ᠰᠢᠪᠠᠭᠤᠳ ᠦᠨᠳᠡᠬᠡᠯᠡᠵᠤ ᠬᠦᠷᠦᠬᠡᠰᠤ ᠰᠢᠪᠡᠬᠡᠯᠡᠭᠰᠡᠨ ᠪᠠᠶᠬᠠᠤᠪᠤᠭ᠎ᠠ
2026-06-08 10:04:44
ᠵᠣᠬᠢᠶᠠᠭ᠍ᠴᠢ᠄
ᠰᠡᠴᠡᠩᠭᠤᠸ᠎ᠠ ᠭᠦ᠋ ᠵᠢᠶᠦ᠋ᠨ ᠹᠧᠩ
ᠣᠩᠱᠢᠭ᠍ᠰᠠᠨ ᠣᠳᠠᠭ᠎ᠠ᠄
★★★☆☆

ᠤᠯᠠᠭᠠᠨᠬᠠᠳᠠ ᠵᠢᠨ ᠮᠡᠳᠡᠭᠡ  ᠲᠠᠬᠡᠯᠡᠢ ᠰᠢᠪᠠᠭᠤᠳ ᠡᠬᠦᠷ ᠪᠠᠷᠢᠵᠤ ᠦᠨᠳᠡᠬᠡᠯᠡᠨ᠎ᠠ᠂ ᠪᠤᠭᠤ ᠬᠦᠷᠦᠬᠡᠰᠤ ᠬᠤᠷᠭᠤᠳᠠᠨ ᠬᠦᠶᠦᠯᠳᠦᠵᠤ ᠰᠢᠪᠡᠬᠡᠯᠡᠨ᠎ᠠ᠃ ᠤᠢᠷ᠎ᠠ ᠵᠢᠨ ᠵᠢᠯ ᠳ᠋ᠤ᠂ ᠤᠯᠠᠭᠠᠨᠬᠠᠳᠠ ᠬᠤᠲᠠ ᠵᠢᠨ ᠪᠠᠶᠬᠠᠤᠪᠤᠭ᠎ᠠ ᠤᠯᠤᠰ ᠤ᠋ᠨ ᠲᠠᠰ ᠤ᠋ᠨ ᠪᠠᠢᠭᠠᠯᠢ ᠵᠢᠨ ᠬᠠᠮᠠᠭᠠᠯᠠᠯᠲᠠ ᠵᠢᠨ ᠣᠷᠣᠨ ᠤ᠋ ᠠᠮᠢ ᠠᠬᠤᠶ ᠣᠷᠴᠢᠨ ᠲᠣᠭᠤᠷᠢᠨ ᠦᠷᠭᠦᠯᠵᠢᠯᠡᠨ ᠰᠠᠢᠵᠢᠷᠠᠵᠤ᠂ ᠠᠮᠢᠳᠤ ᠪᠣᠳᠠᠰ ᠤ᠋ᠨ ᠣᠯᠠᠨ ᠶᠠᠩᠵᠤᠲᠤ ᠴᠢᠨᠠᠷ ᠢ᠋ ᠬᠠᠮᠠᠭᠠᠯᠠᠬᠤ ᠠᠵᠢᠯ ᠢᠯᠡᠳᠲᠡ ᠦᠷ᠎ᠡ ᠪᠦᠲᠦᠮᠵᠢ ᠤᠯᠵᠤ᠂ ᠴᠠᠭᠠᠨ ᠳᠡᠭᠡᠯᠡᠶ᠂ ᠬᠥᠬᠡ ᠳᠡᠭᠡᠯᠡᠶ ᠂ ᠬᠤᠨ ᠭᠠᠯᠠᠭᠤ ᠂ ᠲᠤᠷᠤᠭ ᠪᠤᠭᠤ᠂ ᠪᠣᠷᠣ ᠭᠥᠷᠥᠭᠡᠰᠦ ᠵᠡᠷᠭᠡ ᠣᠯᠠᠨ ᠲᠦᠷᠦᠯ ᠤ᠋ᠨ ᠬᠡᠭᠡᠷ᠎ᠡ ᠵᠢᠨ ᠠᠮᠢᠲᠠᠨ ᠵᠢᠭᠦᠷᠳᠡᠨ ᠤ᠋ ᠪᠠᠷ᠎ᠠ ᠪᠠᠢᠩᠭᠤ ᠬᠠᠷᠠᠭᠳᠠᠬᠤ ᠪᠤᠯᠵᠠᠢ᠃

ᠪᠠᠶᠬᠠᠤᠪᠤᠭ᠎ᠠ ᠤᠯᠤᠰ ᠤ᠋ᠨ ᠲᠠᠰ ᠤ᠋ᠨ ᠪᠠᠢᠭᠠᠯᠢ ᠵᠢᠨ ᠬᠠᠮᠠᠭᠠᠯᠠᠯᠲᠠ ᠵᠢᠨ ᠣᠷᠣᠨ  ᠨᠢ ᠤᠯᠠᠭᠠᠨᠬᠠᠳᠠ ᠬᠤᠲᠠ ᠵᠢᠨ ᠬᠡᠰᠢᠭᠳᠡᠨ ᠬᠤᠰᠢᠭᠤᠨ ᠤ᠋ ᠣᠶ ᠰᠢᠭᠤᠶ ᠬᠢᠭᠡᠳ ᠨᠤᠲᠤᠭ ᠪᠡᠯᠴᠢᠭᠡᠷ ᠰᠣᠯᠪᠢᠴᠠᠭᠰᠠᠨ ᠪᠦᠰᠡ ᠳ᠋ᠤ ᠤᠷᠤᠰᠢᠵᠤ᠂ ᠵᠡᠭᠦᠨ ᠠᠽᠢᠶ᠎ᠠ — ᠠᠦ᠋ᠰᠲᠷᠠᠯᠢᠶ᠎ᠠ ᠵᠢᠨ ᠨᠡᠭᠦᠳᠡᠯ ᠤ᠋ᠨ ᠰᠢᠪᠠᠭᠤᠳ ᠤ᠋ᠨ ᠠᠶᠠᠨ ᠤ᠋ ᠵᠠᠮ ᠳ᠋ᠡᠬᠢ ᠨᠢᠭᠡᠨ ᠴᠢᠬᠤᠯᠠ ᠥᠷᠲᠡᠭᠡ ᠪᠤᠯᠤᠨ᠎ᠠ᠃ ᠠᠳᠡᠭᠢ ᠥᠪᠡᠷᠮᠢᠴᠡ ᠤᠨᠴᠠᠯᠢᠭᠳᠤ ᠠᠮᠢ ᠠᠬᠤᠶ ᠣᠷᠴᠢᠨ ᠲᠣᠭᠤᠷᠢᠨ ᠨᠢ ᠬᠡᠭᠡᠷ᠎ᠡ ᠵᠢᠨ ᠠᠮᠢᠲᠠᠨ ᠵᠢᠭᠦᠷᠳᠡᠨ ᠤ᠋ ᠣᠷᠣᠰᠢᠨ ᠠᠮᠢᠳᠤᠷᠠᠬᠤ ᠪᠠ ᠦᠷᠡᠵᠢᠨ ᠲᠦᠯᠵᠢᠬᠦ ᠳ᠋ᠤ ᠲᠤᠬᠢᠷᠠᠮᠵᠢᠳᠠᠢ ᠨᠦᠭᠦᠴᠡᠯ ᠢ᠋ ᠭᠦᠢᠴᠡᠳ ᠪᠦᠷᠢᠯᠳᠦᠭᠦᠯᠵᠡᠢ᠃ ᠪᠠᠶᠬᠠᠣᠪᠣᠭ᠎ᠠ ᠪᠠᠢᠭᠠᠯᠢ ᠵᠢᠨ ᠬᠠᠮᠠᠭᠠᠯᠠᠯᠲᠠ ᠵᠢᠨ ᠣᠷᠣᠨ ᠤ᠋ ᠬᠠᠮᠢᠶᠠᠷᠤᠯᠲᠠ ᠵᠢᠨ ᠲᠣᠪᠴᠢᠶ᠎ᠠ ᠠᠮᠢ ᠠᠬᠤᠶ ᠵᠢᠨ ᠬᠠᠮᠠᠭᠠᠯᠠᠯᠲᠠ ᠵᠢᠨ ᠬᠤᠷᠢᠭ᠎ᠠ ᠱᠤᠭᠤᠮ ᠢ᠋ ᠢᠮᠠᠭᠲᠠ ᠪᠠᠲᠤ ᠰᠠᠬᠢᠵᠤ᠂ ᠪᠥᠬᠦ ᠬᠡᠯᠬᠢᠶ᠎ᠡ ᠵᠢᠨ ᠬᠠᠮᠠᠭᠠᠯᠠᠯᠲᠠ ᠵᠢᠨ ᠠᠵᠢᠯ ᠢ᠋ ᠲᠠᠰᠤᠷᠠᠯᠲᠠ ᠥᠬᠡᠶ ᠴᠢᠩᠭᠠᠳᠬᠠᠭᠰᠠᠨ ᠵᠢᠡᠷ ᠬᠠᠮᠠᠭᠠᠯᠠᠯᠲᠠ ᠵᠢᠨ ᠣᠷᠣᠨ ᠤ᠋ ᠨᠤᠭᠤ ᠭᠠᠵᠠᠷ᠂ ᠣᠢᠲᠤ ᠭᠠᠵᠠᠷ᠂ ᠨᠤᠲᠤᠭ ᠪᠡᠯᠴᠢᠭᠡᠷ ᠤ᠋ᠨ ᠠᠮᠢ ᠠᠬᠤᠶ ᠵᠢᠨ ᠰᠢᠰᠲ᠋ᠧᠮ ᠶᠠᠪᠤᠬᠤ ᠲᠤᠲᠤᠮ ᠰᠠᠢᠵᠢᠷᠠᠵᠦ᠂ ᠬᠡᠭᠡᠷ᠎ᠡ ᠵᠢᠨ ᠠᠮᠢᠲᠠᠨ ᠵᠢᠭᠦᠷᠳᠡᠨ ᠤ᠋ ᠲᠦᠷᠦᠯ ᠵᠦᠢᠯ ᠵᠢᠴᠢ ᠲᠦᠷᠰᠤ ᠵᠢᠨ ᠰᠦᠷᠦᠭ ᠤ᠋ᠨ ᠲᠤᠭ᠎ᠠ ᠨᠢ ᠲᠣᠭᠲᠠᠭᠤᠨ ᠵᠢᠠᠷ ᠨᠡᠮᠡᠭᠳᠡᠵᠦ᠂ ᠣᠷᠣᠨ ᠪᠦᠰᠡ ᠵᠢᠨ ᠠᠮᠢ ᠠᠬᠤᠶ ᠣᠷᠴᠢᠨ ᠲᠣᠭᠤᠷᠢᠨ ᠦᠷᠭᠦᠯᠵᠢᠯᠡᠨ ᠰᠠᠢᠵᠢᠷᠠᠭᠰᠠᠨ ᠪᠠᠢᠨ᠎ᠠ᠃



ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号