6 ᠰᠠᠷ᠎ᠠ᠎ᠶᠢᠨ 3᠎ᠤ ᠡᠳᠦᠷ ᠰᠢᠯᠤᠭᠤᠨ
ᠬᠥᠬᠡ ᠬᠣᠰᠢᠭᠤᠨ᠎ᠤ ᠬᠤᠯᠠᠨ ᠰᠢᠷᠭ᠎ᠠ ᠳᠠᠭ᠎ᠠ᠎ᠶᠢᠨ ᠡᠯᠡᠰᠦᠨ᠎ᠳᠡᠬᠢ ᠳᠠᠭᠤᠤ ᠬᠥᠭᠵᠢᠮᠲᠦ ᠵᠠᠰᠠᠮᠠᠯ ᠵᠠᠮ᠎ᠤᠨ
ᠪᠠᠷᠢᠯᠭ᠎ᠠ ᠳᠠᠭᠤᠰᠴᠤ ᠲᠡᠷᠭᠡ ᠨᠡᠪᠲᠡᠷᠡᠭᠰᠡᠨ ᠨᠢ ᠰᠦᠯᠵᠢᠶᠡᠨ᠎ᠦ ᠬᠠᠯᠠᠮᠰᠢᠯ ᠪᠤᠯᠵᠦ
ᠵᠢᠭᠤᠯᠴᠢᠯᠠᠬᠰᠠᠳ᠎ᠤᠨ ᠪᠠᠬ᠎ᠠ ᠵᠢ ᠳᠠᠳᠠᠬᠰᠠᠨ ᠪᠠᠢᠨ᠎ᠠ ᠃ ᠲᠤᠰ ᠵᠠᠮ᠎ᠤᠨ ᠬᠡᠰᠡᠭ ᠨᠢ ᠬᠤᠯᠠᠨ ᠰᠢᠷᠭ᠎ᠠ ᠳᠠᠭ᠎ᠠ᠎ᠶᠢᠨ
ᠡᠯᠡᠰᠦᠷᠬᠡᠭ ᠭᠠᠵᠠᠷ᠎ᠤᠨ ᠴᠡᠴᠡᠷᠯᠢᠭ᠎ᠦᠨ ᠡᠭᠦᠳᠡᠨ᠎ᠤ ᠬᠡᠰᠡᠭ᠎ᠲᠤ ᠪᠠᠢᠷᠢᠯᠠᠵᠤ᠂ ᠲᠡᠷᠭᠡ ᠵᠢᠭᠳᠡ ᠬᠤᠷᠳᠤᠴᠠ᠎ᠪᠠᠷ
ᠠᠶᠠᠯᠠᠬᠤ᠎ᠳᠤ ᠵᠠᠮ᠎ᠤᠨ ᠭᠠᠳᠠᠷᠭᠤ᠎ᠶᠢᠨ ᠣᠨᠴᠠᠭᠠᠢ ᠬᠤᠪᠢᠯᠢ ᠳᠠᠷᠤᠵᠤ᠂《ᠰᠢᠯᠤᠭᠤᠨ ᠬᠥᠬᠡ》 ᠭᠡᠬᠦ ᠲᠠᠭᠤᠤ ᠵᠢᠨ ᠠᠶ᠎ᠠ
ᠰᠤᠨᠤᠰᠳᠠᠬᠤ ᠪᠤᠯᠤᠨ᠎ᠠ᠃ ᠵᠠᠮ᠎ᠤᠨ ᠪᠦᠬᠦ ᠤᠷᠳᠤ ᠨᠢ 567 ᠮᠧᠲᠷ᠂ 1304 ᠲᠡᠭᠰᠢ ᠳᠥᠷᠪᠡᠯᠵᠢᠨ ᠮᠧᠲᠷ᠎ᠤᠨ ᠭᠣᠣᠯ
ᠰᠡᠳᠦᠪᠲᠦ ᠵᠠᠮ᠎ᠤᠨ ᠬᠡᠰᠡᠭ᠎ᠢ ᠦᠩᠭᠡᠲᠦ ᠪᠤᠳᠤᠭᠵᠢᠡᠷ ᠪᠤᠳᠤᠵᠤ᠂ ᠭᠤᠢᠳᠠ ᠰᠢᠨᠡᠴᠢᠯᠡᠯᠲᠡ ᠪᠦᠬᠦᠢ ᠪᠡᠶᠡᠴᠢᠯᠡᠨ ᠣᠢᠯᠠᠭᠠᠬᠤ ᠵᠠᠮ᠎ᠤᠨ ᠬᠡᠰᠡᠭ᠎ᠢ
ᠪᠦᠷᠢᠯᠳᠦᠭᠦᠯᠵᠡᠢ᠃
ᠳᠠᠭᠤᠤ ᠬᠥᠭᠵᠢᠮᠲᠦ ᠵᠠᠰᠠᠮᠠᠯ ᠵᠠᠮ᠎ᠢ
ᠠᠰᠢᠭ᠍ᠯᠠᠯᠲᠠ᠎ᠳᠤ ᠣᠷᠣᠭᠤᠯᠤᠭᠰᠠᠨ ᠵᠢᠡᠷ ᠰᠢᠯᠤᠭᠤᠨ ᠬᠥᠬᠡ ᠬᠣᠰᠢᠭᠤᠨ᠎ᠤ ᠲᠠᠯ᠎ᠠ ᠨᠤᠲᠤᠭᠵᠢᠡᠷ ᠥᠪᠡᠷ ᠲᠡᠭᠡᠨ
ᠲᠡᠷᠭᠡ ᠵᠢᠯᠤᠭᠣᠳᠤᠨ ᠵᠢᠭᠤᠯᠴᠢᠯᠠᠬᠤ ᠣᠨᠴᠠᠯᠢᠭ᠍ᠲᠤ ᠲᠦᠷᠦᠯ ᠲᠡᠮᠳᠡᠭ᠎ᠢ ᠨᠡᠩᠳᠡ ᠠᠯᠳᠠᠷᠰᠢᠭᠤᠯᠬᠤ
ᠪᠤᠯᠤᠨ᠎ᠠ᠃ ᠰᠢᠯᠤᠭᠤᠨ ᠬᠥᠬᠡ ᠬᠣᠰᠢᠭᠤ ᠵᠠᠮ ᠳᠠᠭᠠᠤ ᠦᠵᠡᠮᠵᠢ ᠰᠣᠨᠢᠷᠬᠠᠬᠤ ᠦᠷᠳᠡᠬᠡ᠂ ᠲᠡᠷᠭᠡ ᠵᠣᠭᠰᠣᠵᠤ ᠠᠮᠠᠷᠠᠬᠤ
ᠵᠡᠷᠭᠡ ᠢᠵᠢ ᠪᠦᠷᠢᠳᠦᠭᠰᠡᠨ ᠲᠥᠬᠦᠭᠡᠷᠦᠮᠵᠢ᠎ᠶᠢ ᠦᠷᠭᠦᠯᠵᠢᠯᠡᠨ ᠲᠡᠭᠦᠯᠳᠡᠷᠵᠢᠭᠦᠯᠵᠦ᠂ ᠠᠯᠳᠠᠨᠬᠬᠤᠠ
ᠴᠡᠴᠡᠭ᠎ᠢ ᠰᠣᠨᠢᠷᠬᠠᠬᠤ᠂ ᠬᠤᠯᠠᠨ ᠰᠢᠷᠭ᠎ᠠ ᠲᠠᠭ᠎ᠠ᠎ᠶᠢᠨ
ᠡᠯᠡᠰᠦᠷᠬᠡᠭ ᠭᠠᠵᠠᠷ᠎ᠢ ᠲᠤᠭᠤᠯᠬᠤ᠂ ᠲᠠᠯ᠎ᠠ ᠨᠤᠲᠤᠭ᠎ᠤᠨ ᠵᠠᠩ ᠦᠢᠯᠡ᠎ᠶᠢ ᠪᠡᠶᠡᠴᠢᠯᠡᠨ ᠣᠢᠯᠠᠭᠠᠬᠤ ᠵᠡᠷᠭᠡ ᠣᠨᠴᠠᠯᠢᠭ᠍ᠲᠤ
ᠡᠵᠡᠩᠨᠡᠯᠲᠡ᠎ᠶᠢᠨ ᠬᠡᠯᠪᠡᠷᠢ᠎ᠶᠢ ᠬᠣᠯᠪᠤᠭᠠᠯᠠᠨ ᠬᠦᠭᠵᠢᠭᠡᠵᠦ᠂ ᠬᠤᠯᠠᠨ ᠰᠢᠷᠭ᠎ᠠ ᠲᠠᠭ᠎ᠠ᠎ᠶᠢᠨ ᠠᠮᠢ ᠠᠬᠤᠢ᠎ᠶᠢᠨ
ᠰᠣᠶᠣᠯ ᠵᠢᠭᠤᠯᠴᠢᠯᠠᠯ᠎ᠤᠨ ᠣᠨᠴᠠᠯᠢᠭ᠍ᠲᠤ ᠲᠦᠷᠦᠯ ᠲᠡᠮᠳᠡᠭ᠎ᠢ ᠦᠷᠭᠦᠯᠵᠢᠯᠡᠨ ᠠᠯᠳᠠᠷᠰᠢᠭᠤᠯᠵᠦ᠂ ᠥᠪᠡᠷ ᠲᠡᠭᠡᠨ
ᠲᠡᠷᠭᠡ ᠵᠢᠯᠤᠭᠣᠳᠤᠨ ᠵᠢᠭᠤᠯᠴᠢᠯᠠᠬᠤ᠂ ᠬᠡᠭᠡᠷᠡᠯᠡᠬᠦ᠂ ᠳᠤᠭᠤᠢ ᠤᠨᠤᠵᠤ ᠠᠶᠠᠯᠠᠬᠤ ᠵᠡᠷᠭᠡ ᠤᠯᠠᠨ ᠡᠰᠢᠵᠢᠭᠰᠡᠨ ᠰᠣᠶᠣᠯ ᠵᠢᠭᠤᠯᠴᠢᠯᠠᠯ᠎ᠤᠨ ᠦᠢᠯᠡᠰ᠎ᠢ ᠤᠯᠠᠮ ᠪᠤᠵᠠᠭᠠᠢᠷᠠᠭᠤᠯᠤᠨ᠎ᠠ᠃
ᠢᠷᠡᠯᠲᠡ᠄ ᠱᠠᠩᠳᠤ᠎ᠶᠢᠨ ᠰᠣᠨᠢᠨ ᠮᠡᠳᠡᠭᠡ
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号