ᠬᠦᠷᠬᠦ ᠵᠢᠨ ᠬᠡᠬᠡᠨ ᠢᠷᠡᠬᠡᠳᠤᠢ ᠳ᠋ᠤ ᠤᠢ ᠪᠢᠯᠢᠭ ᠵᠢᠡᠨ ᠰᠤᠷᠢᠯ᠎ᠠ
2026-06-08 09:37:25
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

ᠬᠦᠰᠡᠯ ᠪᠢᠯᠬᠠᠭᠤᠯᠤᠭᠰᠠᠨ ᠵᠤᠨ᠎ᠤ ᠰᠠᠢᠬᠠᠨ ᠰᠠᠷ᠎ᠠ ᠳ᠋ᠤ ᠶᠠᠪᠤᠭᠳᠠᠳᠠᠭ ᠤᠯᠤᠰ᠎ᠤᠨ ᠨᠢᠬᠡᠳᠦᠯᠳᠡᠢ ᠰᠢᠯᠭᠠᠯᠳᠠ ᠪᠤᠯᠵᠤᠭ᠎ᠠ ᠶᠤᠰᠤᠭᠠᠷ ᠰᠠᠭᠠᠳᠠᠯ᠎ᠠ᠃ 6 ᠰᠠᠷ᠎ᠠ᠎ᠶᠢᠨ 7 ᠤ᠋ ᠡᠳᠤᠷ᠂ ᠤᠯᠤᠰ᠎ᠤᠨ ᠨᠢᠬᠡᠳᠦᠯᠳᠡᠢ ᠰᠢᠯᠭᠠᠯᠳᠠ ᠵᠢᠨ ᠠᠩᠬᠠᠨ᠎ᠤ ᠡᠳᠦᠷ ᠲᠦ᠍ ᠥᠪᠥᠷ ᠮᠣᠩᠭᠣᠯ᠎ᠤᠨ 15.4 ᠲᠦᠮᠡᠨ ᠰᠢᠯᠭᠠᠭᠤᠯᠤᠭᠴᠢ ᠬᠦᠰᠡᠯ ᠵᠡᠬᠦᠳᠤ ᠪᠠᠨ ᠡᠪᠦᠷᠯᠡᠨ ᠰᠢᠯᠭᠠᠯᠳᠠ ᠵᠢᠨ ᠳᠠᠯᠠᠪᠠᠢ ᠳ᠋ᠤ ᠢᠳᠡᠭᠡᠯ ᠳᠡᠭᠦᠯᠳᠡᠷ ᠠᠯᠬᠤᠨ ᠤᠷᠤᠵᠤ᠂ ᠬᠦᠷᠬᠦ ᠵᠢᠨ ᠬᠡᠬᠡᠨ ᠢᠷᠡᠬᠡᠳᠤᠢ ᠳ᠋ᠤ ᠤᠢ ᠪᠢᠯᠢᠭ ᠵᠢᠡᠨ ᠰᠤᠷᠢᠯ᠎ᠠ᠃

ᠡᠨᠡ ᠵᠢᠯ᠎ᠤᠨ ᠬᠦᠬᠡᠬᠤᠳᠠ ᠵᠢᠨ ᠴᠠᠭ ᠠᠭᠤᠷ ᠤᠯᠤᠰ᠎ᠤᠨ ᠨᠢᠬᠡᠳᠦᠯᠳᠡᠢ ᠰᠢᠯᠭᠠᠯᠳᠠ ᠳ᠋ᠤ ᠤᠷᠤᠯᠴᠠᠬᠤ ᠬᠡᠦᠬᠡᠳ ᠢ᠋ ᠰᠡᠷᠢᠬᠦᠭᠡᠨ ᠳᠠᠭᠠᠯᠠᠮᠵᠢᠳᠠᠢ ᠪᠠᠢᠯᠭᠠᠶ᠎ᠠ ᠬᠡᠮᠡᠷᠬᠡᠨ ᠪᠠᠢᠯ᠎ᠠ᠃ ᠰᠤᠷᠪᠤᠯᠵᠢᠯᠠᠭᠴᠢ ᠦᠷᠯᠦᠬᠡ ᠡᠷᠳᠡᠯᠡᠨ ᠦᠪᠦᠷ ᠮᠤᠩᠭᠤᠯ᠎ᠤᠨ ᠪᠠᠭᠰᠢ ᠵᠢᠨ ᠶᠡᠬᠡ ᠰᠤᠷᠭᠠᠭᠤᠯᠢ ᠵᠢᠨ ᠬᠠᠷᠢᠶᠠᠳᠤ ᠳᠤᠮᠳᠠᠳᠤ ᠰᠤᠷᠭᠠᠭᠤᠯᠢ ᠵᠢᠨ ᠰᠢᠯᠭᠠᠯᠳᠠ ᠵᠢᠨ ᠴᠡᠭ ᠲᠤ᠌ ᠬᠦᠷᠬᠦ ᠳ᠋ᠤ ᠰᠢᠯᠭᠠᠯᠳᠠ ᠵᠢᠨ ᠤᠷᠴᠢᠨ ᠳᠤᠭᠤᠷᠢᠨ ᠤ᠋ ᠡᠮᠬᠢ ᠵᠢᠷᠤᠮ᠎ᠢ ᠬᠠᠮᠠᠭᠠᠯᠠᠬᠤ ᠳᠤᠳᠤᠭᠠᠳᠤ ᠵᠢ ᠬᠠᠮᠠᠭᠠᠯᠠᠬᠤ᠂ ᠵᠠᠮ ᠬᠠᠷᠢᠯᠴᠠᠭ᠎ᠠ᠂ ᠬᠤᠳᠠ ᠵᠢᠨ ᠬᠠᠮᠢᠶᠠᠷᠤᠯᠳᠠ ᠵᠡᠷᠬᠡ ᠰᠠᠯᠠᠭ᠎ᠠ ᠮᠦᠴᠢᠷ᠎ᠤᠨ ᠬᠢᠨ ᠦᠪᠡᠷ ᠦᠪᠡᠷ᠎ᠤᠨ ᠬᠤᠪᠢᠳᠠᠭᠰᠠᠨ ᠠᠵᠢᠯ ᠳ᠋ᠠᠭᠠᠨ ᠶᠠᠭᠠᠷᠠᠯᠳᠤᠨ᠎ᠠ᠃ 《ᠡᠨᠡ ᠡᠳᠤᠷ ᠬᠥᠬᠡᠬᠣᠲᠠ᠎ᠶᠢᠨ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ᠎ᠶᠢᠨ ᠵᠠᠮ ᠬᠠᠷᠢᠯᠴᠠᠭᠠᠨ᠎ᠤ ᠬᠠᠮᠢᠶᠠᠷᠤᠯᠲᠠ ᠵᠢᠨ ᠰᠠᠯᠪᠤᠷᠢ ᠠᠩᠭᠢ᠎ᠶᠢᠨ ᠰᠠᠢᠬᠠᠨ ᠲᠣᠭᠣᠷᠢᠭ᠋᠎ᠤᠨ ᠶᠡᠬᠡ ᠠᠩᠭᠢ ᠵᠢᠨ ᠪᠦᠬᠦ ᠠᠵᠢᠯᠳᠠᠨ ᠬᠠᠷᠢᠶᠠᠲᠤ ᠣᠷᠣᠨ᠎ᠤ ᠡᠯ᠎ᠡ ᠰᠢᠯᠭᠠᠯᠲᠠ᠎ᠶᠢᠨ ᠴᠡᠭ᠎ᠦᠨ ᠡᠷᠬᠢᠨ ᠲᠣᠭᠣᠷᠢᠨ᠎ᠳᠤ ᠵᠢᠵᠢᠭᠦᠷᠯᠡᠵᠦ᠂ ᠲᠦᠷ ᠴᠠᠭ᠎ᠤᠨ ᠵᠠᠮ ᠬᠠᠷᠢᠯᠴᠠᠭᠠᠨ᠎ᠤ ᠬᠠᠮᠢᠶᠠᠷᠤᠯᠲᠠ᠎ᠬᠢᠵᠦ᠂ ᠨᠠᠭᠠᠰᠢ ᠴᠠᠭᠠᠰᠢ ᠥᠩᠭᠡᠷᠡᠬᠦ ᠲᠡᠷᠭᠡ ᠬᠦᠰᠬᠡ ᠪᠣᠯᠣᠨ ᠶᠠᠪᠠᠭᠠᠨ ᠬᠥᠮᠥᠰ᠎ᠢ ᠵᠢᠯᠤᠭᠤᠳᠴᠤ᠂ ᠰᠢᠯᠭᠠᠯᠲᠠ᠎ᠶᠢᠨ ᠣᠷᠴᠢᠨ ᠲᠣᠭᠣᠷᠢᠨ᠎ᠤ ᠡᠮᠬᠢ ᠵᠢᠷᠤᠮ ᠳᠠᠢ ᠪᠠᠢᠬᠤ ᠵᠢ ᠪᠠᠳᠤᠯᠠᠬᠤ ᠵᠢᠨ ᠬᠠᠮᠳᠤ  ᠵᠠᠮ ᠬᠠᠷᠢᠯᠴᠠᠭᠠᠨ᠎ᠤ ᠲᠦᠭᠵᠢᠷᠡᠯ ᠳ᠋ᠤ ᠤᠴᠠᠷᠠᠭᠰᠠᠨ᠂ ᠰᠢᠯᠭᠠᠯᠳᠠ ᠵᠢᠨ ᠴᠡᠭ ᠳᠡᠬᠡᠨ ᠪᠤᠷᠤᠭᠤ ᠬᠦᠷᠦᠭᠰᠡᠨ ᠰᠢᠯᠭᠠᠭᠤᠯᠤᠭᠰᠠᠳ᠎ᠢ ᠬᠠᠪᠰᠤᠷᠤᠨ ᠬᠠᠯᠠᠮᠵᠢᠯᠠᠬᠤ ᠦᠢᠯᠡᠴᠢᠯᠡᠬᠡ ᠬᠠᠩᠭᠠᠵᠤ ᠪᠠᠢᠨ᠎ᠠ》 ᠬᠡᠵᠦ ᠰᠠᠢᠬᠠᠨ ᠲᠣᠭᠣᠷᠢᠭ᠋᠎ᠤᠨ ᠶᠡᠬᠡ ᠠᠩᠭᠢ ᠵᠢᠨ ᠳᠠᠪᠤᠳᠤᠭᠠᠷ ᠳᠤᠮᠳᠠ ᠠᠩᠬᠢ ᠵᠢᠨ ᠵᠢᠭᠠᠨ ᠵᠢᠯᠤᠭᠤᠳᠤᠭᠴᠢ ᠯᠢ ᠵᠢᠶᠦ᠋ᠨ ᠱᠧᠩ ᠳᠠᠨᠢᠯᠴᠠᠭᠤᠯᠤᠯ᠎ᠠ᠃

ᠰᠢᠯᠭᠠᠯᠳᠠ ᠵᠢᠨ ᠴᠡᠭ ᠲᠤ᠌ ᠬᠦᠬᠡᠬᠤᠳᠠ ᠵᠢᠨ ᠡᠯ᠎ᠠ ᠰᠤᠷᠭᠠᠭᠤᠯᠢ ᠵᠢᠨ ᠪᠠᠭᠰᠢ ᠨᠠᠷ ᠦᠷᠯᠦᠬᠡ ᠡᠷᠳᠡᠯᠡᠨ ᠢᠷᠡᠬᠡᠳ ᠰᠤᠷᠤᠭᠴᠢᠳ ᠲᠠᠭᠠᠨ ᠤᠷᠮᠠᠰᠢᠭᠤᠯᠤᠯ ᠵᠤᠷᠢᠭᠵᠢᠭᠤᠯᠤᠯ ᠦᠭᠴᠦ ᠪᠠᠢᠯ᠎ᠠ᠃ ᠡᠨᠡ ᠡᠳᠤᠷ ᠬᠦᠬᠡᠬᠤᠳᠠ ᠵᠢᠨ ᠭᠤᠴᠢᠳᠤᠭᠠᠷ ᠳᠤᠮᠳᠠᠳᠤ ᠰᠤᠷᠭᠠᠭᠤᠯᠢ ᠵᠢᠨ 270 ᠭᠠᠷᠤᠢ ᠰᠤᠷᠤᠭᠴᠢ ᠤᠯᠤᠰ᠎ᠤᠨ ᠰᠢᠯᠭᠠᠯᠳᠠ ᠳ᠋ᠤ ᠤᠷᠤᠯᠴᠠᠭᠰᠠᠨ ᠶᠤᠮ᠃ ᠰᠤᠷᠭᠠᠭᠤᠯᠢ ᠵᠢᠨ ᠤᠳᠤᠷᠢᠳᠤᠯᠭ᠎ᠠ᠂ ᠠᠩᠬᠢ ᠵᠢᠨ ᠡᠷᠬᠢᠯᠡᠭᠴᠢ᠂ ᠡᠯ᠎ᠡ ᠬᠢᠴᠢᠶᠡᠯ ᠲᠦᠷᠦᠯ᠎ᠤᠨ ᠪᠠᠭᠰᠢ ᠰᠤᠷᠤᠭᠴᠢᠳ ᠵᠢᠡᠷ ᠪᠦᠷᠢᠯᠳᠦᠭᠰᠡᠨ 40 ᠭᠠᠷᠤᠢ ᠬᠦᠮᠦᠨ ᠰᠢᠯᠭᠠᠯᠳᠠ ᠵᠢᠨ ᠴᠡᠭ ᠲᠤ᠌ ᠬᠦᠷᠦᠯᠴᠡᠨ ᠢᠷᠡᠵᠦ᠂ ᠰᠢᠯᠭᠠᠯᠳᠠ ᠳ᠋ᠤ ᠤᠷᠤᠯᠴᠠᠬᠤ ᠰᠤᠷᠤᠭᠴᠢᠳ ᠲᠠᠭᠠᠨ ᠡᠷᠴᠢ ᠵᠤᠷᠢᠭ ᠨᠡᠮᠡᠭᠰᠡᠨ ᠪᠠᠢᠯ᠎ᠠ᠃ 《ᠮᠠᠨ᠎ᠤ ᠰᠤᠷᠭᠠᠭᠤᠯᠢ ᠵᠢᠨ ᠬᠢᠨ ᠰᠤᠷᠭᠠᠭᠤᠯᠢ ᠬᠡᠷ ᠪᠦᠯᠢ ᠬᠠᠮᠵᠢᠯᠴᠠᠨ᠂ ᠤᠯᠤᠰ᠎ᠤᠨ ᠨᠢᠬᠡᠳᠦᠯᠳᠡᠢ ᠰᠢᠯᠭᠠᠯᠳᠠ ᠳ᠋ᠤ ᠪᠦᠷᠢᠨ ᠪᠡᠯᠡᠳᠬᠡᠯ ᠬᠢᠵᠦ ᠢᠷᠡᠭᠰᠡᠨ᠃ ᠬᠡᠳᠦ ᠤᠳᠠᠭ᠎ᠠ ᠵᠢᠨ ᠰᠤᠷᠢᠯᠳᠠ ᠰᠢᠯᠭᠠᠯᠳᠠ ᠪᠡᠷ ᠳᠠᠮᠵᠢᠨ ᠰᠤᠷᠤᠭᠴᠢᠳ᠎ᠤᠨ ᠬᠢᠷᠢ ᠪᠦᠳᠦᠮᠵᠢ ᠮᠡᠳᠡᠭᠳᠡᠮ᠎ᠡ ᠳᠡᠬᠡᠭᠰᠢᠯᠡᠭᠰᠡᠨ ᠪᠠᠢᠨ᠎ᠠ᠃ ᠰᠤᠷᠤᠭᠴᠢᠳ ᠮᠠᠨᠢ ᠰᠢᠯᠭᠠᠯᠳᠠ ᠳ᠋ᠠᠭᠠᠨ ᠰᠢᠯᠢᠳᠡᠭ ᠬᠢᠷᠢ ᠪᠦᠳᠦᠮᠵᠢ ᠤᠯᠬᠤ ᠳ᠋ᠤ ᠮᠠᠰᠢ ᠢᠳᠡᠬᠡᠯ ᠳᠠᠢ ᠪᠠᠢᠨ᠎ᠠ》 ᠬᠡᠵᠦ ᠭᠤᠴᠢᠳᠤᠭᠠᠷ ᠳᠤᠮᠳᠠᠳᠤ ᠰᠤᠷᠭᠠᠭᠤᠯᠢ ᠵᠢᠨ ᠪᠠᠭᠰᠢ ᠬᠠᠢ ᠵᠢᠨ ᠱᠧᠩ ᠶᠠᠷᠢᠨ᠎ᠠ᠃

ᠦᠷᠯᠦᠭᠡ ᠵᠢᠨ 9 ᠴᠠᠭ᠎ᠲᠦ ᠳᠤᠬᠳᠠᠭᠠᠯ ᠶᠤᠰᠤᠭᠠᠷ ᠰᠢᠯᠭᠠᠯᠳᠠ ᠵᠢᠨ ᠳᠠᠯᠠᠪᠠᠢ ᠵᠢᠨ ᠶᠡᠬᠡ ᠡᠬᠦᠳᠡ ᠵᠢ ᠬᠠᠭᠠᠵᠤ᠂ ᠰᠢᠯᠭᠠᠯᠳᠠ ᠡᠬᠢᠯᠡᠬᠦ ᠪᠡᠷ ᠨᠢᠬᠡ ᠪᠦᠯᠦᠭ ᠬᠡᠷ᠎ᠤᠨ ᠠᠬᠠᠮᠠᠳ ᠬᠡᠷ ᠵᠦᠭ ᠵᠢᠡᠨ ᠪᠤᠴᠠᠵᠠᠭᠠᠨ᠎ᠠ᠃ ᠠᠯᠤᠰ ᠬᠤᠯᠠ ᠬᠦᠯᠦᠨ ᠪᠤᠢᠷ ᠨᠤᠳᠤᠭ ᠡᠴᠡ ᠬᠦᠷᠦᠯᠴᠡᠨ ᠢᠷᠡᠭᠰᠡᠨ ᠦᠪᠦᠷ ᠮᠤᠩᠭᠤᠯ᠎ᠤᠨ ᠪᠠᠭᠰᠢ ᠵᠢᠨ ᠶᠡᠬᠡ ᠰᠤᠷᠭᠠᠭᠤᠯᠢ ᠵᠢᠨ ᠬᠠᠷᠢᠶᠠᠲᠤ ᠲᠤᠮᠲᠠᠲᠤ ᠰᠤᠷᠭᠠᠭᠤᠯᠢ ᠵᠢᠨ ᠰᠤᠷᠤᠭᠴᠢ ᠵᠢᠨ ᠬᠡᠳᠦᠨ ᠬᠡᠷ᠎ᠤᠨ ᠠᠬᠠᠮᠠᠳ ᠰᠤᠷᠤᠭᠴᠢᠳ ᠵᠢᠡᠨ ᠰᠢᠯᠭᠠᠯᠳᠠ ᠵᠢᠨ ᠳᠠᠯᠠᠪᠠᠢ ᠳ᠋ᠤ ᠤᠷᠤᠭᠤᠯᠤᠭᠰᠠᠨ ᠠᠩᠬᠢ ᠡᠷᠬᠢᠯᠡᠭᠴᠢ ᠪᠠᠭᠰᠢ ᠨᠠᠷ ᠳᠠᠢ ᠨᠢ ᠠᠭᠤᠯᠵᠠᠵᠤ᠂ ᠰᠢᠯᠭᠠᠯᠳᠠ ᠵᠢᠨ ᠳᠠᠷᠠᠭ᠎ᠠ ᠡᠷᠡᠮᠡᠯᠵᠡᠯ ᠵᠢᠡᠨ ᠬᠡᠷᠬᠢᠨ ᠳᠠᠭᠯᠠᠬᠤ ᠳᠤᠬᠠᠢ ᠵᠦᠪᠯᠡᠮᠵᠢ ᠠᠪᠴᠤ ᠵᠤᠭᠤᠬᠳᠠᠨ᠎ᠠ᠃ 《ᠰᠢᠯᠭᠠᠯᠳᠠ ᠵᠢᠨ ᠳᠠᠷᠠᠭ᠎ᠠ ᠬᠡᠰᠡᠭ ᠴᠠᠭ ᠵᠠᠷᠤᠴᠠᠭᠤᠯᠵᠤ  ᠬᠡᠦᠬᠡᠳ ᠲᠠᠢ ᠪᠠᠨ ᠬᠠᠮᠳᠤ ᠰᠠᠢᠳᠤᠷ ᠶᠠᠷᠢᠯᠴᠠᠵᠤ᠂ ᠶᠠᠮᠠᠷ ᠰᠤᠷᠭᠠᠭᠤᠯᠢ ᠰᠤᠩᠭᠤᠬᠤ᠂ ᠶᠠᠮᠠᠷ ᠳᠤᠰᠬᠠᠢ ᠮᠡᠷᠬᠡᠵᠢᠯ ᠰᠤᠷᠬᠤ ᠳᠤᠬᠠᠢ ᠪᠠᠨ ᠬᠦᠢᠴᠡᠳ ᠪᠡᠯᠡᠳᠬᠡᠯ ᠬᠢᠬᠦ ᠴᠢᠬᠤᠯᠠᠳᠠᠢ᠃ ᠡᠷᠡᠮᠡᠯᠵᠡᠯ ᠳᠠᠭᠯᠠᠬᠤ ᠵᠢ ᠶᠠᠮᠠᠷ ᠨᠢᠬᠡᠨ ᠡᠷᠡᠮᠡᠯᠵᠡᠯ ᠳᠠᠭᠯᠠᠬᠤ ᠪᠠᠢᠭᠤᠯᠤᠮᠵᠢ ᠳ᠋ᠤ ᠪᠦᠷᠢᠮᠦᠰᠤᠨ ᠨᠠᠢᠳᠠᠵᠤ ᠪᠤᠯᠬᠤ ᠦᠬᠡᠢ᠂ ᠪᠠᠰᠠ ᠦᠪᠡᠰᠦᠪᠠᠨ ᠢᠯᠡᠬᠦᠬᠡᠨ ᠤᠢᠯᠠᠭᠠᠪᠠᠯ ᠰᠠᠨᠠᠭᠠᠨ ᠳ᠋ᠠᠭᠠᠨ ᠳᠠᠭᠠᠷᠠᠭᠰᠠᠨ ᠵᠦᠪ ᠰᠤᠩᠭᠤᠯᠳᠠ ᠬᠢᠵᠦ ᠴᠢᠳᠠᠨ᠎ᠠ》 ᠬᠡᠵᠦ ᠳᠡᠷᠬᠡᠯ ᠪᠠᠭᠰᠢ ᠰᠠᠨᠠᠭᠤᠯᠵᠤ ᠪᠠᠢᠯ᠎ᠠ᠃

11 ᠴᠠᠭ ᠬᠠᠭᠠᠰ᠎ᠤᠨ ᠦᠶ᠎ᠠ ᠪᠠᠷ ᠬᠡᠯᠡ ᠪᠢᠴᠢᠭ ᠵᠢᠡᠨ ᠰᠢᠯᠭᠠᠭᠤᠯᠵᠤ ᠪᠠᠷᠠᠭᠰᠠᠨ ᠰᠤᠷᠤᠭᠴᠢᠳ ᠰᠢᠯᠭᠠᠯᠳᠠ ᠵᠢᠨ ᠳᠠᠯᠠᠪᠠᠢ ᠡᠴᠡ ᠴᠤᠪᠤᠷᠠᠯᠳᠤᠨ ᠭᠠᠷᠴᠤ ᠢᠷᠡᠵᠡᠬᠡᠨ᠎ᠡ᠃ ᠪᠠᠶᠠᠷᠯᠠᠨ ᠬᠦᠭᠰᠡᠵᠦ ᠪᠠᠢᠭ᠎ᠠ ᠪᠤᠢ᠂ ᠳᠤᠪ ᠳᠤᠭᠤᠢ ᠠᠯᠬᠤᠯᠠᠨ ᠨᠠᠭᠠᠰᠢ ᠴᠠᠭᠠᠰᠢ ᠬᠠᠷᠠᠵᠤ ᠬᠡᠷ᠎ᠤᠨ ᠠᠬᠠᠮᠠᠳ ᠵᠢᠡᠨ ᠡᠷᠢᠵᠦ ᠪᠠᠢᠭ᠎ᠠ ᠴᠤ᠌ ᠪᠤᠢ᠂ ᠬᠡᠷ᠎ᠤᠨ ᠠᠬᠠᠮᠠᠳ  ᠬᠡᠦᠬᠡᠳ ᠵᠢᠡᠨ ᠬᠦᠯᠢᠶᠡᠭᠡᠳ ᠦᠩᠬᠡᠢᠯᠴᠡᠨ᠎ᠡ᠃ ᠵᠠᠷᠢᠮ ᠬᠡᠷ᠎ᠤᠨ ᠠᠬᠠᠮᠠᠳ ᠨᠢ ᠭᠤᠶᠤ ᠰᠠᠢᠬᠠᠨ ᠰᠤᠷᠭᠤᠭ ᠴᠡᠴᠡᠭ ᠪᠠᠷᠢᠵᠤ ᠬᠡᠦᠬᠡᠳ᠎ᠤᠨ ᠵᠢᠡᠨ ᠰᠢᠯᠭᠠᠯᠳᠠ ᠳ᠋ᠠᠭᠠᠨ ᠨᠡᠩ ᠦᠨᠳᠦᠷ ᠠᠮᠵᠢᠯᠳᠠ ᠤᠯᠬᠤ ᠵᠢ ᠵᠥᠨᠭᠨᠠᠨ᠎ᠠ ᠃ ᠰᠤᠷᠤᠭᠴᠢᠳ ᠮᠠᠨᠢ ᠬᠡᠯᠡ ᠪᠢᠴᠢᠭ ᠵᠢᠡᠨ ᠶᠠᠮᠠᠷᠬᠠᠨ ᠰᠢᠯᠭᠠᠭᠰᠠᠨ ᠪᠤᠯ ᠬᠡᠵᠦ ᠬᠦᠯᠢᠶᠡᠵᠦ ᠵᠤᠭᠰᠤᠭᠰᠠᠨ ᠳᠡᠷᠬᠡᠯ ᠪᠠᠭᠰᠢ ᠰᠤᠷᠤᠭᠴᠢᠳ ᠤ᠋ᠨ ᠵᠢᠡᠨ ᠰᠢᠯᠭᠠᠯᠳᠠ ᠵᠢᠨ ᠰᠡᠳᠦᠪ ᠳᠡᠢᠮᠦ ᠬᠦᠴᠢᠷ ᠪᠢᠰᠢ ᠬᠡᠰᠡᠨ᠎ᠢ ᠰᠤᠨᠤᠰᠤᠭᠠᠳ ᠰᠠᠨᠠᠭ᠎ᠠ ᠨᠢ ᠵᠢᠭᠠᠬᠠᠨ ᠠᠮᠠᠷᠠᠵᠦ᠂ ᠳᠠᠷᠠᠭᠠᠴᠢ ᠵᠢᠨ ᠰᠢᠯᠭᠠᠯᠳᠠ᠎ᠳ᠋ᠠᠭᠠᠨ ᠨᠡᠩ ᠰᠠᠢᠨ ᠰᠢᠯᠭᠠᠭᠤᠯᠬᠤ ᠵᠢ ᠰᠠᠨᠠᠭᠤᠯᠵᠦ ᠵᠠᠬᠢᠵᠤ ᠪᠠᠢᠯ᠎ᠠ᠃

ᠬᠡᠦᠬᠡᠳ ᠳᠡᠬᠦᠦ ᠨᠡᠷ ᠮᠠᠨᠢ ᠤᠯᠤᠰ᠎ᠤᠨ ᠨᠢᠬᠡᠳᠦᠯᠳᠡᠢ ᠰᠢᠯᠭᠠᠯᠳᠠ ᠪᠠᠨ ᠠᠮᠵᠢᠯᠳᠠ ᠳᠠᠢ ᠳᠠᠭᠤᠰᠬᠠᠵᠤ᠂ ᠬᠦᠷᠬᠦ ᠵᠢᠨ ᠬᠡᠬᠡᠨ ᠢᠷᠡᠬᠡᠳᠤᠢ ᠳ᠋ᠡᠬᠡᠨ ᠰᠡᠳᠬᠢᠯ ᠲᠦᠬᠦᠷᠡᠩ ᠮᠤᠷᠳᠠᠬᠤ ᠵᠢ ᠬᠦᠰᠡᠨ ᠵᠦᠩᠨᠡᠶ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号