ᠠᠷᠤ ᠬᠣᠷᠴᠢᠨ ᠬᠡᠦᠬᠡᠨ ᠲᠣᠭ ᠬᠠᠮᠠᠭᠠᠯᠠᠭ᠍ᠴᠢ᠎ᠪᠠᠷ ᠰᠣᠩᠭᠣᠭᠳᠠᠪᠠ
2026-06-08 19:16:20
ᠵᠣᠬᠢᠶᠠᠭ᠍ᠴᠢ᠄
​ ᠯᠢ ᠬᠤᠸᠠᠨ ᠢᠦᠢ ᠸᠠᠩ ᠢᠦᠢ ᠾᠦᠢ
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ᠂ ᠠᠷᠤ ᠬᠣᠷᠴᠢᠨ ᠬᠣᠰᠢᠭᠤᠨ᠎ᠤ ᠴᠢᠪᠠᠭ᠎ᠠ ᠵᠢᠷᠭᠤᠳᠤᠭᠠᠷ ᠳᠤᠮᠳᠠᠳᠤ ᠰᠤᠷᠭᠠᠭᠤᠯᠢ ᠎ᠶᠢᠨ ᠰᠤᠷᠤᠭ᠍ᠴᠢ ᠼᠦᠢ ᠰᠢᠶᠣᠣ ᠹᠧᠢ ᠣᠯᠠᠨ ᠡᠭᠡᠯᠵᠢ᠎ᠶᠢᠨ ᠰᠢᠯᠭᠠᠷᠠᠭᠤᠯᠤᠯᠲᠠ ᠪᠠᠷ ᠳᠠᠮᠵᠢᠨ᠂ 2026 ᠣᠨ᠎ᠤ ᠠᠮᠧᠷᠢᠺᠠ ᠺᠠᠨᠠᠳᠠ ᠮᠧᠺᠰᠢᠺᠦ᠎ᠶᠢᠨ ᠳᠡᠯᠡᠬᠡᠢ᠎ᠶᠢᠨ ᠬᠤᠨᠳᠠᠭᠠᠲᠤ ᠬᠦᠯ ᠪᠦᠮᠪᠦᠭᠡ ᠵᠢᠨ ᠤᠷᠤᠯᠳᠤᠭᠠᠨ᠎ᠤ ᠬᠥᠰᠢᠭᠡ ᠰᠡᠬᠦᠬᠦ ᠤᠷᠤᠯᠳᠤᠭᠠᠨ᠎ᠤ FIFA᠎ᠬᠤᠯᠪᠤᠭᠠᠨ᠎ᠤ ᠲᠤᠭ᠎ᠤᠨ ᠲᠣᠭ ᠬᠠᠮᠠᠭᠠᠯᠠᠭ᠍ᠴᠢ᠎ᠪᠠᠷ ᠰᠣᠩᠭᠣᠭᠳᠠᠵᠤ᠂ ᠪᠤᠰᠤᠳ ᠲᠠᠪᠤᠨ ᠰᠢᠯᠢᠳᠡᠭ ᠪᠠᠭᠠᠴᠤᠳ᠎ᠲᠠᠢ ᠬᠠᠮᠲᠤ ᠪᠡᠷ ᠣᠯᠠᠨ ᠤᠯᠤᠰ᠎ᠤᠨ ᠬᠥᠯ ᠪᠥᠮᠪᠥᠭᠡ᠎ᠶᠢᠨ ᠬᠣᠯᠪᠣᠭᠠᠨ᠎ᠤ ᠲᠤᠭ᠎ᠢ ᠳᠡᠯᠡᠬᠡᠢ᠎ᠶᠢᠨ ᠲᠡᠷᠢᠭᠦᠨ ᠵᠡᠷᠭᠡ᠎ᠶᠢᠨ ᠬᠥᠯ ᠪᠥᠮᠪᠥᠭᠡ᠎ᠶᠢᠨ ᠤᠷᠤᠯᠳᠤᠭᠠᠨ᠎ᠤ ᠲᠠᠯᠠᠪᠤᠷ᠎ᠲᠤ ᠬᠠᠮᠠᠭᠠᠯᠠᠨ᠂ ᠲᠠᠯ᠎ᠠ ᠨᠤᠲᠤᠭ ᠎ᠤᠨ ᠰᠢᠨ᠎ᠡ ᠴᠠᠭ ᠦᠶ᠎ᠡ ᠵᠢᠨ ᠪᠠᠭᠠᠴᠤᠳ᠎ᠤᠨ ᠵᠠᠯᠠᠭᠤ ᠨᠠᠰᠤᠨ᠎ᠤ ᠴᠤᠭ ᠵᠢᠪᠬᠤᠭ᠎ᠠ᠎ᠶᠢ ᠬᠠᠷᠠᠭᠤᠯᠬᠤ ᠪᠣᠯᠣᠨ᠎ᠠ᠃




ᠣᠢᠯᠠᠭᠠᠭᠰᠠᠨ ᠎ᠢᠶᠠᠷ᠂ 2026 ᠣᠨ᠎ᠤ ᠠᠮᠧᠷᠢᠺᠠ ᠺᠠᠨᠠᠳᠠ ᠮᠧᠺᠰᠢᠺᠦ ᠎ᠶᠢᠨ ᠳᠡᠯᠡᠬᠡᠢ ᠵᠢᠨ ᠬᠤᠨᠳᠠᠭᠠᠲᠤ ᠬᠦᠯ ᠪᠦᠮᠪᠦᠭᠡ ᠵᠢᠨ ᠤᠷᠤᠯᠳᠤᠭᠠᠨ᠎ᠨᠢ ᠳᠡᠯᠡᠬᠡᠢ ᠎ᠶᠢᠨ ᠬᠤᠨᠳᠠᠭᠠᠲᠤ ᠤᠷᠤᠯᠳᠤᠭᠠᠨ᠎ᠤ ᠲᠡᠦᠬᠡᠨ ᠳᠡᠭᠡᠷᠡᠬᠢ ᠠᠩᠬᠠᠳᠤᠭᠠᠷ ᠤᠳᠠᠭ᠎ᠠ ᠭᠤᠷᠪᠠᠨ ᠤᠯᠤᠰ ᠬᠠᠮᠲᠤᠷᠠᠵᠤ ᠳᠠᠭᠠᠭᠠᠴᠢᠯᠠᠨ ᠡᠷᠭᠢᠯᠡᠭᠰᠡᠨ ᠲᠡᠷᠢᠭᠦᠨ ᠵᠡᠷᠭᠡ᠎ᠶᠢᠨ ᠬᠥᠯ ᠪᠥᠮᠪᠥᠭᠡ᠎ᠶᠢᠨ ᠦᠪᠡᠳᠡᠭᠰᠢ ᠴᠤᠭᠯᠠᠭᠠᠨ ᠪᠠᠢᠵᠤ᠂ ᠲᠤᠰ ᠬᠤᠭᠤᠴᠠᠭᠠᠨ᠎ᠤ ᠤᠷᠤᠯᠳᠤᠭᠠᠨ᠎ᠤ ᠬᠥᠰᠢᠭᠡ ᠰᠡᠬᠦᠬᠦ ᠤᠷᠤᠯᠳᠤᠭᠠᠨ ᠨᠢ ᠪᠡᠭᠡᠵᠢᠩ᠎ᠦᠨ ᠴᠠᠭ᠎ᠢᠶᠠᠷ 6 ᠰᠠᠷ᠎ᠠ᠎ᠶᠢᠨ 12᠎ᠤᠨ ᠡᠳᠦᠷ ᠮᠧᠺᠰᠢᠺᠦ ᠬᠣᠲᠠ᠎ᠳᠤ ᠦᠪᠡᠳᠡᠭᠰᠢ ᠶᠡᠬᠡ᠎ᠪᠡᠷ ᠡᠬᠢᠯᠡᠬᠦ ᠪᠣᠯᠣᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号