ᠮᠥᠩᠭᠥᠨ ᠭᠦᠶ᠋ᠯᠭᠡᠭᠡᠨ᠎ᠦ ᠱᠢᠰᠲ᠋ᠧᠮ ᠤ᠋ᠨ ᠬᠢᠨ ᠣᠯᠠᠨ ᠵᠦᠶ᠋ᠯ᠎ᠦᠨ ᠠᠷᠭ᠎ᠠ ᠬᠡᠮᠵᠢᠶ᠎ᠠ ᠠᠪᠴᠤ ᠥᠪᠥᠷ ᠮᠣᠩᠭᠣᠯ᠎ᠤᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠪᠥᠲᠥᠭᠡᠨ ᠪᠠᠢᠭᠤᠯᠤᠯᠲᠠ ᠳ᠋ᠤ᠌ ᠬᠦᠴᠦᠨ ᠨᠡᠮᠡᠷᠢᠯᠡᠵᠦ ᠪᠤᠢ
2026-06-08 10:43:45
ᠵᠣᠬᠢᠶᠠᠭ᠍ᠴᠢ᠄
​ ᠰᠠᠷᠭᠠᠢ
ᠣᠩᠱᠢᠭ᠍ᠰᠠᠨ ᠣᠳᠠᠭ᠎ᠠ᠄
★★★☆☆

ᠥᠪᠥᠷ ᠮᠣᠩᠭᠣᠯ᠎ᠤᠨ ᠮᠥᠩᠭᠥᠨ ᠭᠦᠶ᠋ᠯᠭᠡᠭᠡᠨ᠎ᠦ ᠱᠢᠰᠲ᠋ᠧᠮ᠎ᠤ᠋ᠨ ᠬᠢᠨ ᠳᠤᠮᠳᠠᠳᠤ ᠤᠯᠤᠰ(ᠥᠪᠥᠷ ᠮᠣᠩᠭᠣᠯ) ᠎ᠤ᠋ᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ᠎ᠳᠤ ᠰᠠᠭᠤᠷᠢᠯᠠᠨ᠂ ᠳᠤᠮᠳᠠᠳᠤ ᠤᠯᠤᠰ (ᠥᠪᠥᠷ ᠮᠣᠩᠭᠣᠯ) ᠎ᠤ᠋ᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠪᠥᠲᠥᠭᠡᠨ ᠪᠠᠢᠭᠤᠯᠤᠯᠲᠠ᠎ᠶ᠋ᠢᠨ ᠡᠬᠢᠯᠡᠯᠲᠡ᠎ᠶ᠋ᠢᠨ ᠪᠠᠢᠳᠠᠯ᠂ ᠲᠣᠭ᠍ᠲᠠᠭᠤᠨ ᠬᠦᠭᠵᠢᠯᠳᠡ ᠢ᠋ᠢ ᠪᠠᠳᠤᠯᠠᠵᠤ ᠪᠠᠢᠨ᠎ᠡ᠃

ᠥᠪᠥᠷ ᠮᠣᠩᠭᠣᠯ᠎ᠤᠨ ᠮᠥᠩᠭᠥᠨ ᠭᠦᠶ᠋ᠯᠭᠡᠭᠡᠨ᠎ᠦ  ᠱᠢᠰᠲ᠋ᠧᠮ ᠎ᠤ᠋ᠨ  ᠬᠢᠨ 《ᠳᠤᠮᠳᠠᠳᠤ ᠤᠯᠤᠰ (ᠥᠪᠥᠷ ᠮᠣᠩᠭᠣᠯ)᠎ᠤ᠋ᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠶᠡᠷᠦᠩᠬᠡᠶ ᠲᠥᠰᠦᠯ》 (ᠲᠤᠷᠤᠭᠰᠢ 《ᠶᠠᠷᠦᠨᠭᠬᠡᠢ ᠲᠦᠰᠦᠯ》 ᠬᠡᠵᠤ ᠲᠤᠪᠴᠢᠯᠡᠨ᠎ᠡ) ᠎ᠳ᠋ᠤ ᠲᠣᠳᠣᠷᠬᠠᠢᠯᠠᠭ᠍ᠰᠠᠨ ᠮᠥᠩᠭᠥᠨ ᠭᠦᠶ᠋ᠯᠭᠡᠭᠡᠨ᠎ᠦ ᠥᠭᠡᠷᠡᠴᠢᠯᠡᠯᠲᠡ᠎ᠶ᠋ᠢᠨ ᠠᠷᠭ᠎ᠠ ᠬᠡᠮᠵᠢᠶ᠎ᠡ᠎ᠶ᠋ᠢ ᠰᠠᠢᠲᠤᠷ ᠨᠠᠢᠳᠠᠪᠤᠷᠢᠵᠢᠭᠤᠯᠵᠤ᠂ ᠤᠨᠤᠪᠴᠢᠳᠡᠢ ᠪᠠᠷᠢᠮᠵᠢᠶᠠᠯᠠᠨ᠂ ᠵᠦᠢᠯ ᠲᠠᠷᠠᠭᠠᠯᠠᠨ ᠵᠠᠳᠠᠯᠵᠤ᠂ ᠳᠤᠮᠳᠠᠳᠤ ᠮᠣᠩᠭᠣᠯ᠎ᠤᠨ ᠰᠢᠯᠵᠢᠭᠡ ᠲᠣᠭᠠᠴᠠᠭ᠎ᠠ᠎ᠶ᠋ᠢᠨ ᠬᠠᠷᠢᠯᠴᠠᠨ ᠬᠣᠯᠪᠣᠭᠠᠯᠠᠵᠤ ᠬᠠᠷᠢᠯᠴᠠᠨ ᠨᠡᠪᠲᠡᠷᠡᠯᠴᠡᠬᠦ᠌ ᠵᠡᠷᠭᠡ 10 ᠵᠦᠶ᠋ᠯ᠎ᠦᠨ ᠭᠤᠤᠯᠳᠠᠯᠭ᠎ᠠ᠎ᠲᠠᠶ ᠡᠭᠦᠷᠭᠡ᠎ᠶ᠋ᠢ ᠬᠤᠭᠤᠴᠠᠭ᠎ᠠ ᠶᠣᠰᠣᠭᠠᠷ ᠳᠡᠯᠭᠡᠷᠡᠭᠦᠯᠵᠦ᠍᠂ ᠪᠣᠳᠠᠲᠠᠢᠵᠢᠭᠤᠯᠤᠨ ᠦᠷ᠎ᠡ ᠪᠦᠲᠦᠮᠵᠢ ᠤᠯᠬᠤ᠎ᠶ᠋ᠢ ᠦᠨᠡᠨ ᠬᠦ᠌ ᠪᠠᠲᠤᠯᠠᠨ᠎ᠠ᠃

ᠡᠬᠦᠨ ᠤ᠋ ᠬᠠᠮᠳᠤ ᠣᠯᠠᠨ ᠠᠷᠭ᠎ᠠ ᠬᠡᠮᠵᠢᠶ᠎ᠡ᠎ᠶ᠋ᠢ ᠵᠡᠷᠭᠡ᠎ᠪᠡᠷ ᠬᠡᠷᠡᠭ᠌ᠯᠡᠨ ᠬᠠᠭᠤᠯᠪᠤᠷᠢᠯᠡᠨ ᠳᠡᠯᠭᠡᠷᠡᠭᠦᠯᠵᠦ᠍ ᠪᠣᠯᠬᠤ ᠲᠥᠷᠥ᠎ᠶ᠋ᠢᠨ ᠪᠣᠳᠣᠯᠭ᠎ᠠ᠎ᠶ᠋ᠢᠨ ᠬᠡᠪᠴᠢᠶ᠎ᠡ᠎ᠶ᠋ᠢ ᠥᠷᠭᠡᠳᠭᠡᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠤᠨ᠎ᠠ᠃ 《ᠶᠡᠷᠦᠩᠬᠡᠶ ᠲᠥᠰᠦᠯ》 ᠎ᠢ᠋ ᠬᠠᠭᠤᠯᠪᠤᠷᠢᠯᠡᠨ ᠳᠡᠯᠭᠡᠷᠡᠭᠦᠯᠬᠦ᠌ ᠡᠭᠦᠷᠭᠡ᠎ᠳᠦ ᠬᠤᠯᠪᠤᠭᠳᠠᠬᠤ ᠮᠥᠩᠭᠥᠨ ᠭᠦᠶ᠋ᠯᠭᠡᠭᠡᠨ᠎ᠦ ᠬᠦᠷᠢᠶᠡᠨ᠎ᠳᠡᠬᠢ ᠨᠡᠢᠲᠡ 69 ᠵᠦᠶ᠋ᠯ ᠬᠣᠯᠪᠣᠭ᠍ᠳᠠᠵᠠᠶ᠃ ᠥᠪᠥᠷ ᠮᠣᠩᠭᠣᠯ᠎ᠤᠨ ᠮᠥᠩᠭᠥᠨ ᠭᠦᠶ᠋ᠯᠭᠡᠭᠡᠨ᠎ᠦ ᠱᠢᠰᠲ᠋ᠧᠮ᠎ᠦᠨ᠎ᠬᠢᠨ ᠰᠠᠨᠠᠭᠠᠴᠢᠯᠠᠭ᠎ᠠ᠎ᠠᠴᠠ᠎ᠪᠠᠨ ᠲᠣᠯᠢᠯᠠᠵᠤ᠂ ᠲᠤᠬᠠᠢ ᠢ᠋ᠢᠨ ᠭᠠᠵᠠᠷ ᠣᠷᠣᠨ᠎ᠤ ᠪᠠᠢᠳᠠᠯ᠎ᠳ᠋ᠤᠨᠢ ᠳᠣᠭᠢᠷᠠᠭᠤᠯᠤᠨ᠂ ᠥᠪᠥᠷ ᠮᠣᠩᠭᠣᠯ᠎ᠤᠨ ᠣᠷᠣᠨ ᠪᠠᠢᠷᠢ᠎ᠶ᠋ᠢᠨ ᠣᠨᠴᠠᠯᠢᠭ ᠪᠠ ᠬᠥᠭ᠌ᠵᠢᠯᠲᠡ᠎ᠶ᠋ᠢᠨ ᠪᠠᠢᠷᠢ ᠲᠣᠭ᠍ᠲᠠᠭᠠᠯᠲᠠ᠎ᠲᠠᠶ ᠤᠶᠠᠯᠳᠤᠭᠤᠯᠵᠤ᠂ ᠲᠡᠷᠢᠭᠦᠨ᠎ᠦ ᠲᠤᠷᠱᠢᠯᠭ᠎ᠠ᠎ᠶ᠋ᠢ ᠦᠶ᠋ᠯᠡᠴᠢᠯᠡᠭᠡᠨ᠎ᠦ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠨᠢᠭᠡᠨᠲᠡ ᠬᠠᠭᠤᠯᠪᠤᠷᠢᠯᠠᠨ ᠳᠡᠯᠭᠡᠷᠡᠭᠦᠯᠦᠭ᠌ᠰᠡᠨ ᠵᠦᠶ ᠶᠣᠰᠣᠨ᠎ᠤ ᠥᠷᠢ ᠥᠭ᠌ᠴᠡᠭᠡ᠎ᠶ᠋ᠢᠨ ᠪᠠᠯᠠ ᠬᠤᠷᠠᠮᠳᠤᠭᠤᠯᠬᠤ ᠪᠠᠭᠠᠵᠢ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠠᠵᠤ ᠠᠬᠤᠢᠯᠠᠯ᠎ᠤᠨ ᠪᠠᠷᠢᠮᠲᠠ᠎ᠶ᠋ᠢᠨ ᠪᠠᠯᠠ ᠬᠤᠷᠠᠮᠳᠤᠭᠤᠯᠬᠤ ᠵᠠᠭ᠍ᠪᠤᠷ᠂ ᠬᠢᠯᠢ ᠠᠯᠤᠰᠯᠠᠭ᠍ᠰᠠᠨ ᠠᠷᠠᠯᠵᠢᠶᠠᠨ᠎ᠤ ᠪᠠᠯᠠ ᠣᠷᠣᠭᠤᠯᠤᠯᠲᠠ᠎ᠢ᠋ᠢ ᠲᠦᠬᠦᠮ ᠲᠦᠳᠡ ᠪᠤᠯᠭᠠᠬᠤ ᠱᠢᠨ᠎ᠡ ᠡᠭᠦᠳᠦᠯᠲᠡ ᠵᠡᠷᠭᠡ 48 ᠵᠦᠢᠯ ᠤ᠋ᠨ ᠬᠡᠪᠴᠢᠶ᠎ᠡ᠎ᠶ᠋ᠢ ᠤᠯᠠᠮ ᠨᠢᠭᠡ ᠠᠯᠬᠤᠮ ᠥᠷᠭᠡᠳᠭᠡᠨ ᠦᠷ᠎ᠡ ᠠᠱᠢᠭ᠎ᠢ ᠨᠡᠮᠡᠭ᠌ᠳᠡᠭᠦᠯᠵᠦ᠍᠂ ᠨᠠᠢᠳᠠᠪᠤᠷᠢᠵᠢᠭᠤᠯᠤᠭᠠᠳᠤᠶ᠎ᠶ᠋ᠢ᠎ᠨᠢ ᠲᠦᠷᠭᠡᠬᠡᠨ ᠨᠠᠢᠳᠠᠪᠤᠷᠢᠵᠢᠭᠤᠯᠵᠤ᠂ ᠴᠢᠯᠦᠬᠡᠳᠤ ᠠᠷᠠᠯᠵᠢᠶᠡᠨ ᠤ᠋ ᠲᠤᠷᠰᠢᠯᠳᠡ ᠢ᠋ᠢᠨ ᠤᠷᠤᠨ ᠤ᠋ ᠲᠥᠷᠥ᠎ᠶ᠋ᠢᠨ ᠪᠣᠳᠣᠯᠭ᠎ᠠ᠎ᠶ᠋ᠢᠨ ᠠᠱᠢᠭ᠎ᠢ ᠠᠯᠢ  ᠲᠦᠷᠭᠡᠨ᠎ᠢᠶᠡᠷ ᠨᠠᠩ ᠣᠯᠠᠨ ᠠᠵᠤ ᠠᠬᠤᠢᠯᠠᠯ᠎ᠳᠤ ᠬᠦᠷᠲᠡᠭᠡᠬᠦ᠌ ᠪᠣᠯᠤᠨ᠎ᠠ᠃

ᠥᠪᠥᠷ ᠮᠣᠩᠭᠣᠯ ᠬᠣᠯᠪᠣᠭ᠍ᠳᠠᠯ ᠪᠥᠬᠥᠶ ᠬᠡᠷᠡᠭ᠌ᠵᠢᠭᠦᠯᠬᠦ᠌ ᠲᠥᠰᠦᠯ᠎ᠢ ᠲᠣᠭ᠍ᠲᠠᠭᠠᠨ ᠨᠡᠢᠲᠡᠯᠡᠬᠦ᠌᠎ᠶ᠋ᠢ ᠲᠦᠷᠭᠡᠳᠭᠡᠵᠦ᠍᠂ ᠬᠢᠯᠢ ᠠᠯᠤᠰᠯᠠᠭ᠍ᠰᠠᠨ ᠠᠷᠠᠯᠵᠢᠶᠠᠨ᠎ᠤ ᠥᠨᠳᠥᠷ ᠲᠦᠪᠱᠢᠨ᠎ᠢᠶᠡᠷ ᠨᠡᠭᠡᠭᠡᠯᠲᠡ ᠬᠢᠬᠦ᠌ ᠪᠤᠯᠤᠨ ᠬᠢᠯᠢ᠎ᠶ᠋ᠢᠨ ᠠᠷᠠᠯᠵᠢᠶᠠᠨ᠎ᠤ ᠵᠥᠷᠢᠶ᠎ᠡ᠎ᠶ᠋ᠢ ᠢᠯᠭᠠᠷᠠᠭᠤᠯᠤᠨ ᠪᠤᠳᠤᠬᠤ 2 ᠵᠦᠶ᠋ᠯ᠎ᠦᠨ ᠱᠢᠨ᠎ᠡ᠎ᠶ᠋ᠢ ᠡᠭᠦᠳᠬᠦ᠌ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠬᠤ᠎ᠶ᠋ᠢ ᠠᠬᠢᠭᠤᠯᠵᠤ ᠂ ᠨᠠᠩ ᠣᠯᠠᠨ ᠠᠵᠤ ᠠᠬᠤᠢᠯᠠᠯ᠎ᠳᠤ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠲᠥᠷᠥ᠎ᠶ᠋ᠢᠨ ᠪᠣᠳᠣᠯᠭ᠎ᠠ᠎ᠶ᠋ᠢᠨ ᠠᠱᠢᠭ ᠢ᠋ ᠬᠦᠷᠲᠡᠭᠡᠨ᠂ ᠲᠥᠷᠥ᠎ᠶ᠋ᠢᠨ ᠪᠣᠳᠣᠯᠭ᠎ᠠ ᠢ᠋ᠢᠨ ᠦᠶ᠋ᠯᠡᠳᠦᠯ᠎ᠢ ᠬᠠᠮᠤᠭ᠎ᠤᠨ ᠶᠡᠬᠡ ᠡᠷᠴᠢᠮ᠎ᠢᠶᠡᠷ ᠪᠠᠳᠠᠷᠠᠭᠤᠯᠵᠤ᠂ ᠤᠨᠴᠠᠯᠢᠭᠳᠤ ᠳᠡᠯᠭᠡᠷᠡᠭᠦᠯᠵᠦ᠍ ᠪᠣᠯᠬᠤ ᠥᠷᠲᠡᠭ᠎ᠲᠡᠶ ᠮᠥᠩᠭᠥᠨ ᠭᠦᠶ᠋ᠯᠭᠡᠭᠡᠨ᠎ᠦ ᠱᠢᠨ᠎ᠡ᠎ᠶ᠋ᠢ ᠡᠭᠦᠳᠬᠦ᠌ ᠦᠶ᠋ᠯᠡᠳᠦᠯᠭᠡ᠎ᠶ᠋ᠢᠨ ᠨᠡᠢᠳᠡᠯᠢᠭ ᠵᠢᠱ᠌ᠢᠶ᠎ᠡ᠎ᠶ᠋ᠢ ᠴᠢᠷᠮᠠᠢᠨ ᠪᠦᠷᠢᠯᠳᠦᠭᠦᠯᠬᠦ ᠪᠡᠷ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号