ᠥᠪᠥᠷ ᠮᠣᠩᠭᠣᠯ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠰᠣᠶᠣᠯ ᠲᠡᠦᠬᠡ᠎ᠶ᠋ᠢᠨ ᠣᠷᠳᠣᠨ ᠪᠥᠬᠥ᠌ ᠣᠷᠣᠨ᠎ᠤ ᠺᠠᠳ᠋ᠷ᠎ᠤᠨ ᠬᠥᠮᠦᠵᠢᠯ ᠪᠣᠯᠪᠠᠰᠤᠷᠠᠯ᠎ᠤᠨ ᠠᠬᠤᠢ ᠲᠠᠯᠠᠪᠠᠢ᠎ᠵᠢᠨ ᠵᠢᠭᠠᠨ ᠰᠤᠷᠭᠠᠯᠲᠠ᠎ᠶ᠋ᠢᠨ ᠴᠡᠭ᠎ᠢᠶᠡᠷ ᠰᠣᠩᠭᠣᠭ᠍ᠳᠠᠪᠠ
2026-06-08 10:55:13
ᠵᠣᠬᠢᠶᠠᠭ᠍ᠴᠢ᠄
​ ᠰᠠᠴᠤᠷᠠᠯ
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ᠂ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ 《ᠪᠥᠬᠥ᠌ ᠣᠷᠣᠨ᠎ᠤ ᠺᠠᠳ᠋ᠷ᠎ᠤᠨ ᠬᠥᠮᠦᠵᠢᠯ ᠪᠣᠯᠪᠠᠰᠤᠷᠠᠯ᠎ᠤᠨ ᠠᠬᠤᠢ ᠲᠠᠯᠠᠪᠠᠶ᠎ᠶ᠋ᠢᠨ ᠵᠢᠭᠠᠨ ᠰᠤᠷᠭᠠᠯᠲᠠ᠎ᠶ᠋ᠢᠨ ᠰᠠᠭᠤᠷᠢᠨ ᠪᠠ ᠵᠢᠭᠠᠨ ᠰᠤᠷᠭᠠᠯᠲᠠ᠎ᠶ᠋ᠢᠨ ᠴᠡᠭ (ᠬᠣᠶᠠᠳᠤᠭᠠᠷ ᠪᠦᠯᠦᠭ)》  ᠤ᠋ᠨ ᠨᠡᠷᠡᠰ᠎ᠢ ᠨᠡᠢᠲᠡᠯᠡᠵᠦ᠍᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠰᠣᠶᠣᠯ ᠲᠡᠦᠬᠡ᠎ᠶ᠋ᠢᠨ ᠣᠷᠳᠣᠨ ᠠᠬᠤᠢ ᠲᠠᠯᠠᠪᠠᠶ᠎ᠶ᠋ᠢᠨ ᠵᠢᠭᠠᠨ ᠰᠤᠷᠭᠠᠯᠲᠠ᠎ᠶ᠋ᠢᠨ ᠴᠡᠭ᠎ᠢᠶᠡᠷ ᠰᠣᠩᠭᠣᠭ᠍ᠳᠠᠪᠠ᠃ ᠡᠨᠡ ᠨᠢ ᠰᠣᠶᠣᠯ ᠲᠡᠦᠬᠡ᠎ᠶ᠋ᠢᠨ ᠣᠷᠳᠣᠨ᠎ᠤ ᠵᠢᠩᠬᠢᠨᠢ᠎ᠪᠡᠷ ᠨᠠᠮ᠎ᠤᠨ ᠰᠤᠷᠭᠠᠭᠤᠯᠢ᠎ᠶ᠋ᠢᠨ ᠺᠠᠳ᠋ᠷ᠎ᠤᠨ ᠬᠥᠮᠦᠵᠢᠯ ᠪᠣᠯᠪᠠᠰᠤᠷᠠᠯ᠎ᠤᠨ ᠱᠢᠰᠲ᠋ᠧᠮ᠎ᠳᠦ ᠣᠷᠣᠵᠤ᠂ ᠪᠦᠬᠦ᠌ ᠣᠷᠣᠨ᠎ᠤ ᠺᠠᠳ᠋ᠷ᠎ᠤᠨ 《ᠲᠤᠭᠤᠷᠢᠨ ᠰᠤᠷᠤᠯᠴᠠᠬᠤ ᠬᠢᠴᠢᠶᠡᠯ᠎ᠦᠨ ᠲᠠᠩᠬᠢᠮ》 ᠪᠣᠯᠤᠭ᠍ᠰᠠᠨ᠎ᠢ ᠬᠠᠷᠠᠭᠤᠯᠵᠤ ᠪᠠᠢᠨ᠎ᠠ᠃ 

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠰᠣᠶᠣᠯ ᠲᠡᠦᠬᠡ᠎ᠶ᠋ᠢᠨ ᠣᠷᠳᠣᠨ ᠨᠢ 2024 ᠣᠨ᠎ᠤ 1 ᠰᠠᠷ᠎ᠠ᠎ᠳᠦ ᠡᠬᠢᠯᠡᠨ ᠵᠢᠩᠬᠢᠨᠢ᠎ᠪᠡᠷ ᠠᠰᠢᠬᠯᠠᠯᠲᠠ᠎ᠳᠤ ᠤᠷᠤᠵᠦ᠂ ᠶᠡᠷᠦᠩᠬᠡᠶ ᠲᠠᠯᠠᠪᠠᠶ᠎ᠨᠢ 2320 ᠲᠡᠭ᠌ᠰᠢ ᠳᠥᠷᠪᠡᠯᠵᠢᠨ ᠮᠧᠲ᠋ᠷ ᠪᠠᠢᠵᠤ᠂ ᠲᠡᠦᠬᠡᠨ ᠶᠠᠪᠤᠴᠠ᠎ᠶ᠋ᠢᠨ ᠦᠵᠡᠬᠦᠯᠬᠡ᠂ ᠤᠷᠠᠨ ᠪᠢᠴᠢᠯᠭᠡ ᠤᠷᠠᠨ ᠵᠢᠷᠤᠭ᠎ᠤᠨ ᠤᠷᠲᠦ ᠬᠣᠩᠭᠢᠯ᠂ ᠰᠣᠶᠣᠯ ᠲᠡᠦᠬᠡ᠎ᠶ᠋ᠢᠨ ᠮᠠᠲ᠋ᠧᠷᠢᠶᠠᠯ ᠵᠢᠭᠡᠯᠡᠵᠦ᠍ ᠤᠩᠱᠢᠬᠤ ᠲᠠᠰᠤᠭ   ᠵᠡᠷᠭᠡ ᠴᠢᠳᠠᠮᠵᠢᠲᠤ ᠲᠤᠭᠤᠷᠢᠭ᠎ᠢ ᠪᠠᠢᠭᠤᠯᠪᠠ᠃ ᠬᠣᠶᠠᠷ ᠵᠢᠯ ᠭᠠᠷᠤᠢ᠎ᠶ᠋ᠢᠨ ᠲᠤᠷᠰᠢ ᠂ ᠰᠣᠶᠣᠯ   ᠲᠡᠦᠬᠡ  ᠎ᠶ᠋ᠢᠨ    ᠣᠷᠳᠣᠨ   ᠎ᠤ    ᠪᠦᠳᠦᠭᠡᠨ ᠪᠠᠢᠭᠤᠯᠤᠯᠲᠠ ᠨᠢ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠭᠣᠣᠯ ᠱᠢᠵᠢᠮ᠎ᠢ ᠴᠢᠩᠭ᠎ᠠ ᠡᠵᠡᠮᠳᠡᠵᠦ᠍᠂ ᠥᠪᠡᠷᠲᠡᠭᠡᠨ ᠵᠠᠰᠠᠬᠤ ᠣᠷᠣᠨ᠎ᠤ ᠰᠦᠷ ᠳᠠᠯᠠᠢᠴᠠᠲᠠᠢ ᠲᠡᠦᠬᠡᠨ ᠠᠬᠢᠴᠠ᠎ᠶ᠋ᠢ ᠱᠢᠰᠲᠸᠮ ᠲᠠᠢ ᠳᠡᠯᠭᠡᠨ ᠦᠵᠡᠭᠦᠯᠵᠦ᠍᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠥᠪᠥᠷ ᠮᠣᠩᠭᠣᠯ᠎ᠳᠠᠬᠢ ᠪᠦᠳᠦᠭᠡᠨ ᠪᠠᠢᠭᠤᠯᠤᠯᠲᠠ᠂ ᠬᠥᠭ᠌ᠵᠢᠯᠲᠡ᠂ ᠥᠭᠡᠷᠡᠴᠢᠯᠡᠯᠲᠡ᠎ᠶ᠋ᠢᠨ ᠡᠯ᠎ᠡ ᠴᠠᠭ ᠦᠶ᠎ᠡ᠎ᠶ᠋ᠢᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠭ᠌ᠰᠡᠨ ᠦᠢᠯᠡᠳᠦᠯᠭᠡ ᠪᠠ ᠡᠭᠦᠷᠭᠡ ᠬᠠᠷᠢᠭᠤᠴᠠᠯᠭ᠎ᠠ᠎ᠶ᠋ᠢ ᠠᠮᠢᠳᠤᠯᠢᠭ᠎ᠢᠶᠠᠷ ᠢᠯᠡᠷᠡᠭᠦᠯᠵᠦ᠍᠂ ᠣᠷᠣᠨ᠎ᠤ ᠳᠣᠲᠣᠨ᠎ᠠ ᠭᠠᠳᠠᠨᠠᠬᠢ 168 ᠨᠢᠭᠡᠴᠢ᠂ ᠪᠦᠯᠬᠦᠮ᠎ᠤᠨ ᠨᠡᠢ᠌ᠳᠡ 3140 ᠭᠠᠷᠤᠢ ᠬᠥᠮᠦᠨ ᠤᠳᠠᠭ᠎ᠠ᠎ᠶᠢ ᠬᠦᠯᠢᠶᠡᠨ ᠠᠪᠴᠠᠢ᠃

ᠡᠨᠡ ᠨᠢ ᠰᠣᠶᠣᠯ ᠲᠡᠦᠬᠡ᠎ᠶ᠋ᠢᠨ ᠣᠷᠳᠣᠨ᠎ᠤ ᠠᠵᠢᠯ᠎ᠤᠨ ᠦᠷ᠎ᠡ ᠪᠦᠲᠦᠮᠵᠢ᠎ᠶ᠋ᠢ ᠭᠦᠢᠴᠡᠳ ᠨᠤᠲᠠᠯᠠᠭ᠍ᠰᠠᠨ᠎ᠢᠶᠠᠷ   ᠪᠠᠷᠠᠬᠤ  ᠦᠭᠡᠢ᠂ ᠪᠠᠰᠠ ᠪᠦᠯᠬᠦᠮᠳᠡᠯ ᠳᠠᠪᠰᠢᠯᠳᠠ ᠵᠢ ᠠᠬᠢᠭᠤᠯᠬᠤ ᠬᠥᠮᠦᠨ᠎ᠢ ᠬᠥᠮᠦᠵᠢᠭᠦᠯᠬᠦ᠌ ᠴᠢᠬᠤᠯᠠ ᠡᠭᠦᠷᠭᠡ ᠬᠠᠷᠢᠭᠤᠴᠠᠯᠭ᠎ᠠ ᠣᠯᠭᠣᠪᠠ᠃ ᠲᠠᠷᠠᠭᠠᠴᠢ᠎ᠶ᠋ᠢᠨ ᠠᠯᠬᠤᠮ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠰᠣᠶᠣᠯ ᠲᠡᠦᠬᠡ᠎ᠶ᠋ᠢᠨ ᠣᠷᠳᠣᠨ ᠳᠡᠯᠭᠡᠨ ᠦᠵᠡᠭᠦᠯᠬᠦ᠌ ᠠᠭᠤᠯᠭ᠎ᠠ᠎ᠪᠠᠨ ᠦᠷᠭᠦᠯᠵᠢᠯᠡᠨ ᠱᠢᠯᠢᠳᠡᠭ᠌ᠵᠢᠭᠦᠯᠵᠦ᠍᠂ ᠲᠠᠢᠯᠤᠮᠵᠢ ᠬᠢᠬᠦ᠌ ᠲᠦᠪᠱᠢᠨ᠎ᠢᠶᠡᠨ ᠳᠡᠭᠡᠭ᠌ᠰᠢᠯᠡᠭᠦᠯᠵᠦ᠍᠂ ᠨᠠᠮ᠎ᠤᠨ ᠰᠤᠷᠭᠠᠭᠤᠯᠢ᠎ᠶ᠋ᠢᠨ ᠵᠢᠭᠠᠨ ᠰᠤᠷᠭᠠᠯᠲᠠ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠲᠠᠶ ᠭᠦᠨᠵᠡᠭᠡᠶ ᠵᠣᠯᠭᠠᠯᠴᠠᠵᠦ᠂ ᠰᠤᠷᠤᠭ᠍ᠴᠢ ᠨᠢᠭᠡ ᠪᠦᠷᠢ᠎ᠳᠦ ᠲᠤᠬᠠᠶ᠎ᠶ᠋ᠢᠨ ᠲᠠᠯᠠᠪᠠᠶ᠎ᠶ᠋ᠢᠨ ᠵᠢᠭᠠᠨ ᠰᠤᠷᠭᠠᠯᠲᠠ᠎ᠠᠴᠠ ᠪᠦᠯᠬᠦᠮᠳᠡᠯ᠎ᠦᠨ ᠬᠦᠴᠦᠨ᠎ᠢ ᠣᠢᠯᠠᠭᠠᠭᠤᠯᠵᠤ᠂ ᠤᠷᠤᠭ᠍ᠰᠢᠯᠠᠨ ᠳᠠᠪᠱᠢᠬᠤ ᠬᠥᠳᠡᠯᠭᠡᠬᠦ᠌ ᠬᠦᠴᠦᠨ ᠣᠯᠭᠣᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号