ᠡᠨ᠋ᠸᠷᠬᠢ ᠵᠢᠨ ᠰᠢᠮᠡᠯᠢᠭ ᠬᠦᠷᠦᠰᠦ᠎ᠶᠢ ᠭᠦᠨ ᠬᠠᠭᠠᠯᠪᠦᠷᠢᠯᠠᠵᠤ ᠨᠡᠮᠡᠭᠳᠡᠯ ᠤ᠋ᠨ ᠬᠥᠴᠥᠲᠥ ᠬᠦᠳᠡᠯᠭᠡᠭᠦᠷ ᠢ᠋ ᠡᠷᠴᠢᠮᠲᠡᠢ ᠬᠦᠭᠵᠢᠭᠡᠨ᠎ᠡ
2026-06-08 16:23:22
ᠵᠣᠬᠢᠶᠠᠭ᠍ᠴᠢ᠄
​ ᠺᠠᠩ ᠯᠢ ᠨᠠ
ᠣᠩᠱᠢᠭ᠍ᠰᠠᠨ ᠣᠳᠠᠭ᠎ᠠ᠄
★★★☆☆

— ᠥᠪᠥᠷ ᠮᠣᠩᠭᠣᠯ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠲᠦ ᠲᠡᠢᠰᠢ ᠬᠡᠯᠪᠡᠷᠢ᠎ᠪᠡᠨ ᠬᠤᠪᠢᠷᠠᠭᠤᠯᠬᠤ ᠪᠡᠷ ᠴᠢᠨᠠᠷ ᠰᠠᠢᠲᠠᠶ ᠬᠥᠭ᠌ᠵᠢᠯᠲᠡ᠎ᠶ᠋ᠢᠨ ᠰᠠᠭᠤᠷᠢ᠎ᠶ᠋ᠢ ᠪᠠᠲᠤᠳᠭᠠᠪᠠ


ᠵᠢᠷᠭᠤᠭᠠᠨ ᠰᠠᠷ᠎ᠠ᠎ᠶ᠋ᠢᠨ ᠥᠪᠥᠷ ᠮᠣᠩᠭᠣᠯ᠎ᠤᠨ ᠡᠬᠡ ᠭᠠᠵᠠᠷ᠎ᠲᠤ  ᠲᠦᠮᠡᠨ ᠪᠣᠳᠠᠰ ᠠᠮᠢᠯᠠᠨ ᠲᠥᠯᠵᠢᠨ᠎ᠡ᠃

ᠤᠯᠠᠭᠠᠨᠬᠠᠳᠠ ᠬᠣᠲᠠ᠎ᠶ᠋ᠢᠨ ᠪᠠᠭᠠᠷᠢᠨ ᠵᠡᠭᠦᠨ ᠬᠣᠱᠢᠭᠤᠨ᠎ᠤ ᠠᠭᠤᠯᠨ ᠨᠢᠷᠤᠭᠤᠳ᠎ᠢᠶᠡᠷ ᠴᠠᠭᠠᠨ ᠥᠩᠭᠡ᠎ᠶ᠋ᠢᠨ ᠰᠠᠯᠬᠢᠨ ᠬᠦᠴᠦᠨ ᠤ᠋ ᠮᠠᠱᠢᠨ ᠨᠤᠭᠤᠳ ᠰᠡᠬᠦᠢᠨ ᠰᠦᠨᠳᠡᠷᠯᠡᠵᠦ᠍᠂ ᠲᠣᠮᠣ ᠰᠠᠷᠬᠢᠷᠠᠭᠤᠯ ᠨᠢ ᠬᠥᠬᠡ ᠲᠩᠷᠢ ᠬᠥᠪᠥᠩ ᠡᠭᠦᠯᠡ᠎ᠲᠠᠢ ᠬᠠᠮᠳᠤ ᠡᠶ᠎ᠡ ᠵᠣᠬᠢᠴᠠᠩᠭᠤᠶ᠎ᠪᠠᠷ ᠬᠠᠮᠲᠤ ᠣᠷᠣᠱᠢᠬᠰᠠᠨ ᠪᠤᠬᠢᠷᠳᠤᠯ ᠦᠭᠡᠢ ᠦᠵᠡᠮᠵᠢ ᠵᠢ ᠵᠢᠷᠤᠭᠯᠠᠨ᠎ᠠ᠃

ᠤᠯᠠᠭᠠᠨᠴᠠᠪ ᠬᠣᠲᠠ᠎ᠶ᠋ᠢᠨ ᠱᠢᠩ ᠾᠧ ᠱᠢᠶᠠᠨ᠎ᠤ ᠲᠡᠮᠦᠷ᠎ᠦᠨ ᠬᠠᠢᠯᠤᠰᠢ᠎ᠶ᠋ᠢᠨ ᠪᠣᠬᠢᠷᠲᠤᠯ ᠥᠬᠡᠶ ᠴᠠᠬᠢᠯᠭᠠᠨ ᠬᠠᠩᠭᠠᠬᠤ ᠨᠢᠭᠡᠳᠦᠭᠡᠷ ᠬᠤᠭᠤᠴᠠᠭᠠᠨ᠎ᠤ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠶ᠋ᠢᠨ ᠲᠤᠬᠠᠶ᠎ᠶ᠋ᠢᠨ ᠲᠠᠯᠠᠪᠠᠶ᠎ᠳᠤ ᠦᠷᠭᠦᠯᠵᠢᠯᠡᠭ᠌ᠰᠡᠨ ᠬᠡᠷᠡᠯᠴᠢ ᠴᠡᠨᠡᠭ᠎ᠦᠨ ᠬᠠᠪᠲᠠᠰᠤ ᠨᠡᠷᠡᠨ᠎ᠦ ᠬᠡᠷᠡᠯ᠎ᠳᠦ ᠭᠢᠯᠠᠯᠵᠠᠵᠤ᠂  ᠠᠵᠢᠯᠲᠠᠳ ᠪᠠᠷᠢᠯᠭ᠎ᠠ᠎ᠶ᠋ᠢᠨ ᠱᠢᠵᠢᠷ ᠠᠯᠲᠠᠨ ᠴᠠᠭ᠎ᠢ ᠠᠮᠵᠢᠵᠤ᠂ ᠡᠯ᠎ᠡ ᠵᠦᠶ᠋ᠯ᠎ᠦᠨ ᠦᠶ᠋ᠯᠡᠳᠪᠦᠷᠢᠯᠡᠯ᠎ᠦᠨ ᠠᠵᠢᠯ᠎ᠢ ᠡᠮᠬᠢ ᠵᠢᠷᠤᠮ᠎ᠲᠠᠶ ᠠᠬᠢᠭᠤᠯᠵᠤ ᠪᠣᠶ᠃

ᠡᠨᠧᠷᠭᠢ ᠪᠣᠯ ᠥᠪᠥᠷ ᠮᠣᠩᠭᠣᠯ᠎ᠤᠨ ᠲᠤᠯᠭᠠᠭᠤᠷᠢ ᠠᠵᠤ ᠦᠶ᠋ᠯᠡᠰ ᠮᠥᠨ᠃ ᠨᠠᠮ᠎ᠤᠨ ᠠᠷᠪᠠᠨ ᠨᠠᠶ᠋ᠮᠠᠳᠤᠭᠠᠷ ᠶᠡᠬᠡ ᠬᠤᠷᠠᠯ᠎ᠡᠴᠡ ᠨᠠᠭᠠᠰᠢ᠂ ᠶᠡᠷᠦᠩᠬᠡᠶ ᠱᠦᠵᠢ ᠰᠢ ᠵᠢᠨ ᠫᠢᠩ ᠥᠪᠥᠷ ᠮᠣᠩᠭᠣᠯ᠎ᠤᠨ ᠡᠨᠧᠷᠭᠢ᠎ᠶ᠋ᠢᠨ ᠬᠥᠭ᠌ᠵᠢᠯᠲᠡ᠎ᠶ᠋ᠢᠨ ᠲᠤᠬᠠᠶ ᠣᠯᠠᠨ ᠤᠳᠠᠭ᠎ᠠ ᠴᠢᠬᠤᠯᠠ ᠵᠢᠭᠠᠪᠤᠷᠢ ᠥᠭ᠌ᠴᠦ᠂ ᠥᠪᠥᠷ ᠮᠣᠩᠭᠣᠯ᠎ᠳᠤ ᠤᠯᠤᠰ᠎ᠤᠨ ᠴᠢᠬᠤᠯᠠ ᠡᠨᠧᠷᠭᠢ ᠪᠠ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ᠎ᠢ ᠪᠥᠲᠥᠭᠡᠨ ᠪᠠᠢᠭᠤᠯᠬᠤ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠣᠯᠭᠣᠵᠤ᠂ ᠣᠲᠣ ᠦᠶ᠎ᠡ᠎ᠶ᠋ᠢᠨ ᠡᠨᠧᠷᠭᠢ᠎ᠶ᠋ᠢᠨ ᠠᠵᠤ ᠠᠬᠤᠶ᠎ᠶ᠋ᠢ ᠰᠠᠢᠲᠤᠷ ᠬᠢᠬᠦ᠌ ᠲᠤᠬᠠᠶ ᠴᠢᠬᠤᠯᠠ ᠱᠠᠭᠠᠷᠳᠠᠯᠭ᠎ᠠ ᠳᠤᠷᠠᠳᠴᠠᠶ᠃ 2023 ᠣᠨ᠎ᠤ 6 ᠰᠠᠷ᠎ᠠ᠎ᠳᠤ᠂ ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠬᠤ᠎ᠳᠠᠭᠠᠨ ᠤᠯᠠᠮᠵᠢᠯᠠᠯᠲᠤ ᠡᠨᠧᠷᠭᠢ᠎ᠶ᠋ᠢᠨ ᠠᠵᠤ ᠦᠢᠯᠡᠰ᠎ᠦᠨ ᠬᠡᠯᠪᠡᠷᠢ᠎ᠶ᠋ᠢ ᠬᠤᠪᠢᠷᠠᠭᠤᠯᠤᠨ ᠲᠡᠰ ᠳᠡᠪᠱᠢᠭᠦᠯᠬᠦ᠌᠎ᠶ᠋ᠢ ᠠᠬᠢᠭᠤᠯᠵᠤ᠂ ᠪᠣᠬᠢᠷᠲᠤᠯ ᠦᠭᠡᠢ ᠡᠨᠧᠷᠭᠢ᠎ᠶ᠋ᠢ ᠶᠡᠬᠡ᠎ᠪᠡᠷ ᠬᠥᠭ᠌ᠵᠢᠭᠦᠯᠵᠦ᠍᠂ ᠤᠯᠤᠰ᠎ᠤᠨ ᠴᠢᠬᠤᠯᠠ ᠡᠨᠧᠷᠭᠢ᠎ᠶ᠋ᠢᠨ ᠰᠠᠭᠤᠷᠢᠨ᠎ᠢ ᠪᠤᠵᠠᠭᠠᠢᠷᠠᠭᠤᠯᠤᠨ ᠬᠦᠴᠦᠷᠬᠡᠭ᠌ᠵᠢᠭᠦᠯᠬᠦ᠌ ᠪᠣᠯ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠭᠣᠣᠯᠳᠠᠯᠭ᠎ᠠ᠎ᠶ᠋ᠢᠨ ᠭᠣᠣᠯᠳᠠᠯᠭ᠎ᠠ ᠪᠣᠯᠤᠨ᠎ᠠ ᠭᠡᠵᠦ᠍ ᠳᠠᠬᠢᠨᠲᠠ ᠴᠢᠬᠤᠯᠠᠴᠢᠯᠠᠪᠠ᠃

ᠣᠢᠷ᠎ᠠ᠎ᠶ᠋ᠢᠨ ᠵᠢᠯ᠎ᠦᠨ ᠲᠤᠷᠰᠢ ᠥᠪᠥᠷ ᠮᠣᠩᠭᠣᠯ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠡᠭᠦᠷᠭᠡ ᠬᠠᠷᠢᠭᠤᠴᠠᠯᠭ᠎ᠠ᠎ᠪᠠᠨ ᠬᠥᠰᠡᠷᠳᠡᠭᠦᠯᠦᠯ ᠥᠬᠡᠶ᠎ᠪᠡᠷ《ᠬᠤᠤᠰ ᠨᠡᠭᠦᠷᠡᠰᠦᠲᠥ᠋ᠷᠥᠭ᠌ᠴᠢ》ᠶ᠋ᠢᠨ ᠬᠠᠷᠠᠯᠲᠠ᠎ᠶ᠋ᠢ ᠲᠣᠭ᠍ᠲᠠᠭᠠᠵᠤ᠂ ᠡᠨᠧᠷᠭᠢ᠎ᠶ᠋ᠢᠨ ᠬᠣᠷᠣᠭ᠍ᠳᠠᠭᠤᠯᠤᠯ᠎ᠤᠨ ᠬᠤᠤᠰ ᠡᠵᠡᠮᠳᠡᠯ᠎ᠢ ᠠᠯᠬᠤᠮ ᠠᠯᠬᠤᠮ᠎ᠢᠶᠠᠷ ᠨᠡᠭᠦᠷᠡᠰᠦᠲᠥ᠋ᠷᠥᠭ᠌ᠴᠢ ᠭᠠᠳᠠᠭ᠍ᠰᠢᠯᠠᠭᠤᠯᠬᠤ ᠬᠤᠤᠰ ᠡᠵᠡᠮᠳᠡᠯ ᠪᠣᠯᠭᠠᠨ ᠬᠤᠪᠢᠷᠠᠭᠤᠯᠬᠤ᠎ᠶ᠋ᠢ ᠤᠷᠢᠳ᠎ᠢᠶᠠᠷ ᠲᠤᠷᠱᠢᠨ ᠠᠬᠢᠭᠤᠯᠵᠤ᠂ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠳᠤ᠎ᠪᠡᠷ ᠢᠯᠡ ᠲᠣᠳᠣ ᠣᠨᠴᠠᠯᠢᠭ ᠪᠣᠯᠭᠠᠭ᠍ᠰᠠᠨ ᠡᠨᠧᠷᠭᠢ᠎ᠶ᠋ᠢᠨ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ᠎ᠢ ᠶᠡᠬᠡ᠎ᠪᠡᠷ ᠬᠥᠭ᠌ᠵᠢᠭᠦᠯᠵᠦ᠍᠂ ᠡᠨᠧᠷᠭᠢ᠎ᠶ᠋ᠢᠨ ᠬᠦᠷᠢᠶᠡᠨ᠎ᠳᠦ ᠨᠢᠭᠡ ᠤᠳᠠᠭᠠᠨ᠎ᠤ ᠥᠷᠭᠡᠨ ᠳᠡᠯᠭᠡᠷ ᠪᠥᠭᠡᠳ ᠭᠦᠨ ᠭᠦᠨᠵᠡᠭᠡᠶ ᠬᠤᠪᠢᠰᠤᠯᠲᠠ ᠭᠠᠷᠭᠠᠵᠤ᠂ ᠪᠣᠬᠢᠷᠲᠤᠯ ᠥᠬᠡᠶ ᠬᠥᠭ᠌ᠵᠢᠯᠲᠡ᠎ᠶ᠋ᠢᠨ ᠬᠠᠨᠤᠮᠵᠢᠳᠠᠢ ᠬᠠᠷᠢᠭᠤᠯᠲᠠ᠎ᠶ᠋ᠢᠨ ᠬᠠᠭᠤᠳᠠᠰᠤ᠎ᠶ᠋ᠢ ᠲᠤᠱᠢᠶᠠᠭ᠍ᠰᠠᠨ ᠪᠠᠢᠨ᠎ᠠ᠃

ᠡᠨᠡ ᠬᠦ᠌ ᠬᠠᠷᠢᠭᠤᠯᠲᠠ᠎ᠶ᠋ᠢᠨ ᠬᠠᠭᠤᠳᠠᠰᠤᠨ᠎ᠳᠤ ᠨᠡᠭᠦᠷᠡᠰᠦ ᠵᠡᠷᠭᠡ ᠤᠯᠠᠮᠵᠢᠯᠠᠯᠲᠤ ᠡᠨᠧᠷᠭᠢ᠎ᠶ᠋ᠢᠨ ᠠᠵᠤ ᠦᠢᠯᠡᠰ᠎ᠦᠨ ᠬᠡᠯᠪᠡᠷᠢ ᠪᠡᠨ ᠬᠤᠪᠢᠷᠠᠭᠤᠯᠤᠨ ᠲᠡᠰ ᠳᠡᠪᠱᠢᠭᠦᠯᠬᠦ᠌ ᠠᠵᠢᠯ ᠢᠳᠡ ᠬᠦᠴᠦᠲᠡᠢ ᠶᠠᠪᠤᠭ᠍ᠳᠠᠪᠠ᠃

ᠤᠯᠤᠰ᠎ᠤᠨ ᠡᠨᠧᠷᠭᠢ᠎ᠶ᠋ᠢᠨ ᠪᠦᠯᠦᠭ᠌ᠯᠡᠯ᠎ᠦᠨ ᠣᠷᠳᠣᠰ᠎ᠤᠨ ᠨᠡᠭᠦᠷᠡᠰᠦ᠎ᠪᠡᠷ ᠲᠣᠰᠣ ᠦᠶ᠋ᠯᠡᠳᠬᠦ᠌ ᠬᠤᠪᠢᠶᠠᠷᠢ ᠺᠣᠮᠫᠠᠨᠢ᠎ᠳᠤ᠂ ᠨᠡᠭᠦᠷᠡᠰᠦᠨ ᠨᠤᠨᠲᠠᠭ ᠦᠶ᠋ᠯᠡᠳᠪᠦᠷᠢᠯᠡᠯ᠎ᠦᠨ ᠱᠤᠭᠤᠮ᠎ᠳᠤ ᠣᠷᠣᠭᠠᠳ 20 ᠭᠠᠷᠤᠶ ᠴᠠᠭ ᠪᠣᠯᠤᠭ᠍ᠰᠠᠨ᠎ᠤ ᠳᠠᠷᠠᠭ᠎ᠠ ᠨᠠᠹᠲ᠋ᠠ᠂ ᠠᠭᠠᠷ᠎ᠤᠨ ᠠᠶᠠᠯᠠᠯ᠎ᠤᠨ ᠨᠡᠭᠦᠷᠡᠰᠦᠨ ᠲᠣᠰᠣ ᠵᠡᠷᠭᠡ ᠳᠡᠭᠡᠳᠦ ᠲᠠᠰ᠎ᠤᠨ ᠲᠣᠰᠣᠨ᠎ᠤ ᠵᠦᠶ᠋ᠯ ᠪᠣᠯᠵᠣ ᠬᠤᠪᠢᠷᠠᠪᠠ;

ᠥᠪᠥᠷ ᠮᠣᠩᠭᠣᠯ᠎ᠤᠨ ᠪᠦᠦ ᠹᠸᠩ ᠨᠡᠭᠦᠷᠡᠰᠦ᠎ᠪᠡᠷ ᠰᠠᠭᠤᠷᠢ ᠪᠣᠯᠭᠠᠭ᠍ᠰᠠᠨ ᠱᠢᠨ᠎ᠡ ᠮᠠᠲ᠋ᠧᠷᠢᠶᠠᠯ᠎ᠤᠨ ᠬᠢᠵᠠᠭᠠᠷᠲᠤ ᠺᠣᠮᠫᠠᠨᠢ᠎ᠳᠤ᠂ 300 ᠲᠦᠮᠡᠨ ᠲᠣᠨ᠎ᠤ ᠨᠡᠭᠦᠷᠡᠰᠦ᠎ᠪᠡᠷ ᠠᠯᠺᠧᠨ ᠦᠶ᠋ᠯᠡᠳᠬᠦ᠌ ᠲᠥᠷᠥᠯ ᠵᠦᠶ᠋ᠯ ᠨᠢᠭᠡᠨᠲᠡ ᠲᠠᠭᠠᠭᠠᠴᠠ ᠰᠠᠢᠳᠠᠢ ᠲᠣᠭ᠍ᠲᠠᠭᠤᠨ ᠠᠵᠢᠯᠯᠠᠬᠤ᠎ᠶ᠋ᠢ ᠪᠡᠶᠡᠯᠡᠭᠦᠯᠵᠦ᠍᠂ ᠡᠳᠦᠷ᠎ᠲᠦ 9000 ᠲᠣᠨ ᠪᠥᠭᠡᠭᠡᠨᠡᠷᠡᠯ ᠠᠯᠺᠧᠨ ᠦᠶ᠋ᠯᠡᠳᠪᠦᠷᠢᠯᠡᠵᠦ᠍᠂ ᠦᠶ᠋ᠯᠡᠳᠬᠦᠨ᠎ᠢ ᠳᠡᠭᠡᠳᠦ ᠲᠠᠰ᠎ᠤᠨ ᠪᠣᠭᠣᠳᠠᠯ ᠪᠠᠭ᠍ᠯᠠᠭ᠎ᠠ᠂ ᠮᠠᠱᠢᠨ ᠲᠡᠷᠭᠡᠨ᠎ᠦ ᠬᠥᠩᠭᠡᠨ ᠬᠡᠮᠵᠢᠶᠡᠨ᠎ᠦ ᠮᠠᠲ᠋ᠧᠷᠢᠶᠠᠯ ᠵᠡᠷᠭᠡ ᠳᠡᠭᠡᠳᠦ ᠲᠠᠰ᠎ᠤᠨ ᠬᠦᠷᠢᠶᠡᠨ᠎ᠳᠦ ᠥᠷᠭᠡᠨ᠎ᠢᠶᠡᠷ ᠬᠡᠷᠡᠭ᠌ᠯᠡᠪᠡ;

ᠦᠬᠠᠢ ᠬᠤᠳᠠ᠎ᠶ᠋ᠢᠨ ᠭᠤᠸᠠᠩ ᠵᠢᠨ ᠱᠢᠨ᠎ᠡ ᠮᠠᠲ᠋ᠧᠷᠢᠶᠠᠯ᠎ᠤᠨ ᠬᠢᠵᠠᠭᠠᠷᠲᠤ ᠺᠣᠮᠫᠠᠨᠢ᠎ᠳᠤ᠂ ᠱᠢᠨ᠎ᠡ᠎ᠪᠡᠷ ᠪᠠᠢᠭᠤᠯᠤᠭ᠍ᠰᠠᠨ BDO - PBAT ᠨᠢᠭᠡ ᠴᠤᠬ᠍ᠴᠠᠵᠢᠬ᠍ᠰᠠᠨ ᠲᠦᠷᠦᠯ ᠵᠦᠢᠯ ᠨᠢᠭᠡᠨᠲᠡ ᠪᠣᠭᠣᠮᠲᠠ ᠱᠢᠪᠲᠤᠯᠬᠤ ᠱᠠᠲᠤᠨ᠎ᠳᠤ ᠣᠷᠣᠵᠤ᠂ ᠲᠦᠷᠦᠯ ᠵᠦᠢᠯ ᠪᠠᠢᠭᠤᠯᠤᠭ᠍ᠳᠠᠭ᠍ᠰᠠᠨ᠎ᠤ ᠳᠠᠷᠠᠭ᠎ᠠ 《ᠨᠡᠭᠦᠷᠡᠰᠦ᠂ ᠴᠤᠬᠤᠢ᠎ᠶ᠋ᠢᠨ ᠴᠢᠯᠠᠭᠤ — ᠴᠠᠬᠢᠯᠠᠭᠤᠷ ᠴᠢᠯᠠᠭᠤ — BDO ᠠᠮᠢᠳᠤ ᠪᠣᠳᠠᠰ᠎ᠤᠨ ᠵᠠᠳᠠᠷᠠᠭᠤᠯᠤᠯᠳᠠ ᠵᠢᠨ ᠰᠦᠯᠢᠶᠣᠣ》 ᠵᠢᠨ ᠪᠢᠲᠡᠭᠦᠦ ᠴᠠᠭᠠᠷᠢᠭ᠎ᠤᠨ  ᠠᠵᠤ ᠦᠢᠯᠡᠰ᠎ᠦᠨ ᠬᠡᠯᠬᠢᠶ᠎ᠡ ᠪᠦᠷᠢᠯᠳᠦᠵᠦ ᠪᠤᠢ᠃

ᠡᠳᠦᠭᠡ ᠥᠪᠥᠷ ᠮᠣᠩᠭᠣᠯ ᠶᠠᠭ《ᠨᠡᠭᠦᠷᠡᠰᠦ ᠮᠠᠯᠲᠠᠵᠤ ᠨᠡᠭᠦᠷᠡᠰᠦ ᠬᠤᠳᠠᠯᠳᠤᠬᠤ》ᠤᠯᠠᠮᠵᠢᠯᠠᠯᠲᠤ ᠬᠥᠭ᠌ᠵᠢᠯᠲᠡ᠎ᠶ᠋ᠢᠨ ᠵᠠᠭ᠍ᠪᠤᠷ᠎ᠵᠢᠡᠨ ᠬᠦᠴᠦᠯᠡᠨ ᠬᠤᠪᠢᠷᠠᠭᠤᠯᠵᠤ᠂ ᠨᠡᠭᠦᠷᠡᠰᠦ᠎ᠨᠢ ᠲᠠᠩ ᠭᠠᠭ᠍ᠴᠠ ᠲᠦᠯᠡᠰᠢ᠎ᠡᠴᠡ ᠲᠦᠯᠡᠰᠢ ᠪᠣᠯᠤᠨ ᠲᠦᠭᠦᠬᠡᠶ ᠮᠠᠲ᠋ᠧᠷᠢᠶᠠᠯ᠂ ᠮᠠᠲ᠋ᠧᠷᠢᠶᠠᠯ᠎ᠢ ᠵᠡᠷᠭᠡ᠎ᠪᠡᠷ ᠴᠢᠬᠤᠯᠠᠴᠢᠯᠠᠬᠤ ᠳᠠᠢᠰᠢ ᠬᠤᠪᠢᠷᠠᠭᠤᠯᠬᠤ᠎ᠶ᠋ᠢ ᠠᠬᠢᠭᠤᠯᠵᠤ᠂ ᠨᠡᠭᠦᠷᠡᠰᠦ᠎ᠪᠡᠷ ᠲᠣᠰᠣ ᠦᠶ᠋ᠯᠡᠳᠬᠦ᠌᠂ ᠨᠡᠭᠦᠷᠡᠰᠦ᠎ᠪᠡᠷ ᠬᠡᠶ ᠦᠶ᠋ᠯᠡᠳᠬᠦ᠌᠂ ᠨᠡᠭᠦᠷᠡᠰᠦ᠎ᠪᠡᠷ ᠮᠧᠲ᠋ᠢᠯ ᠠᠯᠺᠣᠣᠯ ᠪᠠ ᠠᠯᠺᠧᠨ ᠦᠢᠯᠡᠳᠬᠦ᠂ ᠨᠡᠭᠦᠷᠡᠰᠦ᠎ᠪᠡᠷ ᠰᠠᠭᠤᠷᠢᠯᠠᠭ᠍ᠰᠠᠨ ᠱᠢᠨ᠎ᠡ ᠮᠠᠲ᠋ᠧᠷᠢᠶᠠᠯ ᠵᠡᠷᠭᠡ ᠣᠯᠠᠨ ᠠᠵᠤ ᠦᠶ᠋ᠯᠡᠰ᠎ᠦᠨ ᠬᠡᠯᠬᠢᠶ᠎ᠡ᠎ᠶ᠋ᠢ ᠪᠠᠢᠭᠤᠯᠵᠤ᠂ ᠤᠯᠤᠰ᠎ᠤᠨ ᠳᠣᠲᠣᠭᠠᠳᠤ᠎ᠶ᠋ᠢᠨ ᠠᠵᠤ ᠦᠶ᠋ᠯᠡᠰ᠎ᠦᠨ ᠲᠥᠷᠥᠯ ᠵᠦᠶ᠋ᠯ᠎ᠨᠢ ᠬᠠᠮᠤᠭ᠎ᠤᠨ ᠪᠦᠷᠢᠨ᠂ ᠬᠡᠯᠬᠢᠶ᠎ᠡ᠎ᠨᠢ ᠬᠠᠮᠤᠭ᠎ᠤᠨ ᠣᠷᠳᠣ᠂ ᠮᠡᠷᠭᠡᠵᠢᠯ᠎ᠨᠢ ᠬᠠᠮᠤᠭ᠎ᠤᠨ ᠲᠡᠷᠢᠭᠦᠨ᠎ᠦ ᠣᠲᠣ ᠦᠶ᠎ᠡ᠎ᠶ᠋ᠢᠨ ᠨᠡᠭᠦᠷᠡᠰᠦ ᠬᠢᠮᠢ᠎ᠶ᠋ᠢᠨ ᠠᠵᠤ ᠦᠶ᠋ᠯᠡᠳᠪᠦᠷᠢ᠎ᠶ᠋ᠢᠨ ᠠᠵᠤ ᠦᠶ᠋ᠯᠡᠰ᠎ᠦᠨ ᠪᠦᠯᠦᠭᠵᠢᠯ᠎ᠢ ᠪᠠᠢᠭᠤᠯᠵᠤ ᠪᠠᠢᠨ᠎ᠠ᠃ 

2024 ᠣᠨ᠎ᠳᠤ᠂ ᠤᠷᠳᠤᠰ ᠱᠠᠨᠰᠢ ᠮᠤᠵᠢ᠎ᠶ᠋ᠢᠨ ᠲᠡᠮᠡᠭᠡᠳᠦ᠂ ᠨᠢᠩᠱᠢᠶᠠ᠎ᠶ᠋ᠢᠨ ᠨᠢᠩᠳ᠋ᠦ᠍ᠢ᠍ᠩ᠎ᠤᠨ ᠡᠨᠧᠷᠭᠢ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠰᠠᠭᠤᠷᠢᠨ᠎ᠲᠠᠶ ᠬᠠᠮᠲᠤᠷᠠᠨ ᠲᠡᠮᠡᠭᠡᠳᠦ ᠤᠷᠳᠤᠰ ᠨᠢᠩᠰᠢᠶᠠ᠎ᠵᠢᠨ ᠤᠳᠤ ᠦᠶ᠎ᠡ᠎ᠶ᠋ᠢᠨ ᠨᠡᠭᠦᠷᠡᠰᠦ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠪᠦᠯᠦᠭ᠌ᠵᠢᠯ᠎ᠢ ᠪᠣᠢᠵᠢᠭᠤᠯᠤᠨ ᠪᠦᠲᠦᠭᠡᠨ ᠪᠠᠢᠭᠤᠯᠵᠤ᠂ ᠤᠯᠤᠰ᠎ᠤᠨ ᠲᠡᠰ᠎ᠤᠨ ᠲᠡᠷᠢᠭᠦᠨ᠎ᠦ ᠦᠢᠯᠡᠳᠬᠦ᠌ ᠦᠢᠯᠡᠰ᠎ᠦᠨ ᠪᠦᠯᠦᠭ᠌ᠵᠢᠯ᠎ᠦᠨ ᠡᠩᠨᠡᠭᠡᠨ᠎ᠳᠦ ᠠᠮᠵᠢᠯᠲᠠ᠎ᠲᠠᠶ ᠣᠷᠣᠪᠠ᠃

ᠡᠨᠡ ᠬᠦ᠌ ᠬᠠᠷᠢᠭᠤᠯᠲᠠ᠎ᠶ᠋ᠢᠨ ᠬᠠᠭᠤᠳᠠᠰᠤᠨ᠎ᠳᠡᠬᠢ ᠰᠠᠯᠬᠢ ᠭᠡᠷᠡᠯ ᠎ᠢ ᠤᠰᠤᠲᠥ᠋ᠷᠥᠭ᠌ᠴᠢᠵᠢᠭᠤᠯᠤᠨ ᠬᠠᠳᠠᠭᠠᠯᠠᠵᠤ ᠬᠡᠷᠡᠭᠯᠡᠬᠦ ᠵᠡᠷᠭᠡ ᠪᠣᠬᠢᠷᠲᠤᠯ ᠥᠬᠡᠶ ᠡᠨᠧᠷᠭᠢ᠎ᠶ᠋ᠢᠨ ᠬᠡᠪᠴᠢᠶᠡᠵᠢᠯᠲᠡ ᠲᠠᠪᠠᠯᠳᠠ᠎ᠨᠢ ᠬᠥᠮᠦᠰ᠎ᠦᠨ ᠠᠩᠬᠠᠷᠤᠯ᠎ᠢ ᠲᠠᠲᠠᠵᠠᠶ᠃

ᠡᠨᠡ ᠵᠢᠯ᠎ᠦᠨ 3 ᠰᠠᠷ᠎ᠠ᠎ᠶ᠋ᠢᠨ ᠰᠡᠭᠦᠯᠴᠢ ᠪᠣᠯᠲᠠᠯ᠎ᠠ ᠥᠪᠥᠷ ᠮᠣᠩᠭᠣᠯ᠎ᠤᠨ ᠱᠢᠨ᠎ᠡ ᠡᠨᠧᠷᠭᠢ᠎ᠶ᠋ᠢᠨ ᠶᠡᠷᠦᠩᠬᠡᠶ ᠮᠠᠱᠢᠨ ᠴᠣᠭ᠍ᠴᠠᠯᠠᠪᠤᠷᠢ᠎ᠶ᠋ᠢᠨ ᠬᠡᠪᠴᠢᠶ᠎ᠡ 1.741 ᠳ᠋ᠦᠩᠱᠢᠭᠤᠷ ᠺᠢᠯᠦᠸᠠᠲ᠎ᠲᠤ ᠬᠦᠷᠴᠦ᠍᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠡᠬᠢᠨ᠎ᠦ ᠦᠶ᠎ᠡ᠎ᠶ᠋ᠢᠨ 3.4 ᠳᠠᠬᠢᠨ ᠪᠣᠯᠵᠣ᠂ ᠪᠥᠬᠥ᠌ ᠣᠷᠣᠨ᠎ᠤ ᠴᠠᠬᠢᠯᠭᠠᠨ ᠬᠦᠴᠦᠨ᠎ᠦ ᠶᠡᠷᠦᠩᠬᠡᠶ ᠮᠠᠱᠢᠨ ᠴᠣᠭ᠍ᠴᠠᠯᠠᠪᠤᠷᠢ᠎ᠶ᠋ᠢᠨ ᠬᠤᠪᠢ᠎ᠶ᠋ᠢᠨ ᠵᠢᠩ  ᠨᠢ 54 % ᠎ᠳ᠋ᠤ ᠬᠦᠷᠴᠦ᠍᠂ ᠱᠢᠨ᠎ᠡ ᠡᠨᠧᠷᠭᠢ᠎ᠶ᠋ᠢᠨ ᠠᠵᠤ ᠦᠶ᠋ᠯᠡᠰ᠎ᠦᠨ ᠬᠡᠪᠴᠢᠶ᠎ᠠ ᠦᠷᠭᠦᠯᠵᠢᠯᠡᠨ ᠥᠷᠭᠡᠵᠢᠪᠡ᠃

ᠪᠤᠭᠤᠲᠤ ᠬᠣᠲᠠ᠎ᠶ᠋ᠢᠨ ᠰᠠᠯᠬᠢᠨ ᠬᠦᠴᠦᠨ᠎ᠦ ᠴᠠᠬᠢᠯᠭᠠᠨ᠎ᠤ ᠲᠤᠨᠤᠭᠯᠠᠯ ᠦᠶ᠋ᠯᠡᠳᠬᠦ᠌ ᠠᠵᠤ ᠦᠶ᠋ᠯᠡᠰ᠎ᠦᠨ ᠬᠡᠯᠬᠢᠶ᠎ᠡ᠎ᠶ᠋ᠢᠨ ᠠᠵᠤ ᠠᠬᠤᠢᠯᠠᠯ ᠨᠢᠭᠡᠨᠲᠡ 57 ᠪᠣᠯᠵᠣ᠂ ᠭᠤᠤᠯ ᠮᠠᠱᠢᠨ᠎ᠤ ᠰᠡᠯᠪᠢᠭ ᠲᠣᠨᠣᠭ᠎ᠤᠨ ᠢᠵᠢ ᠪᠦᠷᠢᠳᠦᠭᠦᠯᠬᠦ᠌ ᠨᠣᠷᠮ᠎ᠠ 85 % ᠎ᠳ᠋ᠤ ᠬᠦᠷᠴᠦ᠍᠂ ᠰᠠᠯᠬᠢᠨ ᠬᠦᠴᠦᠨ᠎ᠦ ᠴᠠᠬᠢᠯᠭᠠᠨ᠎ᠤ ᠭᠤᠤᠯ ᠮᠠᠱᠢᠨ᠂ ᠴᠠᠬᠢᠯᠭᠠᠨ ᠭᠠᠷᠭᠠᠬᠤ ᠮᠠᠱᠢᠨ᠂ ᠠᠷᠠᠭᠠᠲᠤ ᠬᠦᠷᠳᠦ᠍᠎ᠶ᠋ᠢᠨ ᠬᠠᠢᠷᠴᠠᠭ᠂ ᠰᠠᠷᠬᠢᠷᠠᠭᠤᠯ ᠵᠡᠷᠭᠡ ᠵᠠᠩᠭᠢᠯᠠᠭ᠎ᠠ᠎ᠶ᠋ᠢᠨ ᠭᠣᠭ᠍ᠴᠣᠭ᠎ᠠ᠎ᠶ᠋ᠢ ᠬᠠᠮᠤᠷᠤᠭ᠍ᠰᠠᠨ ᠠᠵᠤ ᠦᠶ᠋ᠯᠡᠰ᠎ᠦᠨ ᠬᠡᠯᠬᠢᠶ᠎ᠡ᠎ᠶ᠋ᠢ ᠦᠨᠳᠦᠰᠦᠨ᠎ᠳᠡᠭᠡᠨ ᠪᠣᠶ ᠪᠣᠯᠭᠠᠪᠠ᠃

ᠠᠯᠠᠱᠠ ᠠᠢᠮᠠᠭ ᠬᠡᠷᠡᠯᠴᠢ ᠴᠡᠨᠡᠭ᠎ᠢᠶᠡᠷ ᠡᠯᠡᠰᠦ᠎ᠶ᠋ᠢ ᠵᠠᠰᠠᠬᠤ᠎ᠶ᠋ᠢ ᠠᠮᠢ ᠠᠬᠤᠶ᠎ᠶ᠋ᠢᠨ ᠵᠠᠰᠠᠯᠲᠠ ᠬᠢᠭᠡᠳ ᠱᠢᠨ᠎ᠡ ᠡᠨᠧᠷᠭᠢ᠎ᠶ᠋ᠢᠨ ᠠᠵᠤ ᠦᠶ᠋ᠯᠡᠰ᠎ᠦᠨ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠬᠤ ᠴᠢᠬᠤᠯᠠ ᠠᠷᠭ᠎ᠠ ᠵᠠᠮ ᠪᠣᠯᠭᠠᠵᠤ᠂ 2025 ᠣᠨ᠎ᠳᠤ ᠪᠥᠬᠥ᠌ ᠠᠢᠮᠠᠭ ᠨᠡᠢᠲᠡ 23.3 ᠲᠦᠮᠡᠨ ᠮᠥ᠍᠎ᠵᠢᠨ ᠡᠯᠡᠰᠦᠷᠬᠡᠭᠵᠢᠯ᠎ᠢ ᠰᠡᠷᠭᠡᠢᠯᠡᠨ ᠡᠯᠡᠰᠦ᠎ᠵᠢ ᠵᠠᠰᠠᠬᠤ ᠪᠠ ᠰᠠᠯᠬᠢᠨ ᠬᠦᠴᠦᠨ᠎ᠦ ᠴᠠᠬᠢᠯᠭᠠᠨ ᠬᠡᠷᠡᠯᠴᠢ ᠴᠡᠨᠡᠭ᠎ᠢ ᠨᠢᠭᠡ ᠴᠣᠭ᠍ᠴᠠᠵᠢᠭᠤᠯᠤᠭ᠍ᠰᠠᠨ ᠢᠨᠵᠧᠨᠧᠷᠢᠩ᠎ᠦᠨ ᠢᠵᠢ ᠪᠥᠷᠢᠳᠦᠭ᠌ᠰᠡᠨ ᠠᠮᠢ ᠠᠬᠤᠶ᠎ᠶ᠋ᠢᠨ ᠵᠠᠰᠠᠯᠲᠠ᠎ᠶ᠋ᠢ ᠪᠡᠶᠡᠯᠡᠭᠦᠯᠪᠡ᠃

ᠬᠢᠩᠭᠠᠨ ᠠᠢᠮᠠᠭ ᠤᠰᠤᠲᠥ᠋ᠷᠥᠭ᠌ᠴᠢ ᠡᠨᠧᠷᠭᠢ᠎ᠶ᠋ᠢᠨ ᠱᠢᠨ᠎ᠡ ᠤᠷᠤᠯᠳᠤᠭᠠᠨ᠎ᠤ ᠵᠠᠮ᠎ᠢ ᠢᠳᠡᠪᠬᠢᠲᠡᠶ ᠪᠠᠢᠷᠢᠱᠢᠭᠤᠯᠵᠤ᠂ ᠨᠢᠭᠡᠨᠲᠡ ᠥᠪᠡᠷᠲᠡᠭᠡᠨ ᠵᠠᠰᠠᠬᠤ ᠣᠷᠣᠨ᠎ᠤ《 ᠪᠣᠬᠢᠷᠲᠤᠯ ᠥᠬᠡᠶ ᠤᠰᠤᠲᠥ᠋ᠷᠥᠭ᠌ᠴᠢ ᠱᠢᠪᠲᠦᠷᠲᠦ ᠠᠯᠺᠣᠣᠯ 》 ᠎ᠤ᠋ᠨ ᠠᠵᠤ ᠦᠶ᠋ᠯᠡᠰ᠎ᠦᠨ ᠵᠢᠱ᠌ᠢᠶ᠎ᠡ ᠦᠵᠡᠭᠦᠯᠬᠦ᠌ ᠰᠠᠭᠤᠷᠢᠨ᠎ᠢᠶᠠᠷ ᠲᠣᠭ᠍ᠳᠠᠭᠠᠭ᠍ᠳᠠᠪᠠ᠃ ᠣᠳᠣᠬᠠᠨ᠎ᠳᠤ ᠬᠢᠩᠭᠠᠨ ᠠᠢᠮᠠᠭ᠎ᠤᠨ ᠠᠵᠤ ᠠᠬᠤᠶ ᠮᠡᠷᠭᠡᠵᠢᠯ᠎ᠦᠨ ᠨᠡᠭᠡᠭᠡᠯᠲᠡ᠎ᠶ᠋ᠢᠨ ᠣᠷᠣᠨ ᠶᠠᠭ《 ᠰᠠᠯᠬᠢᠨ ᠬᠦᠴᠦᠨ ᠭᠡᠷᠡᠯᠴᠢ ᠴᠡᠨᠡᠭ᠎ᠤᠨ ᠴᠠᠬᠢᠯᠭᠠᠨ ᠥᠷᠲᠡᠭᠡ — ᠡᠷᠳᠡᠨᠢ ᠱᠢᠰᠢ᠎ᠶ᠋ᠢ ᠨᠠᠷᠢᠯᠢᠭ ᠡᠳ᠋ᠱᠢᠭᠦᠯᠬᠦ᠌ — ᠨᠡᠢᠯᠡᠮᠡᠯ ᠬᠡᠶ — ᠪᠣᠬᠢᠷᠲᠤᠯ ᠥᠬᠡᠶ ᠤᠰᠤᠲᠥ᠋ᠷᠥᠭ᠌ᠴᠢ ᠱᠢᠪᠲᠦᠷᠲᠦ ᠠᠯᠺᠣᠣᠯ 》 ᠎ᠤ᠋ᠨ ᠪᠢᠲᠡᠭᠦᠦ ᠴᠠᠭᠠᠷᠢᠭ᠎ᠤᠨ ᠠᠵᠤ ᠦᠶ᠋ᠯᠡᠰ᠎ᠦᠨ ᠬᠡᠯᠬᠢᠶ᠎ᠡ᠎ᠶ᠋ᠢ ᠪᠣᠶ ᠪᠣᠯᠭᠠᠬᠤ᠎ᠶ᠋ᠢ ᠠᠬᠢᠭᠤᠯᠵᠤ᠂《ᠪᠣᠬᠢᠷᠲᠤᠯ ᠥᠬᠡᠶ ᠬᠢᠮᠢ᠎ᠶ᠋ᠢᠨ ᠠᠵᠤ ᠦᠶ᠋ᠯᠡᠳᠪᠦᠷᠢ᠎ᠶ᠋ᠢᠨ ᠦᠶ᠋ᠯᠡᠳᠬᠦᠨ + ᠪᠣᠬᠢᠷᠲᠤᠯ ᠥᠬᠡᠶ ᠡᠨᠧᠷᠭᠢ》 ᠎ᠶ᠋ᠢᠨ ᠬᠤᠤᠰ ᠬᠥᠳᠡᠯᠭᠡᠭᠦᠷ᠎ᠢ ᠪᠡᠶᠡᠯᠡᠭᠦᠯᠵᠦ᠍ ᠪᠠᠢᠨ᠎ᠠ᠃

《 ᠰᠠᠯᠬᠢᠨ ᠬᠦᠴᠦᠨ ᠬᠡᠷᠡᠯᠴᠢ ᠴᠡᠨᠡᠭ ᠤᠰᠤᠲᠥ᠋ᠷᠥᠭ᠌ᠴᠢ ᠡᠨ᠋ᠸᠷᠬᠢ ᠨᠦᠬᠡᠴᠡ ᠡᠨ᠋ᠸᠷᠬᠢ》ᠳᠥᠷᠪᠡᠨ ᠶᠡᠬᠡ ᠠᠵᠤ ᠦᠶ᠋ᠯᠡᠰ᠎ᠦᠨ ᠪᠦᠯᠦᠭᠵᠢᠯ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠥᠪᠥᠷ ᠮᠣᠩᠭᠣᠯ ᠱᠢᠨ᠎ᠡ ᠡᠨᠧᠷᠭᠢ᠎ᠶ᠋ᠢᠨ ᠲᠣᠨᠣᠭ᠍ᠯᠠᠯ ᠦᠶ᠋ᠯᠡᠳᠬᠦ᠌ ᠠᠵᠤ ᠦᠶ᠋ᠯᠡᠰ᠎ᠢ ᠦᠷᠭᠦᠯᠵᠢᠯᠡᠨ ᠪᠤᠵᠠᠭᠠᠢᠷᠠᠭᠤᠯᠤᠨ ᠬᠦᠴᠦᠷᠬᠡᠭ᠌ᠵᠢᠭᠦᠯᠵᠦ᠍ ᠪᠣᠶ᠃ ᠣᠳᠣᠬᠠᠨ᠎ᠳᠤ ᠨᠢᠭᠡᠨᠲᠡ ᠪᠥᠬᠥ᠌ ᠤᠯᠤᠰ᠎ᠤᠨ ᠰᠠᠯᠬᠢᠨ ᠬᠦᠴᠦᠨ᠎ᠦ ᠴᠠᠬᠢᠯᠭᠠᠨ᠎ᠤ ᠲᠣᠨᠣᠭ᠍ᠯᠠᠯ᠎ᠤᠨ ᠠᠵᠤ ᠦᠶ᠋ᠯᠡᠰ᠎ᠦᠨ ᠬᠡᠯᠬᠢᠶ᠎ᠡ ᠬᠠᠮᠤᠭ᠎ᠤᠨ ᠲᠡᠭᠦᠯᠳᠡᠷᠵᠢᠭ᠌ᠰᠡᠨ᠂ ᠪᠦᠯᠦᠭᠵᠢᠯ ᠬᠡᠪᠴᠢᠶ᠎ᠡ᠎ᠪᠡᠷ ᠬᠠᠮᠤᠭ᠎ᠤᠨ ᠶᠡᠬᠡ ᠬᠠᠭᠤᠷᠠᠶ ᠳᠡᠭᠡᠷᠡᠬᠢ ᠰᠠᠯᠬᠢᠨ ᠬᠦᠴᠦᠨ᠎ᠦ ᠴᠠᠬᠢᠯᠭᠠᠨ᠎ᠤ ᠲᠣᠨᠣᠭ᠍ᠯᠠᠯ ᠦᠶ᠋ᠯᠡᠳᠬᠦ᠌ ᠰᠠᠭᠤᠷᠢᠨ᠎ᠢ ᠪᠠᠢᠭᠤᠯᠵᠤ᠂ ᠬᠡᠷᠡᠯᠴᠢ ᠴᠡᠨᠡᠭ᠎ᠦᠨ ᠲᠣᠨᠣᠭ᠍ᠯᠠᠯ᠎ᠤᠨ ᠠᠵᠤ ᠦᠶ᠋ᠯᠡᠰ᠎ᠦᠨ ᠬᠡᠯᠬᠢᠶ᠎ᠡ᠎ᠶ᠋ᠢᠨ ᠡᠮᠦᠨ᠎ᠡ ᠦᠵᠦᠭᠦᠷᠯᠢᠭ᠎ᠲᠦ ᠪᠥᠬᠥ᠌ ᠪᠥᠮᠪᠥᠷᠴᠡᠭ᠎ᠦᠨ ᠥᠷᠢᠰᠥᠯᠳᠦᠭᠡᠨ᠎ᠦ ᠳᠠᠪᠠᠭᠤᠯᠢᠭ᠎ᠢ ᠪᠦᠷᠢᠯᠳᠦᠭᠦᠯᠵᠦ᠍᠂ ᠲᠠᠩ ᠲᠠᠯᠠᠰᠲᠤ ᠴᠠᠬᠢᠭᠤᠷ᠂ ᠣᠯᠠᠨ ᠲᠠᠯᠠᠰᠲᠤ ᠴᠠᠬᠢᠭᠤᠷ᠎ᠤᠨ ᠦᠶ᠋ᠯᠡᠳᠪᠦᠷᠢᠯᠡᠬᠦ᠌ ᠴᠢᠳᠠᠪᠤᠷᠢ ᠴᠥᠮ ᠪᠥᠬᠥ᠌ ᠤᠯᠤᠰ᠎ᠤᠨ ᠨᠢᠭᠡᠳᠦᠭᠡᠷ᠎ᠲᠦ ᠣᠷᠣᠵᠤ᠂ ᠵᠢᠯ᠎ᠳᠤ 8 ᠲᠦᠮᠡᠨ ᠲᠣᠨ ᠪᠣᠬᠢᠷᠲᠤᠯ ᠥᠬᠡᠶ ᠤᠰᠤᠲᠥ᠋ᠷᠥᠭ᠌ᠴᠢ ᠦᠶ᠋ᠯᠡᠳᠪᠦᠷᠢᠯᠡᠬᠦ᠌ ᠴᠢᠳᠠᠪᠤᠷᠢ᠎ᠶ᠋ᠢ ᠪᠠᠢᠭᠤᠯᠤᠨ ᠪᠦᠲᠦᠭᠡᠵᠦ᠍᠂ ᠱᠢᠨ᠎ᠡ ᠬᠡᠯᠪᠡᠷᠢ᠎ᠶ᠋ᠢᠨ ᠡᠨᠧᠷᠭᠢ ᠬᠠᠳᠠᠭᠠᠯᠠᠬᠤ ᠮᠠᠱᠢᠨ ᠴᠣᠭ᠍ᠴᠠᠯᠠᠪᠤᠷᠢ᠎ᠶ᠋ᠢᠨ ᠬᠡᠪᠴᠢᠶ᠎ᠡ 1900 ᠲᠦᠮᠡᠨ ᠺᠢᠯᠦᠸᠠᠲ᠎ᠢ ᠳᠠᠪᠠᠪᠠ᠃

《ᠲᠣᠭ᠎ᠠ ᠬᠡᠮᠵᠢᠶᠡᠨ᠎ᠦ ᠬᠤᠷᠠᠮᠳᠤᠯ》 ᠎ᠡᠴᠡ 《ᠴᠢᠨᠠᠷ᠎ᠤᠨ ᠦᠰᠦᠷᠦᠯᠲᠡ》 ᠬᠦᠷᠲᠡᠯ᠎ᠡ᠂ ᠥᠪᠥᠷ ᠮᠣᠩᠭᠣᠯ ᠱᠢᠨ᠎ᠡ ᠡᠨᠧᠷᠭᠢ᠎ᠶ᠋ᠢ ᠶᠡᠬᠡ ᠬᠡᠪᠴᠢᠶ᠎ᠡ᠎ᠪᠡᠷ ᠨᠡᠭᠡᠭᠡᠨ ᠬᠥᠭ᠌ᠵᠢᠭᠦᠯᠬᠦ᠌ ᠪᠠ ᠥᠨᠳᠥᠷ ᠬᠠᠷᠢᠴᠠᠯ᠎ᠢᠶᠠᠷ ᠪᠠᠭᠲᠠᠭᠠᠨ ᠰᠢᠨᠭᠭᠡᠭᠡᠬᠦ᠎ᠶ᠋ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠪᠣᠬᠢᠷᠲᠤᠯ ᠥᠬᠡᠶ ᠴᠠᠬᠢᠯᠭᠠᠨ᠎ᠤ ᠲᠣᠰ ᠭᠠᠵᠠᠷ᠎ᠤᠨ ᠬᠡᠷᠡᠭ᠌ᠯᠡᠭᠡᠨ᠎ᠢ ᠢᠳᠡᠪᠬᠢᠲᠡᠶ ᠥᠷᠭᠡᠳᠭᠡᠵᠦ᠍᠂ ᠱᠢᠨ᠎ᠡ ᠡᠨᠧᠷᠭᠢ᠎ᠶ᠋ᠢᠨ ᠬᠥᠭ᠌ᠵᠢᠯᠲᠡ ᠨᠢᠭᠡᠨᠲᠡ ᠱᠢᠨ᠎ᠡ ᠬᠥᠭ᠌ᠵᠢᠯᠲᠡ᠎ᠶ᠋ᠢᠨ ᠱᠠᠲᠤᠨ᠎ᠳᠤ ᠣᠷᠣᠪᠠ᠃

ᠬᠣᠣᠯᠢᠨ ᠭᠣᠣᠯ᠎ᠤᠨ ᠳᠡᠭᠡᠳᠦ ᠱᠢᠨ᠎ᠡ ᠮᠡᠷᠭᠡᠵᠢᠯ ᠤ᠋ᠨ ᠠᠵᠤ ᠦᠢᠯᠡᠰ᠎ᠤᠨ ᠨᠡᠭᠡᠭᠡᠯᠳᠡ᠎ᠶ᠋ᠢᠨ ᠣᠷᠣᠨ ᠳ᠋ᠤ᠌ 10 ᠲᠦᠮᠡᠨ ᠺᠢᠯᠦᠸᠠᠲ᠎ᠤᠨ ᠰᠠᠯᠬᠢᠨ ᠬᠦᠴᠦᠨ ᠤ᠋ ᠴᠠᠬᠢᠯᠭᠠᠨ ᠤ᠋ ᠲᠥᠷᠥᠯ ᠵᠦᠢᠯ ᠢ᠋ ᠲᠣᠭ᠍ᠲᠠᠭᠤᠨ᠎ᠢᠶᠠᠷ ᠠᠵᠢᠯᠯᠠᠭᠤᠯᠵᠤ᠂ ᠵᠢᠯ᠎ᠤᠨ ᠴᠠᠬᠢᠯᠭᠠᠨ ᠭᠠᠷᠭᠠᠬᠤ ᠬᠡᠮᠵᠢᠢ᠎ᠡ 3.3 ᠳ᠋ᠦᠩᠱᠢᠭᠤᠷ ᠺᠢᠯᠦᠸᠠᠲ ᠴᠠᠭ ᠳᠤ᠌ ᠬᠦᠷᠴᠦ᠍᠂ ᠭᠠᠷᠭᠠᠭ᠍ᠰᠠᠨ ᠴᠠᠬᠢᠯᠭᠠᠨ ᠬᠦᠴᠦᠨ᠎ᠢ ᠲᠤᠬᠠᠢ᠎ᠶ᠋ᠢᠨ ᠭᠠᠵᠠᠷ᠎ᠤᠨ ᠭᠣᠣᠯᠳᠠᠯᠭ᠎ᠠ᠎ᠲᠠᠶ ᠠᠵᠤ ᠠᠬᠤᠢᠯᠠᠯ ᠳ᠋ᠤ᠌ ᠱᠢᠭᠤᠳ ᠬᠠᠩᠭᠠᠨ᠎ᠠ᠃

ᠤᠯᠠᠭᠠᠨᠴᠠᠪ ᠬᠣᠲᠠ᠎ᠨᠢ ᠰᠠᠯᠬᠢᠨ ᠬᠦᠴᠦᠨ ᠬᠡᠷᠡᠯᠴᠢ ᠴᠡᠨᠡᠭ᠎ᠤᠨ ᠡᠬᠢ ᠪᠠᠶᠠᠯᠢᠭ᠎ᠤᠨ ᠳᠠᠪᠠᠭᠤᠯᠢᠭ ᠪᠣᠯᠤᠨ ᠲᠣᠰ ᠭᠠᠵᠠᠷ᠎ᠲᠠᠭᠠᠨ ᠪᠠᠭ᠍ᠲᠠᠭᠠᠨ ᠱᠢᠩᠭᠡᠭᠡᠬᠦ᠌ ᠳᠠᠪᠠᠭᠤᠯᠢᠭ᠎ᠢᠶᠠᠨ ᠭᠦᠶ᠋ᠴᠡᠳ ᠠᠱᠢᠭ᠍ᠯᠠᠨ᠂ ᠠᠵᠤ ᠦᠶ᠋ᠯᠡᠳᠪᠦᠷᠢ᠎ᠶ᠋ᠢᠨ ᠲᠥᠷᠥᠯ ᠵᠦᠶ᠋ᠯ᠎ᠦᠨ ᠪᠣᠬᠢᠷᠲᠤᠯ ᠥᠬᠡᠶ ᠴᠠᠬᠢᠯᠭᠠᠨ ᠲᠣᠬᠢᠷᠠᠭᠤᠯᠬᠤ ᠬᠠᠷᠢᠴᠠᠯ᠎ᠢ ᠦᠷᠭᠦᠯᠵᠢᠯᠡᠨ ᠳᠡᠭᠡᠭ᠌ᠰᠢᠯᠡᠭᠦᠯᠪᠡ᠃ ᠣᠳᠣᠬᠠᠨ᠎ᠳᠤ ᠪᠥᠬᠥ᠌ ᠬᠣᠲᠠ᠎ᠳᠤ ᠨᠢᠭᠡᠨᠲᠡ 32 ᠪᠣᠬᠢᠷᠲᠤᠯ ᠥᠬᠡᠶ ᠲᠡᠮᠦᠷ᠎ᠦᠨ ᠬᠠᠢᠯᠤᠰᠢ᠎ᠶ᠋ᠢᠨ ᠲᠥᠷᠥᠯ ᠵᠦᠶ᠋ᠯ᠎ᠢ ᠪᠠᠢᠷᠢᠯᠠᠭᠤᠯᠵᠤ᠂ ᠱᠢᠭᠤᠳ ᠬᠠᠩᠭᠠᠬᠤ ᠪᠣᠬᠢᠷᠲᠤᠯ ᠥᠬᠡᠶ ᠴᠠᠬᠢᠯᠭᠠᠨ᠎ᠤ ᠬᠡᠮᠵᠢᠶ᠎ᠡ ᠨᠢ ᠪᠥᠬᠥ᠌ ᠴᠠᠬᠢᠯᠭᠠᠨ ᠬᠡᠷᠡᠭ᠌ᠯᠡᠬᠦ᠌ ᠬᠡᠮᠵᠢᠶ᠎ᠡ᠎ᠶ᠋ᠢᠨ 40 % ᠡᠴᠡ ᠳᠠᠪᠠᠪᠠ᠃

ᠬᠣᠷᠢᠨᠭᠡᠷ ᠱᠢᠨ᠎ᠡ ᠲᠣᠭᠣᠷᠢᠭ ᠨᠢᠭᠡᠨᠲᠡ ᠬᠤᠸᠠ ᠸᠧᠶ᠂ ᠴᠤᠤᠷᠢᠶ᠎ᠠ ᠵᠡᠷᠭᠡ 50 ᠪᠤᠳᠤᠯᠲᠠ᠎ᠵᠢᠨ ᠬᠦᠴᠦᠨ᠎ᠤ ᠲᠥᠪ᠎ᠦᠨ ᠲᠥᠷᠥᠯ ᠵᠦᠶ᠋ᠯ᠎ᠢ ᠴᠤᠭ᠍ᠯᠠᠭᠤᠯᠵᠤ᠂ ᠪᠤᠳᠤᠯᠲᠠ᠎ᠵᠢᠨ ᠬᠦᠴᠦᠨ᠎ᠤ ᠶᠡᠷᠦᠩᠬᠡᠶ ᠬᠡᠪᠴᠢᠶ᠎ᠡ᠎ᠨᠢ 12.5 ᠲᠦᠮᠡᠨ P ᠎ᠶ᠋ᠢ ᠳᠠᠪᠠᠪᠠ᠃ ᠡᠭᠦᠨ᠎ᠳᠦ ᠣᠶᠤᠨᠴᠢ ᠪᠤᠳᠤᠯᠲᠠ᠎ᠵᠢᠨ ᠬᠦᠴᠦᠨ᠎ᠤ ᠡᠵᠡᠯᠡᠬᠦ᠌ ᠬᠠᠷᠢᠴᠠᠯ᠎ᠨᠢ 96 % ᠪᠤᠯᠵᠤ᠂ ᠪᠣᠬᠢᠷᠲᠤᠯ ᠥᠬᠡᠶ ᠪᠤᠳᠤᠯᠲᠠ᠎ᠵᠢᠨ ᠬᠦᠴᠦᠨ᠎ᠤ ᠢᠯᠡᠳᠭᠡᠭ᠌ᠴᠢ ᠲᠣᠭ᠎ᠠ᠎ᠨᠢ ᠪᠥᠬᠥ᠌ ᠤᠯᠤᠰ᠎ᠲᠤ ᠲᠡᠷᠢᠭᠦᠯᠡᠪᠡ᠃

2025 ᠣᠨ᠎ᠳᠤ᠂ ᠥᠪᠥᠷ ᠮᠣᠩᠭᠣᠯ᠎ᠤᠨ ᠦᠶ᠋ᠯᠡᠳᠪᠦᠷᠢᠯᠡᠭ᠌ᠰᠡᠨ ᠪᠣᠬᠢᠷᠲᠤᠯ ᠥᠬᠡᠶ ᠴᠠᠬᠢᠯᠭᠠᠨ 2791 ᠳ᠋ᠦᠩᠱᠢᠭᠤᠷ ᠺᠢᠯᠦᠸᠠᠲ ᠴᠠᠭ᠎ᠲᠤ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠡᠴᠡ 31.4 % ᠎ᠪᠠᠷ ᠨᠡᠮᠡᠭ᠌ᠳᠡᠵᠦ᠍᠂ ᠪᠥᠬᠥ᠌ ᠣᠷᠣᠨ᠎ᠤ ᠶᠡᠷᠦᠩᠬᠡᠶ ᠴᠠᠬᠢᠯᠭᠠᠨ ᠭᠠᠷᠭᠠᠬᠤ ᠬᠡᠮᠵᠢᠶ᠎ᠡ᠎ᠶ᠋ᠢᠨ 1 / 3 ᠱᠢᠬᠠᠮ᠎ᠢ ᠡᠵᠡᠯᠡᠪᠡ; ᠡᠭᠦᠨ᠎ᠳᠦ  2 / 3 ᠎ᠡᠴᠡ ᠳᠡᠭᠡᠭ᠌ᠰᠢᠬᠢ᠎ᠶ᠋ᠢ᠎ᠨᠢ ᠲᠣᠰ ᠭᠠᠵᠠᠷ᠎ᠲᠠᠭᠠᠨ ᠪᠠᠭ᠍ᠲᠠᠭᠠᠨ ᠱᠢᠩᠭᠡᠭᠡᠬᠦ᠌᠎ᠶ᠋ᠢ ᠪᠡᠶᠡᠯᠡᠭᠦᠯᠵᠦ᠍᠂ ᠪᠥᠬᠥ᠌ ᠣᠷᠣᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠪᠣᠬᠢᠷᠲᠤᠯ ᠥᠬᠡᠶ᠎ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠬᠦᠴᠦᠲᠡᠶ ᠲᠤᠯᠭᠠᠭᠤᠷᠢᠯᠠᠪᠠ᠃

ᠡᠨᠡ ᠬᠦ᠌ ᠬᠠᠷᠢᠭᠤᠯᠲᠠ᠎ᠶ᠋ᠢᠨ ᠬᠠᠭᠤᠳᠠᠰᠤᠨ᠎ᠳᠡᠬᠢ ᠤᠯᠠᠮᠵᠢᠯᠠᠯᠲᠤ ᠡᠨᠧᠷᠭᠢ ᠪᠣᠯᠤᠨ ᠱᠢᠨ᠎ᠡ ᠡᠨᠧᠷᠭᠢ᠎ᠵᠢ ᠭᠦᠨᠵᠡᠭᠡᠢ ᠠᠭᠤᠰᠤᠯᠴᠠᠭᠤᠯᠤᠭ᠍ᠰᠠᠨ ᠰᠦᠪᠡᠭ᠌ᠴᠢᠯᠡᠯᠲᠡ ᠨᠢ ᠬᠦᠴᠦᠲᠡᠢ ᠪᠥᠭᠡᠳ ᠪᠦᠲᠦᠮᠵᠢᠲᠡᠢ ᠪᠠᠢᠨ᠎ᠠ᠃

ᠣᠳᠣᠬᠠᠨ ᠪᠣᠯᠲᠠᠯ᠎ᠠ ᠥᠪᠥᠷ ᠮᠣᠩᠭᠣᠯ ᠵᠠᠳᠠᠭᠠᠶ ᠨᠡᠭᠦᠷᠡᠰᠦᠨ ᠠᠭᠤᠷᠬᠠᠶ᠂ ᠨᠡᠭᠦᠷᠡᠰᠦ ᠮᠠᠯᠲᠠᠭᠠᠳ ᠳᠣᠷᠣᠭ᠍ᠰᠢ ᠰᠠᠭᠤᠭ᠍ᠳᠠᠭᠰᠠᠨ ᠣᠷᠣᠨ᠎ᠳᠤ ᠪᠣᠬᠢᠷᠲᠤᠯ ᠥᠬᠡᠶ ᠴᠠᠬᠢᠯᠭᠠᠨ᠎ᠤ ᠬᠡᠷᠡᠭ᠌ᠯᠡᠭᠡᠨ᠎ᠦ ᠲᠥᠷᠥᠯ ᠵᠦᠶ᠋ᠯ᠎ᠢ ᠨᠡᠢᠲᠡ 61 ᠪᠠᠢᠭᠤᠯᠵᠤ᠂ ᠵᠢᠯ᠎ᠳᠦ ᠪᠠᠷᠤᠭ 52 ᠳ᠋ᠦᠩᠱᠢᠭᠤᠷ ᠺᠢᠯᠦᠸᠠᠲ ᠴᠠᠭ ᠪᠣᠬᠢᠷᠲᠤᠯ ᠥᠬᠡᠶ ᠴᠠᠬᠢᠯᠭᠠᠨ ᠭᠠᠷᠭᠠᠵᠤ᠂ ᠵᠢᠯ ᠪᠦᠷᠢ ᠪᠠᠷᠢᠮᠵᠢᠶ᠎ᠠ ᠨᠡᠭᠦᠷᠡᠰᠦ᠎ᠶ᠋ᠢ 158 ᠲᠦᠮᠡᠨ ᠲᠣᠨ ᠠᠷᠪᠢᠯᠠᠵᠤ᠂ ᠨᠡᠭᠦᠷᠡᠰᠦᠲᠥ᠋ᠷᠥᠭ᠌ᠴᠢ᠎ᠶ᠋ᠢᠨ ᠳᠠᠪᠬᠤᠷ ᠢᠰᠦᠯ᠎ᠤᠨ ᠭᠠᠳᠠᠭᠰᠢᠯᠠᠭᠤᠯᠤᠯᠳᠠ᠎ᠵᠢ 460 ᠲᠦᠮᠡᠨ ᠲᠣᠨ ᠪᠠᠭᠠᠰᠭᠠᠪᠠ᠃

ᠴᠠᠭ᠎ᠤᠨ ᠬᠤᠪᠢᠶᠠᠷᠢ ᠨᠢ ᠥᠪᠥᠷ ᠮᠣᠩᠭᠣᠯ᠎ᠤᠨ ᠡᠨᠧᠷᠭᠢ᠎ᠶ᠋ᠢᠨ ᠬᠡᠯᠪᠡᠷᠢ ᠪᠠᠨ ᠬᠤᠪᠢᠷᠠᠭᠤᠯᠬᠤ ᠬᠤᠷᠳᠤᠴᠠ᠎ᠶ᠋ᠢ ᠬᠡᠮᠵᠢᠵᠦ᠍᠂ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠨᠡᠭᠡᠭᠡᠪᠡ᠃ ᠠᠮᠵᠢᠯᠲᠠ ᠪᠦᠲᠦᠮᠵᠢ ᠪᠣᠯ ᠥᠩᠭᠡᠷᠡᠭ᠌ᠰᠡᠨ᠎ᠦ ᠬᠢ᠂ ᠲᠡᠮᠡᠴᠡᠯ᠎ᠵᠢᠡᠷ ᠢᠷᠡᠭᠡᠳᠦᠢ ᠪᠠᠨ ᠴᠤᠭᠴᠠᠯᠠᠨ᠎ᠠ᠃ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠤ ᠡᠬᠢᠯᠡᠯᠲᠡ᠎ᠶ᠋ᠢᠨ ᠱᠢᠨ᠎ᠡ ᠭᠠᠷᠤᠭ᠎ᠠ ᠳᠡᠭᠡᠷ᠎ᠡ᠎ᠵᠣᠭ᠍ᠰᠣᠵᠤ᠂ ᠥᠪᠥᠷ ᠮᠣᠩᠭᠣᠯ᠎ᠤᠨ ᠴᠢᠭ᠌ᠯᠡᠯ ᠨᠡᠩ ᠲᠣᠳᠣᠷᠬᠠᠶ᠂ ᠢᠲᠡᠭᠡᠯ ᠵᠣᠷᠢᠭ ᠨᠡᠩ ᠲᠡᠭᠦᠯᠳᠡᠷ ᠪᠠᠢᠵᠤ᠂ ᠡᠨᠧᠷᠭᠢ᠎ᠶ᠋ᠢᠨ ᠲᠣᠮᠣ ᠣᠷᠣᠨ᠎ᠡᠴᠡ ᠡᠨᠧᠷᠭᠢ᠎ᠶ᠋ᠢᠨ ᠬᠦᠴᠦᠷᠬᠡᠭ ᠣᠷᠣᠨ ᠲᠡᠢᠰᠢ ᠱᠢᠯᠵᠢᠬᠦ᠌ ᠬᠠᠷᠠᠯᠲᠠ᠎ᠵᠦᠭ᠎ᠵᠢᠡᠨ ᠤᠷᠤᠭ᠍ᠰᠢᠯᠠᠵᠤ ᠪᠤᠢ᠃

ᠬᠡᠪᠴᠢᠶ᠎ᠡ᠎ᠶᠢ ᠨᠠᠩ ᠶᠡᠬᠡ ᠪᠤᠯᠭᠠᠨ᠎ᠠ᠃ ᠤᠯᠠᠮᠵᠢᠯᠠᠯᠲᠤ ᠡᠨᠧᠷᠭᠢ᠎ᠶ᠋ᠢᠨ ᠲᠠᠯ᠎ᠠ᠎ᠪᠠᠷ᠂ ᠲᠡᠷᠢᠭᠦᠨ᠎ᠦ ᠦᠢᠯᠡᠳᠪᠦᠷᠢᠯᠡᠬᠦ᠌ ᠴᠢᠳᠠᠪᠤᠷᠢ᠎ᠶ᠋ᠢᠨ ᠬᠠᠷᠢᠴᠠᠯ᠎ᠢ ᠦᠷᠭᠦᠯᠵᠢᠯᠡᠨ ᠥᠷᠭᠡᠳᠭᠡᠵᠦ᠍᠂ ᠨᠡᠭᠦᠷᠡᠰᠦᠨ᠎ᠦ ᠭᠠᠷᠤᠯᠲᠠ᠎ᠶ᠋ᠢ 12.5 ᠳ᠋ᠦᠩᠱᠢᠭᠤᠷ ᠲᠣᠨ᠎ᠳᠤ ᠲᠣᠭ᠍ᠲᠠᠪᠤᠷᠢᠵᠢᠭᠤᠯᠵᠤ᠂ ᠪᠠᠶᠠᠨ ᠴᠢᠯᠠᠭᠤᠨ ᠲᠣᠰᠣᠨ᠎ᠤ ᠠᠭᠤᠷᠬᠠᠢ ᠵᠡᠷᠭᠡ ᠱᠢᠨ᠎ᠡ᠎ᠪᠡᠷ ᠨᠡᠮᠡᠭ᠌ᠳᠡᠬᠦ᠌ ᠦᠢᠯᠡᠳᠪᠦᠷᠢᠯᠡᠬᠦ᠌ ᠴᠢᠳᠠᠪᠤᠷᠢ᠎ᠶ᠋ᠢᠨ ᠲᠦᠷᠦᠯ ᠵᠦᠢᠯ᠎ᠦᠨ ᠪᠦᠲᠦᠭᠡᠨ ᠪᠠᠢᠭᠤᠯᠤᠯᠲᠠ᠎ᠶ᠋ᠢ ᠲᠦᠷᠭᠡᠳᠭᠡᠨ᠎ᠡ᠃ ᠱᠢᠨ᠎ᠡ ᠡᠨᠧᠷᠭᠢ᠎ᠶ᠋ᠢᠨ ᠲᠠᠯ᠎ᠠ᠎ᠪᠠᠷ᠂ ᠬᠥᠪᠴᠢ᠎ᠶ᠋ᠢᠨ ᠡᠯᠡᠰᠦ ᠡᠴᠡ ᠾᠸᠪᠸᠢ᠎ᠳᠤ ᠴᠠᠬᠢᠯᠭᠠᠨ ᠬᠦᠷᠭᠡᠬᠦ᠌᠂ ᠱᠠᠩᠬᠠᠶ᠎ᠳᠤ ᠴᠠᠬᠢᠯᠭᠠᠨ ᠬᠦᠷᠭᠡᠬᠦ᠌  ᠵᠡᠷᠭᠡ 《ᠡᠯᠡᠰᠦ ᠭᠤᠪᠢ ᠴᠦᠯ》 ᠎ᠤ᠋ᠨ ᠰᠠᠭᠤᠷᠢᠨ᠎ᠤ ᠲᠥᠯᠥᠪᠵᠢᠭᠦᠯᠭᠡ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠵᠤ᠂ ᠪᠥᠬᠥ᠌ ᠵᠢᠯ᠎ᠳᠦ ᠲᠤᠤᠷ᠎ᠲᠤ ᠨᠡᠢᠯᠡᠭᠦᠯᠦᠭ᠌ᠰᠡᠨ ᠱᠢᠨ᠎ᠡ ᠡᠨᠧᠷᠭᠢ᠎ᠶ᠋ᠢᠨ ᠮᠠᠱᠢᠨ ᠴᠣᠭ᠍ᠴᠠᠯᠠᠪᠤᠷᠢ᠎ᠶ᠋ᠢ 3000 ᠲᠦᠮᠡᠨ ᠺᠢᠯᠦᠸᠠᠲ᠎ᠡᠴᠡ ᠳᠡᠭᠡᠭ᠌ᠰᠢ ᠱᠢᠨ᠎ᠡ᠎ᠪᠡᠷ ᠨᠡᠮᠡᠭ᠌ᠳᠡᠭᠦᠯᠵᠦ᠍᠂ ᠶᠡᠷᠦᠩᠬᠡᠶ ᠮᠠᠱᠢᠨ ᠴᠣᠭ᠍ᠴᠠᠯᠠᠪᠤᠷᠢ᠎ᠶ᠋ᠢ 2 ᠳ᠋ᠦᠩᠱᠢᠭᠤᠷ ᠺᠢᠯᠦᠸᠠᠲ᠎ᠢ ᠳᠠᠪᠠᠭᠤᠯᠬᠤ᠎ᠪᠠᠷ ᠴᠢᠷᠮᠠᠢᠨ᠎ᠠ᠃

ᠠᠵᠤ ᠦᠶ᠋ᠯᠡᠰ᠎ᠢ ᠨᠡᠩ ᠱᠢᠨᠡᠳᠭᠡᠨ᠎ᠠ᠃ ᠤᠰᠤᠲᠥ᠋ᠷᠥᠭ᠌ᠴᠢ ᠡᠨᠧᠷᠭᠢ᠂ ᠨᠥᠭᠡᠴᠡ ᠡᠨᠧᠷᠭᠢ᠎ᠶ᠋ᠢᠨ ᠢᠷᠡᠭᠡᠳᠦᠶ᠎ᠶ᠋ᠢᠨ ᠠᠵᠤ ᠦᠶ᠋ᠯᠡᠰ᠎ᠦᠨ ᠱᠢᠨ᠎ᠡ ᠤᠷᠤᠯᠳᠤᠭᠠᠨ᠎ᠤ ᠵᠠᠮ᠎ᠢ ᠢᠳᠡᠪᠬᠢᠲᠡᠶ ᠡᠵᠡᠯᠡᠨ᠎ᠡ᠃ ᠤᠰᠤᠲᠥ᠋ᠷᠥᠭ᠌ᠴᠢ ᠡᠨᠧᠷᠭᠢ᠎ᠶ᠋ᠢᠨ ᠬᠦᠷᠢᠶᠡᠨ᠎ᠳᠦ᠂ ᠲᠣᠣᠷ᠎ᠡᠴᠡ ᠰᠠᠯᠵᠤ ᠤᠰᠤᠲᠥ᠋ᠷᠥᠭ᠌ᠴᠢ ᠦᠢᠯᠡᠳᠬᠦ᠌᠎ᠶ᠋ᠢ ᠶᠡᠬᠡ ᠬᠡᠪᠴᠢᠶ᠎ᠡ᠎ᠪᠡᠷ ᠲᠤᠷᠱᠢᠨ ᠥᠷᠨᠢᠭᠦᠯᠵᠦ᠍᠂ ᠪᠠᠢᠭᠠᠯᠢ᠎ᠶ᠋ᠢᠨ ᠱᠢᠲᠠᠮᠠᠬᠠᠶ ᠬᠡᠢ᠎ᠶ᠋ᠢ ᠪᠤᠬᠢᠷᠲᠦᠯ ᠦᠭᠡᠢ ᠤᠰᠤᠲᠥ᠋ᠷᠥᠭ᠌ᠴᠢ ᠲᠠᠢ ᠬᠣᠯᠢᠵᠤ ᠱᠢᠲᠠᠭᠠᠬᠤ᠂ ᠪᠤᠬᠢᠷᠲᠦᠯ ᠦᠭᠡᠢ ᠤᠰᠤᠲᠥ᠋ᠷᠥᠭ᠌ᠴᠢ᠎ᠶ᠋ᠢᠨ ᠡᠪᠴᠡᠯᠳᠦᠯ ᠬᠢᠮᠢ᠎ᠶ᠋ᠢᠨ ᠠᠵᠤ ᠦᠢᠯᠡᠳᠪᠦᠷᠢ᠂ ᠲᠡᠮᠦᠷᠯᠢᠭ ᠬᠠᠢᠯᠤᠭᠤᠯᠬᠤ ᠵᠡᠷᠭᠡ ᠬᠡᠷᠡᠭ᠌ᠯᠡᠭᠡᠨ᠎ᠦ ᠪᠠᠢᠳᠠᠯ᠎ᠢ ᠥᠷᠭᠡᠳᠭᠡᠵᠦ᠍᠂ ᠪᠤᠬᠢᠷᠲᠦᠯ ᠦᠭᠡᠢ ᠤᠰᠤᠲᠥ᠋ᠷᠥᠭ᠌ᠴᠢ᠎ᠶ᠋ᠢᠨ ᠠᠵᠤ ᠦᠢᠯᠡᠰ᠎ᠦᠨ ᠬᠤᠰᠢᠭᠤᠴᠢ ᠣᠷᠣᠨ᠎ᠢ ᠪᠦᠬᠦ᠌ ᠬᠦᠴᠦᠨ᠎ᠢᠶᠡᠷ᠎ᠢᠶᠡᠨ ᠪᠠᠢᠭᠤᠯᠤᠨ᠎ᠠ᠃ ᠨᠥᠭᠡᠴᠡ ᠡᠨᠧᠷᠭᠢ᠎ᠶ᠋ᠢᠨ ᠬᠦᠷᠢᠶᠡᠨ᠎ᠳᠤ᠂ ᠯᠢᠲ᠋ᠢ ᠢᠶᠣᠨ᠂ ᠨᠠᠲ᠋ᠷᠢ ᠢᠶᠣᠨ᠂ ᠱᠢᠩᠭᠡᠨ ᠤᠷᠤᠰᠭᠠᠯᠲᠤ ᠳ᠋ᠢᠶᠠᠨ ᡂᠢ᠂ ᠠᠪᠴᠢᠮᠠᠯ ᠠᠭᠠᠷ᠂ ᠡᠷᠴᠢᠯᠡᠭᠦᠷ ᠬᠦᠷᠳᠦ ᠵᠡᠷᠭᠡ ᠣᠯᠠᠨ ᠵᠦᠶ᠋ᠯ᠎ᠦᠨ ᠱᠢᠨ᠎ᠡ ᠬᠡᠯᠪᠡᠷᠢ᠎ᠶ᠋ᠢᠨ ᠡᠨᠧᠷᠭᠢ ᠬᠠᠳᠠᠭᠠᠯᠠᠬᠤ ᠮᠡᠷᠭᠡᠵᠢᠯ᠎ᠢ ᠨᠡᠭᠡᠭᠡᠨ ᠬᠥᠭ᠌ᠵᠢᠭᠦᠯᠬᠦ᠌ ᠪᠠ ᠬᠡᠷᠡᠭ᠌ᠯᠡᠭᠡᠨ᠎ᠦ ᠵᠢᠱ᠌ᠢᠶ᠎ᠡ ᠦᠵᠡᠭᠦᠯᠬᠦ᠌᠎ᠶ᠋ᠢ ᠴᠢᠩᠭᠠᠳᠭᠠᠵᠤ᠂ ᠲᠤᠤᠷ ᠪᠦᠷᠢᠯᠳᠦᠭᠦᠯᠬᠦ᠌ ᠬᠡᠯᠪᠡᠷᠢ᠎ᠶ᠋ᠢᠨ ᠡᠨᠧᠷᠭᠢ ᠬᠠᠳᠠᠭᠠᠯᠠᠬᠤ᠎ᠶ᠋ᠢ ᠢᠳᠡᠪᠬᠢᠲᠡᠶ᠎ᠪᠡᠷ ᠬᠥᠭ᠌ᠵᠢᠭᠦᠯᠦᠨ᠂ ᠵᠢᠯ᠎ᠦᠨ ᠡᠴᠦᠰ ᠪᠣᠯᠬᠤ᠎ᠳᠤ ᠱᠢᠨ᠎ᠡ ᠬᠡᠯᠪᠡᠷᠢ᠎ᠶ᠋ᠢᠨ ᠡᠨᠧᠷᠭᠢ ᠬᠠᠳᠠᠭᠠᠯᠠᠬᠤ ᠬᠡᠪᠴᠢᠶ᠎ᠡ᠎ᠶ᠋ᠢ 2500 ᠲᠦᠮᠡᠨ ᠺᠢᠯᠦᠸᠠᠲ᠎ᠲᠤ ᠬᠦᠷᠦᠭᠦᠯᠬᠦ᠌᠎ᠪᠡᠷ ᠴᠢᠷᠮᠠᠢᠨ᠎ᠠ᠃

ᠵᠠᠭ᠍ᠪᠤᠷ᠎ᠢ ᠨᠠᠩ ᠠᠮᠢᠳᠤᠯᠢᠭ ᠪᠠᠢᠯᠭᠠᠨ᠎ᠠ᠃ ᠴᠠᠬᠢᠯᠭᠠᠨ ᠬᠦᠴᠦᠨ᠎ᠦ ᠵᠠᠬ᠎ᠠ ᠳᠡᠯᠭᠡᠭᠦᠷᠴᠢᠯᠡᠬᠦ᠌ ᠥᠭᠡᠷᠡᠴᠢᠯᠡᠯᠲᠡ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠪᠤᠬᠢᠷᠲᠦᠯ ᠦᠭᠡᠢ ᠴᠠᠬᠢᠯᠭᠠᠨ᠎ᠢ ᠱᠢᠭᠤᠳ ᠬᠣᠯᠪᠣᠬᠤ᠂ ᠨᠡᠮᠡᠭ᠌ᠳᠡᠯ ᠴᠠᠬᠢᠯᠭᠠᠨ ᠲᠦᠭᠡᠭᠡᠬᠦ᠌ ᠰᠦᠯᠵᠢᠶ᠎ᠡ ᠵᠡᠷᠭᠡ ᠱᠢᠨ᠎ᠡ ᠡᠨᠧᠷᠭᠢ᠎ᠵᠢ ᠪᠠᠭᠲᠠᠭᠠᠨ ᠰᠢᠨᠭᠭᠡᠭᠡᠬᠦ ᠱᠢᠨ᠎ᠡ ᠵᠠᠭ᠍ᠪᠤᠷ᠎ᠢ ᠳᠡᠯᠭᠡᠷᠡᠭᠦᠯᠦᠨ᠂ ᠤᠯᠤᠰ᠎ᠤᠨ ᠲᠠᠰ᠎ᠤᠨ ᠨᠡᠭᠦᠷᠡᠰᠦᠲᠥ᠋ᠷᠥᠭ᠌ᠴᠢ᠎ᠦᠯᠦ ᠭᠠᠳᠠᠭᠰᠢᠯᠠᠭᠤᠯᠬᠤ ᠬᠦᠷᠢᠶᠡᠯᠡᠩ ᠲᠣᠭᠣᠷᠢᠭ᠂ ᠲᠣᠭ᠎ᠠ ᠪᠠᠷᠢᠮᠲᠠ᠎ᠶ᠋ᠢᠨ ᠲᠥᠪ᠂ ᠴᠠᠬᠢᠯᠭᠠᠨ ᠵᠠᠳᠠᠯᠤᠯ᠎ᠤᠨ ᠬᠥᠩᠭᠡᠨ ᠴᠠᠭᠠᠨ ᠵᠡᠷᠭᠡ ᠬᠠᠳᠠᠭᠠᠯᠠᠯᠲᠠ᠎ᠶ᠋ᠢᠨ ᠳᠠᠭᠠᠭᠠᠴᠡ ᠵᠢ ᠪᠤᠬᠢᠷᠲᠦᠯ ᠦᠭᠡᠢ ᠴᠠᠬᠢᠯᠭᠠᠨ᠎ᠢᠶᠠᠷ ᠣᠷᠣᠯᠠᠭᠤᠯᠬᠤ᠎ᠶ᠋ᠢ ᠰᠦᠪᠡᠭ᠌ᠴᠢᠯᠡᠨ ᠬᠡᠷᠡᠭ᠌ᠵᠢᠭᠦᠯᠵᠦ᠍᠂ ᠱᠢᠨ᠎ᠡ ᠡᠨᠧᠷᠭᠢ ᠵᠢ ᠪᠠᠭᠲᠠᠭᠠᠨ ᠰᠢᠨᠭᠭᠡᠭᠡᠵᠦ ᠠᠱᠢᠭ᠍ᠯᠠᠬᠤ ᠲᠦᠪᠰᠢᠨ᠎ᠢ ᠤᠯᠠᠮ ᠨᠢᠭᠡ ᠠᠯᠬᠤᠮ ᠳᠡᠭᠡᠭ᠌ᠰᠢᠯᠡᠭᠦᠯᠦᠨ᠎ᠡ᠃

ᠶᠡᠬᠡ ᠶᠣᠰᠣ᠎ᠶᠢ ᠶᠠᠪᠤᠭᠤᠯᠬᠤ ᠨᠢ ᠲᠤᠢᠯ᠎ᠤᠨ ᠲᠦᠭᠦᠮ᠂  ᠦᠨᠡᠨ ᠪᠣᠳᠠᠲᠠᠢ ᠠᠵᠢᠯᠯᠠᠬᠤ ᠪᠡᠷ ᠭᠤᠤᠯ ᠪᠤᠯᠭᠠᠨ᠎ᠠ᠃ ᠢᠷᠡᠭᠡᠳᠦᠢ᠎ᠳᠦ ᠬᠠᠨᠳᠤᠵᠤ᠂ ᠥᠪᠥᠷ ᠮᠣᠩᠭᠣᠯ ᠶᠡᠷᠦᠩᠬᠡᠢ ᠱᠦᠵᠢ ᠰᠢ ᠵᠢᠨ ᠫᠢᠩ᠎ᠦᠨ ᠵᠢᠭᠠᠭ᠍ᠰᠠᠨ ᠴᠢᠭ᠌ᠯᠡᠯ᠎ᠢᠶᠡᠷ ᠤᠳᠤ ᠦᠶ᠎ᠡ᠎ᠶ᠋ᠢᠨ ᠡᠨᠧᠷᠭᠢ᠎ᠶ᠋ᠢᠨ ᠠᠵᠤ ᠠᠬᠤᠢ᠎ᠶ᠋ᠢᠨ ᠠᠵᠢᠯ᠎ᠢ ᠨᠡᠩ ᠰᠠᠢᠲᠦᠷ ᠬᠢᠵᠦ᠍᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠬᠤ᠂ ᠤᠯᠤᠰ᠎ᠤᠨ ᠡᠨᠧᠷᠭᠢ᠎ᠶ᠋ᠢᠨ ᠠᠮᠤᠷ ᠲᠦᠪᠱᠢᠨ᠎ᠢ ᠪᠠᠲᠤᠯᠠᠬᠤ᠎ᠳᠤ ᠨᠡᠩ ᠶᠡᠬᠡ ᠥᠪᠥᠷ ᠮᠣᠩᠭᠣᠯ᠎ᠤᠨ ᠬᠦᠴᠦᠨ ᠴᠢᠳᠠᠯ᠎ᠢᠶᠠᠨ ᠡᠷᠭᠦᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号