ᠤᠢᠷ᠎ᠠ ᠳ᠋ᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠡᠭ᠌ᠲᠡᠢᠴᠦᠳ᠎ᠦᠨ ᠬᠣᠯᠪᠣᠭ᠎ᠠ᠂ ᠥᠪᠥᠷ ᠮᠣᠩᠭᠣᠯ᠎ᠤᠨ ᠡᠮᠡᠭ᠌ᠲᠡᠢᠴᠦᠳ᠎ᠤᠨ ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ᠎ᠦᠨ ᠠᠵᠢᠯᠲᠠᠨ᠎ᠤ ᠨᠡᠢᠭᠡᠮᠯᠢᠭ᠎ᠡᠴᠡ ᠭᠣᠣᠯᠯᠠᠨ ᠡᠷᠬᠢᠯᠡᠭᠰᠡᠨ 《〈ᠠᠷᠪᠠᠨ ᠲᠠᠪᠤᠳᠤᠭᠠᠷ ᠲᠠᠪᠤᠨ ᠵᠢᠯ〉 ᠳ᠋ᠦ ᠡᠷᠡᠮᠡᠬᠡᠢᠯᠡᠨ ᠤᠷᠤᠬᠰᠢᠯᠠᠵᠤ᠂ ᠡᠮᠡᠭᠳᠡᠢᠴᠤᠳ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠡᠭᠦᠳᠦᠯᠲᠡ ᠳ᠋ᠦ ᠬᠦᠴᠦᠨ ᠨᠡᠮᠡᠷᠢᠯᠡᠬᠦ》ᠭᠣᠣᠯ ᠰᠡᠳᠦᠪᠲᠦ ᠠᠵᠢᠯᠯᠠᠭ᠎ᠠ ᠬᠥᠬᠡᠬᠣᠲᠠ᠎ᠳᠤ ᠶᠠᠪᠤᠭ᠍ᠳᠠᠪᠠ᠃
ᠠᠵᠢᠯᠯᠠᠭ᠎ᠠ ᠲᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠡᠮᠡᠭ᠌ᠲᠡᠢᠴᠦᠳ᠎ᠦᠨ ᠬᠣᠯᠪᠣᠭ᠎ᠠ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ᠎ᠶ᠋ᠢᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠬᠠᠮᠢᠶ᠎ᠠ ᠪᠦᠬᠦᠢ ᠤᠳᠤᠷᠢᠳᠤᠯᠭ᠎ᠠ ᠲᠤᠰ ᠲᠤᠰ ᠪᠠᠶᠠᠷ᠎ᠤᠨ ᠦᠭᠡ ᠬᠡᠯᠡᠵᠦ᠍᠂ ᠪᠥᠬᠥ᠌ ᠣᠷᠣᠨ᠎ᠤ ᠡᠯ᠎ᠡ ᠠᠵᠢᠯ ᠲᠥᠷᠥᠯ᠎ᠤᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠠᠵᠢᠯᠲᠠᠳ᠎ᠲᠤ ᠪᠠᠶᠠᠷ᠎ᠤᠨ ᠡᠳᠦᠷ᠎ᠦᠨ ᠮᠡᠨᠳᠦᠴᠢᠯᠡᠯ ᠪᠣᠯᠤᠨ ᠡᠷᠬᠢᠮ ᠳᠡᠭᠡᠳᠦ ᠬᠦᠨᠳᠦᠳᠭᠡᠯ ᠲᠡᠪᠰᠢᠬᠦᠯᠵᠦ᠂ ᠥᠪᠥᠷ ᠮᠣᠩᠭᠣᠯ᠎ᠤᠨ ᠡᠮᠡᠭ᠌ᠲᠡᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠠᠵᠢᠯᠲᠠᠳ᠎ᠤᠨ ᠬᠠᠷᠢᠭᠤᠴᠠᠯᠭ᠎ᠠ ᠡᠭᠦᠷᠭᠡᠯᠡᠯ᠎ᠢ ᠬᠦᠢᠴᠡᠳ ᠨᠤᠳᠠᠯᠠᠪᠠ᠃
ᠠᠵᠢᠯᠯᠠᠭ᠎ᠠ᠎ᠶ᠋ᠢᠨ ᠲᠤᠬᠠᠢ᠎ᠶ᠋ᠢᠨ ᠲᠠᠯᠠᠪᠠᠢ᠎ᠳᠤ᠂ ᠥᠪᠡᠷᠲᠡᠭᠡᠨ ᠵᠠᠰᠠᠬᠤ ᠣᠷᠣᠨ᠎ᠤ ᠡᠮᠡᠭ᠌ᠲᠡᠢᠴᠦᠳ᠎ᠦᠨ ᠬᠣᠯᠪᠣᠭ᠎ᠠ᠎ᠶ᠋ᠢᠨ ᠤᠳᠤᠷᠢᠳᠤᠯᠭ᠎ᠠ ᠡᠮᠡᠭ᠌ᠲᠡᠢ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠠᠵᠢᠯᠲᠠᠳ᠎ᠤᠨ ᠲᠥᠯᠥᠭᠡᠯᠡᠭ᠌ᠴᠢ᠎ᠳᠦ 《ᠰᠢ ᠵᠢᠨ ᠫᠢᠩ ᠠᠷᠠᠳ᠎ᠤᠨ ᠭᠡᠷ᠎ᠲᠦ ᠠᠢᠯᠴᠢᠯᠠᠬᠰᠠᠨ ᠨᠢ》 (ᠬᠣᠶᠠᠳᠤᠭᠠᠷ ᠡᠮᠬᠢᠳᠭᠡᠯ) ᠭᠡᠬᠦ ᠨᠤᠮᠢ᠋ ᠪᠡᠯᠡᠭ᠌ᠯᠡᠵᠦ᠂ ᠪᠦᠬᠦ᠌ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠠᠵᠢᠯᠲᠠᠳ᠎ᠢ ᠭᠦᠨᠵᠡᠭᠡᠢ ᠰᠤᠷᠤᠯᠴᠠᠨ ᠨᠠᠷᠢᠨ ᠣᠢᠯᠠᠭᠠᠵᠤ᠂ ᠮᠡᠳᠡᠬᠦᠢ ᠬᠢᠬᠦᠢ᠎ᠪᠡᠨ ᠨᠢᠭᠡᠳᠭᠡᠵᠦ᠍᠂ ᠰᠤᠷᠤᠭ᠍ᠰᠠᠨ᠎ᠢᠶᠠᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠣᠭᠣᠮᠲᠠ ᠱᠢᠪᠲᠤᠯᠬᠤ ᠬᠦᠴᠦ᠍ᠨ᠂ ᠠᠵᠢᠯ ᠬᠢᠵᠦ᠍ ᠦᠢᠯᠡᠰ ᠪᠤᠰᠭᠠᠬᠤ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠵᠠᠮ ᠵᠢᠡᠷ ᠵᠣᠭ᠍ᠰᠣᠯ ᠦᠭᠡᠢ ᠡᠷᠡᠮᠡᠬᠡᠢᠯᠡᠨ ᠤᠷᠤᠭ᠍ᠰᠢᠯᠠᠬᠤ ᠵᠢ ᠵᠣᠷᠢᠭ᠍ᠵᠢᠭᠤᠯᠪᠠ᠃
ᠳᠤᠮᠳᠠᠳᠤ ᠤᠯᠤᠰ᠎ᠤᠨ ᠢᠨᠵᠧᠨᠧᠷᠢᠩ᠎ᠦᠨ ᠬᠦᠷᠢᠶᠡᠯᠡᠩ᠎ᠦᠨ ᠠᠺᠠᠳᠧᠮᠢᠴᠢ ᠯᠦ᠍ ᠵᠠᠨ ᠶᠤᠸᠠᠨ᠎ᠡᠴᠡ ᠥᠪᠥᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠶ᠎ᠶ᠋ᠢᠨ ᠱᠢᠨᠵᠢᠯᠡᠬᠦ᠌ ᠤᠬᠠᠭᠠᠨ᠎ᠤ ᠰᠤᠳᠤᠯᠭᠠᠨᠳ᠋ᠦ ᠬᠡᠳᠦᠨ ᠠᠷᠪᠠᠨ ᠵᠢᠯ ᠠᠵᠢᠯᠯᠠᠬᠰᠠᠨ ᠥᠩᠭᠡᠷᠡᠯᠲᠡ ᠪᠡᠨ ᠬᠤᠪᠢᠶᠠᠯᠴᠠᠵᠤ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠦᠯᠬᠦᠮ ᠤ᠋ᠨ ᠬᠢᠨᠤ᠋ ᠥᠪᠥᠷ ᠮᠣᠩᠭᠣᠯ᠎ᠳᠤ ᠦᠨᠳᠦᠰᠦᠯᠡᠵᠦ᠍᠂ ᠭᠦᠨᠵᠡᠭᠡᠢ ᠰᠤᠳᠤᠯᠭᠠᠨ ᠬᠢᠭᠰᠡᠨ ᠤᠭ ᠰᠠᠨᠠᠭ᠎ᠠ ᠬᠢᠭᠡᠳ ᠱᠢᠨᠵᠢᠯᠡᠬᠦ᠌ ᠤᠬᠠᠭᠠᠨᠲᠠᠨ᠎ᠤ ᠵᠣᠷᠢᠭ ᠰᠠᠨᠠᠭ᠎ᠠ᠎ᠶ᠋ᠢ ᠠᠮᠢᠳᠤᠯᠢᠭ᠎ᠢᠶᠠᠷ ᠲᠠᠢᠯᠪᠤᠷᠢᠯᠠᠵᠤ᠂ ᠲᠤᠬᠠᠢ᠎ᠶ᠋ᠢᠨ ᠲᠠᠯᠠᠪᠠᠢ᠎ᠶ᠋ᠢᠨ ᠪᠦᠬᠦ᠌ ᠬᠥᠮᠦᠰ᠎ᠲᠦ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠤᠷᠤᠭ᠍ᠰᠢᠯᠠᠯᠲᠠ᠎ᠶ᠋ᠢᠨ ᠬᠡᠷᠡᠯᠳᠤ ᠴᠠᠮᠬᠠᠭ᠎ᠢ ᠠᠰᠠᠭᠠᠵᠤ ᠥᠭ᠌ᠴᠡᠢ᠃
ᠠᠵᠢᠯᠯᠠᠭ᠎ᠠ᠎ᠶ᠋ᠢᠨ ᠲᠤᠬᠠᠢ᠎ᠶ᠋ᠢᠨ ᠲᠠᠯᠠᠪᠠᠢ᠎ᠳᠤ ᠪᠠᠰᠠ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠣᠱᠢᠭᠤᠴᠢ》 ᠤᠬᠠᠭᠤᠯᠭ᠎ᠠ᠎ᠶ᠋ᠢᠨ ᠹᠢᠯᠢᠮ᠎ᠢ ᠰᠣᠨᠢᠷᠬᠠᠬᠤ ᠵᠢᠴᠢ ᠪᠦᠬᠦ᠌ ᠤᠯᠤᠰ᠎ᠤᠨ 《3•8》 ᠤ᠋ ᠤᠯᠠᠭᠠᠨ ᠲᠤᠭ᠍ᠴᠢ᠂ ᠪᠦᠬᠦ᠌ ᠤᠯᠤᠰ᠎ᠤᠨ ᠪᠣᠯᠪᠠᠰᠤᠨ ᠠᠵᠢᠯ᠎ᠤᠨ ᠲᠠᠭᠠᠭᠤᠯᠤᠬ᠍ᠴᠢ᠂ ᠶᠡᠬᠡ ᠳᠡᠭᠡᠳᠦ ᠰᠤᠷᠭᠠᠭᠤᠯᠢ᠎ᠶ᠋ᠢᠨ ᠵᠠᠬᠢᠷᠤᠯ ᠲᠤᠰ ᠪᠡᠶ᠎ᠡ᠎ᠶ᠋ᠢᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠶᠠᠪᠤᠴᠠ ᠪᠣᠯᠤᠨ 《ᠰᠢ ᠵᠢᠨ ᠫᠢᠩ ᠠᠷᠠᠳ᠎ᠤᠨ ᠭᠡᠷ᠎ᠲᠦ ᠠᠢᠯᠴᠢᠯᠠᠬᠰᠠᠨ ᠨᠢ》 ᠭᠡᠬᠦ᠌ ᠨᠣᠮ᠎ᠢ ᠤᠩᠱᠢᠭ᠍ᠰᠠᠨ ᠲᠦᠷᠦᠭ᠌ᠳᠡᠯ ᠵᠢᠡᠨ ᠬᠤᠪᠢᠶᠠᠯᠴᠠᠵᠤ᠂ ᠱᠢᠨ᠎ᠡ ᠴᠠᠭ ᠦᠶ᠎ᠡ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠠᠵᠢᠯᠲᠠᠳ᠎ᠤᠨ ᠬᠠᠷᠢᠭᠤᠴᠠᠯᠭ᠎ᠠ ᠪᠣᠯᠤᠨ ᠢᠷᠠᠭᠤ ᠠᠯᠳᠠᠷ᠎ᠢ ᠠᠮᠢᠳᠤᠯᠢᠭ᠎ᠢᠶᠠᠷ ᠢᠯᠡᠷᠡᠭᠦᠯᠪᠡ᠃
ᠥᠪᠡᠷᠲᠡᠭᠡᠨ ᠵᠠᠰᠠᠬᠤ ᠣᠷᠣᠨ᠎ᠤ ᠡᠮᠡᠭ᠌ᠲᠡᠢᠴᠦᠳ᠎ᠦᠨ ᠬᠣᠯᠪᠣᠭ᠎ᠠ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ᠎ᠶ᠋ᠢᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠤᠳᠤᠷᠢᠳᠤᠯᠭ᠎ᠠ ᠠᠵᠢᠯᠯᠠᠭ᠎ᠠ᠎ᠳᠤ ᠣᠷᠣᠯᠴᠠᠵᠠᠢ᠃ ᠪᠥᠬᠥ᠌ ᠣᠷᠣᠨ᠎ᠤ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠂ ᠶᠡᠬᠡ ᠳᠡᠭᠡᠳᠦ ᠰᠤᠷᠭᠠᠭᠤᠯᠢ᠎ᠶ᠋ᠢᠨ ᠡᠮᠡᠭ᠌ᠲᠡᠶ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠠᠵᠢᠯᠲᠠᠨ᠂ ᠡᠮᠡᠭ᠌ᠲᠡᠶ ᠤᠶᠤᠲᠠᠳ᠎ᠤᠨ ᠲᠥᠯᠥᠭᠡᠯᠡᠭ᠌ᠴᠢ ᠨᠡᠢᠲᠡ 200 ᠭᠠᠷᠤᠶ ᠬᠥᠮᠦᠨ ᠠᠵᠢᠯᠯᠠᠭ᠎ᠠ᠎ᠳᠤ ᠣᠷᠣᠯᠴᠠᠵᠠᠶ᠃