ᠮᠠᠨ ᠤ᠋ ᠤᠷᠤᠨ ᠰᠤᠷᠭᠠᠭᠤᠯᠢ ᠶ᠋ᠢᠨ ᠡᠷᠬᠢᠨ ᠲᠣᠭᠣᠷᠢᠨ ᠤ᠋ ᠰᠣᠶᠣᠯ ᠵᠢᠭᠤᠯᠴᠢᠯᠠᠯ ᠤ᠋ᠨ ᠵᠠᠬ᠎ᠠ ᠳᠡᠯᠭᠡᠭᠦᠷ ᠢ᠋ ᠴᠡᠭ᠌ᠴᠡᠯᠡᠨ ᠵᠠᠰᠠᠵᠦ ᠡᠬᠢᠯᠡᠪᠡ
2026-06-08 10:50:23
ᠵᠣᠬᠢᠶᠠᠭ᠍ᠴᠢ᠄
​ᠬᠦᠭᠵᠢᠯᠳᠦ
ᠣᠩᠱᠢᠭ᠍ᠰᠠᠨ ᠣᠳᠠᠭ᠎ᠠ᠄
★★★☆☆

ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠰᠣᠶᠣᠯ ᠪᠠ ᠵᠢᠭᠤᠯᠴᠢᠯᠠᠯ ᠤ᠋ᠨ ᠲᠢᠩᠬᠢᠮ ᠤᠢᠷ᠎ᠠ ᠳ᠋ᠤ 《ᠰᠤᠷᠭᠠᠭᠤᠯᠢ ᠶ᠋ᠢᠨ ᠡᠷᠬᠢᠨ ᠲᠣᠭᠣᠷᠢᠨ ᠤ᠋ ᠰᠣᠶᠣᠯ ᠵᠢᠭᠤᠯᠴᠢᠯᠠᠯ ᠤ᠋ᠨ ᠵᠠᠬ᠎ᠠ ᠳᠡᠯᠭᠡᠭᠦᠷ ᠤ᠋ᠨ ᠠᠮᠤᠷ ᠲᠦᠪᠱᠢᠨ ᠡᠮᠬᠢ ᠳᠢᠭ᠌ᠯᠢᠮ ᠢ᠋ ᠴᠡᠭ᠌ᠴᠡᠯᠡᠨ ᠵᠠᠰᠠᠬᠤ ᠠᠵᠢᠯ ᠢ᠋ ᠪᠥᠬᠥ᠌ ᠲᠠᠯ᠎ᠠ ᠪᠠᠷ ᠴᠢᠩᠭᠠᠳᠭᠠᠬᠤ ᠲᠤᠬᠠᠶ ᠮᠡᠳᠡᠭ᠌ᠳᠡᠯ》 ᠢ᠋ ᠳᠠᠷᠤᠮᠠᠯᠯᠠᠨ ᠲᠠᠷᠬᠠᠭᠠᠵᠤ᠂ ᠰᠤᠷᠭᠠᠭᠤᠯᠢ ᠶ᠋ᠢᠨ ᠡᠷᠬᠢᠨ ᠲᠣᠭᠣᠷᠢᠨ ᠤ᠋ 200 ᠮᠧᠲ᠋ᠷ  ᠤ᠋ᠨ ᠬᠡᠪᠴᠢᠶᠡᠨ ᠳ᠋ᠡᠬᠢ  ᠰᠣᠶᠣᠯ ᠤ᠋ᠨ ᠬᠤᠳᠠᠯᠳᠤᠭ᠎ᠠ ᠪᠠ ᠵᠢᠭᠤᠯᠴᠢᠯᠠᠯ ᠤ᠋ᠨ ᠣᠷᠴᠢᠨ ᠨᠦᠬᠦᠴᠡᠯ ᠢ᠋ 1 ᠰᠠᠷ᠎ᠠ ᠶ᠋ᠢᠨ ᠬᠤᠭᠤᠴᠠᠭ᠎ᠠ  ᠪᠦᠬᠦᠢ  ᠲᠤᠰᠭᠠᠶ  ᠴᠡᠭ᠌ᠴᠡᠯᠡᠨ ᠵᠠᠰᠠᠬᠤ  ᠠᠵᠢᠯᠯᠠᠭ᠎ᠠ ᠵᠢ  ᠪᠠᠢᠷᠢᠯᠠᠭᠤᠯᠤᠭᠰᠠᠨ ᠪᠦᠬᠡᠳ ᠥᠷᠨᠢᠭᠦᠯᠵᠦ ᠡᠬᠢᠯᠡᠪᠡ᠃

ᠲᠣᠰ ᠤᠳᠠᠭ᠎ᠠ ᠵᠢᠨ ᠠᠵᠢᠯᠯᠠᠭ᠎ᠠ ᠳ᠋ᠤ 《ᠡᠬᠢ ᠰᠤᠷᠪᠤᠯᠵᠢ ᠵᠢ ᠴᠡᠪᠡᠷᠯᠡᠬᠦ᠌》᠂ 《ᠵᠢᠭᠤᠯᠴᠢᠯᠠᠯ ᠢ᠋ ᠬᠠᠮᠠᠭᠠᠯᠠᠬᠤ》᠂ 《ᠦᠨᠳᠦᠰᠦ ᠵᠢ ᠪᠡᠬᠢᠵᠢᠭᠦᠯᠬᠦ᠌》 ᠪᠠᠷ ᠭᠤᠤᠯᠳᠠᠯᠭ᠎ᠠ ᠪᠣᠯᠭᠠᠨ᠂ ᠨᠠᠷᠢᠨ ᠣᠨᠣᠴᠠᠲᠠᠶ ᠪᠠᠷ ᠴᠡᠭᠴᠡᠯᠡᠨ ᠵᠠᠰᠠᠵᠦ ᠪᠠᠢᠨ᠎ᠠ᠃ ᠵᠢᠭᠤᠯᠴᠢᠯᠠᠯ ᠵᠢᠴᠢ ᠰᠤᠳᠤᠯᠤᠨ ᠰᠤᠷᠤᠯᠴᠠᠬᠤ ᠵᠠᠬ᠎ᠠ ᠳᠡᠯᠭᠡᠭᠦᠷ ᠤ᠋ᠨ ᠲᠠᠯ᠎ᠠ ᠪᠠᠷ᠂ ᠰᠤᠳᠤᠯᠤᠨ ᠰᠤᠷᠤᠯᠴᠠᠬᠤ᠂ 《ᠵᠤᠰᠠᠯᠠᠩ》ᠤ᠋ᠨ ᠨᠡᠷ᠎ᠡ ᠪᠡᠷ ᠰᠤᠷᠤᠭᠴᠢ ᠡᠯᠰᠡᠬᠦ᠂ 《ᠵᠥᠪᠬᠡᠨ ᠵᠢᠭᠤᠯᠴᠢᠯᠠᠭᠠᠳ ᠰᠤᠷᠤᠯᠴᠠᠭᠤᠯᠬᠤ ᠥᠬᠡᠶ》᠂ ᠲᠣᠭ᠍ᠲᠠᠭᠠᠯ ᠡᠴᠡ ᠵᠥᠷᠢᠴᠡᠨ ᠰᠦᠶ᠋ᠳᠭᠡᠯ ᠬᠤᠷᠢᠶᠠᠬᠤ᠂ ᠠᠯᠪᠠᠳᠠᠯᠭ᠎ᠠ ᠪᠠᠷ  ᠪᠠᠷᠠᠭ᠎ᠠ  ᠬᠤᠳᠠᠯᠳᠤᠨ ᠠᠪᠤᠭᠤᠯᠬᠤ ᠵᠡᠷᠭᠡ ᠦᠶ᠋ᠯᠡ ᠠᠵᠢᠯᠯᠠᠭ᠎ᠠ ᠵᠢ ᠴᠢᠩᠭ᠎ᠠ ᠪᠠᠢᠴᠠᠭᠠᠬᠤ ᠶ᠋ᠢᠨ ᠬᠠᠮᠲᠤ ᠵᠠᠮ ᠬᠠᠷᠢᠯᠴᠠᠭᠠᠨ ᠤ᠋ ᠰᠠᠯᠠᠭ᠎ᠠ ᠮᠥᠴᠢᠷ ᠲᠡᠶ ᠬᠠᠮᠲᠤᠷᠠᠨ ᠵᠢᠭᠤᠯᠴᠢᠯᠠᠯ ᠤ᠋ᠨ ᠬᠦᠯᠤᠰᠦᠯᠡᠭᠰᠡᠨ ᠮᠠᠰᠢᠨ ᠲᠡᠷᠭᠡ ᠶ᠋ᠢᠨ《ᠲᠠᠪᠤ ᠵᠢ ᠦᠯᠦ ᠲᠦᠷᠢᠶᠡᠰᠦᠯᠡᠬᠦ᠌》ᠲᠦᠷᠢᠮ ᠢ᠋ ᠨᠠᠢᠳᠠᠪᠤᠷᠢᠵᠢᠭᠤᠯᠤᠭ᠍ᠰᠠᠨ ᠪᠠᠢᠳᠠᠯ ᠢ᠋ ᠭᠤᠤᠯᠳᠠᠯᠭ᠎ᠠ ᠲᠠᠶ ᠰᠤᠭᠤᠴᠢᠨ ᠪᠠᠢᠴᠠᠭᠠᠵᠤ᠂《ᠠᠰᠠᠭᠤᠳᠠᠯ ᠲᠠᠶ ᠮᠠᠰᠢᠨ ᠲᠡᠷᠭᠡ ᠵᠢ ᠵᠠᠮ ᠳ᠋ᠦ ᠭᠠᠷᠭᠠᠬᠤ》ᠶ᠋ᠢ ᠴᠢᠩᠭ᠎ᠠ ᠰᠡᠷᠭᠡᠢᠯᠡᠵᠤ ᠪᠠᠢᠨ᠎ᠠ᠃ ᠡᠭᠦᠨ ᠤ᠋ ᠬᠠᠮᠲᠤ᠂ ᠵᠢᠭᠤᠯᠴᠢᠯᠠᠯ ᠤ᠋ᠨ ᠦᠵᠡᠮᠵᠢ ᠶ᠋ᠢᠨ ᠣᠷᠣᠨ ᠵᠢᠴᠢ ᠰᠤᠷᠭᠠᠭᠤᠯᠢ ᠶ᠋ᠢᠨ ᠡᠷᠬᠢᠨ ᠲᠣᠭᠣᠷᠢᠨ ᠤ᠋ ᠬᠤᠷᠰᠢᠶ᠎ᠠ ᠳᠡᠯᠬᠡᠬᠦᠷ ᠤ᠋ᠨ ᠬᠢᠨ ᠨᠠᠰᠤᠨ ᠳ᠋ᠦ ᠥᠯᠥ᠍ ᠭᠦᠷᠦᠭ᠌ᠰᠡᠳ ᠲᠦ᠍ ᠠᠷᠢᠬᠢ ᠲᠠᠮᠠᠬᠢ᠂ ᠪᠠᠯᠠᠢ ᠬᠠᠢᠷᠴᠠᠭ᠂ ᠱᠠᠩᠨᠠᠯᠳᠦ ᠰᠤᠭᠤᠯᠤᠭ᠎ᠠ  ᠵᠡᠷᠭᠡ ᠵᠢ  ᠬᠤᠳᠠᠯᠳᠤᠬᠤ ᠳ᠋ᠦ  ᠴᠢᠩᠭ᠎ᠠ ᠴᠣᠬᠢᠯᠲᠠ ᠦᠭᠪᠡ᠃

ᠰᠣᠶᠣᠯ ᠤ᠋ᠨ ᠵᠠᠬ᠎ᠠ ᠳᠡᠯᠭᠡᠭᠦᠷ ᠤ᠋ᠨ ᠲᠠᠯ᠎ᠠ ᠪᠠᠷ᠂ ᠰᠤᠷᠭᠠᠭᠤᠯᠢ ᠶ᠋ᠢᠨ ᠡᠷᠬᠢᠨ ᠲᠣᠭᠣᠷᠢᠨ ᠤ᠋ ᠨᠣᠮ ᠤ᠋ᠨ ᠳᠡᠯᠭᠡᠭᠦᠷ᠂ ᠪᠢᠴᠢᠭ ᠤ᠋ᠨ ᠬᠡᠷᠡᠭ᠌ᠰᠡᠯ ᠤ᠋ᠨ ᠳᠡᠯᠭᠡᠭᠦᠷ᠂ ᠳᠠᠷᠤᠮᠠᠯᠯᠠᠬᠤ ᠭᠠᠵᠠᠷ ᠵᠡᠷᠭᠡ ᠲᠠᠯᠠᠪᠤᠷ ᠭᠠᠵᠠᠷ ᠢ᠋ ᠭᠤᠤᠯᠳᠠᠯᠭ᠎ᠠ ᠲᠠᠢ ᠪᠠᠢᠴᠠᠭᠠᠵᠤ᠂ ᠱᠠᠯᠢᠭ ᠵᠠᠪᠬᠠᠶ᠂ ᠬᠦᠴᠦᠷᠬᠡᠭ᠌ᠯᠡᠯ ᠰᠦᠷᠳᠡᠭᠦᠯᠦᠯ᠂ ᠰᠤᠷᠭᠠᠭᠤᠯᠢ ᠶ᠋ᠢᠨ ᠬᠦᠷᠢᠶᠡᠨ ᠤ᠋ ᠬᠦᠴᠦᠷᠬᠡᠭᠯᠡᠯ ᠵᠡᠷᠭᠡ ᠮᠠᠭᠤ ᠮᠠᠭᠤᠬᠠᠢ ᠠᠭᠤᠯᠭ᠎ᠠ ᠵᠢ ᠪᠠᠭ᠍ᠲᠠᠭᠠᠭ᠍ᠰᠠᠨ ᠬᠠᠤᠯᠢ ᠪᠤᠰᠤ ᠬᠡᠪᠯᠡᠭ᠌ᠳᠡᠬᠦᠨ ᠵᠢᠴᠢ ᠬᠤᠯᠠᠭᠠᠢᠯᠠᠨ ᠬᠡᠪᠯᠡᠭ᠌ᠰᠡᠨ ᠨᠤᠮ ᠳᠡᠪᠳᠡᠷ ᠢ᠋ ᠬᠣᠷᠢᠶᠠᠨ ᠴᠡᠪᠡᠷᠯᠡᠬᠦ ᠵᠢᠨ ᠬᠠᠮᠲᠤ᠂ ᠰᠦᠯᠵᠢᠶᠡᠨ ᠪᠠᠭᠠᠷ᠂ ᠡᠯᠧᠺᠲ᠋ᠷᠣᠨ ᠲᠤᠭᠯᠠᠭᠠᠮ ᠤ᠋ᠨ ᠪᠠᠭᠤᠳᠠᠯ᠂ ᠵᠦᠴᠦᠭᠡᠳᠦ ᠲᠤᠭᠯᠠᠭᠠᠮ ᠵᠡᠷᠭᠡ ᠵᠤᠭ᠎ᠠ ᠴᠡᠩᠭᠡᠯ ᠤ᠋ᠨ ᠡᠵᠡᠩᠨᠡᠯᠲᠡ ᠶ᠋ᠢᠨ ᠲᠠᠯᠠᠪᠤᠷ ᠤ᠋ᠨ ᠬᠢᠨᠠᠯᠲᠠ ᠬᠠᠮᠢᠶᠠᠷᠤᠯᠲᠠ ᠵᠢ ᠴᠢᠩᠭᠠᠳᠭᠠᠨ᠂ ᠲᠣᠭ᠍ᠲᠠᠭᠠᠯ ᠡᠴᠡ ᠵᠥᠷᠢᠴᠡᠨ ᠨᠠᠰᠤᠨ ᠳ᠋ᠦ ᠥᠯᠥ᠍ ᠭᠦᠷᠦᠭ᠌ᠰᠡᠳ ᠢ᠋ ᠤᠷᠤᠭᠤᠯᠬᠤ ᠶ᠋ᠢ ᠴᠢᠩᠭ᠎ᠠ ᠪᠠᠢᠴᠠᠭᠠᠨ ᠴᠡᠭᠴᠡᠯᠡᠵᠤ ᠪᠠᠢᠨ᠎ᠠ᠃ ᠡᠬᠦᠨ ᠡᠴᠡ ᠭᠠᠳᠠᠨ᠎ᠠ 《ᠨᠢᠭᠡ ᠰᠤᠷᠭᠠᠭᠤᠯᠢ ᠳ᠋ᠦ ᠨᠢᠭᠡ ᠲᠠᠩᠰᠠ ᠡᠪᠬᠡᠮᠡᠯ ᠪᠠᠢᠭᠤᠯᠬᠤ》 ᠬᠣᠯᠪᠣᠭᠠᠯᠠᠨ ᠬᠥᠳᠡᠯᠦᠯᠴᠡᠬᠦ᠌ ᠲᠣᠭ᠍ᠲᠠᠴᠠ ᠵᠢ ᠪᠠᠢᠭᠤᠯᠵᠦ᠂ ᠡᠯ᠎ᠡ ᠱᠠᠲᠤᠨ ᠤ᠋ ᠰᠣᠶᠣᠯ ᠵᠢᠭᠤᠯᠴᠢᠯᠠᠯ ᠤ᠋ᠨ ᠰᠠᠯᠠᠭ᠎ᠠ ᠮᠥᠴᠢᠷ ᠤ᠋ᠨ ᠬᠢᠨ ᠰᠤᠷᠭᠠᠨ ᠬᠥᠮᠦᠵᠢᠯ᠂ ᠳᠣᠲᠣᠭᠠᠳᠤ ᠵᠢ ᠬᠠᠮᠠᠭᠠᠯᠠᠬᠤ᠂ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠲᠡᠶ ᠰᠠᠨᠠᠭᠠᠴᠢᠯᠠᠭ᠎ᠠ ᠡᠴᠡ ᠪᠠᠨ ᠬᠠᠮᠳᠤᠷᠠᠯᠴᠠᠵᠦ᠂ ᠰᠤᠷᠭᠠᠭᠤᠯᠢ ᠨᠢᠭᠡᠪᠦᠷᠢ ᠶ᠋ᠢᠨ ᠡᠷᠬᠢᠨ ᠲᠣᠭᠣᠷᠢᠨ ᠤ᠋ 200 ᠮᠧᠲ᠋ᠷ ᠤ᠋ᠨ ᠬᠡᠪᠴᠢᠶᠡᠨ ᠳ᠋ᠡᠬᠢ ᠨᠣᠮ ᠤ᠋ᠨ ᠳᠡᠯᠭᠡᠭᠦᠷ᠂  ᠰᠦᠯᠵᠢᠶᠡᠨ ᠪᠠᠭᠠᠷ᠂ KTV᠂ ᠵᠦᠴᠦᠭᠡᠳᠦ ᠲᠤᠭᠯᠠᠭᠠᠮ ᠵᠡᠷᠭᠡ ᠳᠠᠯᠠᠪᠤᠷ ᠪᠠ ᠵᠢᠭᠤᠯᠴᠢᠯᠠᠯ ᠤ᠋ᠨ ᠦᠶ᠋ᠯᠡᠴᠢᠯᠡᠭᠡᠨ ᠤ᠋ ᠭᠠᠵᠠᠷ ᠢ᠋ ᠪᠦᠬᠦᠨ ᠢ᠋ ᠪᠠᠢᠴᠠᠭᠠᠨ᠂ ᠬᠥᠳᠡᠯᠦᠩᠭᠦᠶ ᠬᠢᠨᠠᠯᠲᠠ ᠬᠠᠮᠢᠶᠠᠷᠤᠯᠲᠠ ᠶ᠋ᠢᠨ ᠡᠬᠡ ᠲᠠᠩᠰᠠ ᠵᠢ ᠪᠠᠢᠭᠤᠯᠵᠤ᠂ ᠡᠵᠡᠩᠨᠡᠯᠲᠡ ᠶ᠋ᠢᠨ ᠠᠭᠤᠯᠭ᠎ᠠ᠂ ᠲᠦᠭ᠌ᠰᠢᠭᠦᠷᠢ ᠶ᠋ᠢᠨ ᠲᠠᠰ ᠵᠡᠷᠭᠡ᠂ ᠬᠢᠨᠠᠯᠲᠠ ᠬᠠᠮᠢᠶᠠᠷᠤᠯᠲᠠ ᠶ᠋ᠢᠨ ᠬᠠᠷᠢᠭᠤᠴᠠᠯᠭᠠᠲᠠᠨ ᠵᠢᠴᠢ ᠬᠠᠷᠢᠯᠴᠠᠬᠤ ᠠᠷᠭ᠎ᠠ ᠬᠡᠯᠪᠡᠷᠢ ᠵᠢ ᠲᠣᠳᠣᠷᠬᠠᠢᠯᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号