ᠲᠡᠯᠡᠭᠡᠢ ᠵᠢᠨ ᠬᠠᠮᠤᠭ᠎ᠤᠨ ᠲᠣᠮᠣ᠌ ᠴᠠᠬᠢᠯᠭᠠᠨ ᠥᠷᠲᠡᠭᠡ᠎ᠶᠢ ᠥᠪᠥᠷ ᠮᠣᠩᠭᠣᠯ᠎ᠳᠤ ᠪᠠᠢᠭᠤᠯᠵᠦ ᠪᠣᠶ
2026-06-08 16:52:38
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠰᠢᠯᠢ᠎ᠶᠢᠨ ᠭᠣᠣᠯ ᠠᠢᠮᠠᠭ᠎ᠤᠨ ᠰᠦᠨᠢᠳ ᠵᠡᠭᠦᠨ ᠬᠤᠰᠢᠭᠤᠨ᠎ᠤ ᠴᠠᠬᠢᠯᠭᠠᠨ ᠬᠤᠪᠢᠰᠬᠠᠬᠤ ᠥᠷᠲᠡᠭᠡ᠎ᠶᠢᠨ 100 ᠲᠦᠮᠡᠨ ᠺᠢᠯᠣᠸᠠᠲ /400 ᠲᠦᠮᠡᠨ ᠺᠢᠯᠣᠸᠠᠲ ᠴᠠᠭ᠎ᠤᠨ ᠴᠠᠬᠢᠯᠭᠠᠨ ᠡᠭᠦᠰᠬᠡᠭᠴᠢ᠎ᠶᠢᠨ ᠡᠨᠧᠷᠭᠢ ᠬᠠᠳᠠᠭᠠᠯᠠᠬᠤ ᠲᠥᠷᠥᠯ ᠵᠦᠢᠯ ᠪᠠᠷᠢᠯᠭ᠎ᠠ ᠵᠢᠨ ᠪᠦᠲᠦᠭᠡᠨ ᠪᠠᠢᠭᠤᠯᠤᠯᠲᠠ᠎ᠶᠢᠨ ᠠᠵᠢᠯ ᠵᠢᠡᠨ ᠪᠦᠬᠦᠨ᠎ᠢ ᠳᠠᠭᠤᠰᠬᠠᠵᠤ᠂ ᠲᠥᠬᠦᠭᠡᠷᠦᠮᠵᠢ ᠤᠭᠰᠠᠷᠠᠬᠤ ᠪᠠ ᠰᠢᠰᠲᠧᠮ᠎ᠢ ᠲᠣᠬᠢᠷᠠᠭᠤᠯᠤᠨ ᠲᠤᠷᠰᠢᠬᠤ ᠱᠠᠲᠤᠨ᠎ᠳᠤ ᠣᠷᠣᠵᠤ᠂ ᠵᠢᠱ᠌ᠢᠯᠲᠡ᠎ᠪᠡᠷ ᠡᠨᠡ ᠵᠢᠯ᠎ᠦᠨ 8 ᠰᠠᠷ᠎ᠠ᠎ᠶᠢᠨ ᠡᠬᠢ᠎ᠪᠡᠷ ᠠᠰᠢᠭ᠍ᠯᠠᠯᠲᠠ᠎ᠳᠤ ᠣᠷᠣᠭᠤᠯᠬᠤ ᠪᠡᠷ ᠲᠦᠯᠦᠪᠯᠡᠵᠦ ᠪᠤᠢ᠃


QQ截图20260608165153.png


ᠲᠣᠰ ᠲᠥᠷᠥᠯ ᠵᠦᠢᠯ ᠨᠢ ᠥᠪᠥᠷ ᠮᠣᠩᠭᠣᠯ᠎ᠤᠨ ᠭᠣᠣᠯᠳᠠᠯᠭ᠎ᠠ᠎ᠲᠠᠢ ᠪᠦᠲᠦᠭᠡᠨ ᠪᠠᠢᠭᠤᠯᠤᠯᠲᠠ᠎ᠶᠢᠨ ᠲᠥᠷᠥᠯ ᠵᠦᠢᠯ᠎ᠦᠨ ᠨᠢᠭᠡ ᠪᠠᠢᠵᠦ᠂ ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ 30 ᠳ᠋ᠦᠩᠰᠢᠭᠤᠷ ᠲᠥᠭᠥᠷᠢᠭ ᠬᠦᠷᠴᠦ᠂ ᠶᠡᠷᠦᠩᠬᠡᠢ ᠬᠡᠷᠡᠭᠯᠡᠬᠦ ᠭᠠᠵᠠᠷ᠎ᠤᠨ ᠲᠠᠯᠠᠪᠠᠶ ᠨᠢ ᠪᠠᠷᠤᠭ 420 ᠮᠦ᠍ ᠪᠠᠢᠵᠤ᠂ ᠳᠤᠮᠳᠠᠳᠤ ᠤᠯᠤᠰ᠎ᠤᠨ ᠴᠠᠬᠢᠯᠭᠠᠨ ᠬᠦᠴᠦᠨ᠎ᠦ ᠪᠦᠲᠦᠭᠡᠨ ᠪᠠᠢᠭᠤᠯᠤᠯᠲᠠ᠎ᠶᠢᠨ ᠪᠦᠯᠦᠭᠯᠡᠯ᠎ᠦᠨ ᠵᠢᠶᠠᠩᠰᠢ ᠮᠤᠵᠢ᠎ᠶᠢᠨ ᠤᠰᠤ ᠴᠠᠬᠢᠯᠭᠠᠨ᠎ᠤ ᠢᠨᠵᠧᠨᠧᠷᠢᠩ᠎ᠦᠨ ᠲᠣᠪᠴᠢᠶ᠎ᠠ᠎ᠶᠢᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ᠎ᠤᠨ ᠪᠠᠷᠢᠯᠭ᠎ᠠ᠎ᠶᠢᠨ ᠭᠤᠷᠪᠠᠳᠤᠭᠠᠷ ᠲᠣᠪᠴᠢᠶ᠎ᠠ᠎ᠶᠢᠨ ᠬᠢᠵᠠᠭᠠᠷᠲᠤ ᠺᠣᠮᠫᠠᠨᠢ ᠵᠡᠷᠭᠡ ᠲᠥᠪ᠎ᠦᠨ ᠬᠣᠶᠠᠷ ᠠᠵᠤ ᠠᠬᠤᠢᠯᠠᠯ ᠬᠠᠮᠲᠤᠷᠠᠨ ᠳᠠᠭᠠᠭᠠᠴᠢᠯᠠᠨ ᠬᠢᠵᠦ ᠪᠠᠢᠨ᠎ᠠ᠃ ᠲᠥᠷᠥᠯ ᠵᠦᠢᠯ ᠲᠠᠭᠤᠰᠤᠭᠰᠠᠨ᠎ᠤ ᠳᠠᠷᠠᠭ᠎ᠠ᠂ ᠲᠡᠯᠡᠭᠡᠢ ᠲᠡᠭᠡᠷ᠎ᠡ ᠬᠡᠪᠴᠢᠶ᠎ᠡ᠎ᠪᠡᠷ ᠬᠠᠮᠤᠭ᠎ᠤᠨ ᠶᠡᠬᠡ ᠲᠠᠩ ᠴᠣᠭᠴᠠᠲᠦ ᠹᠣᠰᠹᠣᠷ ᠬᠦᠴᠢᠯ᠎ᠦᠨ ᠲᠡᠮᠦᠷ ᠯᠢᠲ᠋ᠢ᠎ᠶᠢᠨ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠪᠣᠯᠵᠤ᠂ ᠵᠢᠯ ᠪᠦᠷᠢ ᠪᠠᠷᠤᠭ 10 ᠳ᠋ᠦᠩᠰᠢᠭᠤᠷ ᠺᠢᠯᠣᠸᠠᠲ ᠴᠠᠭ ᠴᠠᠬᠢᠯᠭᠠᠨ ᠭᠠᠷᠭᠠᠵᠤ᠂ ᠰᠥᠨᠢᠳ ᠵᠡᠭᠦᠨ ᠬᠣᠰᠢᠭᠤᠨ᠎ᠳᠤ ᠲᠣᠭᠲᠠᠭᠤᠨ᠂ ᠴᠢᠨᠠᠷ ᠰᠠᠢᠲᠠᠢ᠂ ᠪᠣᠬᠢᠷᠲᠤᠯ ᠦᠭᠡᠢ ᠴᠠᠬᠢᠯᠭᠠᠨ ᠬᠦᠴᠦᠨ᠎ᠦ ᠪᠠᠲᠤᠯᠠᠭ᠎ᠠ ᠬᠠᠩᠭᠠᠨ᠎ᠠ᠃


QQ截图20260608165209.png


ᠲᠤᠰ ᠲᠥᠷᠦᠯ ᠵᠦᠢᠯ ᠨᠢ ᠠᠷᠠᠳ᠎ᠤᠨ ᠠᠮᠢᠳᠤᠷᠠᠯ᠂ ᠠᠵᠤ ᠠᠬᠤᠢ ᠪᠠ ᠠᠮᠢ ᠠᠬᠤᠢ᠎ᠶᠢᠨ ᠣᠯᠠᠨ ᠳᠠᠪᠬᠤᠷ ᠦᠨ᠎ᠡ ᠥᠷᠲᠡᠭ᠎ᠲᠠᠢ᠃ ᠪᠦᠲᠦᠭᠡᠨ ᠪᠠᠶ᠋ᠢᠭᠤᠯᠬᠤ ᠬᠤᠭᠤᠴᠠᠭᠠᠨ᠎ᠳᠤ ᠨᠡᠶ᠋ᠢᠲᠡ 270 ᠤᠷᠴᠢᠮ ᠠᠵᠢᠯ᠎ᠤᠨ ᠪᠠᠢᠷᠢ ᠬᠠᠩᠭᠠᠵᠤ᠂ ᠴᠠᠯᠢᠩ ᠬᠥᠯᠥᠰᠦ᠎ᠶᠢ ᠪᠠᠷᠤᠭ 800 ᠲᠦᠮᠡᠨ ᠲᠥᠭᠥᠷᠢᠭ ᠲᠠᠷᠬᠠᠭᠠᠵᠤ᠂ ᠲᠣᠰ ᠭᠠᠵᠠᠷ᠎ᠤᠨ ᠣᠯᠠᠨ ᠲᠦᠮᠡᠨ᠎ᠢ ᠳᠠᠶ᠋ᠢᠴᠢᠯᠠᠨ ᠣᠢᠷ᠎ᠠ ᠬᠠᠪᠢ ᠳ᠋ᠤᠨᠢ ᠣᠷᠣᠯᠭ᠎ᠠ᠎ᠶᠢ ᠨᠢ ᠨᠡᠮᠡᠭᠳᠡᠭᠦᠯᠬᠦ᠎ᠶᠢᠨ ᠬᠠᠮᠲᠤ ᠪᠠᠷᠢᠯᠭ᠎ᠠ᠎ᠶᠢᠨ ᠮᠠᠲᠧᠷᠢᠶᠠᠯ᠂ ᠬᠤᠭᠤᠯᠠᠨ ᠭᠡᠷ ᠬᠤᠨᠤᠭ ᠪᠠᠭᠤᠳᠠᠯ ᠵᠡᠷᠭᠡ ᠬᠣᠯᠪᠣᠭᠳᠠᠯ ᠪᠦᠬᠦᠢ ᠠᠵᠢᠯ ᠲᠥᠷᠥᠯ᠎ᠢ ᠲᠠᠢᠴᠢᠯᠠᠨ ᠬᠥᠭᠵᠢᠭᠦᠯᠬᠦ ᠪᠤᠯᠤᠨ᠎ᠠ᠃

ᠢᠷᠡᠯᠲᠡ᠄ ᠦᠪᠦᠷ ᠮᠤᠨᠭᠭᠤᠯ᠎ᠤᠨ ᠡᠳᠦᠷ᠎ᠤᠨ ᠰᠤᠨᠢᠨ᠎ᠤ ᠵᠢᠷᠭᠢᠶ᠎ᠡ ᠵᠢᠨ ᠲᠡᠪᠴᠡᠨᠭ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号