ᠪᠥᠬᠥ᠌ ᠤᠯᠤᠰ᠎ᠤᠨ ᠵᠠᠯᠠᠭᠤᠴᠤᠳ ᠪᠠᠭᠠᠴᠤᠳ᠎ᠤᠨ U ᠱᠢᠷᠢᠰ 7 ᠬᠥᠮᠦᠨ᠎ᠦ ᠳᠦᠷᠢᠮᠲᠦ ᠠᠷᠤᠷ᠎ᠠ ᠪᠥᠮᠪᠥᠭᠡ᠎ᠶ᠋ᠢᠨ ᠮᠠᠩᠯᠠᠶ ᠱᠢᠯᠭᠠᠷᠠᠭᠤᠯᠬᠤ ᠤᠷᠤᠯᠳᠤᠭᠠᠨ ᠥᠨᠳᠥᠷᠯᠡᠵᠡᠢ
2026-06-08 10:48:02
ᠵᠣᠬᠢᠶᠠᠭ᠍ᠴᠢ᠄
ᠴᠸᠨ ᠨᠠᠷᠠᠨᠳᠤᠨᠭᠭᠠᠯᠠᠭ
ᠣᠩᠱᠢᠭ᠍ᠰᠠᠨ ᠣᠳᠠᠭ᠎ᠠ᠄
★★★☆☆

5 ᠰᠠᠷ᠎ᠠ᠎ᠶ᠋ᠢᠨ 31᠎ᠤ᠋ ᠡᠳᠦᠷ᠂ 2026 ᠣᠨ᠎ᠤ ᠪᠥᠬᠥ᠌ ᠤᠯᠤᠰ᠎ᠤᠨ ᠵᠠᠯᠠᠭᠤᠴᠤᠳ ᠪᠠᠭᠠᠴᠤᠳ᠎ᠤᠨ U ᠱᠢᠷᠢᠰ 7 ᠬᠥᠮᠦᠨ᠎ᠦ ᠳᠦᠷᠢᠮᠲᠦ ᠠᠷᠤᠷ᠎ᠠ ᠪᠥᠮᠪᠥᠭᠡ᠎ᠶ᠋ᠢᠨ ᠮᠠᠩᠯᠠᠶ ᠱᠢᠯᠭᠠᠷᠠᠭᠤᠯᠬᠤ ᠤᠷᠤᠯᠳᠤᠭᠠᠨ ᠬᠥᠬᠡᠬᠣᠲᠠ᠎ᠳᠤ ᠥᠨᠳᠥᠷᠯᠡᠪᠡ᠃ ᠪᠥᠬᠥ᠌ ᠤᠯᠤᠰ᠎ᠤᠨ ᠵᠠᠯᠠᠭᠤᠴᠤᠳ ᠪᠠᠭᠠᠴᠤᠳ᠎ᠤᠨ ᠠᠷᠤᠷ᠎ᠠ ᠪᠥᠮᠪᠥᠭᠡ᠎ᠶ᠋ᠢᠨ ᠬᠦᠷᠢᠶᠡᠨ᠎ᠳᠡᠬᠢ ᠲᠡᠷᠢᠭᠦᠨ ᠲᠠᠰ᠎ᠤᠨ ᠤᠷᠤᠯᠳᠤᠭᠠᠨ ᠪᠣᠯᠤᠭ᠍ᠰᠠᠨ᠎ᠤ ᠬᠤᠪᠢ᠎ᠳᠤ ᠲᠣᠰ ᠤᠳᠠᠭᠠᠨ᠎ᠤ ᠤᠷᠤᠯᠳᠤᠭᠠᠨ᠎ᠨᠢ ᠪᠥᠬᠥ᠌ ᠤᠯᠤᠰ᠎ᠤᠨ 21 ᠲᠥᠯᠥᠭᠡᠯᠡᠭ᠌ᠴᠢᠳ᠎ᠦᠨ ᠠᠩᠭᠢ᠎ᠶ᠋ᠢᠨ ᠨᠡᠢᠲᠡ 300 ᠭᠠᠷᠤᠶ ᠲᠠᠮᠢᠷᠴᠢᠨ᠎ᠢ ᠲᠠᠲᠠᠵᠤ᠂ ᠤᠯᠤᠰ᠎ᠤᠨ ᠳᠣᠲᠣᠭᠠᠳᠤ᠎ᠶ᠋ᠢᠨ ᠵᠠᠯᠠᠭᠤᠴᠤᠳ ᠪᠠᠭᠠᠴᠤᠳ᠎ᠤᠨ ᠠᠷᠤᠷ᠎ᠠ ᠪᠥᠮᠪᠥᠭᠡ᠎ᠶ᠋ᠢᠨ ᠤᠷᠤᠯᠳᠤᠭᠠᠨ᠎ᠤ ᠬᠢᠷᠢ ᠲᠦᠪᠱᠢᠨ ᠪᠣᠯᠤᠨ ᠵᠠᠯᠠᠭᠤ ᠨᠠᠰᠤᠨ᠎ᠤ ᠠᠮᠢᠵᠢᠷᠠᠯ᠎ᠤᠨ ᠬᠦᠴᠦᠨ᠎ᠢ ᠭᠦᠶ᠋ᠴᠡᠳ ᠢᠯᠡᠷᠡᠭᠦᠯᠪᠡ᠃

ᠲᠤᠰ ᠤᠳᠠᠭᠠᠨ᠎ᠤ ᠤᠷᠤᠯᠳᠤᠭᠠᠨ 5 ᠰᠠᠷ᠎ᠠ ᠵᠢᠨ 29᠎ᠤ᠋ ᠡᠳᠦᠷ ᠡᠬᠢᠯᠡᠵᠦ᠂ ᠡᠯ᠎ᠡ ᠲᠤᠭᠤᠢᠯᠠᠩ᠎ᠤᠨ ᠬᠢᠨ ᠬᠤᠷᠴᠠ ᠰᠢᠷᠦᠬᠦᠨ ᠦᠷᠢᠰᠦᠯᠳᠦᠵᠦ ᠤᠷ᠎ᠠ ᠤᠬᠠᠭᠠᠨ ᠵᠢᠡᠨ ᠭᠠᠢᠬᠠᠭᠤᠯᠪᠠ᠃ ᠥᠪᠥᠷ ᠮᠣᠩᠭᠣᠯ᠎ᠤᠨ ᠵᠠᠯᠠᠭᠤᠴᠤᠳ᠎ᠤᠨ ᠠᠷᠤᠷ᠎ᠠ ᠪᠥᠮᠪᠥᠭᠡ᠎ᠶ᠋ᠢᠨ ᠠᠩᠬᠢ ᠤᠷᠤᠯᠳᠤᠭᠠᠨ᠎ᠤ ᠲᠠᠯᠠᠪᠤᠷ ᠲᠸ᠋ ᠴᠤᠭ ᠵᠤᠯᠢ ᠪᠠᠳᠠᠷᠠᠩᠭᠤᠢ᠂ ᠤᠮᠤᠬ ᠵᠤᠷᠢᠬ ᠲᠡᠭᠦᠯᠳᠡᠷ ᠵᠢᠡᠷ ᠦᠷᠢᠰᠦᠯᠳᠦᠨ᠂ ᠡᠴᠦᠰ᠎ᠲᠡᠬᠡᠨ ᠡᠮᠡᠭ᠌ᠲᠡᠶ᠎ᠶ᠋ᠢᠨ ᠠᠩᠭᠢ ᠮᠠᠩᠯᠠᠢᠯᠠᠵᠤ᠂ ᠠᠩᠭᠢ ᠪᠠᠢᠭᠤᠯᠤᠭ᠍ᠳᠠᠭᠰᠠᠨ ᠡᠴᠡ ᠨᠠᠭᠠᠰᠢᠬᠢ ᠬᠠᠮᠤᠭ ᠰᠠᠢᠨ ᠲᠡᠮᠳᠡᠭᠯᠡᠯ᠎ᠢ ᠡᠬᠦᠳᠴᠡᠢ; ᠡᠷᠡᠭ᠌ᠲᠡᠶ᠎ᠶ᠋ᠢᠨ ᠠᠩᠭᠢ ᠯᠠᠪᠳᠠᠭᠤᠨ ᠪᠠᠲᠤᠲᠠᠶ ᠮᠡᠷᠭᠡᠵᠢᠯ ᠪᠠ ᠰᠢᠯᠢᠳᠡᠭ ᠰᠠᠢᠨ ᠬᠠᠮᠵᠢᠯᠴᠠᠭ᠎ᠠ᠎ᠳᠤ ᠲᠦᠱᠢᠭ᠌ᠯᠡᠨ ᠤᠷᠤᠯᠳᠤᠭᠠᠨ ᠳ᠋ᠦ ᠲᠡᠳ᠋ᠯᠡᠭᠰᠡᠨ ᠰᠠᠢᠨ ᠬᠢᠷᠢ ᠪᠦᠳᠦᠮᠵᠢ ᠵᠢ ᠤᠯᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号