6 ᠰᠠᠷ᠎ᠠ᠎ᠶᠢᠨ 4᠎ᠦ ᠡᠳᠦᠷ ᠥᠪᠥᠷ ᠮᠣᠩᠭᠣᠯ᠎ᠤᠨ
ᠠᠩᠬᠠᠳᠠᠭ᠍ᠴᠢ
OPC (One Person Company᠂ ᠭᠠᠭᠴᠠ ᠬᠦᠮᠦᠨ᠎ᠤ ᠺᠤᠮᠫᠠᠨᠢ ) ᠨᠡᠢᠭᠡᠮ ᠲᠣᠭᠣᠷᠢᠭ᠋ ᠳᠤᠮᠳᠠᠳᠤ ᠤᠯᠤᠰ
(ᠥᠪᠥᠷ ᠮᠣᠩᠭᠣᠯ) ᠤᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠬᠥᠬᠡᠬᠣᠲᠠ᠎ᠶᠢᠨ ᠬᠡᠰᠡᠭ᠎ᠤᠨ
ᠬᠣᠷᠢᠨᠭᠡᠷ ᠲᠣᠭᠣᠷᠢᠭ᠋᠎ᠲᠤ ᠡᠵᠡᠩᠨᠡᠯᠲᠡ᠎ᠳᠦ ᠣᠷᠣᠪᠠ᠃
ᠲᠣᠰ ᠨᠡᠢᠭᠡᠮ ᠲᠣᠭᠣᠷᠢᠭ᠋ ᠨᠢ 《ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ
ᠣᠷᠣᠨ + ᠪᠣᠬᠢᠷᠲᠤᠯ ᠦᠭᠡᠢ ᠪᠤᠳᠤᠯᠲᠠ ᠵᠢᠨ ᠬᠦᠴᠦᠨ + OPC ᠡᠵᠡᠩᠨᠡᠯᠲᠡ᠎ᠶᠢᠨ ᠬᠡᠯᠪᠡᠷᠢ》ᠭᠤᠷᠪᠠ᠎ᠶᠢ ᠨᠢᠭᠡ ᠴᠣᠭᠴᠠᠵᠢᠭᠤᠯᠤᠨ
ᠠᠭᠤᠰᠤᠯᠴᠠᠭᠤᠯᠬᠤ ᠵᠠᠭᠪᠤᠷ᠎ᠢᠶᠠᠷ ᠭᠣᠣᠯ ᠪᠣᠯᠭᠠᠨ᠂ ᠪᠥᠬᠥ ᠤᠯᠤᠰ᠎ᠤᠨ ᠬᠡᠪᠴᠢᠶᠡᠨ᠎ᠳᠡᠬᠢ ᠠᠩᠬᠠᠨ᠎ᠤ
ᠡᠭᠦᠳᠦᠯᠲᠡ ᠪᠤᠯᠤᠭᠰᠠᠨ ᠶᠤᠮ᠃ AI ᠴᠢᠳᠠᠮᠵᠢᠳᠤ ᠲᠦᠰᠢᠭᠯᠡᠭᠰᠡᠨ ᠪᠠᠭ᠎ᠠ ᠵᠢᠵᠢᠭ ᠠᠳᠠᠯ ᠦᠢᠯᠡᠰ ᠴᠣᠭᠴᠠᠯᠠᠭ᠍ᠴᠢᠳᠲᠤ ᠬᠥᠩᠭᠡᠨᠬᠡᠯᠪᠡᠷᠢ
ᠵᠢᠨ ᠦᠢᠯᠡᠰ ᠴᠣᠭᠴᠠᠯᠠᠬᠤ ᠲᠦᠪᠯᠡᠷᠡᠯ ᠲᠣᠭᠣᠷᠢᠭ᠋᠎ᠢ ᠪᠠᠢᠭᠤᠯᠵᠤ ᠦᠭᠴᠡᠢ᠃
ᠡᠭᠦᠯᠡᠨ ᠬᠦᠨᠳᠡᠢ ᠵᠢᠨ OPC
ᠨᠡᠢᠭᠡᠮ ᠲᠤᠭᠤᠷᠢᠭ
ᠨᠡᠢᠭᠡᠮ ᠲᠣᠭᠣᠷᠢᠭ᠋᠎ᠤᠨ ᠲᠥᠯᠦᠪᠵᠢᠭᠦᠯᠭᠡ᠎ᠶᠢᠨ
ᠶᠡᠷᠦᠩᠬᠡᠢ ᠲᠠᠯᠠᠪᠠᠶ ᠨᠢ ᠪᠠᠷᠤᠭ 24000 ᠲᠡᠭᠰᠢ ᠳᠥᠷᠪᠡᠯᠵᠢᠨ ᠮᠧᠲᠷ ᠪᠠᠢᠵᠤ᠂ ᠬᠤᠪᠢ ᠬᠥᠮᠥᠨ᠎ᠦ ᠠᠮᠢᠳᠤᠯᠢᠭ᠋
ᠠᠵᠢᠯ᠎ᠤᠨ ᠪᠠᠢᠷᠢ ᠪᠠ ᠲᠣᠭᠲᠠᠮᠠᠯ ᠠᠯᠪᠠᠨ ᠭᠡᠷ ᠬᠠᠩᠭᠠᠵᠤ᠂ ᠭᠣᠣᠯᠳᠠᠭᠤ ᠲᠣᠭᠠᠴᠢᠯᠠᠭᠰᠠᠨ ᠰᠣᠶᠣᠯ᠎ᠤᠨ ᠡᠭᠦᠳᠦᠯᠲᠡ᠂
ᠵᠣᠬᠢᠶᠠᠮᠠᠯ ᠣᠶᠤᠨ ᠴᠢᠳᠠᠪᠤᠷᠢ᠂ ᠲᠣᠮᠣ᠌ ᠳ᠋ᠠᠢᠲ᠋ᠠ ᠪᠠ ᠡᠭᠦᠯᠡᠨ ᠪᠣᠳᠣᠯᠲᠠ ᠵᠡᠷᠭᠡ ᠬᠦᠷᠢᠶᠡᠨ᠎ᠳᠡᠬᠢ ᠨᠢᠭᠡ
ᠬᠥᠮᠥᠨ᠎ᠦ ᠺᠣᠮᠫᠠᠨᠢ ᠪᠠ ᠪᠢᠴᠢᠯ ᠪᠦᠯᠬᠦᠮ᠎ᠢ ᠲᠡᠳᠡᠨ ᠣᠷᠣᠭᠤᠯᠤᠨ᠎ᠠ᠃ ᠨᠡᠢᠭᠡᠮ ᠲᠣᠭᠣᠷᠢᠭ᠋᠎ᠤᠨ ᠬᠢᠨ 《ᠪᠣᠳᠣᠯᠲᠠ᠎ᠶᠢᠨ ᠬᠦᠴᠦᠨ᠎ᠤ ᠬᠠᠩᠭᠠᠯᠭ᠎ᠠ
+ ᠣᠷᠣᠨ ᠵᠠᠢ᠎ᠶᠢᠨ ᠠᠴᠢᠶᠠᠯᠠᠪᠤᠷᠢ + ᠲᠦᠷᠦ᠎ᠶᠢᠨ ᠪᠣᠳᠣᠯᠭ᠎ᠠ᠎ᠶᠢᠨ ᠳᠡᠮᠵᠢᠯᠭᠡ + ᠠᠮᠢ ᠠᠬᠤᠢ᠎ᠶᠢᠨ ᠦᠢᠯᠡᠴᠢᠯᠡᠭᠡ》᠎ᠶᠢᠨ ᠪᠦᠬᠦ ᠬᠡᠯᠬᠢᠶᠡᠨ᠎ᠦ ᠠᠳᠠᠯ
ᠦᠢᠯᠡᠰ ᠴᠣᠭᠴᠠᠯᠠᠬᠤ ᠦᠢᠯᠡᠴᠢᠯᠡᠭᠡᠨ᠎ᠦ ᠰᠢᠰᠲᠧᠮ᠎ᠢ ᠪᠠᠢᠭᠤᠯᠪᠠ᠃ ᠬᠣᠷᠢᠨᠭᠡᠷ ᠰᠢᠨ᠎ᠡ ᠲᠣᠭᠣᠷᠢᠭ᠋᠎ᠤᠨ ᠴᠢᠳᠠᠪᠤᠷᠢᠲᠠᠨ᠎ᠤ
ᠦᠢᠯᠡᠴᠢᠯᠡᠭᠡᠨ᠎ᠦ ᠲᠥᠪ᠎ᠦᠨ ᠡᠷᠬᠢᠯᠡᠭᠴᠢ ᠺᠠᠩ ᠶᠦᠨ ᠫᠧᠩ᠄ 《ᠲᠠ ᠡᠨᠳᠡ ᠢᠷᠡᠵᠦ ᠠᠳᠠᠯ ᠦᠢᠯᠡᠰ ᠴᠤᠭᠴᠠᠯᠠᠬᠤ ᠰᠠᠨᠠᠭ᠎ᠠ᠎ᠲᠠᠢ ᠪᠤᠯ ᠺᠤᠮᠫᠢᠦ᠋ᠲᠧᠷ ᠵᠢᠡᠨ
ᠡᠭᠦᠷᠦᠭᠡᠳ ᠢᠷᠡᠪᠡᠯ ᠪᠤᠯᠴᠢᠬᠠᠨ᠎ᠠ》 ᠭᠡᠵᠦ ᠲᠠᠨᠢᠯᠴᠠᠭᠤᠯᠵᠤ ᠪᠠᠢᠯ᠎ᠠ᠂ ᠨᠡᠢᠭᠡᠮ ᠲᠣᠭᠣᠷᠢᠭ᠋ ᠨᠢ ᠣᠷᠣᠵᠤ ᠰᠠᠭᠤᠭᠰᠠᠨ ᠠᠵᠤ ᠠᠬᠤᠢᠯᠠᠯ᠎ᠳᠤ
ᠬᠤᠪᠢ ᠬᠥᠮᠥᠨ᠎ᠦ ᠠᠵᠢᠯ᠎ᠤᠨ ᠪᠠᠢᠷᠢ ᠵᠢᠴᠢ 100 ᠡᠴᠡ 300 ᠲᠡᠭᠰᠢ ᠳᠥᠷᠪᠡᠯᠵᠢᠨ ᠮᠧᠲᠷ᠎ᠤᠨ ᠠᠯᠪᠠᠨ ᠭᠡᠷ ᠬᠠᠩᠭᠠᠵᠤ᠂
ᠭᠤᠷᠪᠠᠨ ᠵᠢᠯ᠎ᠦᠨ ᠲᠦᠷᠢᠶᠡᠰᠦᠨ ᠮᠥᠩᠭᠥ᠎ᠶᠢ ᠪᠦᠬᠦᠨ᠎ᠢ ᠬᠡᠯᠲᠦᠷᠢᠭᠦᠯᠵᠦ᠂ ᠬᠤᠷᠠᠯ᠎ᠤᠨ ᠭᠡᠷ᠂ ᠵᠠᠮ᠎ᠤᠨ
ᠦᠵᠡᠭᠦᠯᠦᠯᠲᠡ᠎ᠶᠢᠨ ᠲᠢᠩᠬᠢᠮ ᠵᠡᠷᠭᠡ ᠤᠯᠠᠨ ᠨᠡᠶ᠋ᠢᠲᠡ᠎ᠶᠢᠨ ᠢᠵᠢ ᠪᠦᠷᠢᠳᠦᠯᠢ ᠴᠦ᠍ ᠰᠦᠢᠳᠬᠡᠯ ᠬᠤᠷᠢᠶᠠᠬᠤ
ᠦᠭᠡᠢ᠎ᠪᠡᠷ ᠬᠡᠷᠡᠭᠯᠡᠭᠦᠯᠵᠦ᠂ ᠦᠨᠡᠨ ᠬᠦ᠌ 《ᠦᠪᠡᠷ᠎ᠤᠨ ᠦᠷᠲᠡᠭ ᠭᠠᠷᠭᠠᠯ ᠦᠭᠡᠢ ᠪᠡᠷ ᠠᠵᠢᠯ ᠵᠢᠡᠨ ᠡᠬᠢᠯᠡᠭᠦᠯᠬᠦ》 ᠵᠢ ᠪᠡᠶᠡᠯᠡᠭᠦᠯᠦᠨ᠎ᠡ᠃
ᠢᠷᠡᠯᠲᠡ᠄ ᠴᠢᠩ ᠴᠧᠩ ᠬᠠᠮ ᠵᠠᠭᠤᠴᠢᠯᠠᠭᠤᠷ