ᠬᠠᠶᠠᠭᠳᠠᠮᠠᠯ ᠢ᠋ ᠡᠬᠢ ᠪᠠᠶᠠᠯᠢᠭ ᠪᠤᠯᠭᠠᠨ ᠡᠷᠬᠢᠯᠳᠦᠭᠦᠯᠦᠨ ᠠᠰᠢᠬᠯᠠᠶ᠎ᠠ
2026-06-08 10:01:09
ᠵᠣᠬᠢᠶᠠᠭ᠍ᠴᠢ᠄
ᠭᠤᠸ᠎ᠠ
ᠣᠩᠱᠢᠭ᠍ᠰᠠᠨ ᠣᠳᠠᠭ᠎ᠠ᠄
★★★☆☆

ᠬᠠᠭᠤᠴᠢᠨ ᠡᠳ᠋ ᠬᠠᠶᠠᠭᠳᠠᠮᠠᠯ ᠪᠤᠳᠠᠰ ᠢ᠋ ᠬᠤᠷᠢᠶᠠᠨ ᠠᠪᠴᠤ ᠠᠰᠢᠭᠯᠠᠬᠤ ᠵᠢ ᠠᠬᠢᠭᠤᠯᠬᠤ ᠪᠣᠯ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠵᠢ ᠦᠢᠯᠡᠳᠦᠯᠭᠡᠵᠢᠭᠦᠯᠬᠦ᠂ ᠡᠷᠭᠢᠯᠳᠡᠳᠦ ᠠᠵᠤ ᠠᠬᠤᠶ ᠵᠢ ᠬᠥᠭᠵᠢᠭᠦᠯᠬᠦ ᠵᠢᠨ ᠵᠠᠢᠯᠠᠰᠢ ᠦᠭᠡᠢ ᠰᠣᠩᠭᠣᠯᠲᠠ ᠪᠤᠯᠬᠤ ᠠᠵᠢ᠃ ᠦᠢᠯᠡᠳᠪᠦᠷᠢᠯᠡᠯ ᠠᠮᠢᠳᠤᠷᠠᠯ ᠤ᠋ᠨ ᠬᠠᠶᠠᠭᠳᠠᠮᠠᠯ ᠪᠣᠳᠠᠰ ᠤ᠋ᠨ ᠲᠠᠰᠤᠷᠠᠯᠲᠠ ᠥᠬᠡᠶ ᠨᠡᠮᠡᠭᠳᠡᠬᠦ ᠵᠢ ᠳᠠᠭᠠᠯᠳᠤᠨ᠂ ᠬᠠᠭᠤᠴᠢᠨ ᠡᠳ᠋ ᠬᠠᠶᠠᠭᠳᠠᠮᠠᠯ ᠪᠤᠳᠠᠰ ᠢ᠋ ᠬᠣᠷᠢᠶᠠᠨ ᠠᠪᠴᠦ ᠡᠬᠢ ᠪᠠᠶᠠᠯᠢᠭ ᠪᠤᠯᠭᠠᠨ ᠡᠷᠬᠢᠯᠳᠦᠭᠦᠯᠥᠨ ᠠᠰᠢᠬᠯᠠᠬᠤ ᠠᠵᠢᠯ ᠢ᠋ ᠰᠠᠢᠲᠤᠷ ᠬᠢᠬᠦ ᠨᠢ ᠠᠮᠢ ᠠᠬᠤᠶ ᠣᠷᠴᠢᠨ ᠲᠣᠭᠣᠷᠢᠨ ᠢ᠋ ᠰᠠᠬᠢᠨ ᠬᠠᠮᠠᠭᠠᠯᠠᠵᠤ ᠪᠠᠢᠬᠤ ᠮᠥᠷᠲᠡᠭᠡᠨ ᠪᠠᠰᠠ ᠪᠠᠢᠭᠠᠯᠢ ᠵᠢᠨ ᠡᠬᠢ ᠪᠠᠶᠠᠯᠢᠭ ᠢ᠋ ᠠᠷᠪᠢᠯᠠᠬᠤ ᠪᠣᠳᠠᠲᠠᠶ ᠵᠢ ᠡᠷᠬᠢᠮᠯᠡᠭᠰᠡᠨ ᠠᠷᠭ᠎ᠠ ᠬᠡᠮᠵᠢᠶ᠎ᠡ ᠪᠣᠯᠬᠤ ᠶᠤᠮ᠃

ᠬᠠᠭᠤᠴᠢᠨ ᠡᠳ᠋ ᠬᠠᠶᠠᠭᠳᠠᠮᠠᠯ ᠪᠤᠳᠠᠰ ᠢ᠋ ᠬᠣᠷᠢᠶᠠᠨ ᠠᠪᠴᠤ ᠠᠰᠢᠭᠯᠠᠬᠤ ᠨᠢ ᠪᠣᠳᠠᠲᠠᠶ ᠦᠨ᠎ᠡ ᠥᠷᠲᠡᠭ ᠲᠡᠶ ᠶᠤᠮ᠃ ᠬᠠᠶᠠᠭᠳᠠᠮᠠᠯ ᠴᠠᠭᠠᠰᠤ ᠵᠢ ᠡᠭᠡᠭᠦᠯᠦᠨ ᠬᠤᠷᠢᠶᠠᠪᠠᠯ ᠣᠶ ᠮᠣᠳᠣ ᠵᠢ ᠬᠠᠮᠠᠭᠠᠯᠠᠵᠤ᠂ ᠤᠰᠤᠨ ᠤ᠋ ᠡᠬᠢ ᠰᠤᠷᠪᠤᠯᠵᠢ ᠵᠢ ᠠᠷᠪᠢᠯᠠᠵᠤ ᠴᠢᠳᠠᠨ᠎ᠠ ; ᠬᠠᠶᠠᠭᠳᠠᠮᠠᠯ ᠬᠠᠭᠤᠴᠢᠨ ᠲᠡᠮᠦᠷᠯᠢᠭ᠂ ᠰᠦᠯᠢᠶᠣᠣ ᠵᠢ ᠳᠠᠬᠢᠨᠳᠠ ᠡᠳ᠋ᠰᠢᠭᠦᠯᠦᠭᠰᠡᠨ ᠤ᠋ ᠳᠠᠷᠠᠭ᠎ᠠ ᠳᠠᠬᠢᠨᠳᠠ ᠰᠢᠨ᠎ᠡ ᠪᠡᠷ ᠠᠰᠢᠭᠯᠠᠯᠲᠠ ᠳ᠋ᠤ ᠣᠷᠣᠭᠤᠯᠵᠤ᠂ ᠠᠭᠤᠷᠬᠠᠶ ᠵᠢᠨ ᠭᠠᠷᠤᠯᠲᠠ ᠵᠢ ᠨᠡᠭᠡᠭᠡᠨ ᠮᠠᠯᠲᠠᠬᠤ ᠪᠠ ᠣᠷᠴᠢᠨ ᠲᠣᠭᠣᠷᠢᠨ ᠤ᠋ ᠪᠣᠬᠢᠷᠲᠤᠯ ᠢ᠋ ᠪᠦᠲᠦᠮᠵᠢᠲᠡᠶ ᠪᠠᠭᠠᠰᠬᠠᠵᠤ ᠴᠢᠳᠠᠨ᠎ᠠ ᠁ ᠡᠭᠦᠨ ᠤ᠋ ᠡᠰᠡᠷᠭᠦ ᠪᠡᠷ᠂ ᠬᠠᠭᠤᠴᠢᠨ ᠡᠳ᠋ ᠬᠠᠶᠠᠭᠳᠠᠮᠠᠯ ᠪᠣᠳᠠᠰ ᠢ᠋ ᠳᠤᠷ᠎ᠠ ᠪᠠᠷ ᠵᠢᠠᠨ ᠬᠠᠶᠠᠪᠠᠯ ᠭᠠᠵᠠᠷ ᠰᠢᠷᠣᠶ ᠵᠢ ᠡᠵᠡᠯᠡᠵᠦ᠂ ᠬᠥᠷᠥᠰᠥ ᠰᠢᠷᠣᠶ ᠵᠢ ᠪᠣᠬᠢᠷᠲᠤᠭᠤᠯᠬᠤ ᠪᠠᠷ ᠪᠠᠷᠠᠬᠤ ᠦᠭᠡᠢ ᠪᠠᠰᠠ ᠬᠦᠨᠳᠦ ᠨᠣᠴᠢᠲᠠᠶ ᠡᠬᠢ ᠪᠠᠶᠠᠯᠢᠭ ᠢ᠋ ᠪᠦᠷᠢᠯᠭᠡᠵᠤ ᠪᠤᠢ᠃ ᠡᠯ᠎ᠡ ᠲᠥᠷᠥᠯ ᠤ᠋ᠨ ᠬᠠᠭᠤᠴᠢᠨ ᠬᠤᠪᠴᠠᠰᠤ ᠬᠤᠨᠠᠷ᠂ ᠰᠢᠯ ᠯᠣᠩᠬᠣ᠂ ᠬᠠᠶᠠᠭᠳᠠᠮᠠᠯ ᠬᠠᠭᠤᠴᠢᠨ ᠬᠡᠷ ᠤ᠋ᠨ ᠴᠠᠬᠢᠯᠭᠠᠨ ᠬᠡᠷᠡᠭᠰᠡᠯ ᠨᠢ ᠦᠵᠡᠬᠦ ᠳ᠋ᠤ ᠬᠡᠷᠡᠭ ᠥᠬᠡᠶ ᠪᠣᠯᠪᠠᠴᠤ ᠦᠨᠡᠨ ᠳ᠋ᠡᠭᠡᠨ ᠴᠥᠮ ᠳᠠᠬᠢᠨᠳᠠ ᠠᠰᠢᠭᠯᠠᠵᠤ ᠪᠤᠯᠬᠤᠢᠴᠠ ᠦᠷᠭᠡᠨ ᠳᠡᠯᠭᠡᠷ ᠣᠷᠣᠨ ᠵᠠᠶ ᠲᠠᠶ᠂ ᠬᠣᠷᠢᠶᠠᠨ ᠠᠪᠴᠤ ᠳᠠᠬᠢᠨᠳᠠ ᠠᠰᠢᠭᠯᠠᠪᠠᠯ ᠬᠣᠭ ᠨᠣᠪᠰᠢ ᠵᠢ ᠪᠤᠯᠠᠬᠤ᠂ ᠰᠢᠲᠠᠭᠠᠭᠰᠠᠨ ᠡᠴᠡ ᠪᠣᠯᠤᠭᠰᠠᠨ ᠬᠣᠤᠷ ᠬᠥᠨᠥᠭᠡᠯ ᠢ᠋ ᠶᠡᠬᠡ ᠪᠡᠷ ᠪᠠᠭᠤᠷᠠᠭᠤᠯᠵᠤ ᠴᠢᠳᠠᠳᠠᠭ᠃

ᠡᠬᠢ ᠪᠠᠶᠠᠯᠢᠭ ᠢ᠋ ᠡᠷᠬᠢᠯᠳᠦᠭᠦᠯᠦᠨ ᠬᠥᠭᠵᠢᠭᠦᠯᠬᠦ ᠳ᠋ᠤ ᠪᠦᠬᠦ ᠨᠡᠢᠭᠡᠮ ᠵᠢᠡᠷ ᠵᠢᠡᠨ ᠬᠠᠮᠲᠤ ᠪᠠᠷ ᠬᠦᠴᠦᠯᠡᠬᠦ ᠡᠴᠡ ᠰᠠᠯᠵᠤ ᠴᠢᠳᠠᠬᠤ ᠦᠭᠡᠢ᠃ ᠵᠠᠰᠠᠭ ᠤ᠋ᠨ ᠣᠷᠳᠣᠨ ᠲᠥᠷᠥ ᠵᠢᠨ ᠪᠣᠳᠣᠯᠭ᠎ᠠ ᠵᠢᠨ ᠰᠢᠰᠲ᠋ᠧᠮ ᠵᠢᠡᠨ ᠲᠡᠭᠦᠯᠳᠡᠷᠵᠢᠭᠦᠯᠵᠦ᠂ ᠵᠢᠷᠤᠮᠵᠢᠭᠤᠨ ᠪᠥᠭᠡᠳ ᠥᠨᠳᠥᠷ ᠦᠷ᠎ᠡ ᠠᠰᠢᠭ ᠲᠠᠢ ᠪᠡᠷ ᠬᠠᠭᠤᠴᠢᠨ ᠡᠳ᠋ ᠬᠠᠶᠠᠭᠳᠠᠮᠠᠯ ᠪᠤᠳᠠᠰ ᠢ᠋ ᠬᠣᠷᠢᠶᠠᠨ ᠠᠪᠴᠦ ᠰᠢᠢᠳᠪᠦᠷᠢᠯᠡᠭᠦ ᠳᠤᠤᠷ ᠢ᠋ ᠪᠠᠢᠭᠤᠯᠬᠤ ᠴᠢᠬᠤᠯᠠᠲᠠᠶ︔ ᠠᠵᠤ ᠠᠬᠤᠢᠯᠠᠯ ᠤ᠋ᠳ ᠪᠣᠬᠢᠷᠲᠤᠯ ᠥᠬᠡᠶ ᠦᠢᠯᠡᠳᠪᠦᠷᠢᠯᠡᠬᠦ ᠵᠢ ᠪᠠᠷᠢᠮᠲᠠᠯᠠᠵᠤ᠂ ᠡᠬᠢ ᠪᠠᠶᠠᠯᠢᠭ ᠤ᠋ᠨ ᠡᠷᠬᠢᠯᠳᠡᠳᠦ ᠠᠵᠤ ᠦᠢᠯᠡᠰ ᠤ᠋ᠨ ᠬᠡᠯᠬᠢᠶ᠎ᠡ ᠵᠢ ᠤᠷᠲᠤᠳᠬᠠᠵᠤ ᠪᠤᠯᠤᠨ᠎ᠠ; ᠬᠤᠪᠢ ᠬᠥᠮᠦᠨ ᠳ᠋ᠤ ᠠᠪᠴᠤ ᠬᠡᠯᠡᠪᠡᠯ᠂ ᠬᠠᠶᠠᠭᠳᠠᠮᠠᠯ ᠢ᠋ ᠬᠣᠷᠢᠶᠠᠨ ᠠᠪᠴᠤ ᠳᠠᠬᠢᠨᠳᠠ ᠠᠰᠢᠭᠯᠠᠬᠤ ᠨᠢ ᠬᠣᠭᠣᠰᠣᠨ ᠤᠷᠢᠶ᠎ᠠ ᠪᠢᠰᠢ ᠶᠤᠮ᠂ ᠬᠠᠷᠢᠨ ᠡᠳᠦᠷ ᠲᠤᠲᠤᠮ ᠤ᠋ᠨ ᠭᠦᠢᠴᠡᠳᠬᠡᠪᠡᠰᠦ ᠵᠣᠬᠢᠬᠤ ᠠᠮᠢ ᠠᠬᠤᠶ ᠵᠢᠨ ᠬᠠᠮᠠᠭᠠᠯᠠᠯᠲᠠ ᠵᠢᠨ ᠬᠠᠷᠢᠭᠤᠴᠠᠯᠭ᠎ᠠ ᠮᠥᠨ᠃ ᠬᠠᠶᠠᠭᠳᠠᠮᠠᠯ ᠪᠣᠳᠠᠰ ᠢ᠋ ᠭᠠᠷ ᠤ᠋ᠨ ᠠᠶ᠎ᠠ ᠪᠠᠷ ᠬᠠᠶᠠᠬᠤ ᠵᠢ ᠲᠡᠪᠴᠢᠵᠦ᠂ ᠬᠣᠭ ᠨᠣᠪᠰᠢ ᠵᠢ ᠲᠦᠷᠦᠯ ᠬᠤᠪᠢᠶᠠᠬᠤ ᠠᠵᠢᠯ ᠢ᠋ ᠤᠬᠠᠮᠰᠠᠷ ᠡᠴᠡ ᠪᠠᠨ ᠰᠠᠢᠲᠤᠷ ᠬᠢᠵᠦ᠂ ᠬᠠᠶᠠᠭᠳᠠᠮᠠᠯ ᠢ᠋ ᠬᠤᠷᠢᠶᠠᠬᠤ ᠵᠦᠪ ᠵᠠᠮ  ᠢ᠋ ᠰᠠᠨᠠᠭᠠᠴᠢᠯᠠᠭ᠎ᠠ ᠡᠴᠡ ᠪᠠᠨ ᠰᠣᠩᠭᠣᠵᠤ᠂ ᠬᠠᠭᠤᠴᠢᠨ ᠡᠳ᠋ ᠢ᠋ ᠬᠤᠷᠢᠶᠠᠨ ᠠᠪᠬᠤ ᠪᠠ ᠰᠣᠯᠢᠬᠤ ᠵᠡᠷᠭᠡ ᠨᠡᠢᠲᠡ ᠵᠢᠨ ᠠᠰᠠᠷᠠᠮᠵᠢ ᠵᠢᠨ ᠠᠵᠢᠯᠯᠠᠭ᠎ᠠ ᠳ᠋ᠤ ᠢᠳᠡᠪᠬᠢᠲᠡᠢ ᠣᠷᠣᠯᠴᠠᠪᠠᠯ ᠵᠤᠬᠢᠨ᠎ᠠ ᠃

ᠪᠣᠬᠢᠷᠲᠤᠯ ᠦᠭᠡᠢ ᠠᠮᠢᠳᠤᠷᠠᠯ ᠨᠢ ᠠᠷᠰᠠᠷ ᠶᠠᠪᠤᠳᠠᠯ ᠡᠴᠡ ᠡᠬᠢᠯᠡᠵᠦ᠂ ᠠᠮᠢ ᠠᠬᠤᠢ ᠵᠢᠨ ᠪᠣᠯᠪᠠᠰᠤᠨ ᠢ᠋ ᠤᠷᠳᠤ ᠬᠤᠭᠤᠴᠠᠭ᠎ᠠ ᠪᠡᠷ ᠪᠠᠷᠢᠮᠲᠠᠯᠠᠬᠤ ᠴᠢᠬᠤᠯᠠᠳᠠᠢ᠃ ᠪᠢᠳᠡ ᠬᠠᠭᠤᠴᠢᠨ ᠡᠳ᠋ ᠬᠠᠶᠠᠭᠳᠠᠮᠠᠯ ᠪᠤᠳᠠᠰ ᠢ᠋ ᠬᠤᠷᠢᠶᠠᠨ ᠠᠪᠬᠤ ᠣᠢᠯᠠᠭᠠᠭᠳᠠᠬᠤᠨ ᠢ᠋ ᠠᠮᠢᠳᠤᠷᠠᠯ ᠳ᠋ᠤ ᠠᠭᠤᠰᠬᠠᠵᠤ᠂ ᠬᠠᠶᠠᠭᠳᠠᠮᠠᠯ ᠢ᠋ ᠡᠷᠳᠡᠨᠢ ᠪᠣᠯᠭᠠᠵᠤ᠂ ᠡᠬᠢ ᠪᠠᠶᠠᠯᠢᠭ ᠢ᠋ ᠦᠷᠭᠦᠯᠵᠢᠯᠡᠨ ᠡᠷᠭᠢᠯᠳᠦᠭᠦᠯᠬᠦ ᠵᠢ ᠪᠠᠷᠢᠮᠳᠠᠯᠠᠵᠤ᠂ ᠬᠥᠬᠡᠮᠳᠦᠭ ᠨᠣᠭᠣᠭᠠᠨ ᠠᠭᠤᠯᠠ ᠤᠰᠤ ᠪᠠᠨ ᠬᠠᠮᠲᠤ ᠪᠠᠷ ᠰᠠᠬᠢᠨ ᠬᠠᠮᠠᠭᠠᠯᠠᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠨᠡᠢᠭᠡᠮ ᠤ᠋ᠨ ᠰᠢᠨ᠎ᠡ ᠬᠡᠪ ᠰᠤᠷᠲᠠᠯ ᠢ᠋ ᠪᠤᠢ ᠪᠤᠯᠭᠠᠪᠠᠯ ᠦᠵᠡᠰᠬᠦᠯᠠᠡᠭᠳᠤ ᠰᠠᠢᠬᠠᠨ ᠭᠡᠷ ᠤᠷᠤᠨ᠎ᠳᠤ ᠰᠠᠨᠠᠭ᠎ᠠ ᠲᠠᠨᠢᠬᠦᠨ ᠠᠮᠢᠳᠤᠷᠠᠬᠤ ᠪᠤᠯᠤᠨ᠎ᠠ ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号