《 ᠬᠤᠤᠰ ᠵᠠᠭᠤᠨ ᠲᠦᠮᠡᠨ ᠮᠦ᠍ 》 ᠡᠴᠡ ᠬᠤᠤᠰ ᠦᠷ᠎ᠡ ᠠᠰᠢᠭ ᠬᠦᠷᠳᠡᠨ᠎ᠠ
2026-06-08 10:26:39
ᠵᠣᠬᠢᠶᠠᠭ᠍ᠴᠢ᠄
ᠼᠠᠢ ᠬᠤᠡᠭ ᠢᠳᠡᠷᠡᠭᠦᠨ ᠪᠤᠤ ᠴᠢᠡᠭ ᠱᠸᠡᠭ ᠨᠠᠢᠷᠠᠭ
ᠣᠩᠱᠢᠭ᠍ᠰᠠᠨ ᠣᠳᠠᠭ᠎ᠠ᠄
★★★☆☆

ᠵᠤᠨ ᠤ᠋ ᠡᠬᠢᠨ ᠰᠠᠷ᠎ᠠ ᠶ᠋ᠢᠨ ᠲᠦᠡᠭᠯᠢᠶᠤᠤ ᠬᠤᠲᠠ ᠶ᠋ᠢᠨ ᠬᠤᠷᠴᠢᠨ ᠵᠡᠭᠦᠨ ᠭᠠᠷᠤᠨ ᠬᠤᠢᠲᠤ ᠬᠤᠰᠢᠭᠤᠨ ᠤ᠋ ᠡᠯᠡᠰᠦᠷᠭᠡᠭ ᠭᠠᠵᠠᠷ ᠤ᠋ᠨ 《ᠬᠤᠤᠰ ᠵᠠᠭᠤᠨ ᠲᠦᠮᠡᠨ ᠮᠦ᠍ 》 ᠶ᠋ᠢᠨ ᠶᠡᠷᠦᠡᠭᠬᠡᠢᠯᠡᠨ ᠵᠠᠰᠠᠬᠤ ᠢᠨᠵᠸᠨ᠋ᠸᠷᠢᠡᠭ ᠤ᠋ᠨ ᠨᠤᠭᠤᠰᠤᠲᠠᠢ ᠶ᠋ᠢᠨ ᠲᠦᠷᠦᠯ ᠵᠦᠢᠯ ᠤ᠋ᠨ ᠤᠷᠤᠨ ᠳ᠋ᠦ ᠬᠠᠢᠯᠠᠷ ᠨᠠᠷᠠᠰᠤ᠂ ᠨᠠᠷᠠᠰᠤ᠂ ᠪᠠᠲᠤᠴᠠᠭᠠᠨ ᠨᠤᠮᠢᠨ ᠲᠤᠯᠭᠢᠶ᠎ᠡ ᠬᠠᠶᠠᠯᠠᠨ᠂ ᠨᠠᠭᠤᠷ ᠤ᠋ᠨ ᠤᠰᠤ ᠨᠢ ᠮᠡᠯᠮᠡᠯᠵᠡᠨ ᠦᠵᠡᠰᠭᠦᠯᠡᠡᠭᠲᠦ ᠰᠠᠢᠬᠠᠨ ᠠᠮᠢ ᠠᠬᠤᠢ ᠶ᠋ᠢᠨ ᠵᠢᠷᠤᠭ ᠳᠡᠯᠭᠡᠭᠳᠡᠨ᠎ᠡ᠃


QQ20260608-095301.png


ᠰᠡᠳᠬᠢᠯ  ᠰᠡᠷᠭᠦᠭᠡᠮ᠎ᠡ  ᠰᠠᠢᠬᠠᠨ ᠦᠵᠡᠮᠵᠢ


ᠣᠷᠳᠣ ᠬᠤᠭᠤᠴᠠᠭᠠᠨ ᠤ᠋ ᠲᠤᠷᠰᠢ᠂ ᠬᠣᠷᠴᠢᠨ ᠵᠡᠭᠦᠨ ᠭᠠᠷᠤᠨ ᠬᠣᠢᠲᠤ ᠬᠣᠱᠢᠭᠤ᠎ᠵᠢᠨ ᠬᠢᠨ ᠠᠮᠢ ᠠᠬᠤᠶ ᠶ᠋ᠢ ᠤᠷᠢᠳ ᠵᠢᠡᠷ ᠪᠤᠳᠤᠯᠬᠢᠯᠠᠬᠤ ᠪᠣᠬᠢᠷᠲᠤᠯ ᠥᠬᠡᠶ ᠬᠥᠭ᠌ᠵᠢᠭᠦᠯᠬᠦ ᠪᠡᠷ ᠤᠳᠤᠷᠢᠳᠤᠮᠵᠢ ᠪᠣᠯᠭᠠᠨ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶ᠋ᠢ ᠨᠢᠭᠡ ᠴᠤᠭᠴᠠᠵᠢᠭᠤᠯᠤᠨ ᠱᠢᠰᠲ᠋ᠧᠮ᠎ᠲᠡᠶ ᠵᠠᠰᠠᠵᠦ᠍᠂ 《ᠤᠮᠠᠷᠠᠲᠤ ᠵᠢᠨ ᠭᠤᠷᠪᠠᠨ ᠣᠷᠣᠨ》 ᠤ᠋ ᠢᠨᠵᠧᠨᠧᠷᠢᠩ᠂ ᠲᠠᠷᠢᠶᠠᠯᠠᠬᠤ ᠶ᠋ᠢ ᠵᠣᠭ᠍ᠰᠣᠭᠠᠵᠤ ᠤᠢᠵᠢᠭᠤᠯᠬᠤ ᠢᠨᠵᠧᠨᠧᠷᠢᠩ ᠵᠡᠷᠭᠡ ᠤᠯᠤᠰ ᠤ᠋ᠨ  ᠭᠤᠤᠯᠳᠠᠯᠭ᠎ᠠ᠎ᠲᠠᠶ ᠢᠨᠵᠧᠨᠧᠷᠢᠩ ᠳ᠋ᠤ ᠲᠦᠱᠢᠭ᠌ᠯᠡᠨ ᠬᠣᠷᠴᠢᠨ ᠤ᠋ ᠡᠯᠡᠰᠦᠷᠬᠡᠭ ᠭᠠᠵᠠᠷ ᠢ᠋ ᠶᠡᠬᠡ ᠬᠡᠪᠴᠢᠶ᠎ᠡ ᠪᠡᠷ ᠶᠡᠷᠦᠩᠬᠡᠢᠯᠡᠨ ᠵᠠᠰᠠᠬᠤ ᠠᠵᠢᠯ ᠢ᠋ ᠯᠠᠪᠳᠠᠭᠤᠨ ᠪᠠᠲᠤᠲᠠᠶ ᠥᠷᠨᠢᠭᠦᠯᠵᠦ᠍᠂ ᠬᠣᠷᠴᠢᠨ ᠵᠡᠭᠦᠨ ᠭᠠᠷᠤᠨ ᠬᠣᠢᠲᠤ ᠬᠣᠱᠢᠭᠤᠨ ᠤ᠋ ᠡᠯᠡᠰᠦᠷᠬᠡᠭ ᠭᠠᠵᠠᠷ ᠤ᠋ᠨ 《 ᠬᠤᠤᠰ ᠵᠠᠭᠤᠨ ᠲᠦᠮᠡᠨ ᠮᠥ᠍》 ᠶ᠋ᠢᠨ ᠶᠡᠷᠦᠩᠬᠡᠢᠯᠡᠨ ᠵᠠᠰᠠᠬᠤ ᠢᠨᠵᠧᠨᠧᠷᠢᠩ ᠢ᠋ ᠲᠥᠯᠥᠪᠵᠢᠭᠦᠯᠦᠨ ᠬᠡᠷᠡᠭᠵᠢᠬᠦᠯᠵᠦ᠂ ᠲᠥᠪᠯᠡᠷᠡᠭᠦᠯᠦᠨ ᠵᠠᠰᠠᠬᠰᠠᠨ ᠣᠷᠣᠨ ᠤ᠋ ᠲᠠᠯᠠᠪᠠᠶ 200 ᠲᠦᠮᠡᠨ ᠮᠤ᠌ ᠳ᠋ᠤ ᠬᠦᠷᠴᠡᠶ᠃ ᠲᠦᠷᠦᠯ ᠵᠦᠢᠯ ᠤ᠋ᠨ ᠤᠷᠤᠨ ᠤ᠋ ᠬᠢᠨ ᠡᠯᠡᠰᠦ ᠵᠢ ᠶᠡᠷᠦᠡᠭᠬᠡᠢᠯᠡᠨ ᠵᠠᠰᠠᠬᠤ᠂ ᠠᠭᠤᠯᠠ ᠵᠢ ᠪᠢᠲᠡᠭᠦᠮᠵᠢᠯᠡᠨ ᠤᠢᠵᠢᠭᠤᠯᠬᠤ᠂ ᠲᠠᠷᠢᠶᠠᠯᠠᠬᠤ ᠵᠢ ᠵᠤᠭᠰᠤᠭᠠᠵᠤ ᠤᠢᠵᠢᠭᠤᠯᠬᠤ ᠵᠡᠷᠭᠡ 9 ᠵᠦᠢᠯ ᠤ᠋ᠨ ᠵᠠᠰᠠᠯᠲᠠ ᠶ᠋ᠢᠨ ᠵᠠᠭᠪᠤᠷ ᠢ᠋ ᠪᠠᠷᠢᠮᠳᠠᠯᠠᠨ᠂ ᠪᠦᠲᠦᠭᠡᠨ ᠪᠠᠢᠭᠤᠯᠤᠯᠲᠠ ᠶ᠋ᠢᠨ ᠠᠵᠢᠯ ᠢ᠋ ᠦᠨᠳᠦᠷ ᠪᠦᠲᠦᠮᠵᠢᠲᠡᠢ ᠪᠡᠷ ᠠᠬᠢᠭᠤᠯᠵᠤ᠂ ᠤᠳᠤ ᠪᠤᠯᠬᠤ ᠳ᠋ᠦ ᠲᠦᠷᠦᠯ ᠵᠦᠢᠯ ᠢ᠋ ᠪᠦᠬᠦᠨ ᠢ᠋ ᠪᠦᠲᠦᠭᠡᠨ ᠪᠠᠢᠭᠤᠯᠵᠤ ᠳᠠᠭᠤᠰᠬᠠᠨ᠂ ᠲᠦᠷᠦᠯ ᠵᠦᠢᠯ ᠤ᠋ᠨ ᠤᠷᠤᠨ ᠤ᠋ ᠤᠷᠭᠤᠮᠠᠯ ᠤ᠋ᠨ ᠪᠦᠷᠬᠦᠴᠡ90% ᠵᠢ ᠳᠠᠪᠠᠵᠤ᠂ ᠪᠦᠬᠦᠯᠢ ᠴᠤᠭᠴᠠ ᠶ᠋ᠢᠨ ᠦᠷ᠎ᠡ ᠠᠰᠢᠭ ᠢ᠋ ᠪᠠᠳᠠᠷᠠᠭᠤᠯᠤᠨ᠂ ᠠᠮᠢ ᠠᠬᠤᠢ ᠶ᠋ᠢᠨ ᠰᠢᠰᠲᠸᠮ ᠤ᠋ᠨ ᠶᠠᠰᠤ ᠴᠢᠨᠠᠷ ᠪᠠ ᠲᠤᠭᠲᠠᠪᠤᠷᠢᠲᠦ ᠴᠢᠨᠡᠷ ᠢ᠋ ᠦᠨᠡᠨ ᠬᠦ᠌ ᠳᠡᠭᠡᠭᠰᠢᠯᠡᠭᠦᠯᠪᠡ᠃


QQ20260608-103034.png

 

   ᠵᠠᠰᠠᠯᠳᠠ ᠵᠢᠨ ᠦᠷ᠎ᠡ ᠪᠦᠲᠦᠮᠵᠢ


QQ20260608-103044.png


 ᠲᠦᠷᠦᠯ  ᠵᠦᠢᠯ  ᠤ᠋ᠨ ᠤᠷᠤᠨ᠎ᠤ ᠤᠳᠤᠬᠢ ᠪᠠᠢᠳᠠᠯ


《 ᠲᠦᠷᠦᠯ ᠵᠦᠢᠯ ᠢ᠋ ᠬᠡᠷᠡᠭᠵᠢᠭᠦᠯᠬᠦ ᠪᠡᠷ ᠳᠠᠮᠵᠢᠨ ᠪᠦᠬᠦ ᠬᠤᠰᠢᠭᠤᠨ ᠤ᠋ ᠤᠢ ᠰᠢᠭᠤᠢ ᠶ᠋ᠢᠨ ᠪᠦᠷᠬᠦᠴᠡ 18.21%᠂  ᠨᠤᠲᠤᠭ ᠪᠡᠯᠴᠢᠭᠡᠷ ᠤ᠋ᠨ ᠤᠷᠭᠤᠮᠠᠯ ᠤ᠋ᠨ ᠪᠦᠷᠬᠦᠴᠡ ᠳᠤᠮᠳᠠᠴᠢ ᠪᠡᠷ 69.4% ᠳ᠋ᠦ ᠬᠦᠷᠴᠦ ᠂ ᠮᠤᠳᠤᠨ ᠮᠠᠲᠸᠷᠢᠶᠠᠯ ᠤ᠋ᠨ ᠦᠢᠯᠡᠳᠪᠦᠷᠢᠯᠡᠯ ᠤ᠋ᠨ ᠵᠢᠯ ᠤ᠋ᠨ ᠦᠢᠯᠡᠳᠭᠦᠨ ᠤ᠋ ᠦᠷᠳᠡᠭ 4100 ᠲᠦᠮᠡᠨ ᠲᠦᠭᠦᠷᠢᠭ ᠲᠦ᠍ ᠬᠦᠷᠴᠦ᠂ ᠠᠵᠤ ᠠᠬᠤᠢ ᠶ᠋ᠢᠨ ᠤᠢ ᠶ᠋ᠢᠨ ᠵᠢᠯ ᠤ᠋ᠨ ᠦᠢᠯᠡᠳᠭᠦᠨ ᠤ᠋ ᠦᠷᠳᠡᠭ 2000 ᠲᠦᠮᠡᠨ ᠲᠦᠬᠦᠷᠢᠭ ᠢ᠋ ᠳᠠᠪᠠᠵᠤ ᠪᠤᠢ᠃ ᠡᠭᠦᠨ ᠤ᠋ ᠬᠠᠮᠲᠤ ᠶᠠᠳᠠᠭᠤ ᠡᠴᠡ ᠠᠡᠭᠬᠢᠵᠢᠷᠠᠭᠤᠯᠬᠤ ᠪᠤᠭᠤᠮᠳᠠ ᠰᠢᠪᠲᠤᠯᠬᠤ ᠳᠠᠢᠯᠠᠯᠳᠤᠭᠠᠨ ᠤ᠋ ᠬᠤᠭᠤᠴᠠᠭᠠᠨ ᠳ᠋ᠦ ᠤᠯᠠᠨ ᠲᠦᠮᠡᠨ ᠤ᠋ ᠤᠷᠤᠯᠭ᠎ᠠ ᠶ᠋ᠢᠨ ᠨᠡᠮᠡᠭᠳᠡᠯ ᠢ᠋ ᠲᠠᠢᠴᠢᠯᠠᠵᠤ᠂ ᠠᠮᠢ ᠠᠬᠤᠢ ᠪᠠ ᠠᠵᠤ ᠠᠬᠤᠢ ᠶ᠋ᠢᠨ ᠬᠤᠤᠰ ᠦᠷ᠎ᠡ ᠠᠰᠢᠭ ᠢ᠋ ᠪᠡᠶᠡᠯᠡᠭᠦᠯᠪᠡ 》 ᠭᠡᠵᠦ ᠬᠤᠷᠴᠢᠨ ᠵᠡᠭᠦᠨ ᠭᠠᠷᠤᠨ ᠬᠤᠢᠲᠤ ᠬᠤᠰᠢᠭᠤᠨ ᠤ᠋ ᠤᠢ ᠰᠢᠭᠤᠢ ᠪᠠ ᠨᠤᠲᠤᠭ ᠪᠡᠯᠴᠢᠭᠡᠷ ᠤ᠋ᠨ ᠲᠤᠪᠴᠢᠶ᠎ᠠ ᠶ᠋ᠢᠨ ᠮᠡᠷᠭᠡᠵᠢᠯ ᠤ᠋ᠨ ᠠᠵᠢᠯᠲᠠᠨ ᠪᠤᠤ ᠬᠤᠡᠭ ᠬᠤᠤ ᠶᠠᠷᠢᠵᠤ ᠪᠠᠢᠯ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号