ᠥᠪᠥᠷ ᠮᠣᠩᠭᠣᠯ᠎ᠤᠨ ᠠᠩᠭᠢ ᠪᠦᠬᠦ᠌ ᠤᠯᠤᠰ᠎ᠤᠨ ᠵᠡᠮᠳᠡᠭ᠌ᠴᠦᠳ᠎ᠦᠨ ᠬᠦᠨᠳᠦ ᠬᠥᠩᠭᠡᠨ ᠪᠡᠶ᠎ᠡ᠎ᠵᠢᠨ ᠲᠠᠮᠢᠷ᠎ᠤᠨ ᠮᠠᠩᠯᠠᠶ ᠱᠢᠯᠭᠠᠷᠠᠭᠤᠯᠬᠤ ᠤᠷᠤᠯᠳᠤᠭᠠᠨ᠎ᠳᠤ 16 ᠱᠠᠩᠨᠠᠯ᠎ᠤᠨ ᠮᠧᠳᠠᠯ ᠲᠤᠰᠪᠠ
2026-06-08 15:09:30
ᠵᠣᠬᠢᠶᠠᠭ᠍ᠴᠢ᠄
ᠰᠠᠴᠤᠷᠠᠯ
ᠣᠩᠱᠢᠭ᠍ᠰᠠᠨ ᠣᠳᠠᠭ᠎ᠠ᠄
★★★☆☆

ᠦᠪᠦᠷ ᠮᠤᠩᠭᠤᠯ᠎ᠤᠨ ᠵᠡᠮᠳᠡᠭᠴᠤᠳ᠎ᠤᠨ ᠬᠤᠯᠪᠤᠭ᠎ᠠ ᠡᠴᠡ ᠤᠢᠯᠠᠭᠠᠬᠰᠠᠨ ᠵᠢᠡᠷ᠂ 2026 ᠣᠨ᠎ᠤ ᠪᠥᠬᠥ᠌ ᠤᠯᠤᠰ᠎ᠤᠨ ᠵᠡᠮᠳᠡᠭ᠌ᠴᠦᠳ᠎ᠦᠨ ᠬᠦᠨᠳᠦ ᠬᠥᠩᠭᠡᠨ ᠪᠡᠶ᠎ᠡ᠎ᠵᠢᠨ ᠲᠠᠮᠢᠷ᠎ᠤᠨ ᠮᠠᠩᠯᠠᠶ ᠱᠢᠯᠭᠠᠷᠠᠭᠤᠯᠬᠤ ᠤᠷᠤᠯᠳᠤᠭᠠᠨ (ᠱᠠᠩᠷᠤᠤ) ᠵᠢᠴᠢ ᠨᠠᠭᠤᠶᠠ ᠵᠢᠨ ᠠᠽᠢᠶ᠎ᠠ ᠲᠢᠪ᠎ᠦᠨ ᠵᠡᠮᠳᠡᠭ᠌ᠴᠦᠳ᠎ᠦᠨ ᠲᠠᠮᠢᠷ᠎ᠤᠨ ᠴᠤᠭ᠍ᠯᠠᠭᠠᠨ᠎ᠤ ᠱᠢᠯᠭᠠᠷᠠᠭᠤᠯᠬᠤ ᠤᠷᠤᠯᠳᠤᠭᠠᠨ ᠵᠢᠶᠠᠩᠰᠢ ᠮᠤᠵᠢ᠎ᠳᠤ ᠶᠠᠪᠤᠭ᠍ᠳᠠᠵᠦ᠂ ᠥᠪᠥᠷ ᠮᠣᠩᠭᠣᠯ᠎ᠤᠨ ᠵᠡᠮᠳᠡᠭ᠌ᠴᠦᠳ᠎ᠦᠨ ᠬᠦᠨᠳᠦ ᠬᠥᠩᠭᠡᠨ ᠪᠡᠶ᠎ᠡ᠎ᠵᠢᠨ ᠲᠠᠮᠢᠷ᠎ᠤᠨ ᠠᠩᠭᠢ 7 ᠠᠯᠲᠠᠨ ᠮᠧᠳᠠᠯ᠂ 6 ᠮᠥᠩᠭᠥᠨ ᠮᠧᠳᠠᠯ᠂ 3 ᠬᠦᠷᠡᠯ ᠮᠧᠳᠠᠯ ᠭᠠᠷᠳᠠᠪᠠ᠃

ᠤᠢᠯᠠᠭᠠᠬᠰᠠᠨ ᠵᠢᠡᠷ᠂ ᠲᠤᠰ ᠤᠳᠠᠭᠠᠨ᠎ᠤ ᠤᠷᠤᠯᠳᠤᠭᠠᠨ ᠨᠢ ᠤᠯᠤᠰ᠎ᠤᠨ ᠳᠣᠲᠣᠭᠠᠳᠤ᠎ᠶ᠋ᠢᠨ ᠪᠠᠷᠢᠮᠵᠢᠶ᠎ᠠ ᠪᠡᠷ ᠬᠠᠮᠤᠭ᠎ᠤᠨ ᠦᠨᠳᠦᠷ ᠪᠤᠯᠬᠤ ᠳᠠᠩ ᠲᠦᠷᠦᠯ᠎ᠦᠨ ᠵᠡᠮᠳᠡᠭ᠌ᠴᠦᠳ᠎ᠦᠨ ᠬᠦᠨᠳᠦ ᠬᠥᠩᠭᠡᠨ ᠪᠡᠶ᠎ᠡ᠎ᠵᠢᠨ ᠲᠠᠮᠢᠷ᠎ᠤᠨ ᠤᠷᠤᠯᠳᠤᠭᠠᠨ ᠪᠣᠯᠬᠤ ᠪᠥᠭᠡᠳ ᠠᠽᠢᠶ᠎ᠠ ᠲᠢᠪ᠎ᠦᠨ ᠵᠡᠮᠳᠡᠭ᠌ᠴᠦᠳ᠎ᠦᠨ ᠲᠠᠮᠢᠷ᠎ᠤᠨ ᠴᠤᠭ᠍ᠯᠠᠭᠠᠨ᠎ᠤ ᠴᠢᠳᠠᠪᠤᠷᠢᠲᠠᠨ᠎ᠢ ᠱᠢᠯᠭᠠᠷᠠᠭᠤᠯᠬᠤ ᠴᠢᠬᠤᠯᠠ ᠡᠭᠦᠷᠭᠡ ᠶ᠋ᠢ ᠡᠭᠦᠷᠭᠡᠯᠡᠵᠦ ᠪᠠᠢᠳᠠᠭ᠃ ᠲᠤᠰ ᠤᠳᠠᠭᠠᠨ᠎ᠤ ᠤᠷᠤᠯᠳᠤᠭᠠᠨ᠎ᠢ ᠳᠤᠮᠳᠠᠳᠤ ᠤᠯᠤᠰ᠎ᠤᠨ ᠵᠡᠮᠳᠡᠭ᠌ᠴᠦᠳ᠎ᠦᠨ ᠬᠤᠯᠪᠤᠭ᠎ᠠ᠂ ᠳᠤᠮᠳᠠᠳᠤ ᠤᠯᠤᠰ᠎ᠤᠨ ᠵᠡᠮᠳᠡᠭ᠌ᠴᠦᠳ᠎ᠦᠨ ᠣᠯᠢᠮᠫᠢᠺ᠎ᠤᠨ ᠪᠡᠶ᠎ᠡ᠎ᠶ᠋ᠢᠨ ᠲᠠᠮᠢᠷ᠎ᠤᠨ ᠵᠥᠪᠯᠡᠯ ᠵᠡᠷᠭᠡ ᠨᠢᠭᠡᠴᠢ᠎ᠡᠴᠡ ᠭᠤᠤᠯᠯᠠᠨ ᠡᠷᠭᠢᠯᠡᠵᠦ᠍᠂ ᠵᠢᠶᠠᠩᠰᠢ ᠮᠤᠵᠢ᠎ᠶ᠋ᠢᠨ ᠵᠡᠮᠳᠡᠭ᠌ᠴᠦᠳ᠎ᠦᠨ ᠬᠤᠯᠪᠤᠭ᠎ᠠ᠂ ᠵᠢᠶᠠᠩᠰᠢ ᠮᠤᠵᠢ᠎ᠶ᠋ᠢᠨ ᠪᠡᠶ᠎ᠡ᠎ᠶ᠋ᠢᠨ ᠲᠠᠮᠢᠷ᠎ᠤᠨ ᠲᠣᠪᠴᠢᠶ᠎ᠠ᠂ ᠱᠠᠩᠷᠤᠤ ᠬᠣᠲᠠ᠎ᠶ᠋ᠢᠨ ᠵᠠᠰᠠᠭ᠎ᠤᠨ ᠣᠷᠳᠣᠨ᠎ᠠᠴᠠ ᠳᠠᠭᠠᠭᠠᠴᠢᠯᠠᠨ ᠡᠷᠭᠢᠯᠡᠵᠦ᠍᠂ ᠤᠷᠤᠯᠳᠤᠭᠠᠨ᠎ᠤ ᠠᠵᠢᠯᠯᠠᠭ᠎ᠠ᠎ᠵᠢ 25 ᠨᠠᠰᠤᠨ᠎ᠠᠴᠠ ᠳᠣᠷᠣᠭ᠍ᠰᠢᠬᠢ ᠵᠠᠯᠠᠭᠤ ᠵᠡᠮᠳᠡᠭ ᠲᠠᠮᠢᠷᠴᠢᠳ᠎ᠲᠤ ᠬᠠᠨᠳᠤᠭᠤᠯᠤᠨ᠂ ᠳᠥᠷᠪᠡᠨ ᠶᠡᠬᠡ ᠵᠡᠮᠳᠡᠭᠴᠤᠳ᠎ᠤᠨ ᠳᠤᠭᠤᠢᠯᠠᠩ᠎ᠤᠨ 148 ᠤᠷᠤᠯᠳᠤᠭᠠᠨ᠎ᠤ ᠪᠠᠭ᠎ᠠ ᠲᠦᠷᠦᠯ᠎ᠢ ᠲᠤᠬᠢᠷᠠᠭᠤᠯᠪᠠ᠃ ᠡᠬᠦᠨ᠎ᠳᠤ᠂ ᠪᠦᠬᠦ᠌ ᠤᠯᠤᠰ᠎ᠤᠨ 26 ᠮᠤᠵᠢ ᠣᠷᠣᠨ ᠬᠣᠲᠠ ᠵᠢᠴᠢ ᠱᠢᠨᠵᠢᠶᠠᠩ᠎ᠤᠨ ᠦᠢᠯᠡᠳᠪᠦᠷᠢᠯᠡᠯ ᠪᠦᠲᠦᠭᠡᠨ ᠪᠠᠢᠭᠤᠯᠤᠯᠲᠠ᠎ᠶ᠋ᠢᠨ ᠪᠢᠩᠲ᠋ᠤᠸᠠᠨ᠎ᠤ 305 ᠲᠠᠮᠢᠷᠴᠢᠨ ᠣᠷᠣᠯᠴᠠᠵᠠᠶ᠃

ᠥᠪᠥᠷ ᠮᠣᠩᠭᠣᠯ᠎ᠤᠨ ᠬᠦᠨᠳᠦ ᠬᠥᠩᠭᠡᠨ ᠪᠡᠶ᠎ᠡ᠎ᠵᠢᠨ ᠲᠠᠮᠢᠷ᠎ᠤᠨ ᠠᠩᠭᠢ ᠬᠠᠲᠠᠭᠤ ᠴᠢᠩᠭ᠎ᠠ ᠪᠣᠳᠠᠲᠤ ᠬᠦᠴᠦᠨ ᠳ᠋ᠡᠭᠡᠨ ᠲᠦᠰᠢᠭᠯᠡᠵᠦ ᠰᠢᠯᠢᠳᠡᠭ ᠬᠢᠷᠢ ᠪᠦᠲᠦᠮᠵᠢ ᠤᠯᠵᠦ᠂ ᠮᠠᠨ᠎ᠤ ᠣᠷᠣᠨ᠎ᠤ ᠵᠡᠮᠳᠡᠭ ᠲᠠᠮᠢᠷᠴᠢᠳ᠎ᠤᠨ ᠥᠪᠡᠷ᠎ᠢ᠎ᠪᠡᠨ ᠢᠯᠡᠨ ᠳᠠᠪᠠᠵᠤ᠂ ᠲᠡᠷᠢᠭᠦᠨ᠎ᠳᠦ ᠣᠷᠣᠬᠤ᠎ᠪᠠᠷ ᠡᠷᠡᠯᠬᠡᠭ᠌ᠯᠡᠨ ᠲᠡᠮᠡᠴᠡᠬᠦ᠌ ᠰᠠᠢᠨ ᠰᠠᠢᠬᠠᠨ ᠳᠦᠷᠰᠦ ᠪᠠᠢᠳᠠᠯ᠎ᠢ ᠭᠦᠶ᠋ᠴᠡᠳ ᠢᠯᠡᠷᠡᠭᠦᠯᠵᠦ᠍᠂ ᠠᠽᠢᠶ᠎ᠠ ᠲᠢᠪ᠎ᠦᠨ ᠵᠡᠮᠳᠡᠭ᠌ᠴᠦᠳ᠎ᠦᠨ ᠲᠠᠮᠢᠷ᠎ᠤᠨ ᠴᠤᠭ᠍ᠯᠠᠭᠠᠨ᠎ᠤ ᠤᠷᠤᠯᠳᠤᠭᠠᠨ᠎ᠳᠤ ᠱᠢᠯᠢᠳᠡᠭ ᠴᠢᠳᠠᠪᠤᠷᠢᠲᠠᠨ᠎ᠢ ᠨᠥᠭᠡᠴᠡᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号