠡᠱᠢᠨ ᠨᠣᠭᠣᠭ᠎ᠠ ᠵᠢᠨ ᠦᠶ᠋ᠯᠡᠳᠪᠦᠷᠢᠯᠡᠯ ᠤ᠋ᠨ ᠰᠠᠭᠤᠷᠢᠨ ᠤ᠋ ᠪᠦᠳᠦᠬᠡᠨ ᠪᠠᠢᠭᠤᠯᠤᠯᠲᠠ ᠵᠢ ᠴᠢᠩᠭᠠᠳᠬᠠᠵᠦ᠂ ᠭᠠᠷᠤᠯᠲᠠ ᠵᠢ ᠲᠣᠭ᠍ᠲᠠᠪᠤᠷᠢᠵᠢᠭᠤᠯᠤᠨ ᠬᠠᠩᠭᠠᠯᠭ᠎ᠠ ᠵᠢ ᠪᠠᠲᠤᠯᠠᠬᠤ ᠰᠠᠭᠤᠷᠢ ᠵᠢ ᠪᠡᠬᠢᠵᠢᠭᠦᠯᠬᠦ ᠪᠤᠯᠤᠨ᠎ᠠ᠃ ᠪᠠᠷᠢᠮᠵᠢᠶᠠᠵᠢᠭᠤᠯᠤᠨ ᠲᠠᠷᠢᠬᠤ᠂ ᠵᠠᠬᠢᠶᠠᠯᠠᠭ᠎ᠠ ᠪᠡᠷ ᠦᠢᠯᠡᠳᠪᠦᠷᠢᠯᠡᠬᠦ᠌ ᠨᠢᠭᠡ ᠪᠦᠯᠦᠭ ᠰᠠᠭᠤᠷᠢᠨ ᠢ᠋ ᠭᠣᠣᠯᠳᠠᠯᠭ᠎ᠠ ᠲᠠᠶ ᠲᠡᠳᠬᠦᠨ ᠬᠥᠭ᠌ᠵᠢᠭᠦᠯᠵᠦ᠍᠂ 《ᠬᠠᠡᠭᠭᠠᠯᠭ᠎ᠠ ᠶ᠋ᠢᠨ ᠭᠠᠷᠠᠮ》 ᠪᠤᠯᠤᠨ 《ᠤᠮᠠᠷᠠᠲᠤ ᠣᠷᠣᠨ ᠤ᠋ ᠢᠳᠡᠰᠢᠨ ᠨᠣᠭᠣᠭ᠎ᠠ ᠵᠢ ᠡᠮᠦᠨᠡᠰᠢ ᠲᠡᠭᠡᠭᠡᠪᠦᠷᠢᠯᠡᠬᠦ᠌》 ᠠᠷᠭ᠎ᠠ ᠵᠠᠮ ᠢ᠋ ᠦᠷᠭᠡᠳᠬᠡᠨ᠂ ᠬᠦᠢᠲᠡᠨ ᠰᠡᠷᠢᠭᠦᠨ ᠤᠷᠤᠨ ᠤ᠋ ᠢᠳᠡᠱᠢᠨ ᠨᠣᠭᠣᠭ᠎ᠠ ᠶ᠋ᠢᠨ ᠴᠢᠨᠠᠷ ᠰᠠᠢᠲᠠᠶ ᠦᠢᠯᠡᠳᠪᠦᠷᠢᠯᠡᠯ ᠤ᠋ᠨ ᠰᠠᠭᠤᠷᠢᠨ ᠢ᠋ 10 ᠪᠠᠢᠭᠤᠯᠵᠤ᠂ ᠶᠡᠷᠦᠩᠬᠡᠶ ᠲᠠᠯᠠᠪᠠᠶ ᠵᠢ ᠨᠢ 5 ᠲᠦᠮᠡᠨ ᠮᠦ᠍ ᠡᠴᠡ ᠲᠠᠬᠡᠭᠰᠢ ᠬᠦᠷᠬᠡᠨ᠎ᠠ; 17 ᠥᠨᠳᠥᠷ ᠪᠠᠷᠢᠮᠵᠢᠶᠠᠲᠤ ᠲᠦᠬᠦᠭᠡᠷᠦᠮᠵᠢᠲᠦ ᠬᠦᠷᠢᠶᠡᠯᠡᠩ ᠲᠣᠭᠣᠷᠢᠭ ᠢ᠋ ᠱᠢᠨ᠎ᠡ ᠪᠡᠷ ᠪᠠᠢᠭᠤᠯᠬᠤ ᠪᠤᠶᠤ ᠥᠭᠡᠷᠡᠴᠢᠯᠡᠨ ᠪᠠᠢᠭᠤᠯᠵᠤ᠂ ᠪᠦᠬᠦ᠌ ᠣᠷᠣᠨ ᠢ᠋ ᠳᠠᠢᠴᠢᠯᠠᠨ ᠲᠦᠬᠦᠭᠡᠷᠦᠮᠵᠢᠲᠦ ᠲᠠᠷᠢᠶᠠᠯᠠᠡᠭ ᠤ᠋ᠨ ᠲᠠᠯᠠᠪᠠᠢ ᠵᠢ 4 ᠲᠦᠮᠡᠨ ᠮᠦ᠍ ᠨᠡᠮᠡᠭᠳᠡᠭᠦᠯᠤᠨ᠂ 6 ᠲᠦᠮᠡᠨ ᠮᠦ᠍ ᠶ᠋ᠢᠨ ᠢᠳᠡᠰᠢᠨ ᠨᠤᠭᠤᠭ᠎ᠠ ᠶ᠋ᠢᠨ ᠰᠠᠭᠤᠷᠢᠨ ᠢ᠋ ᠦᠬᠡᠷᠡᠴᠢᠯᠡᠨ ᠰᠢᠨᠡᠳᠭᠡᠵᠦ ᠳᠡᠰ ᠳᠡᠪᠰᠢᠭᠦᠯᠤᠨ᠂ ᠲᠦᠬᠦᠭᠡᠷᠦᠮᠵᠢᠲᠦ ᠢᠳᠡᠰᠢᠨ ᠨᠤᠭᠤᠭ᠎ᠠ ᠬᠢᠭᠡᠳ ᠶᠡᠬᠡ ᠲᠠᠷᠢᠶᠠᠨ ᠤ᠋ ᠢᠳᠡᠱᠢᠨ ᠨᠣᠭᠣᠭ᠎ᠠ ᠶ᠋ᠢᠨ ᠠᠵᠤ ᠦᠢᠯᠡᠰ ᠤ᠋ᠨ ᠬᠠᠷᠢᠯᠴᠠᠨ ᠵᠤᠬᠢᠴᠠᠯᠳᠤᠭᠰᠠᠨ ᠬᠥᠭ᠌ᠵᠢᠯᠲᠡ ᠶ᠋ᠢᠨ ᠪᠠᠢᠷᠢᠱᠢᠯ ᠢ᠋ ᠪᠤᠶ ᠪᠤᠯᠭᠠᠬᠤ ᠪᠡᠷ ᠪᠤᠢ᠃ ᠡᠭᠦᠨ ᠤ᠋ ᠬᠠᠮᠲᠤ ᠵᠢᠯ ᠳ᠋ᠤ 5000 ᠲᠦᠮᠡᠨ ᠰᠠᠭᠤᠷᠢ ᠡᠴᠡ ᠲᠠᠬᠡᠭᠰᠢ ᠴᠢᠬᠢ ᠪᠤᠢᠵᠢᠭᠤᠯᠤᠬ ᠴᠢᠳᠠᠪᠤᠷᠢ ᠲᠠᠢ ᠡᠷᠴᠢᠮᠵᠢᠭᠰᠡᠨ᠂ ᠣᠶᠤᠨᠴᠢᠯᠠᠭ᠍ᠰᠠᠨ ᠴᠢᠬᠢ ᠪᠣᠢᠵᠢᠭᠤᠯᠬᠤ ᠲᠥᠪ ᠢ᠋ ᠱᠢᠨ᠎ᠡ ᠪᠡᠷ 4 ᠪᠠᠢᠭᠤᠯᠵᠤ᠂ ᠳᠠᠷᠢᠬᠤ᠂ ᠰᠣᠶᠣᠭᠠᠯᠠᠭᠤᠯᠬᠤ ᠪᠠ ᠡᠷᠯᠢᠰᠡᠵᠢᠬᠦᠯᠬᠦ ᠵᠡᠷᠭᠡ ᠵᠠᠩᠭᠢᠯᠠᠭ᠎ᠠ ᠶ᠋ᠢᠨ ᠭᠣᠭ᠍ᠴᠣᠭ᠎ᠠ ᠶ᠋ᠢᠨ ᠪᠥᠬᠥ᠌ ᠶᠠᠪᠤᠴᠠ ᠶ᠋ᠢᠨ ᠠᠦ᠋ᠲ᠋ᠣᠴᠢᠯᠠᠯᠲᠠ ᠵᠢ ᠪᠡᠶᠡᠯᠡᠭᠦᠯᠵᠦ᠍᠂ ᠦᠷ᠎ᠡ ᠴᠢᠬᠢ ᠶ᠋ᠢᠨ ᠶᠠᠰᠤ ᠴᠢᠨᠠᠷ ᠪᠠ ᠴᠢᠬᠢ ᠪᠣᠢᠵᠢᠭᠤᠯᠬᠤ ᠦᠷ᠎ᠡ ᠪᠦᠲᠦᠮᠵᠢ ᠵᠢ ᠳᠡᠭᠡᠭ᠌ᠰᠢᠯᠡᠭᠦᠯᠦᠨ᠂ ᠪᠥᠬᠥ᠌ ᠣᠷᠣᠨ ᠤ᠋ ᠢᠳᠡᠰᠢᠨ ᠨᠤᠭᠤᠭ᠎ᠠ ᠵᠢᠨ ᠦᠷ᠎ᠡ ᠴᠢᠬᠢ ᠶ᠋ᠢᠨ ᠦᠢᠯᠡᠳᠪᠦᠷᠢᠯᠡᠯ ᠤ᠋ᠨ ᠴᠢᠳᠠᠪᠤᠷᠢ ᠵᠢ 40 ᠳ᠋ᠦᠩᠱᠢᠭᠤᠷ ᠰᠠᠭᠤᠷᠢ ᠵᠢ ᠳᠠᠪᠠᠭᠤᠯᠵᠤ᠂ ᠢᠳᠡᠰᠢᠨ ᠨᠤᠭᠤᠭ᠎ᠠ ᠵᠢᠨ ᠦᠷ᠎ᠡ ᠴᠢᠬᠢ ᠶ᠋ᠢᠨ ᠥᠪᠡᠷ ᠢ᠋ ᠪᠡᠨ ᠬᠠᠩᠭᠠᠬᠤ ᠨᠣᠷᠮ᠎ᠠ ᠵᠢ ᠤᠯᠠᠮ ᠨᠢᠭᠡ ᠠᠯᠬᠤᠮ ᠳᠡᠭᠡᠭ᠌ᠰᠢᠯᠡᠭᠦᠯᠬᠦ ᠪᠡᠷ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号