— 《ᠱᠢᠨ᠎ᠡ ᠴᠠᠭ ᠦᠶ᠎ᠡ᠎ᠶ᠋ᠢᠨ ᠲᠦᠷᠦ᠍᠎ᠶ᠋ᠢ ᠵᠠᠰᠠᠬᠤ ᠲᠤᠬᠠᠢ ᠪᠣᠳᠠᠲᠤ ᠲᠡᠮᠳᠡᠭ᠌ᠯᠡᠯ》 ᠤ᠋ᠨ ᠨᠢᠭᠡᠳᠦᠭᠡᠷ ᠪᠤᠳᠢ᠎ᠶ᠋ᠢᠨ ᠤᠷᠤᠰ ᠬᠡᠯᠡᠨ᠎ᠦ ᠬᠡᠪᠯᠡᠯ᠎ᠢ ᠨᠡᠢᠲᠡᠯᠡᠭ᠌ᠰᠡᠨ ᠶᠠᠪᠤᠳᠠᠯ ᠴᠢᠩᠭ᠎ᠠ ᠲᠤᠰᠭᠠᠯ ᠭᠠᠷᠪᠠ
《ᠱᠢᠨ᠎ᠡ ᠴᠠᠭ ᠦᠶ᠎ᠡ᠎ᠶ᠋ᠢᠨ ᠲᠦᠷᠦ᠍᠎ᠶ᠋ᠢ ᠵᠠᠰᠠᠬᠤ ᠲᠤᠬᠠᠢ ᠪᠣᠳᠠᠲᠤ ᠲᠡᠮᠳᠡᠭ᠌ᠯᠡᠯ》 ᠤ᠋ᠨ ᠨᠢᠭᠡᠳᠦᠭᠡᠷ ᠪᠤᠳᠢ᠎ᠶ᠋ᠢᠨ ᠤᠷᠤᠰ ᠬᠡᠯᠡᠨ᠎ᠦ ᠬᠡᠪᠯᠡᠯ᠎ᠦᠨ ᠠᠩᠬ᠎ᠠ ᠲᠠᠷᠬᠠᠭᠠᠬᠤ ᠶᠣᠰᠣᠯᠠᠯ 3 ᠤ᠋ ᠡᠳᠦᠷ ᠤᠷᠤᠰ᠎ᠤᠨ ᠰᠠᠨᠲ ᠫᠸᠲ᠋ᠸᠷᠪᠦ᠋ᠷᠡᠭ ᠲᠥ᠍ ᠶᠠᠪᠤᠭ᠍ᠳᠠᠪᠠ᠃ ᠳᠤᠮᠳᠠᠳᠤ ᠤᠯᠤᠰ ᠪᠣᠯᠤᠨ ᠤᠷᠤᠰ᠂ ᠺᠠᠽᠠᠭ᠍ᠰᠲ᠋ᠠᠨ ᠵᠡᠷᠭᠡ ᠠᠽᠢᠶ᠎ᠠ ᠧᠦ᠋ᠷᠣᠫᠠ᠎ᠶ᠋ᠢᠨ ᠤᠯᠤᠰ᠎ᠤᠳ᠎ᠤᠨ ᠵᠠᠭᠤᠴᠢᠯᠠᠭᠤᠷ᠂ ᠤᠶᠤᠨ᠎ᠤ ᠬᠥᠮᠥᠷᠭᠡ ᠪᠣᠯᠤᠨ ᠵᠠᠰᠠᠭ᠎ᠤᠨ ᠣᠷᠳᠣᠨ᠎ᠤ ᠪᠠᠢᠭᠤᠯᠤᠮᠵᠢ᠎ᠶ᠋ᠢᠨ ᠪᠠᠷᠤᠭ ᠵᠠᠭᠤᠨ ᠲᠥᠯᠥᠭᠡᠯᠡᠭ᠌ᠴᠢ ᠶᠤᠰᠤᠯᠠᠯ᠎ᠳᠤ ᠣᠷᠣᠯᠴᠠᠵᠠᠢ᠃
ᠬᠤᠷᠠᠯ᠎ᠳᠤ ᠣᠷᠣᠯᠴᠠᠭ᠍ᠰᠠᠨ ᠬᠦᠨᠳᠦᠲᠦ ᠵᠣᠴᠢᠳ᠂ 《ᠱᠢᠨ᠎ᠡ ᠴᠠᠭ ᠦᠶ᠎ᠡ᠎ᠶ᠋ᠢᠨ ᠲᠦᠷᠦ᠍᠎ᠶ᠋ᠢ ᠵᠠᠰᠠᠬᠤ ᠲᠤᠬᠠᠢ ᠪᠣᠳᠠᠲᠤ ᠲᠡᠮᠳᠡᠭ᠌ᠯᠡᠯ》 ᠤ᠋ᠨ ᠨᠢᠭᠡᠳᠦᠭᠡᠷ ᠪᠤᠳᠢ᠎ᠶ᠋ᠢᠨ ᠤᠷᠤᠰ ᠬᠡᠯᠡᠨ᠎ᠦ ᠬᠡᠪᠯᠡᠯ ᠨᠢ ᠲᠡᠷᠢᠭᠦᠯᠡᠭ᠌ᠴᠢ ᠰᠢ ᠵᠢᠨ ᠫᠢᠩ᠎ᠦᠨ ᠤᠯᠤᠰ᠎ᠤᠨ ᠵᠠᠰᠠᠯᠲᠠ᠎ᠶ᠋ᠢᠨ ᠬᠦᠷᠢᠶᠡᠨ᠎ᠳᠡᠬᠢ ᠶᠡᠷᠦ᠍ ᠪᠤᠰᠤ᠎ᠶ᠋ᠢᠨ ᠤᠶᠤᠨ ᠤᠬᠠᠭᠠᠨ ᠪᠣᠯᠤᠨ ᠠᠮᠢᠳᠤᠯᠢᠭ ᠦᠢᠯᠡᠳᠦᠯᠭᠡ᠂ ᠬᠥᠮᠦᠨ᠎ᠢᠶᠡᠷ ᠦᠨᠳᠦᠰᠦ ᠪᠣᠯᠭᠠᠬᠤ᠂ ᠠᠷᠠᠳ ᠲᠦᠮᠡᠨ᠎ᠳᠦ ᠪᠤᠶᠠᠨ ᠦᠢᠯᠡᠳᠬᠦ᠌ ᠭᠦᠨ ᠵᠤᠵᠠᠭᠠᠨ ᠠᠷᠠᠳᠴᠢ ᠬᠠᠢᠷ᠎ᠠ ᠰᠡᠳᠭᠢᠯᠭᠡ᠎ᠶ᠋ᠢ ᠢᠯᠡᠷᠡᠭᠦᠯᠪᠡ; ᠳᠤᠮᠳᠠᠳᠤ ᠤᠯᠤᠰ᠎ᠤᠨ ᠪᠠᠢᠯᠳᠤᠬᠤ ᠪᠤᠳᠤᠯᠭ᠎ᠠ᠎ᠶ᠋ᠢᠨ ᠲᠥᠯᠥᠪᠵᠢᠭᠦᠯᠭᠡ᠎ᠪᠡᠷ ᠲᠦᠷᠦ᠍᠎ᠶ᠋ᠢᠨ ᠪᠤᠳᠤᠯᠭ᠎ᠠ᠎ᠶ᠋ᠢᠨ ᠦᠷᠭᠦᠯᠵᠢᠯᠡᠬᠦ᠌ ᠴᠢᠨᠠᠷ᠎ᠢ ᠪᠠᠲᠤᠯᠠᠬᠤ᠂ ᠥᠭᠡᠷᠡᠴᠢᠯᠡᠯᠲᠡ᠎ᠬᠢᠵᠦ ᠱᠢᠨ᠎ᠡ᠎ᠶ᠋ᠢ ᠡᠭᠦᠳᠬᠦ᠌᠎ᠪᠡᠷ ᠣᠳᠣᠬᠢᠴᠢᠯᠠᠯᠲᠠ ᠵᠢᠨ ᠬᠥᠳᠡᠯᠭᠡᠭᠦᠷ ᠪᠣᠯᠭᠠᠬᠤ᠂ ᠪᠣᠯᠪᠠᠰᠤᠨ᠎ᠤ ᠢᠲᠡᠭᠡᠯ᠎ᠢᠶᠡᠷ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠵᠣᠷᠢᠭ ᠰᠠᠨᠠᠭ᠎ᠠ᠎ᠶ᠋ᠢ ᠨᠢᠭ᠍ᠲᠠᠷᠠᠭᠤᠯᠬᠤ ᠵᠡᠷᠭᠡ ᠵᠠᠰᠠᠯᠲᠠ᠎ᠶ᠋ᠢᠨ ᠲᠤᠷᠱᠢᠯᠭ᠎ᠠ᠎ᠶ᠋ᠢ ᠢᠯᠡᠷᠡᠭᠦᠯᠵᠦ᠂ ᠴᠢᠬᠤᠯᠠ ᠰᠡᠩᠬᠡᠷᠡᠭᠦᠯᠬᠦ᠌ ᠠᠴᠢ ᠬᠣᠯᠪᠣᠭ᠍ᠳᠠᠯ᠎ᠲᠠᠶ ᠶᠤᠮ᠃ ᠬᠥᠭ᠌ᠵᠢᠯᠲᠡ᠎ᠶ᠋ᠢᠨ ᠬᠡᠯᠪᠡᠷᠢ᠎ᠪᠡᠨ ᠬᠤᠪᠢᠷᠠᠭᠤᠯᠬᠤ ᠪᠠ ᠭᠠᠵᠠᠷ ᠣᠷᠣᠨ᠎ᠤ ᠬᠤᠪᠢᠷᠠᠯᠲᠠ ᠳᠤᠮᠳᠠ ᠣᠷᠣᠱᠢᠵᠤ ᠪᠠᠢᠭ᠎ᠠ ᠠᠽᠢᠶ᠎ᠠ ᠧᠦ᠋ᠷᠣᠫᠠ᠎ᠶ᠋ᠢᠨ ᠭᠠᠵᠠᠷ ᠣᠷᠣᠨ᠎ᠤ ᠤᠯᠤᠰ᠎ᠤᠳ᠎ᠲᠤ ᠠᠪᠴᠤ᠌ ᠬᠡᠯᠡᠪᠡᠯ᠂ ᠳᠤᠮᠳᠠᠳᠤ ᠤᠯᠤᠰ᠎ᠤᠨ ᠤᠷᠳᠤ ᠬᠤᠭᠤᠴᠠᠭᠠᠨ᠎ᠤ ᠬᠠᠷᠠᠯᠲᠠ᠂ ᠠᠷᠠᠳ ᠲᠦᠮᠡᠨ᠎ᠦ ᠪᠤᠶᠠᠨ ᠵᠢᠷᠭᠠᠯ᠂ ᠪᠠᠢᠭᠤᠯᠤᠯ᠎ᠤᠨ ᠦᠢᠯᠡᠳᠦᠯ ᠴᠢᠳᠠᠪᠬᠢ ᠪᠣᠯᠤᠨ ᠭᠠᠳᠠᠭᠠᠳᠤ ᠨᠡᠬᠡᠬᠡᠯᠳᠡ᠎ᠶ᠋ᠢ ᠬᠠᠷᠢᠯᠴᠠᠨ ᠤᠶᠠᠯᠳᠤᠭᠤᠯᠤᠭ᠍ᠰᠠᠨ ᠦᠢᠯᠡᠳᠦᠯᠭᠡ᠎ᠶ᠋ᠢᠨ ᠠᠷᠭ᠎ᠠ ᠵᠠᠮ᠎ᠨᠢ ᠪᠡᠶ᠎ᠡ᠎ᠪᠡᠨ ᠳᠠᠭᠠᠭᠠᠬᠤ᠂ ᠲᠣᠭ᠍ᠲᠠᠭᠤᠨ ᠪᠠᠢᠬᠤ᠂ ᠦᠷᠭᠦᠯᠵᠢᠯᠡᠬᠦ᠌ ᠬᠥᠭ᠌ᠵᠢᠯᠲᠡ᠎ᠶ᠋ᠢ ᠪᠡᠶᠡᠯᠡᠭᠦᠯᠬᠦ᠌᠎ᠳᠦ ᠴᠢᠬᠤᠯᠠ ᠰᠡᠩᠬᠡᠷᠡᠭᠦᠯᠦᠯ ᠪᠠ ᠲᠤᠯᠢ ᠬᠠᠩᠭᠠᠵᠠᠢ ᠭᠡᠵᠦ ᠢᠯᠡᠳᠭᠡᠵᠡᠭᠡᠪᠡ᠃
ᠤᠷᠤᠰ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠳᠣᠷᠣᠨᠠᠳᠠᠬᠢᠨ᠎ᠤ ᠰᠤᠳᠤᠯᠭᠠᠨ᠎ᠤ ᠭᠠᠵᠠᠷ᠎ᠤᠨ ᠲᠡᠷᠢᠭᠦᠨ ᠰᠤᠳᠤᠯᠤᠭ᠍ᠴᠢ ᠠᠨᠳ᠋ᠸᠯᠢᠶ᠍ᠸ·ᠤᠤᠰᠲ᠋ᠷᠤᠹᠰᠺᠢ᠂ ᠡᠨᠡ ᠬᠦ᠌ ᠱᠢᠨ᠎ᠡ ᠨᠣᠮ ᠨᠢ 《ᠳᠤᠮᠳᠠᠳᠤ ᠤᠯᠤᠰ᠎ᠤᠨ ᠵᠠᠰᠠᠯᠲᠠ》 ᠵᠢᠨ ᠨᠢᠭᠤᠴᠠ ᠨᠣᠮᠧᠷ᠎ᠢ ᠢᠯᠡᠷᠡᠭᠦᠯᠪᠡ᠃ ᠳᠤᠮᠳᠠᠳᠤ ᠤᠯᠤᠰ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌᠎ᠪᠡᠷ ᠬᠥᠭ᠌ᠵᠢᠯᠲᠡ᠎ᠶ᠋ᠢᠨ ᠬᠦᠴᠢᠷ ᠠᠰᠠᠭᠤᠳᠠᠯ᠎ᠢ ᠱᠢᠢᠳᠪᠦᠷᠢᠯᠡᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌᠎ᠪᠡᠷ ᠴᠢᠨᠠᠷ ᠰᠠᠢᠲᠠᠢ ᠬᠥᠭ᠌ᠵᠢᠯᠲᠡ᠎ᠶ᠋ᠢᠨ ᠬᠥᠳᠡᠯᠭᠡᠭᠦᠷ ᠪᠣᠯᠭᠠᠵᠤ᠂ ᠤᠯᠤᠰ᠎ᠤᠨ ᠵᠠᠰᠠᠯᠲᠠ᠎ᠶ᠋ᠢᠨ ᠱᠢᠰᠲ᠋ᠧᠮ ᠪᠣᠯᠤᠨ ᠵᠠᠰᠠᠯᠲᠠ᠎ᠶ᠋ᠢᠨ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢ ᠲᠠᠰᠤᠷᠠᠯᠳᠠ ᠦᠭᠡᠢ ᠠᠬᠢᠭᠤᠯᠪᠠ᠃ ᠪᠠᠢᠭᠤᠯᠤᠯ᠎ᠤᠨ ᠬᠦᠴᠦᠲᠡᠶ ᠪᠠᠲᠤᠯᠠᠭ᠎ᠠ᠂ ᠲᠥᠷᠥ᠎ᠶ᠋ᠢᠨ ᠪᠣᠳᠣᠯᠭ᠎ᠠ᠎ᠶ᠋ᠢᠨ ᠪᠦᠲᠦᠮᠵᠢᠲᠡᠶ ᠬᠡᠷᠡᠭ᠌ᠵᠢᠭᠦᠯᠦᠯᠲᠡ ᠨᠢ ᠥᠨᠥᠳᠦᠷ᠎ᠦᠨ ᠳᠤᠮᠳᠠᠳᠤ ᠤᠯᠤᠰ᠎ᠤᠨ ᠳᠡᠯᠡᠬᠡᠶ ᠳ᠋ᠠᠬᠢᠨ᠎ᠤ ᠠᠩᠬᠠᠷᠤᠯ᠎ᠢ ᠲᠠᠲᠠᠭ᠍ᠰᠠᠨ ᠬᠥᠭ᠌ᠵᠢᠯᠲᠡ᠎ᠶ᠋ᠢᠨ ᠠᠮᠵᠢᠯᠲᠠ ᠪᠦᠲᠦᠮᠵᠢ ᠤᠯᠬᠤ᠎ᠳᠤ ᠬᠦᠴᠦᠨ ᠨᠡᠮᠡᠷᠢᠯᠡᠭᠰᠡᠨ ᠪᠠᠢᠨ᠎ᠠ ᠭᠡᠵᠡᠢ᠃
ᠤᠷᠤᠰ᠎ᠤᠨ ᠫᠯᠸᠬᠠᠨᠤᠹ ᠠᠵᠤ ᠠᠬᠤᠢ᠎ᠶ᠋ᠢᠨ ᠶᠡᠬᠡ ᠰᠤᠷᠭᠠᠭᠤᠯᠢ᠎ᠶ᠋ᠢᠨ ᠲᠠᠱᠺᠸᠨ᠋ᠲ᠎ᠤᠨ ᠬᠤᠪᠢᠶᠠᠷᠢ ᠰᠤᠷᠭᠠᠭᠤᠯᠢ᠎ᠶ᠋ᠢᠨ ᠳᠡᠳ᠋ ᠫᠷᠤᠹᠸᠰᠰᠤᠷ ᠯᠠᠹᠱᠠᠩ·ᠨᠠᠵᠠᠯᠤᠹ᠂ 《ᠱᠢᠨ᠎ᠡ ᠴᠠᠭ ᠦᠶ᠎ᠡ᠎ᠶ᠋ᠢᠨ ᠲᠦᠷᠦ᠍᠎ᠶ᠋ᠢ ᠵᠠᠰᠠᠬᠤ ᠲᠤᠬᠠᠢ ᠪᠣᠳᠠᠲᠤ ᠲᠡᠮᠳᠡᠭ᠌ᠯᠡᠯ》 ᠤ᠋ᠨ ᠨᠢᠭᠡᠳᠦᠭᠡᠷ ᠪᠤᠳᠢ᠎ᠳᠤ ᠲᠡᠷᠢᠭᠦᠯᠡᠭ᠌ᠴᠢ ᠰᠢ ᠵᠢᠨ ᠫᠢᠩ᠎ᠦᠨ ᠤᠯᠤᠰ᠎ᠤᠨ ᠵᠠᠰᠠᠯᠲᠠ᠎ᠶ᠋ᠢᠨ ᠬᠦᠷᠢᠶᠡᠨ᠎ᠳᠡᠬᠢ ᠤᠨᠤᠯ ᠪᠣᠯᠤᠨ ᠦᠢᠯᠡᠳᠦᠯᠭᠡ᠎ᠶ᠋ᠢᠨ ᠦᠷ᠎ᠡ ᠪᠦᠲᠦᠭᠡᠯ᠎ᠢ ᠲᠣᠳᠣᠷᠬᠠᠢ ᠱᠢᠰᠲ᠋ᠧᠮ᠎ᠲᠡᠶ ᠲᠣᠳᠣᠷᠬᠠᠢᠯᠠᠨ ᠥᠭᠦᠯᠡᠪᠡ᠂ ᠲᠡᠭᠦᠨ᠎ᠦ ᠲᠡᠷᠢᠭᠦᠨ ᠴᠢᠬᠤᠯᠠ ᠣᠨᠴᠠᠯᠢᠭ ᠪᠣᠯ ᠠᠯᠤᠰ ᠬᠡᠳᠤ᠎ᠶ᠋ᠢᠨ ᠪᠠᠢᠯᠳᠤᠬᠤ ᠪᠤᠳᠤᠯᠭ᠎ᠠ᠎ᠳᠤ ᠰᠠᠭᠤᠷᠢᠯᠠᠵᠤ ᠤᠯᠤᠰ᠎ᠤᠨ ᠬᠥᠭ᠌ᠵᠢᠯᠲᠡ ᠵᠢ ᠲᠥᠯᠥᠪᠵᠢᠭᠦᠯᠵᠦ᠂ ᠤᠯᠠᠨ ᠨᠡᠢᠲᠡ᠎ᠶ᠋ᠢᠨ ᠬᠠᠮᠢᠶᠠᠷᠤᠯᠲᠠ᠎ᠶ᠋ᠢᠨ ᠲᠦᠷᠦ᠍᠎ᠶ᠋ᠢᠨ ᠪᠤᠳᠤᠯᠭ᠎ᠠ᠎ᠶ᠋ᠢᠨ ᠳᠡᠭᠡᠳᠦ ᠬᠡᠮᠵᠢᠶᠡᠨ᠎ᠦ ᠲᠣᠭ᠍ᠲᠠᠪᠤᠷᠢᠲᠤ ᠴᠢᠨᠠᠷ ᠪᠣᠯᠤᠨ ᠲᠡᠦᠬᠡ᠎ᠶ᠋ᠢᠨ ᠦᠷᠭᠦᠯᠵᠢᠯᠡᠬᠦ᠌ ᠴᠢᠨᠠᠷ᠎ᠢ ᠪᠠᠲᠤᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠯᠠᠪᠳᠠᠭᠤᠨ᠎ᠢᠶᠠᠷ ᠤᠷᠤᠭᠰᠢᠯᠠᠬᠤ ᠵᠢ ᠠᠬᠢᠭᠤᠯᠬᠤ ᠶᠠᠪᠤᠳᠠᠯ ᠪᠣᠯᠤᠨ᠎ᠠ᠃ ᠡᠭᠦᠨ᠎ᠦ ᠬᠠᠮᠲᠤ᠂ ᠠᠷᠠᠳ ᠲᠦᠮᠡᠨ᠎ᠢᠶᠡᠷ ᠭᠤᠤᠯ ᠪᠣᠯᠭᠠᠬᠤ ᠲᠥᠷᠥ᠍ ᠪᠠᠷᠢᠬᠤ ᠣᠢᠯᠠᠭᠠᠭ᠍ᠳᠠᠬᠤᠨ ᠨᠢ ᠤᠯᠤᠰ᠎ᠤᠨ ᠲᠥᠷᠥ᠎ᠶ᠋ᠢᠨ ᠪᠣᠳᠣᠯᠭ᠎ᠠ᠎ᠶ᠋ᠢ ᠲᠣᠭ᠍ᠲᠠᠭᠠᠬᠤ ᠳᠤᠮᠳᠠ ᠭᠤᠤᠯᠯᠠᠬᠤ ᠪᠠᠢᠷᠢ᠎ᠶ᠋ᠢ ᠡᠵᠡᠯᠡᠵᠦ᠍᠂ ᠳᠤᠮᠳᠠᠳᠤ ᠤᠯᠤᠰ ᠨᠠᠷᠢᠯᠢᠭ ᠣᠨᠣᠪᠴᠢᠲᠠᠶ᠎ᠪᠠᠷ ᠶᠠᠳᠠᠭᠤ᠎ᠡᠴᠡ ᠠᠩᠭᠢᠵᠢᠷᠠᠭᠤᠯᠬᠤ᠂ ᠠᠷᠠᠳ᠎ᠤᠨ ᠠᠮᠢᠳᠤᠷᠠᠯ᠎ᠢ ᠪᠠᠲᠤᠯᠠᠬᠤ᠂ ᠰᠤᠷᠭᠠᠨ ᠬᠥᠮᠦᠵᠢᠯ ᠬᠢᠭᠡᠳ ᠡᠮᠴᠢᠯᠡᠭᠡᠨ᠎ᠦ ᠱᠢᠰᠲ᠋ᠧᠮ᠎ᠢ ᠲᠡᠭᠦᠯᠳᠡᠷᠵᠢᠭᠦᠯᠬᠦ᠌ ᠵᠡᠷᠭᠡ ᠬᠦᠷᠢᠶᠡᠨ᠎ᠳᠦ ᠢᠯᠡᠳᠲᠡ ᠠᠬᠢᠯᠲᠠ᠎ᠲᠠᠶ ᠪᠣᠯᠤᠭ᠍ᠰᠠᠨ ᠨᠢ ᠶᠠᠭ ᠠᠮᠢᠳᠤᠯᠢᠭ ᠵᠢᠱ᠌ᠢᠶ᠎ᠡ ᠪᠠᠷᠢᠮᠳᠠ ᠪᠤᠯᠤᠨ᠎ᠠ ᠭᠡᠵᠦ ᠢᠯᠡᠳᠭᠡᠪᠡ᠃
ᠲᠠᠵᠢᠺᠰᠲ᠋ᠠᠨ᠎ᠤ ᠤᠯᠤᠰ᠎ᠤᠨ ᠲᠧᠯᠸᠢᠰ ᠬᠣᠷᠢᠶ᠎ᠠ᠎ᠶᠢᠨ ᠤᠷᠤᠰ ᠬᠡᠯᠡᠨ᠎ᠦ ᠰᠣᠨᠢᠨ ᠮᠡᠳᠡᠭᠡᠨ᠎ᠦ ᠨᠠᠢᠷᠠᠭᠤᠯᠬᠤ ᠬᠡᠯᠲᠡᠰ᠎ᠦᠨ ᠡᠷᠬᠢᠯᠡᠭᠴᠢ ᠺᠠᠷᠢᠮ·ᠬᠠᠢ᠍ᠢᠳᠠᠷ ᠲᠦ᠍ ᠦᠭᠬᠦᠭᠰᠡᠨ ᠬᠠᠮᠤᠭ᠎ᠤᠨ ᠭᠦᠨ ᠰᠠᠭᠤᠭᠳᠠᠯ ᠨᠢ᠂ ᠲᠡᠷᠢᠭᠦᠯᠡᠭᠴᠢ ᠰᠢ᠎ᠶᠢᠨ ᠫᠢᠩ ᠢᠮᠠᠭᠲᠠ ᠠᠷᠠᠳ ᠲᠦᠮᠡᠨ᠎ᠦ ᠪᠤᠶᠠᠨ ᠵᠢᠷᠭᠠᠯ᠎ᠢ ᠠᠩᠬᠠᠷᠴᠤ᠂ ᠢᠮᠠᠭᠲᠠ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠪᠦᠲᠦᠭᠡᠨ ᠪᠠᠢᠭᠤᠯᠤᠯᠲᠠ᠎ᠶᠢ ᠠᠬᠢᠭᠤᠯᠬᠤ᠎ᠪᠠᠷ ᠴᠢᠷᠮᠠᠢᠭᠰᠠᠭᠠᠷ ᠢᠷᠡᠭᠰᠡᠨ ᠶᠠᠪᠤᠳᠠᠯ ᠪᠠᠢᠯ᠎ᠠ᠃ ᠲᠡᠷᠡ᠂ ᠳᠤᠮᠳᠠᠳᠤ ᠤᠯᠤᠰ ᠠᠷᠠᠳ᠎ᠤᠨ ᠠᠮᠢᠳᠤᠷᠠᠯ᠎ᠤᠨ ᠲᠦᠪᠰᠢᠨ᠎ᠢ ᠳᠡᠭᠡᠭᠰᠢᠯᠡᠭᠦᠯᠬᠦ᠂ ᠰᠠᠭᠤᠷᠢ ᠲᠥᠬᠦᠭᠡᠷᠦᠮᠵᠢ᠎ᠶᠢ ᠬᠥᠭᠵᠢᠭᠦᠯᠬᠦ ᠵᠢᠴᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠪᠣᠯᠣᠨ ᠰᠤᠷᠭᠠᠨ ᠬᠥᠮᠦᠵᠢᠯ ᠵᠡᠷᠭᠡ ᠲᠠᠯ᠎ᠠ᠎ᠪᠠᠷ ᠢᠯᠡᠷᠬᠡᠢ ᠠᠮᠵᠢᠯᠲᠠ ᠣᠯᠵᠤ᠂ ᠤᠯᠤᠰ᠎ᠤᠨ ᠪᠠᠢᠯᠳᠤᠬᠤ ᠪᠣᠳᠣᠯᠭ᠎ᠠ᠎ᠶᠢᠨ ᠲᠥᠯᠦᠪᠵᠢᠭᠦᠯᠭᠡ᠎ᠶᠢ ᠠᠷᠠᠳ ᠲᠦᠮᠡᠨ᠎ᠳᠦ ᠠᠰᠢᠭ᠋ ᠬᠦᠷᠲᠡᠭᠡᠬᠦ ᠦᠨᠡᠨ ᠪᠣᠳᠠᠲᠠᠢ ᠬᠥᠭᠵᠢᠯᠲᠡ᠎ᠶᠢᠨ ᠦᠷ᠎ᠡ ᠪᠦᠲᠦᠭᠡᠯ ᠪᠣᠯᠭᠠᠨ ᠤᠨᠳᠤᠤᠰᠢᠭᠤᠯᠵᠠᠢ ᠭᠡᠵᠤ ᠦᠵᠡᠪᠡ᠃
ᠮᠣᠰᠺᠸᠠ᠎ᠶᠢᠨ ᠤᠯᠤᠰ᠎ᠤᠨ ᠬᠡᠯᠡᠨ᠎ᠦ ᠶᠡᠬᠡ ᠰᠤᠷᠭᠠᠭᠤᠯᠢ ᠶᠢᠨ ᠳᠣᠷᠣᠨᠠᠳᠠᠬᠢᠨ ᠤ ᠡᠷᠳᠡᠮᠲᠡᠨ ᠰᠠᠢᠳ᠋·ᠭᠠᠹᠦ᠋ᠷᠤᠹ᠂ 《ᠰᠢᠨ᠎ᠡ ᠴᠠᠭ ᠦᠶ᠎ᠡ᠎ᠶᠢᠨ ᠲᠦᠷᠦ᠎ᠶᠢ ᠵᠠᠰᠠᠬᠤ ᠲᠤᠬᠠᠢ ᠪᠣᠳᠠᠲᠤ ᠲᠡᠮᠳᠡᠭᠯᠡᠯ》 ᠤ᠋ᠨ ᠨᠢᠭᠡᠳᠦᠭᠡᠷ ᠪᠣᠳᠢ᠎ᠳᠠᠬᠢ ᠲᠡᠷᠢᠭᠦᠯᠡᠭᠴᠢ ᠰᠢ᠎ᠶᠢᠨ ᠫᠢᠩ᠎ᠤᠨ ᠳᠤᠮᠳᠠᠳᠤ᠎ᠶᠢᠨ ᠵᠡᠭᠦᠳᠦ᠎ᠶᠢ ᠪᠡᠶᠡᠯᠡᠭᠦᠯᠬᠦ ᠲᠤᠬᠠᠢ ᠥᠭᠦᠯᠡᠯᠲᠡ ᠪᠠ ᠦᠢᠯᠡᠳᠦᠯᠭᠡ ᠵᠡᠷᠭᠡ ᠠᠭᠤᠯᠭ᠎ᠠ ᠨᠢ ᠬᠥᠮᠥᠰ᠎ᠦᠨ ᠠᠨᠭᠬᠠᠷᠤᠯᠢ ᠲᠠᠲᠠᠵᠤ ᠪᠠᠢᠨ᠎ᠠ᠃ ᠳᠤᠮᠳᠠᠳᠤ ᠵᠢᠨ ᠵᠡᠭᠦᠳᠦ ᠨᠢ ᠠᠷᠠᠳ ᠲᠦᠮᠡᠨ᠎ᠦ ᠵᠣᠯ ᠵᠢᠷᠭᠠᠯ ᠬᠢᠭᠡᠳ ᠤᠯᠤᠰ ᠣᠷᠣᠨ᠎ᠤ ᠪᠠᠶᠠᠨ ᠬᠦᠴᠦᠷᠬᠡᠭ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠬᠣᠭᠣᠷᠣᠨᠳᠣᠬᠢ ᠬᠠᠷᠢᠴᠠᠭ᠎ᠠ᠎ᠶᠢ ᠶᠠᠷᠢᠵᠤ᠂ ᠥᠷᠥᠨᠡᠳᠠᠬᠢᠨ᠎ᠤ ᠬᠢ᠎ᠲᠠᠢ ᠠᠳᠠᠯᠢ ᠦᠭᠡᠢ ᠨᠢᠭᠡ ᠵᠦᠢᠯ᠎ᠦᠨ 《ᠵᠣᠯ ᠵᠢᠷᠭᠠᠯ᠎ᠤᠨ ᠬᠦᠦᠷᠨᠢᠯ》 ᠢ᠋ ᠳᠡᠯᠡᠬᠡᠢ ᠳ᠋ᠠᠬᠢᠨ᠎ᠳᠤ ᠬᠠᠷᠠᠭᠤᠯᠤᠭᠰᠠᠨ ᠶᠤᠮ ᠭᠡᠵᠤ ᠢᠯᠡᠳᠭᠡᠪᠡ᠃
ᠰᠣᠷᠪᠤᠯᠵᠢᠯᠠᠭ᠎ᠠ ᠬᠦᠯᠢᠶᠡᠭᠰᠡᠨ ᠵᠠᠷᠢᠮ ᠲᠤᠰᠬᠠᠢ ᠮᠡᠷᠭᠡᠵᠢᠯᠲᠡᠳ᠂ ᠨᠣᠮ᠎ᠳᠤ ᠬᠠᠷᠠᠭᠤᠯᠤᠭᠰᠠᠨ ᠳᠤᠮᠳᠠᠳᠤ ᠤᠯᠤᠰ᠎ᠤᠨ ᠣᠶᠤᠨ ᠤᠬᠠᠭᠠᠨ ᠨᠢ ᠪᠤᠰᠤᠳ ᠤᠯᠤᠰ᠎ᠲᠤ ᠴᠢᠬᠤᠯᠠ ᠠᠴᠢ ᠬᠣᠯᠪᠣᠭᠳᠠᠯ᠎ᠲᠠᠢ ᠪᠠᠢᠳᠠᠭ᠎ᠤᠨ ᠭᠣᠣᠯ ᠰᠢᠯᠲᠠᠭᠠᠨ ᠨᠢ ᠲᠡᠭᠦᠨ᠎ᠦ ᠪᠥᠬᠥ ᠲᠠᠯᠠᠲᠤ ᠴᠢᠨᠠᠷ ᠪᠠ ᠪᠦᠲᠦᠮᠵᠢᠲᠦ ᠴᠢᠨᠠᠷ᠎ᠡᠴᠡ ᠪᠣᠯᠤᠭᠰᠠᠨ ᠶᠤᠮ ᠬᠡᠵᠦ ᠢᠯᠡᠳᠬᠡᠵᠡᠭᠡᠪᠡ᠃ ᠰᠠᠨᠲ ᠫᠸᠲᠸᠷᠪᠦᠷᠡᠭᠤᠨ ᠤᠯᠤᠰ᠎ᠤᠨ ᠠᠵᠤ ᠠᠬᠤᠢ᠎ᠶᠢᠨ ᠶᠡᠬᠡ ᠰᠤᠷᠭᠠᠭᠤᠯᠢ᠎ᠶᠢᠨ ᠵᠠᠬᠢᠷᠤᠯ ᠢᠭᠦᠷ·ᠮᠠᠺᠰᠸᠢᠮᠴᠸᠹ ᠰᠢᠨᠬᠤᠸᠠ ᠬᠣᠷᠢᠶ᠎ᠡ ᠵᠢᠨ ᠰᠤᠷᠪᠤᠯᠵᠢᠯᠠᠭ᠍ᠴᠢ᠎ᠳᠤ ᠬᠡᠯᠡᠬᠦ᠎ᠳᠡᠭᠡᠨ᠂ 《ᠰᠢᠨ᠎ᠡ ᠴᠠᠭ ᠦᠶ᠎ᠡ᠎ᠶᠢᠨ ᠲᠦᠷᠦ᠎ᠶᠢ ᠵᠠᠰᠠᠬᠤ ᠲᠤᠬᠠᠢ ᠪᠣᠳᠠᠲᠤ ᠲᠡᠮᠳᠡᠭᠯᠡᠯ》 ᠤ᠋ᠨ ᠨᠢᠭᠡᠳᠦᠭᠡᠷ ᠪᠣᠳᠢ᠎ᠳᠤ ᠳ᠋ᠦᠩᠨᠡᠭᠰᠡᠨ᠎ᠲᠠᠢ ᠠᠳᠠᠯᠢ᠎ᠪᠠᠷ᠂ ᠳᠤᠮᠳᠠᠳᠤ ᠤᠯᠤᠰ ᠪᠦᠬᠦ ᠪᠥᠮᠪᠥᠷᠴᠡᠭ᠎ᠦᠨ ᠲᠤᠷᠰᠢᠯᠭ᠎ᠠ᠎ᠶᠢ ᠥᠷᠭᠡᠨ᠎ᠢᠶᠡᠷ ᠰᠢᠩᠭᠡᠬᠡᠨ ᠠᠪᠬᠤ᠎ᠶᠢᠨ ᠬᠠᠮᠲᠤ᠂ ᠲᠤᠰ ᠤᠯᠤᠰ᠎ᠤᠨ᠎ᠢᠶᠠᠨ ᠤᠯᠤᠰ᠎ᠤᠨ ᠪᠠᠢᠳᠠᠯ᠎ᠳᠤ ᠰᠠᠭᠤᠷᠢᠯᠠᠵᠤ᠂ ᠤᠯᠠᠮᠵᠢᠯᠠᠯᠲᠤ ᠰᠣᠶᠣᠯ᠎ᠳᠤ ᠦᠨᠳᠦᠰᠦᠯᠡᠵᠦ᠂ ᠴᠢᠨᠠᠷ ᠰᠠᠢᠲᠠᠢ ᠬᠥᠭᠵᠢᠯᠲᠡ᠎ᠶᠢ ᠡᠷᠢᠯᠬᠢᠯᠡᠵᠦ᠂ ᠠᠷᠠᠳ ᠲᠦᠮᠡᠨ᠎ᠦ ᠪᠤᠶᠠᠨ ᠵᠢᠷᠭᠠᠯ᠎ᠢ ᠪᠣᠳᠣᠯᠬᠢᠯᠠᠵᠤ ᠪᠠᠢᠨ᠎ᠠ᠂ ᠡᠢᠮᠦᠷᠬᠦᠦ ᠬᠥᠭᠵᠢᠯᠲᠡ᠎ᠶᠢᠨ ᠵᠠᠮ ᠪᠣᠯᠣᠨ ᠲᠦᠷᠦ᠎ᠶᠢ ᠵᠠᠰᠠᠬᠤ ᠣᠢᠯᠠᠭᠠᠭᠳᠠᠬᠤᠨ ᠨᠢ ᠤᠷᠤᠰ᠎ᠲᠤ ᠠᠪᠴᠤ ᠬᠡᠯᠡᠪᠡᠯ ᠮᠠᠰᠢ ᠲᠠᠲᠠᠬᠤ ᠬᠦᠴᠦᠨ᠎ᠲᠠᠢ᠂ ᠭᠦᠨᠵᠡᠭᠡᠢ ᠰᠤᠳᠤᠯᠤᠭᠤᠰᠢᠲᠠᠢ ᠶᠤᠮ ᠭᠡᠪᠡ᠃
《ᠺᠠᠽᠠᠭᠰᠲ᠋ᠠᠨ᠎ᠤ ᠠᠵᠤ ᠦᠢᠯᠡᠰ᠎ᠦᠨ ᠰᠣᠨᠢᠨ》 ᠤ᠋ ᠶᠡᠷᠦᠩᠬᠡᠢ ᠨᠠᠢᠷᠠᠭᠤᠯᠤᠭ᠍ᠴᠢ ᠰᠢᠶᠸᠷᠢᠺ·ᠺᠥ᠍ᠷᠽᠦᠢ᠍ᠮᠪᠠᠶᠸᠹ᠂ 《ᠰᠢᠨ᠎ᠡ ᠴᠠᠭ ᠦᠶ᠎ᠡ᠎ᠶᠢᠨ ᠲᠦᠷᠦ᠎ᠶᠢ ᠵᠠᠰᠠᠬᠤ ᠪᠣᠳᠠᠲᠤ ᠲᠡᠮᠳᠡᠭᠯᠡᠯ》 ᠤ᠋ᠨ ᠨᠢᠭᠡᠳᠦᠭᠡᠷ ᠪᠣᠳᠢ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠬᠤ ᠦᠢᠯᠡᠳᠦᠯ ᠵᠢᠴᠢ ᠪᠠᠢᠯᠳᠤᠬᠤ ᠪᠣᠳᠣᠯᠭ᠎ᠠ᠎ᠶᠢᠨ ᠲᠥᠯᠦᠪᠵᠢᠭᠦᠯᠭᠡ᠂ ᠬᠥᠮᠥᠨ᠎ᠢᠶᠡᠷ ᠦᠨᠳᠦᠰᠦ ᠪᠣᠯᠭᠠᠬᠤ᠂ ᠥᠭᠡᠷᠡᠴᠢᠯᠡᠯᠲᠡ᠎ᠶᠢ ᠭᠦᠨᠵᠡᠭᠡᠢᠷᠡᠭᠦᠯᠬᠦ ᠪᠠ ᠲᠦᠪ ᠶᠤᠰᠤ ᠵᠢ ᠪᠠᠷᠢᠮᠲᠠᠯᠠᠨ ᠰᠢᠨ᠎ᠡ᠎ᠶᠢ ᠡᠭᠦᠳᠬᠦ ᠵᠡᠷᠭᠡ ᠰᠢᠰᠲᠧᠮᠲᠦ ᠴᠢᠨᠠᠷᠲᠠᠢ ᠵᠠᠰᠠᠯᠲᠠ᠎ᠶᠢᠨ ᠣᠢᠯᠠᠭᠠᠭᠳᠠᠬᠤᠨ᠎ᠢ ᠣᠨᠴᠠᠭᠠᠢᠯᠠᠨ ᠴᠢᠬᠤᠯᠠᠴᠢᠯᠠᠪᠠ᠃ ᠲᠡᠷᠡ ᠨᠢ ᠨᠢᠭᠡ ᠤᠯᠤᠰ ᠬᠡᠷᠬᠢᠨ ᠪᠡᠶ᠎ᠡ᠎ᠪᠡᠨ ᠳᠠᠭᠠᠭᠠᠵᠤ ᠡᠵᠡᠨ ᠮᠡᠳᠡᠬᠦ᠂ ᠦᠷᠭᠦᠯᠵᠢᠯᠡᠬᠦ ᠪᠦᠬᠦᠢ ᠪᠠᠢᠭᠤᠯᠤᠯ᠎ᠤᠨ ᠪᠠᠲᠤᠯᠠᠭ᠎ᠠ ᠪᠣᠯᠣᠨ ᠤᠷᠳᠤ ᠬᠤᠭᠤᠴᠠᠭᠠᠨ᠎ᠤ ᠲᠥᠯᠦᠪᠵᠢᠭᠦᠯᠭᠡ᠎ᠳᠦ ᠲᠦᠰᠢᠭᠯᠡᠨ ᠥᠪᠡᠷ᠎ᠦᠨ ᠪᠡᠶ᠎ᠡ᠎ᠳᠡᠭᠡᠨ ᠲᠣᠬᠢᠷᠠᠬᠤ ᠣᠳᠣᠬᠢᠴᠢᠯᠠᠯᠲᠠ᠎ᠶᠢᠨ ᠵᠠᠮ᠎ᠢ ᠬᠠᠢᠨ ᠰᠦᠪᠡᠭᠴᠢᠯᠡᠬᠦ᠎ᠶᠢ ᠬᠠᠷᠠᠭᠤᠯᠤᠭᠰᠠᠨ ᠪᠠᠢᠨ᠎ᠠ᠂ ᠡᠨᠡ ᠨᠢ ᠺᠠᠽᠠᠭᠰᠲ᠋ᠠᠨ᠎ᠳᠤ ᠴᠢᠬᠤᠯᠠ ᠰᠡᠩᠬᠡᠷᠡᠭᠦᠯᠦᠯ᠎ᠦᠨ ᠠᠴᠢ ᠬᠣᠯᠪᠣᠭᠳᠠᠯ᠎ᠲᠠᠢ ᠶᠤᠮ ᠭᠡᠪᠡ᠃
ᠠᠽᠧᠷᠪᠠᠶ᠋ᠢᠵᠠᠨ᠎ᠤ ᠳᠤᠮᠳᠠᠳᠤ ᠤᠯᠤᠰ᠎ᠤᠨ ᠰᠠᠨᠠᠭᠠᠴᠢᠯᠠᠭ᠎ᠠ᠂ ᠬᠥᠭᠵᠢᠯᠲᠡ ᠪᠠ ᠰᠣᠶᠣᠯ᠎ᠤᠨ ᠰᠤᠳᠤᠯᠭᠠᠨ᠎ᠤ ᠲᠥᠪ᠎ᠦᠨ ᠡᠷᠬᠢᠯᠡᠭᠴᠢ ᠡᠸᠮᠢᠨ·ᠭᠠᠰᠸᠢᠮᠤᠹ 《ᠰᠢᠨ᠎ᠡ ᠴᠠᠭ ᠦᠶ᠎ᠡ᠎ᠶᠢᠨ ᠲᠦᠷᠦ᠎ᠶᠢ ᠵᠠᠰᠠᠬᠤ ᠲᠤᠬᠠᠢ ᠪᠣᠳᠠᠲᠤ ᠲᠡᠮᠳᠡᠭᠯᠡᠯ》 ᠤ᠋ᠨ ᠨᠢᠭᠡᠳᠦᠭᠡᠷ ᠪᠣᠳᠢ᠎ᠶᠢᠨ ᠤᠷᠤᠰ ᠬᠡᠯᠡᠨ᠎ᠦ ᠬᠡᠪᠯᠡᠯ᠎ᠢ ᠤᠩᠰᠢᠭ᠍ᠰᠠᠨᠤ ᠳᠠᠷᠠᠭ᠎ᠠ᠂ ᠲᠤᠰ ᠨᠣᠮ᠎ᠳᠤ ᠨᠢᠭᠡᠨ ᠲᠣᠳᠣᠷᠬᠠᠢ ᠭᠣᠣᠯ ᠰᠡᠳᠦᠪ ᠲᠤᠭᠤᠰᠢᠯᠠᠭᠳᠠᠵᠤ ᠪᠤᠢ᠂ ᠲᠡᠷᠡ ᠨᠢ ᠳᠠᠷᠤᠢ ᠲᠡᠷᠢᠭᠦᠯᠡᠭᠴᠢ ᠰᠢ᠎ᠶᠢᠨ ᠫᠢᠩ ᠳᠤᠮᠳᠠᠳᠤ ᠤᠯᠤᠰ᠎ᠤᠨ ᠠᠷᠠᠳ ᠲᠦᠮᠡᠨ᠎ᠢ ᠳᠠᠭᠠᠭᠤᠯᠤᠨ ᠠᠵᠤ ᠠᠬᠤᠢ᠂ ᠨᠡᠢᠭᠡᠮ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠂ ᠰᠣᠶᠣᠯ᠂ ᠠᠮᠢ ᠠᠬᠤᠢ ᠵᠡᠷᠭᠡ ᠡᠯ᠎ᠡ ᠲᠠᠯ᠎ᠠ᠎ᠶᠢᠨ ᠪᠦᠬᠦ ᠲᠠᠯ᠎ᠠ᠎ᠶᠢᠨ ᠣᠳᠣᠬᠢᠴᠢᠯᠠᠯᠲᠠ᠎ᠶᠢ ᠪᠡᠶᠡᠯᠡᠭᠦᠯᠬᠦ ᠶᠠᠪᠤᠳᠠᠯ ᠪᠣᠯᠣᠨ᠎ᠠ᠃ ᠠᠽᠧᠷᠪᠠᠶ᠋ᠢᠵᠠᠨ ᠵᠡᠷᠭᠡ ᠤᠯᠤᠰ᠎ᠲᠤ ᠠᠪᠴᠤ ᠬᠡᠯᠡᠪᠡᠯ᠂ ᠳᠤᠮᠳᠠᠳᠤ ᠤᠯᠤᠰ᠎ᠤᠨ ᠲᠤᠷᠰᠢᠯᠭ᠎ᠠ᠎ᠶᠢ ᠪᠦᠲᠦᠭᠡᠯᠴᠢ᠎ᠪᠡᠷ ᠰᠤᠷᠤᠯᠴᠠᠬᠤ ᠪᠠ ᠲᠤᠯᠢ ᠪᠤᠯᠭᠠᠬᠤ ᠨᠢ ᠲᠤᠩ ᠴᠢᠬᠤᠯᠠ ᠶᠤᠮ ᠭᠡᠵᠦ ᠦᠵᠡᠪᠡ᠃
ᠪᠸᠯᠤᠷᠦᠢ᠍ᠰᠢᠶᠠ ᠵᠢᠨ ᠪᠠᠢᠯᠳᠤᠬᠤ ᠪᠣᠳᠣᠯᠭ᠎ᠠ᠎ᠶᠢᠨ ᠰᠤᠳᠤᠯᠭᠠᠨ᠎ᠤ ᠭᠠᠵᠠᠷ᠎ᠤᠨ ᠵᠠᠳᠠᠯᠤᠭ᠍ᠴᠢ ᠠᠨᠨᠠᠰᠲ᠋ᠠᠰᠢᠶᠠ·ᠰᠠᠸᠢᠨᠺᠾ᠂ ᠲᠤᠰ ᠨᠣᠮ᠎ᠢ ᠤᠩᠰᠢᠪᠠᠯ ᠳᠡᠯᠡᠬᠡᠢ ᠳ᠋ᠠᠬᠢᠨ᠎ᠳᠤ ᠳᠤᠮᠳᠠᠳᠤ ᠤᠯᠤᠰ᠎ᠤᠨ ᠬᠥᠭᠵᠢᠯᠲᠡ᠎ᠶᠢᠨ ᠵᠠᠮ᠎ᠢ ᠨᠡᠩ ᠰᠠᠢᠨ ᠣᠢᠯᠠᠭᠠᠭᠤᠯᠵᠤ ᠴᠢᠳᠠᠨ᠎ᠠ᠃ 《ᠲᠡᠷᠡ ᠨᠢ ᠬᠡᠢᠰᠪᠦᠷᠢ ᠦᠵᠡᠯ ᠰᠠᠨᠠᠭᠠᠨ᠎ᠤ ᠥᠭᠦᠯᠡᠯᠲᠡ᠎ᠳᠦ ᠯᠡ ᠬᠢᠵᠠᠭᠠᠷᠯᠠᠭᠳᠠᠬᠤ ᠪᠢᠰᠢ᠂ ᠬᠠᠷᠢᠨ ᠪᠣᠳᠠᠲᠦ ᠦᠢᠯᠡᠳᠦᠯᠭᠡ ︱ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠰᠢᠪᠲᠤᠯᠬᠤ᠂ ᠠᠵᠤ ᠦᠢᠯᠡᠰ᠎ᠦᠨ ᠣᠳᠣᠬᠢᠴᠢᠯᠠᠯᠲᠠ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠥᠭᠵᠢᠯᠲᠡ᠂ ᠨᠠᠮ᠎ᠢ ᠴᠢᠩᠭ᠎ᠠ ᠵᠠᠰᠠᠬᠤ᠂ ᠭᠠᠳᠠᠭᠠᠳᠤ ᠬᠠᠷᠢᠯᠴᠠᠭᠠᠨ᠎ᠤ ᠠᠵᠢᠯᠯᠠᠭ᠎ᠠ ᠵᠡᠷᠭᠡ᠎ᠪᠡᠷ ᠳᠤᠮᠳᠠᠳᠤ ᠤᠯᠤᠰ᠎ᠤᠨ ᠵᠠᠰᠠᠯᠲᠠ᠎ᠶᠢᠨ ᠣᠢᠯᠠᠭᠠᠭᠳᠠᠬᠤᠨ ᠪᠣᠯᠣᠨ ᠵᠠᠰᠠᠯᠲᠠ᠎ᠶᠢᠨ ᠦᠷ᠎ᠡ ᠪᠦᠲᠦᠮᠵᠢ᠎ᠶᠢ ᠬᠠᠷᠠᠭᠤᠯᠪᠠ》 ᠭᠡᠵᠤ ᠦᠵᠡᠪᠡ᠃ ᠰᠠᠸᠢᠨᠺᠾ᠂ ᠡᠨᠡ ᠨᠢ ᠭᠠᠳᠠᠭᠠᠳᠤ᠎ᠶᠢᠨ ᠤᠩᠰᠢᠭ᠍ᠴᠢᠳ᠎ᠲᠤ ᠳᠤᠮᠳᠠᠳᠤ ᠤᠯᠤᠰ ᠶᠠᠭᠤᠨ᠎ᠤ ᠤᠴᠢᠷ᠎ᠡᠴᠡ ᠪᠠᠢᠯᠳᠤᠬᠤ ᠪᠣᠳᠣᠯᠭ᠎ᠠ᠎ᠶᠢᠨ ᠲᠥᠯᠦᠪᠵᠢᠭᠦᠯᠭᠡ᠂ ᠲᠦᠷᠦ᠎ᠶᠢᠨ ᠪᠣᠳᠣᠯᠭ᠎ᠠ᠎ᠶᠢᠨ ᠦᠷᠭᠦᠯᠵᠢᠯᠡᠬᠦ ᠴᠢᠨᠠᠷ ᠪᠣᠯᠣᠨ ᠰᠣᠶᠣᠯ᠎ᠤᠨ ᠮᠡᠳᠡᠷᠡᠮᠵᠢ᠎ᠶᠢ ᠡᠢᠨ ᠬᠦ᠌ ᠴᠢᠬᠤᠯᠠᠴᠢᠯᠠᠵᠤ ᠪᠠᠢᠬᠤ᠎ᠶᠢ ᠣᠢᠯᠠᠭᠠᠬᠤ᠎ᠳᠤ ᠬᠠᠪᠰᠤᠷᠤᠮᠵᠢ ᠪᠣᠯᠬᠤ ᠶᠤᠮ ᠭᠡᠵᠡᠢ᠃
( ᠱᠢᠨᠬᠤᠸᠠ ᠬᠤᠷᠢᠶ᠎ᠠ ᠵᠢᠨ ᠰᠠᠨᠲ ᠫᠸᠲ᠋ᠸᠷᠪᠦ᠋ᠷᠡᠭ᠎ᠤᠨ 6 ᠰᠠᠷ᠎ᠠ᠎ᠶ᠋ᠢᠨ 5 ᠤ᠋ ᠴᠠᠬᠢᠯᠭᠠᠨ ᠮᠡᠳᠡᠭᠡ)