6 ᠰᠠᠷ᠎ᠠ᠎ᠶᠢᠨ 2᠎ᠤᠨ ᠡᠳᠦᠷ ᠥᠪᠥᠷ ᠮᠣᠩᠭᠣᠯ᠎ᠤᠨ
ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ ᠮᠡᠳᠡᠭᠡ ᠨᠡᠢᠲᠡᠯᠡᠵᠦ᠂ ᠲᠡᠷᠭᠡ
ᠬᠥᠯᠥᠰᠦᠯᠡᠵᠦ ᠠᠶᠠᠨᠴᠢᠳ ᠵᠥᠭᠡᠭᠡᠪᠦᠷᠢᠯᠡᠬᠦ ᠡᠯᠧᠺᠲᠷᠣᠨ ᠫᠠᠢᠰᠠ ᠵᠢ 6 ᠰᠠᠷ᠎ᠠ᠎ᠶᠢᠨ 8᠎ᠤ ᠡᠳᠦᠷ ᠡᠴᠡ ᠵᠢᠩᠬᠢᠨᠢ᠎ᠪᠡᠷ
ᠡᠬᠢᠯᠡᠨ ᠬᠡᠷᠡᠭᠯᠡᠵᠦ᠂ ᠬᠡᠳᠦᠨ ᠠᠷᠪᠠᠨ ᠵᠢᠯ᠎ᠤᠨ ᠲᠤᠷᠰᠢ ᠬᠡᠷᠡᠭᠯᠡᠭᠰᠡᠨ ᠬᠦᠯᠦᠰᠦᠯᠡᠭᠰᠡᠨ ᠲᠡᠷᠭᠡᠨ᠎ᠤ ᠴᠠᠭᠠᠰᠤᠨ
ᠫᠠᠢᠰᠠ ᠲᠡᠦᠬᠡ᠎ᠶᠢᠨ ᠲᠠᠪᠴᠠᠩ᠎ᠠᠴᠠ ᠤᠬᠤᠷᠢᠨ ᠭᠠᠷᠬᠤ ᠪᠣᠯᠣᠨ᠎ᠠ᠂ ᠡᠨᠡ ᠨᠢ ᠲᠡᠷᠭᠡ ᠬᠥᠯᠥᠰᠦᠯᠡᠵᠦ ᠠᠶᠠᠨᠴᠢᠳ
ᠵᠥᠭᠡᠭᠡᠪᠦᠷᠢᠯᠡᠬᠦ ᠬᠠᠮᠢᠶᠠᠷᠤᠯᠲᠠ ᠪᠥᠬᠥ ᠶᠠᠪᠤᠴᠠ ᠨᠢ ᠡᠯᠧᠺᠲ᠋ᠷᠣᠨᠴᠢᠯᠠᠭᠰᠠᠨ᠂ ᠣᠶᠤᠨᠴᠢᠯᠠᠭᠰᠠᠨ ᠰᠢᠨ᠎ᠡ
ᠱᠠᠲᠤᠨ᠎ᠳᠤ ᠣᠷᠣᠭᠰᠠᠨ᠎ᠢ ᠬᠠᠷᠠᠭᠤᠯᠵᠤ ᠪᠣᠶ᠃
ᠵᠠᠰᠠᠮᠠᠯ ᠵᠠᠮ᠎ᠤᠨ ᠠᠶᠠᠨᠴᠢᠳ᠎ᠤᠨ ᠵᠥᠭᠡᠭᠡᠪᠦᠷᠢ᠎ᠶᠢᠨ
ᠲᠣᠭᠠᠴᠢᠯᠠᠯᠲᠠ ᠵᠦᠭ ᠬᠡᠯᠪᠡᠷᠢ᠎ᠪᠡᠨ ᠬᠤᠪᠢᠷᠠᠭᠤᠯᠬᠤ᠎ᠶᠢ ᠲᠦᠷᠭᠡᠳᠬᠡᠨ ᠠᠬᠢᠭᠤᠯᠵᠤ᠂ ᠠᠵᠢᠯ ᠲᠥᠷᠥᠯ᠎ᠦᠨ ᠦᠢᠯᠡᠴᠢᠯᠡᠭᠡ
ᠪᠠ ᠬᠠᠮᠢᠶᠠᠷᠤᠯᠲᠠ᠎ᠶᠢᠨ ᠦᠷ᠎ᠡ ᠪᠦᠲᠦᠮᠵᠢ᠎ᠶᠢ ᠳᠡᠭᠡᠭᠰᠢᠯᠡᠭᠦᠯᠦᠨ᠂ ᠠᠵᠤ ᠠᠬᠤᠢᠯᠠᠯ᠎ᠤᠨ ᠡᠵᠡᠩᠨᠡᠯᠲᠡ᠎ᠶᠢᠨ
ᠥᠪᠡᠷ᠎ᠦᠨ ᠥᠷᠲᠡᠭ᠎ᠢ ᠪᠠᠭᠤᠷᠠᠭᠤᠯᠵᠤ᠂ ᠣᠷᠣᠨ ᠪᠦᠰᠡ ᠠᠯᠤᠰᠯᠠᠨ ᠬᠠᠮᠵᠢᠯᠴᠠᠬᠤ ᠠᠮᠤᠷ ᠲᠦᠪᠰᠢᠨ᠎ᠦ ᠬᠢᠨᠠᠯᠲᠠ
ᠬᠠᠮᠢᠶᠠᠷᠤᠯᠲᠠ᠎ᠶᠢ ᠴᠢᠩᠭᠠᠳᠬᠠᠨ᠂ ᠠᠷᠠᠳ ᠣᠯᠠᠨ᠎ᠤ ᠠᠮᠤᠷ ᠲᠦᠪᠰᠢᠨ ᠪᠥᠭᠡᠳ ᠳᠥᠭᠥᠮ ᠳᠥᠲᠡ ᠶᠠᠪᠤᠵᠤ ᠰᠠᠭᠤᠬᠤ᠎ᠶᠢ
ᠪᠠᠲᠤᠯᠠᠬᠤ᠎ᠶᠢᠨ ᠲᠥᠯᠥᠭᠡ᠂ ᠵᠠᠮ ᠬᠠᠷᠢᠯᠴᠠᠭ᠎ᠠ ᠲᠡᠭᠡᠭᠡᠪᠦᠷᠢ᠎ᠶᠢᠨ ᠶᠠᠮᠤᠨ᠎ᠤ ᠨᠢᠭᠡᠳᠦᠯᠲᠡᠢ ᠪᠠᠢᠷᠢᠯᠠᠭᠤᠯᠤᠯᠲᠠ
ᠶᠣᠰᠣᠭᠠᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠦᠢᠯᠡᠰ᠎ᠦᠨ
ᠬᠥᠭᠵᠢᠯᠲᠡ᠎ᠶᠢᠨ ᠲᠥᠪ ᠮᠡᠷᠭᠡᠵᠢᠯ᠎ᠦᠨ ᠪᠣᠭᠣᠮᠲᠠ ᠰᠢᠪᠲᠤᠯᠬᠤ ᠪᠠ ᠰᠢᠰᠲᠧᠮ᠎ᠢ ᠨᠡᠭᠡᠭᠡᠨ ᠬᠥᠭᠵᠢᠭᠦᠯᠬᠦ᠎ᠶᠢ
ᠢᠳᠡᠪᠬᠢᠲᠡᠢ ᠵᠣᠬᠢᠶᠠᠨ ᠪᠠᠢᠭᠤᠯᠵᠤ᠂ ᠮᠤᠵᠢ ᠶᠠᠮᠤᠨ ᠬᠣᠯᠪᠤᠭᠠᠯᠠᠨ ᠲᠣᠬᠢᠷᠠᠭᠤᠯᠵᠤ ᠲᠤᠷᠰᠢᠬᠤ᠎ᠶᠢ ᠤᠷᠤᠭᠰᠢᠲᠠᠢ
ᠪᠡᠶᠡᠯᠡᠭᠦᠯᠪᠡ᠃
ᠰᠢᠨ᠎ᠡ᠎ᠪᠡᠷ ᠡᠬᠢᠯᠡᠵᠦ ᠬᠡᠷᠡᠭᠯᠡᠬᠦ
ᠲᠡᠷᠭᠡ ᠬᠥᠯᠥᠰᠦᠯᠡᠵᠦ ᠠᠶᠠᠨᠴᠢᠳ ᠵᠥᠭᠡᠭᠡᠪᠦᠷᠢᠯᠡᠬᠦ ᠡᠯᠧᠺᠲᠷᠣᠨ ᠫᠠᠢᠰᠠ᠎ᠶᠢᠨ ᠰᠢᠰᠲᠧᠮ ᠨᠢ ᠰᠦᠯᠵᠢᠶᠡᠨ ᠳᠡᠭᠡᠷ᠎ᠡ
ᠭᠤᠶᠤᠴᠢᠯᠠᠬᠤ᠂ ᠠᠦ᠋ᠲ᠋ᠣ᠋ ᠬᠢᠨᠠᠨ ᠬᠠᠷᠭᠤᠭᠤᠯᠬᠤ᠂ ᠳᠥᠭᠥᠮ ᠳᠥᠲᠡ᠎ᠪᠡᠷ ᠪᠠᠭᠤᠯᠭᠠᠨ ᠠᠪᠬᠤ᠂ ᠺᠣᠳ᠋ ᠰᠢᠷᠪᠢᠵᠦ
ᠪᠠᠢᠴᠠᠭᠠᠨ ᠯᠠᠪᠯᠠᠬᠤ ᠵᠡᠷᠭᠡ ᠪᠥᠬᠥ ᠶᠠᠪᠤᠴᠠ᠎ᠶᠢᠨ ᠴᠢᠳᠠᠮᠵᠢ᠎ᠶᠢ ᠬᠠᠮᠤᠷᠤᠭᠰᠠᠨ ᠪᠥᠭᠡᠳ ᠪᠥᠬᠥ ᠤᠯᠤᠰ᠎ᠤᠨ
ᠬᠡᠪᠴᠢᠶᠡᠨ᠎ᠳᠦ ᠨᠡᠢᠳᠡᠮ ᠬᠡᠷᠡᠭᠯᠡᠵᠦ ᠬᠠᠷᠢᠯᠴᠠᠨ ᠮᠡᠳᠡᠷᠡᠬᠦ᠎ᠶᠢ ᠪᠡᠶᠡᠯᠡᠭᠦᠯᠪᠡ᠃ ᠣᠷᠣᠨ᠎ᠤ ᠳᠣᠲᠣᠷ᠎ᠠ ᠲᠡᠷᠭᠡ
ᠬᠥᠯᠥᠰᠦᠯᠡᠬᠦ ᠪᠤᠶᠤ ᠮᠤᠵᠢ ᠠᠯᠤᠰᠯᠠᠨ ᠲᠡᠷᠭᠡ ᠬᠥᠯᠥᠰᠦᠯᠡᠬᠦ᠎ᠳᠤ ᠴᠥᠮ 《ᠨᠢᠭᠡ ᠫᠠᠢᠰᠠ᠎ᠪᠠᠷ ᠨᠡᠢᠳᠡᠮ
ᠨᠡᠪᠲᠡᠷᠡᠭᠦᠯᠬᠦ》 ᠪᠣᠯᠣᠨ᠎ᠠ᠃
ᠪᠣᠳᠠᠲᠠᠢ ᠬᠡᠷᠡᠭᠯᠡᠬᠦ ᠶᠠᠪᠤᠴᠠ᠎ᠳᠤ᠂
ᠵᠢᠯᠣᠭᠣᠴᠢ ᠵᠢᠷᠭᠢᠶ᠎ᠡ ᠵᠢᠨ ᠵᠢᠵᠢᠭ ᠫᠷᠣᠭ᠌ᠷᠠᠮ᠎ᠢᠶᠠᠷ ᠳᠠᠮᠵᠢᠭᠤᠯᠤᠨ ᠡᠯᠧᠺᠲᠷᠣᠨ ᠲᠡᠮᠳᠡᠭ ᠫᠠᠢᠰᠠ᠎ᠪᠠᠨ ᠰᠦᠯᠵᠢᠶᠡᠨ
ᠳᠡᠭᠡᠷ᠎ᠡ ᠭᠤᠶᠤᠴᠢᠯᠠᠨ ᠠᠪᠴᠤ ᠪᠣᠯᠬᠤ ᠲᠤᠯᠠ ᠲᠡᠮᠳᠡᠭ ᠫᠠᠢᠰᠠ ᠲᠠᠷᠬᠠᠭᠠᠳᠠᠭ ᠭᠠᠵᠠᠷ ᠲᠤ᠌ ᠬᠦᠷᠴᠦ ᠫᠠᠢᠰᠠ
ᠠᠪᠬᠤ ᠬᠡᠷᠡᠭ ᠦᠭᠡᠢ︔ ᠲᠡᠷᠭᠡ ᠬᠥᠯᠥᠰᠦᠯᠡᠭᠴᠢ ᠡᠯᠧᠺᠲᠷᠣᠨ ᠫᠠᠢᠰᠠᠨ ᠳᠡᠭᠡᠷᠡᠬᠢ ᠬᠣᠶᠠᠷ ᠬᠡᠮᠵᠢᠯᠲᠦ ᠺᠣᠳ᠋᠎ᠢ
ᠰᠢᠷᠪᠢᠵᠦ᠂ ᠲᠡᠷᠭᠡᠨ᠎ᠦ ᠬᠢᠷᠢ ᠬᠡᠮ᠂ ᠵᠢᠯᠣᠭᠣᠴᠢ᠎ᠶᠢᠨ ᠮᠡᠳᠡᠭᠡ ᠵᠠᠩᠭᠢ᠂ ᠵᠠᠮ ᠱᠤᠭᠤᠮ᠎ᠢ ᠬᠢᠨᠠᠨ ᠲᠣᠭᠲᠠᠭᠠᠬᠤ
ᠵᠡᠷᠭᠡ ᠵᠠᠩᠭᠢᠯᠠᠭ᠎ᠠ᠎ᠶᠢᠨ ᠠᠭᠤᠯᠭ᠎ᠠ᠎ᠶᠢ ᠴᠠᠭ ᠲᠤᠬᠠᠢ ᠳ᠋ᠤᠨᠢ ᠪᠠᠢᠴᠠᠭᠠᠨ ᠯᠠᠪᠯᠠᠵᠤ ᠪᠤᠯᠬᠤ ᠤᠴᠢᠷ ᠡᠴᠡ
ᠲᠡᠷᠭᠡ ᠬᠡᠷᠡᠭᠯᠡᠬᠦ᠎ᠳᠡᠭᠡᠨ ᠳᠤᠲᠤᠷ᠎ᠠ ᠪᠠᠨ ᠲᠤᠭ᠎ᠠ᠎ᠲᠠᠢ ᠪᠠᠢᠬᠤ ᠪᠤᠯᠤᠨ᠎ᠠ᠃ ᠡᠯ᠎ᠡ ᠱᠠᠲᠤᠨ᠎ᠤ ᠵᠠᠮ ᠲᠡᠭᠡᠭᠡᠪᠦᠷᠢ᠎ᠶᠢᠨ
ᠬᠠᠤᠯᠢ ᠬᠡᠷᠡᠭᠵᠢᠭᠦᠯᠬᠦ ᠠᠵᠢᠯᠲᠠᠨ ᠺᠣᠳ᠋ ᠰᠢᠷᠪᠢᠪᠡᠯ ᠳᠠᠷᠤᠢ ᠦᠨᠡᠨ ᠬᠤᠳᠠᠯ᠎ᠢ ᠬᠢᠨᠠᠨ ᠰᠢᠯᠭᠠᠬᠤ ᠪᠠ ᠲᠣᠭᠲᠠᠭᠠᠯ᠎ᠳᠤ
ᠨᠡᠢᠴᠡᠬᠦ ᠡᠰᠡᠬᠦ ᠲᠤᠬᠠᠢ ᠮᠠᠭᠠᠳᠯᠠᠯᠲᠠ ᠬᠢᠵᠦ᠂ ᠥᠩᠭᠡᠷᠡᠭᠰᠡᠨ᠎ᠦ ᠲᠤᠷᠰᠢᠯᠭ᠎ᠠ᠎ᠪᠡᠨ ᠲᠦᠰᠢᠭᠯᠡᠵᠦ᠂ ᠤᠲᠠᠰᠤ᠎ᠪᠠᠷ
ᠬᠢᠨᠠᠨ ᠬᠠᠷᠭᠤᠭᠤᠯᠳᠠᠭ ᠲᠡᠦᠬᠡ᠎ᠡᠴᠡ ᠲᠤᠢᠯᠪᠤᠷᠢᠲᠠᠢ ᠠᠩᠭᠢᠵᠢᠷᠠᠵᠤ᠂ ᠬᠠᠤᠯᠢ ᠬᠡᠷᠡᠭᠵᠢᠭᠦᠯᠬᠦ ᠦᠷ᠎ᠡ ᠪᠦᠲᠦᠮᠵᠢ
ᠪᠣᠯᠣᠨ ᠣᠨᠣᠪᠴᠢ᠎ᠶᠢᠨ ᠬᠡᠮᠵᠢᠶ᠎ᠡ᠎ᠶᠢ ᠶᠡᠬᠡᠪᠡᠷ ᠳᠡᠭᠡᠭᠰᠢᠯᠡᠭᠦᠯᠵᠦ ᠪᠣᠯᠣᠨ᠎ᠠ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ
ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ᠎ᠡᠴᠡ ᠡᠯ᠎ᠡ ᠱᠠᠲᠤᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ
ᠬᠠᠮᠢᠶᠠᠷᠤᠯᠲᠠ᠎ᠶᠢᠨ ᠰᠠᠯᠠᠭ᠎ᠠ ᠮᠥᠴᠢᠷ ᠪᠣᠯᠣᠨ ᠲᠡᠷᠭᠡ ᠬᠥᠯᠥᠰᠦᠯᠡᠵᠦ ᠠᠶᠠᠨᠴᠢᠳ ᠲᠡᠭᠡᠭᠡᠪᠦᠷᠢᠯᠡᠬᠦ ᠠᠵᠤ
ᠠᠬᠤᠢᠯᠠᠯ᠎ᠤᠨ ᠪᠣᠯᠪᠠᠰᠤᠷᠠᠯ ᠵᠢᠯᠣᠭᠣᠳᠤᠯᠭ᠎ᠠ᠎ᠶᠢ ᠵᠣᠬᠢᠶᠠᠨ ᠪᠠᠢᠭᠤᠯᠵᠤ᠂ ᠰᠢᠰᠲᠧᠮ᠎ᠦᠨ ᠴᠢᠳᠠᠮᠵᠢ᠎ᠶᠢ ᠦᠷᠭᠦᠯᠵᠢᠯᠡᠨ
ᠰᠢᠯᠢᠳᠡᠭᠵᠢᠭᠦᠯᠦᠨ᠂ ᠡᠯᠧᠺᠲᠷᠣᠨ ᠲᠡᠮᠳᠡᠭ ᠫᠠᠢᠰᠠ᠎ᠶᠢ 《ᠰᠢᠯᠤᠭᠤᠳᠬᠠᠬᠤ᠂ ᠰᠠᠢᠲᠤᠷ ᠬᠡᠷᠡᠭᠯᠡᠬᠦ》᠎ᠶᠢ ᠦᠨᠡᠨᠬᠦ ᠪᠠᠲᠤᠯᠠᠵᠤ᠂ ᠳᠠᠷᠤᠭᠠᠰᠤ᠎ᠶᠢ
ᠬᠥᠩᠭᠡᠷᠡᠭᠦᠯᠬᠦ᠂ ᠦᠷ᠎ᠡ ᠠᠰᠢᠭ᠋᠎ᠢ ᠳᠡᠭᠡᠭᠰᠢᠯᠡᠭᠦᠯᠬᠦ᠂ ᠠᠮᠤᠷ ᠲᠦᠪᠰᠢᠨ᠎ᠢ ᠪᠠᠲᠤᠯᠠᠬᠤ ᠥᠭᠡᠷᠡᠴᠢᠯᠡᠯᠲᠡ᠎ᠶᠢᠨ
ᠬᠠᠷᠠᠯᠲᠠ᠎ᠶᠢ ᠦᠨᠡᠨᠬᠦ ᠪᠡᠶᠡᠯᠡᠭᠦᠯᠦᠨ᠎ᠡ᠃
ᠢᠷᠡᠯᠲᠡ᠄ ᠴᠢᠩ ᠴᠧᠩ ᠬᠠᠮ ᠵᠠᠭᠤᠴᠢᠯᠠᠭᠤᠷ᠂
ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ