ᠥᠪᠥᠷ ᠮᠣᠩᠭᠣᠯ ᠤ᠋ᠨ ᠮᠦᠽᠧᠶ ᠶ᠋ᠢᠨ ᠣᠷᠣᠨ ᠤ᠋ ᠳᠣᠲᠣᠷᠠᠬᠢ ᠰᠣᠶᠣᠯ ᠦᠵᠡᠰᠭᠦᠯᠡᠩ ᠤ᠋ᠨ 9 ᠪᠠᠢᠭᠤᠯᠤᠮᠵᠢ ᠲᠠᠶ ᠬᠠᠮᠲᠤᠷᠠᠨ ᠭᠠᠷᠭᠠᠭᠰᠠᠨ 《ᠬᠠᠲᠤᠨ ᠭᠤᠤᠯ ᠲᠠᠯ᠎ᠠ ᠨᠤᠲᠤᠭ ᠢ᠋ ᠤᠮᠳᠠᠯᠠᠨ᠎ᠠ》 ᠥᠪᠥᠷ ᠮᠣᠩᠭᠣᠯ ᠤ᠋ᠨ ᠬᠠᠲᠤᠨ ᠭᠤᠤᠯ ᠤ᠋ᠨ ᠰᠠᠪᠠ ᠭᠠᠵᠠᠷ ᠤ᠋ᠨ ᠲᠡᠦᠬᠡ ᠶ᠋ᠢᠨ ᠳᠤᠷᠠᠰᠭᠠᠯᠲᠤ ᠵᠦᠶ᠋ᠯᠡᠰ ᠤ᠋ᠨ ᠰᠣᠳᠣᠨ ᠪᠦᠲᠦᠭᠡᠯ ᠤ᠋ᠨ ᠦᠵᠡᠬᠦᠯᠬᠡ ᠠᠨᠾᠦ᠋ᠢ ᠶ᠋ᠢᠨ ᠮᠦᠽᠧᠶ ᠳ᠋ᠦ 3 ᠰᠠᠷ᠎ᠠ ᠶᠠᠪᠤᠭᠳᠠᠵᠦ᠂ ᠳᠠᠯ᠎ᠠ ᠨᠤᠲᠤᠭ ᠤ᠋ᠨ ᠰᠤᠶᠤᠯ ᠬᠢᠭᠡᠳ ᠬᠠᠳᠤᠨ ᠭᠤᠤᠯ ᠤ᠋ᠨ ᠰᠤᠶᠤᠯ ᠤ᠋ᠨ ᠭᠠᠢᠬᠠᠮᠰᠢᠭ ᠢ᠋ ᠤᠯᠠᠮ ᠨᠢᠭᠡ ᠠᠯᠬᠤᠮ ᠮᠡᠳᠡᠷᠡᠬᠦᠯᠵᠦ᠂ ᠦᠪᠦᠷ ᠮᠤᠨᠭᠭᠤᠯ ᠤ᠋ᠨ ᠰᠤᠶᠤᠯ ᠦᠵᠡᠰᠬᠦᠯᠡᠩ ᠤ᠋ᠨ ᠡᠬᠢ ᠪᠠᠶᠠᠯᠢᠭ ᠤ᠋ᠨ ᠨᠡᠷ᠎ᠠ ᠨᠦᠯᠦᠬᠡ ᠵᠢ ᠦᠷᠭᠡᠳᠬᠡᠵᠡᠢ᠃
ᠬᠠᠳᠤᠨ ᠭᠤᠤᠯ ᠤ᠋ᠨ ᠰᠣᠶᠣᠯ ᠢ᠋ ᠤᠯᠠᠮᠵᠢᠯᠠᠨ ᠪᠠᠳᠠᠷᠠᠭᠤᠯᠬᠤ ᠪᠣᠯ ᠮᠦᠽᠧᠶ ᠶ᠋ᠢᠨ ᠳᠠᠷᠬᠠᠨ ᠬᠠᠷᠢᠭᠤᠴᠠᠯᠭ᠎ᠠ ᠮᠥᠨ᠃ ᠲᠣᠰ ᠤᠳᠠᠭ᠎ᠠ ᠵᠢᠨ ᠲᠤᠭᠤᠷᠢᠨ ᠦᠵᠡᠬᠦᠯᠬᠡ ᠨᠢ ᠳᠤᠮᠳᠠᠳᠤ ᠶ᠋ᠢᠨ ᠦᠨᠳᠦᠰᠦᠲᠡᠨ ᠤ᠋ ᠬᠠᠮᠲᠤ ᠶ᠋ᠢᠨ ᠴᠣᠭ᠍ᠴᠠ ᠶ᠋ᠢᠨ ᠤᠬᠠᠮᠰᠠᠷ ᠢ᠋ ᠪᠠᠲᠤ ᠴᠣᠭ᠍ᠴᠠᠯᠠᠬᠤ ᠪᠠᠷ ᠭᠤᠤᠯ ᠱᠢᠵᠢᠮ ᠪᠣᠯᠭᠠᠨ᠂ ᠬᠠᠲᠤᠨ ᠭᠤᠤᠯ ᠢ᠋ᠶ᠋ᠠᠷ ᠬᠣᠯᠪᠣᠭᠠᠰᠤ ᠪᠣᠯᠭᠠᠵᠤ᠂ ᠭᠠᠵᠠᠷ ᠣᠷᠣᠨ ᠤ᠋ ᠵᠠᠭᠠᠭ ᠬᠢᠵᠠᠭᠠᠷ ᠢ᠋ ᠳᠠᠪᠠᠵᠠᠶ᠃ ᠦᠵᠡᠬᠦᠯᠬᠡ ᠳ᠋ᠦ ᠳ᠋ᠠ ᠶᠣᠣ ᠶ᠋ᠢᠨ ᠪᠠᠭᠤᠷᠢ ᠶ᠋ᠢᠨ ᠴᠢᠯᠠᠭᠤᠨ ᠵᠡᠪᠰᠡᠭ᠂ ᠲᠠᠯ᠎ᠠ ᠨᠤᠲᠤᠭ ᠤ᠋ᠨ ᠬᠠᠲᠠᠨ ᠵᠢᠷᠤᠭ᠂ ᠤᠮᠠᠷᠠᠲᠤ ᠣᠷᠣᠨ ᠤ᠋ ᠬᠦᠷᠡᠯ ᠵᠡᠪᠰᠡᠭ᠂ 《ᠡᠪᠰᠡᠯ ᠤᠷᠤᠭ》 ᠤ᠋ᠨ ᠲᠤᠰᠬᠤᠭᠤᠷ ᠸᠠᠭᠠᠷ᠂ ᠤᠮᠠᠷᠠᠲᠤ ᠸᠧᠶ ᠤᠯᠤᠰ ᠤ᠋ᠨ ᠪᠤᠭᠤ ᠶ᠋ᠢᠨ ᠡᠪᠡᠷᠲᠦ ᠠᠯᠲᠠᠨ ᠰᠠᠵᠢᠯᠠᠭᠤᠷ᠂ ᠯᠢᠶᠣᠤ ᠤᠯᠤᠰ ᠤ᠋ᠨ ᠰᠢᠷᠠᠮᠠᠯ ᠠᠯᠲᠠᠨ ᠡᠮᠡᠭᠡᠯ ᠬᠠᠵᠠᠭᠠᠷ᠂ ᠶᠤᠸᠠᠨ ᠤᠯᠤᠰ ᠤ᠋ᠨ ᠦᠶ᠎ᠡ ᠶ᠋ᠢᠨ ᠬᠥᠬᠡ ᠬᠤᠧᠠᠷᠳᠦ ᠴᠣᠮᠣ᠂ ᠴᠢᠩ ᠤᠯᠤᠰ ᠤ᠋ᠨ ᠦᠶ᠎ᠡ ᠶ᠋ᠢᠨ ᠰᠡᠢᠯᠦᠮᠡᠯ ᠬᠤᠸᠠᠷ ᠲᠠᠢ ᠵᠡᠰ ᠳᠡᠪᠦᠷ᠎ᠡ ᠵᠡᠷᠭᠡ ᠦᠨᠡᠳᠦ ᠡᠳ᠋ᠯᠡᠯ ᠢ᠋ ᠲᠠᠯᠬᠡᠨ ᠦᠵᠡᠬᠦᠯᠵᠦ᠂ ᠲᠡᠦᠬᠡ ᠶ᠋ᠢᠨ ᠳᠤᠷᠠᠰᠭᠠᠯᠲᠤ ᠵᠦᠶ᠋ᠯᠡᠰ ᠨᠢᠭᠡ ᠪᠦᠷᠢ ᠨᠢ ᠴᠥᠮ ᠦᠨᠳᠦᠰᠦᠲᠡᠨ ᠨᠤᠭᠦᠳ ᠤ᠋ᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤ᠋ᠨ ᠢᠯᠡᠷᠡᠯ ᠪᠠ ᠣᠯᠠᠨ ᠡᠱᠢᠲᠦ ᠨᠢᠭᠡ ᠴᠣᠭ᠍ᠴᠠᠵᠢᠭ᠍ᠰᠠᠨ ᠳᠤᠮᠳᠠᠳᠤ ᠶ᠋ᠢᠨ ᠪᠣᠯᠪᠠᠰᠤᠨ ᠤ᠋ ᠠᠮᠢᠳᠤᠯᠢᠭ ᠭᠡᠷᠡᠴᠢ ᠪᠤᠯᠵᠠᠢ᠃ 3 ᠰᠠᠷ᠎ᠠ ᠶ᠋ᠢᠨ ᠦᠵᠡᠬᠦᠯᠬᠡ ᠶ᠋ᠢᠨ ᠬᠤᠭᠤᠴᠠᠭᠠᠨ ᠳ᠋ᠤ ᠨᠡᠢᠳᠡ 4.88 ᠲᠦᠮᠡᠨ ᠬᠦᠮᠦᠨ ᠤᠳᠠᠭ᠎ᠠ ᠶ᠋ᠢᠨ ᠦᠵᠡᠭ᠌ᠴᠢ ᠵᠢ ᠬᠦᠯᠢᠶᠡᠨ ᠠᠪᠴᠤ᠂ ᠵᠠᠭᠤᠴᠢᠯᠠᠭᠤᠷ ᠤ᠋ᠨ ᠬᠢᠨ 103 ᠤᠳᠠᠭ᠎ᠠ ᠮᠡᠳᠡᠭᠡᠯᠡᠨ᠂ ᠦᠨᠳᠦᠰᠦᠲᠡᠨ ᠨᠤᠭᠦᠳ ᠤ᠋ᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤ᠋ᠨ ᠳᠣᠲᠣᠨᠣ ᠬᠠᠷᠢᠴᠠᠭ᠎ᠠ ᠵᠢ ᠠᠨᡁᠦᠶ᠋ᠢ ᠵᠢᠨ ᠦᠵᠡᠭ᠌ᠴᠢᠳ ᠲᠦ᠍ ᠮᠡᠳᠡᠷᠡᠬᠦᠯᠵᠦ᠂ ᠲᠤᠬᠠᠢ ᠶ᠋ᠢᠨ ᠭᠠᠵᠠᠷ ᠤ᠋ᠨ ᠬᠦᠮᠦᠰ ᠤ᠋ᠨ ᠬᠠᠯᠠᠭᠤᠨ ᠬᠦᠷᠢᠶᠡᠯᠡᠯ ᠢ᠋ ᠤᠯᠵᠠᠢ᠃
ᠦᠪᠦᠷ ᠮᠤᠨᠭᠭᠤᠯ ᠤ᠋ᠨ ᠮᠦᠽᠧᠢ ᠶ᠋ᠢᠨ ᠠᠵᠢᠯᠳᠠᠨ ᠤ᠋ ᠳᠠᠨᠢᠯᠴᠠᠭᠤᠯᠤᠭᠰᠠᠨ ᠢ᠋ᠶ᠋ᠡᠷ᠂ 2024 ᠤᠨ ᠡᠴᠡ ᠨᠠᠭᠠᠰᠢ 《ᠬᠠᠲᠤᠨ ᠭᠤᠤᠯ ᠲᠠᠯ᠎ᠠ ᠨᠤᠲᠤᠭ ᠢ᠋ ᠤᠮᠳᠠᠯᠠᠨ᠎ᠠ》 ᠲᠤᠭᠤᠷᠢᠨ ᠦᠵᠡᠬᠦᠯᠬᠡ ᠤᠷᠢᠳ ᠬᠤᠵᠢᠳ ᠴᠢᠩᠳᠤᠤ ᠶ᠋ᠢᠨ ᠮᠦᠽᠧᠢ᠂ ᠦᠪᠦᠷ ᠮᠤᠨᠭᠭᠤᠯ ᠤ᠋ᠨ ᠮᠦᠽᠧᠢ᠂ ᠤᠯᠠᠭᠠᠨᠴᠠᠪ ᠤ᠋ᠨ ᠮᠦᠽᠧᠢ᠂ ᠠᠨᠾᠦ᠋ᠢ ᠶ᠋ᠢᠨ ᠮᠦᠽᠧᠶ ᠳ᠋ᠦ ᠶᠠᠪᠤᠭᠳᠠᠵᠦ᠂ ᠵᠠᠯᠭᠠᠭᠠᠳ ᠪᠠᠰᠠ ᠪᠦᠬᠦ ᠤᠯᠤᠰ ᠤ᠋ᠨ ᠡᠯ᠎ᠠ ᠭᠠᠵᠠᠷ ᠲᠦ᠍ ᠲᠤᠭᠤᠷᠢᠨ ᠦᠵᠡᠬᠦᠯᠬᠡ ᠬᠢᠬᠦ ᠪᠡᠷ ᠢᠳᠡᠪᠬᠢᠳᠡᠢ ᠪᠡᠯᠡᠳᠬᠡᠵᠦ ᠪᠠᠢᠨ᠎ᠠ᠃