ᠥᠪᠥᠷ ᠮᠣᠩᠭᠣᠯ᠎ᠤᠨ ᠵᠡᠮᠳᠡᠭ᠌ᠴᠦᠳ᠎ᠦᠨ ᠰᠣᠶᠣᠯ᠎ᠤᠨ ᠡᠭᠦᠳᠦᠯᠲᠡ᠎ᠶ᠋ᠢᠨ ᠪᠦᠲᠦᠭᠡᠯ ᠱᠧᠨᠵᠧᠨ᠎ᠦ ᠰᠣᠶᠣᠯ᠎ᠤᠨ ᠦᠵᠡᠰᠭᠦᠯᠡᠩ᠎ᠤᠨ ᠴᠤᠬᠯᠠᠭᠠᠨ᠎ᠳᠦ ᠳᠡᠯᠭᠡᠭᠳᠡᠪᠡ
2026-06-08 11:07:26
ᠵᠣᠬᠢᠶᠠᠭ᠍ᠴᠢ᠄
ᠰᠠᠴᠤᠷᠠᠯ
ᠣᠩᠱᠢᠭ᠍ᠰᠠᠨ ᠣᠳᠠᠭ᠎ᠠ᠄
★★★☆☆

ᠦᠪᠦᠷ ᠮᠤᠩᠭᠤᠯ᠎ᠤᠨ ᠵᠡᠮᠳᠡᠭᠴᠤᠳ᠎ᠤᠨ ᠬᠤᠯᠪᠤᠭ᠎ᠠ ᠡᠴᠡ ᠤᠢᠯᠠᠭᠠᠬᠰᠠᠨ ᠵᠢᠡᠷ᠂ ᠲᠦᠷᠦᠭᠦᠬᠡᠨ ᠱᠧᠨᠵᠧᠨ᠎ᠳ᠋ᠤ ᠶᠠᠪᠤᠬᠳᠠᠬᠰᠠᠨ ᠳᠤᠮᠳᠠᠳᠤ ᠤᠯᠤᠰ (ᠱᠧᠨᠵᠧᠨ) ᠤ᠋ᠨ ᠣᠯᠠᠨ ᠤᠯᠤᠰ᠎ᠤᠨ ᠰᠣᠶᠣᠯ᠎ᠤᠨ ᠠᠵᠤ ᠦᠶ᠋ᠯᠡᠰ᠎ᠦᠨ ᠦᠵᠡᠰᠭᠦᠯᠡᠩ ᠪᠠ ᠠᠷᠠᠯᠵᠢᠶᠠᠨ᠎ᠤ ᠴᠤᠭ᠍ᠯᠠᠭᠠᠨ᠎ᠳ᠋ᠤ ᠮᠠᠨ᠎ᠤ ᠣᠷᠣᠨ᠎ᠤ 5 《ᠦᠵᠡᠰᠭᠦᠯᠡᠩᠲᠦ ᠰᠠᠢᠬᠠᠨ ᠦᠢᠯᠡᠳᠭᠡᠯ᠎ᠦᠨ ᠭᠠᠵᠠᠷ》 ᠤ᠋ᠨ 400 ᠭᠠᠷᠤᠢ ᠪᠦᠲᠦᠭᠡᠯ ᠳᠡᠯᠭᠡᠨ ᠦᠵᠡᠭᠦᠯᠬᠡ᠎ᠳᠦ ᠳᠡᠯᠭᠡᠭᠳᠡᠪᠡ᠃

《ᠵᠡᠮᠳᠡᠭ᠌ᠴᠦᠳ᠎ᠲᠦ ᠠᠵᠢᠯ ᠣᠯᠭᠣᠬᠤ᠎ᠶ᠋ᠢ ᠠᠬᠢᠭᠤᠯᠬᠤ ᠭᠤᠷᠪᠠᠨ ᠵᠢᠯ᠎ᠦᠨ ᠠᠵᠢᠯᠯᠠᠭᠠᠨ᠎ᠤ ᠲᠥᠰᠦᠯ》ᠢ᠋ ᠨᠠᠢᠳᠠᠪᠤᠷᠢᠵᠢᠭᠤᠯᠵᠤ᠂ ᠵᠡᠮᠳᠡᠭ ᠡᠮᠡᠭ᠌ᠲᠡᠢᠴᠦᠳ᠎ᠦᠨ 《ᠥᠪᠡᠷ᠎ᠢ᠎ᠪᠡᠨ ᠬᠦᠨᠳᠦᠳᠭᠡᠬᠦ᠌᠂ ᠥᠪᠡᠷ᠎ᠢ᠎ᠪᠡᠨ ᠢᠲᠡᠭᠡᠬᠦ᠌᠂ ᠪᠡᠶ᠎ᠡ᠎ᠪᠡᠨ ᠳᠠᠭᠠᠭᠠᠬᠤ᠂ ᠥᠪᠡᠷ᠎ᠢ᠎ᠪᠡᠨ ᠬᠦᠴᠦᠷᠬᠡᠭ᠌ᠵᠢᠭᠦᠯᠬᠦ᠌》 ᠵᠣᠷᠢᠭ ᠰᠠᠨᠠᠭ᠎ᠠ᠎ᠶ᠋ᠢ ᠪᠠᠳᠠᠷᠠᠭᠤᠯᠬᠤ᠎ᠶ᠋ᠢᠨ ᠲᠦᠯᠦᠭᠡ᠂ ᠳᠤᠮᠳᠠᠳᠤ ᠤᠯᠤᠰ᠎ᠤᠨ ᠵᠡᠮᠳᠡᠭ᠌ᠴᠦᠳ᠎ᠦᠨ ᠬᠣᠯᠪᠣᠭ᠎ᠠ᠎ᠶ᠋ᠢᠨ ᠠᠵᠢᠯ ᠣᠯᠭᠣᠯᠲᠠ᠎ᠶ᠋ᠢᠨ ᠵᠢᠯᠣᠭᠣᠳᠭᠤ ᠦᠶ᠋ᠯᠡᠴᠢᠯᠡᠭᠡᠨ᠎ᠦ ᠲᠥᠪ᠎ᠨᠢ ᠰᠣᠶᠣᠯ᠎ᠤᠨ ᠦᠵᠡᠰᠭᠦᠯᠡᠩ᠎ᠤᠨ ᠴᠤᠬᠯᠠᠭᠠᠨ᠎ᠳᠦ 《ᠦᠵᠡᠰᠭᠦᠯᠡᠩᠲᠦ ᠰᠠᠢᠬᠠᠨ ᠦᠶ᠋ᠯᠡᠳᠭᠡᠯ᠎ᠦᠨ ᠭᠠᠵᠠᠷ》 ᠤ᠋ᠨ ᠳᠡᠯᠬᠡᠨ ᠦᠵᠡᠬᠦᠯᠬᠦ ᠲᠤᠭᠤᠷᠢᠭ ᠭᠠᠷᠭᠠᠵᠤ᠂ ᠪᠥᠬᠥ᠌ ᠤᠯᠤᠰ᠎ᠤᠨ ᠡᠯ᠎ᠡ ᠮᠤᠵᠢ ᠤᠷᠤᠨ᠎ᠤ ᠵᠡᠮᠳᠡᠭ᠌ᠴᠦᠳ᠎ᠦᠨ ᠰᠤᠳᠤᠨ ᠪᠦᠲᠦᠭᠡᠯ᠎ᠢ ᠦᠵᠡᠰᠭᠦᠯᠡᠩ᠎ᠳᠦ ᠣᠷᠣᠯᠴᠠᠭᠤᠯᠵᠤ᠂ ᠵᠡᠮᠳᠡᠭ᠌ᠴᠦᠳ᠎ᠦᠨ ᠠᠵᠢᠯ ᠣᠯᠵᠤ ᠣᠷᠣᠯᠭ᠎ᠠ᠎ᠪᠠᠨ ᠨᠡᠮᠡᠭ᠌ᠳᠡᠭᠦᠯᠬᠦ᠌᠎ᠶ᠋ᠢ ᠠᠬᠢᠭᠤᠯᠵᠤ᠂ ᠵᠡᠮᠳᠡᠭ᠌ᠴᠦᠳ᠎ᠢ ᠬᠠᠯᠠᠮᠵᠢᠯᠠᠨ ᠬᠠᠢᠷᠠᠯᠠᠬᠤ ᠨᠡᠢᠭᠡᠮ᠎ᠦᠨ ᠠᠭᠤᠷ ᠠᠮᠢᠰᠭᠤᠯ᠎ᠢ ᠪᠣᠶ ᠪᠣᠯᠭᠠᠬᠤ᠎ᠪᠠᠷ ᠵᠣᠷᠢᠯᠭ᠎ᠠ᠎ᠪᠠᠨ ᠪᠣᠯᠭᠠᠵᠠᠶ᠃ ᠡᠬᠦᠨ᠎ᠳᠤ᠂ ᠥᠪᠥᠷ ᠮᠣᠩᠭᠣᠯ᠎ᠤᠨ 5 《ᠦᠵᠡᠰᠭᠦᠯᠡᠩᠲᠦ ᠰᠠᠢᠬᠠᠨ ᠦᠢᠯᠡᠳᠭᠡᠯ᠎ᠦᠨ ᠭᠠᠵᠠᠷ》 ᠤ᠋ᠨ 400 ᠭᠠᠷᠤᠢ ᠪᠦᠲᠦᠭᠡᠯ ᠳᠡᠯᠭᠡᠨ ᠦᠵᠡᠭᠦᠯᠬᠡ᠎ᠳᠦ ᠢᠯᠡᠷᠡᠪᠡ᠃ ᠦᠪᠦᠷ ᠮᠤᠩᠭᠤᠯ᠎ᠤᠨ ᠵᠡᠮᠳᠡᠭ᠌ᠴᠦᠳ᠎ᠦᠨ ᠠᠵᠢᠯ ᠣᠯᠵᠦ ᠦᠢᠯᠡᠰ ᠪᠣᠰᠬᠠᠬᠤ᠎ᠶ᠋ᠢ ᠠᠬᠢᠭᠤᠯᠬᠤ ᠨᠡᠢᠬᠡᠮᠯᠢᠭ ᠳᠡᠯᠭᠡᠨ ᠦᠵᠡᠬᠦᠯᠬᠦ ᠲᠣᠭᠣᠷᠢᠭ᠎ᠲᠤ ᠮᠠᠨ᠎ᠤ ᠣᠷᠣᠨ᠎ᠤ 《ᠰᠣᠯᠣᠩᠭ᠎ᠠ》 ᠵᠡᠮᠳᠡᠭ᠌ᠴᠦᠳ᠎ᠢ ᠲᠤᠰᠠᠯᠠᠵᠤ ᠠᠵᠢᠯ ᠣᠯᠭᠣᠬᠤ ᠨᠡᠢᠲᠡ᠎ᠶ᠋ᠢᠨ ᠠᠰᠠᠷᠠᠮᠵᠢ᠎ᠶ᠋ᠢᠨ ᠲᠦᠷᠦᠯ ᠲᠡᠮᠳᠡᠭ᠎ᠢ ᠳᠡᠯᠭᠡᠷᠡᠭᠦᠯᠵᠦ᠍᠂ ᠮᠠᠨ᠎ᠤ ᠣᠷᠣᠨ᠎ᠤ ᠲᠥᠯᠥᠭᠡᠯᠡᠬᠦ᠌ ᠴᠢᠨᠠᠷᠲᠠᠢ ᠪᠣᠳᠠᠰ᠎ᠤᠨ ᠪᠤᠰᠤ ᠰᠣᠶᠣᠯ᠎ᠤᠨ ᠥᠪ᠎ᠦᠨ ᠤᠷ᠎ᠠ ᠮᠡᠷᠭᠡᠵᠢᠯ᠂ ᠰᠣᠶᠣᠯ᠎ᠤᠨ ᠪᠦᠲᠦᠭᠡᠯᠴᠢ ᠰᠡᠳᠭᠢᠮᠵᠢ᠂ ᠦᠨᠳᠦᠰᠦᠲᠡᠨ᠎ᠦ ᠤᠯᠠᠮᠵᠢᠯᠠᠯᠲᠤ ᠰᠣᠶᠣᠯ᠎ᠢ ᠲᠥᠪᠯᠡᠷᠡᠭᠦᠯᠦᠨ ᠳᠡᠯᠭᠡᠨ ᠦᠵᠡᠭᠦᠯᠵᠦ᠂ ᠶᠡᠬᠡ ᠬᠡᠮᠵᠢᠶᠡᠨ᠎ᠦ ᠬᠤᠳᠠ ᠵᠢᠨ ᠠᠷᠠᠳ ᠪᠠ ᠵᠢᠭᠤᠯᠴᠢᠯᠠᠬᠰᠡᠳ᠎ᠤᠨ ᠠᠩᠬᠠᠷᠤᠯ᠎ᠢ ᠲᠠᠲᠠᠵᠤ᠂ ᠤᠯᠠᠨ᠎ᠤ ᠰᠠᠢ᠌ᠨ ᠦᠨᠡᠯᠡᠯᠲᠡ᠎ᠶ᠋ᠢ ᠤᠯᠪᠠ᠃

ᠲᠤᠰ ᠤᠳᠠᠭ᠎ᠠ᠎ᠶ᠋ᠢᠨ ᠠᠵᠢᠯᠯᠠᠭ᠎ᠠ᠎ᠳᠤ ᠣᠷᠣᠯᠴᠠᠬᠤ᠎ᠪᠠᠷ ᠳᠠᠮᠵᠢᠨ᠂ ᠮᠠᠨ᠎ᠤ ᠣᠷᠣᠨ ᠵᠡᠮᠳᠡᠭ᠌ᠴᠦᠳ᠎ᠦᠨ ᠦᠢᠯᠡᠰ᠎ᠦᠨ ᠬᠥᠭ᠌ᠵᠢᠯᠲᠡ᠎ᠶ᠋ᠢᠨ ᠱᠢᠨ᠎ᠡ ᠳᠦᠷᠰᠦ ᠪᠠᠢᠳᠠᠯ᠎ᠢ ᠢᠯᠡᠷᠡᠭᠦᠯᠬᠦ᠌᠎ᠶ᠋ᠢᠨ ᠬᠠᠮᠲᠤ᠂ ᠬᠤᠢᠰᠢᠲᠠ᠎ᠵᠢᠨ ᠠᠵᠢᠯ ᠦᠢᠯᠡᠰ᠎ᠤᠨ ᠬᠠᠷᠠᠭ᠎ᠠ᠎ᠪᠠᠨ ᠥᠷᠭᠡᠳᠭᠡᠵᠦ᠍᠂ ᠪᠤᠰᠤᠳ ᠮᠤᠵᠢ ᠣᠷᠣᠨ᠎ᠤ ᠱᠢᠨ᠎ᠡ᠎ᠶ᠋ᠢ ᠡᠭᠦᠳᠬᠦ᠌ ᠠᠵᠢᠯ᠎ᠤᠨ ᠰᠡᠳᠭᠢᠴᠡ᠎ᠶ᠋ᠢ ᠰᠤᠷᠤᠯᠴᠠᠵᠤ᠂ ᠨᠡᠢᠭᠡᠮ᠎ᠦᠨ ᠦᠷ᠎ᠡ ᠠᠱᠢᠭ ᠪᠠ ᠠᠵᠤ ᠠᠬᠤᠢ᠎ᠶ᠋ᠢᠨ ᠦᠷ᠎ᠡ ᠠᠱᠢᠭ᠎ᠤᠨ ᠬᠣᠣᠰ ᠠᠮᠵᠢᠯᠲᠠ᠎ᠶ᠋ᠢ ᠪᠡᠶᠡᠯᠡᠭᠦᠯᠵᠦ᠍᠂ ᠮᠠᠨ᠎ᠤ ᠣᠷᠣᠨ᠎ᠤ ᠵᠡᠮᠳᠡᠭ᠌ᠴᠦᠳ᠎ᠦᠨ ᠠᠵᠢᠯ ᠣᠯᠭᠣᠯᠲᠠ᠎ᠶ᠋ᠢᠨ ᠴᠢᠨᠠᠷ ᠰᠠᠢᠲᠠᠢ ᠬᠥᠭ᠌ᠵᠢᠯᠲᠡ᠎ᠳᠦ ᠬᠦᠴᠦᠨ ᠨᠡᠮᠡᠷᠢᠯᠡᠬᠦ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号