ᠰᠢᠯᠭᠠᠭᠤᠯᠤᠭ᠍ᠰᠠᠳ᠎ᠤᠨ ᠰᠢᠯᠭᠠᠯᠲᠠ ᠳ᠋ᠤ
ᠰᠡᠳᠬᠢᠯ ᠲᠣᠭᠲᠠᠭᠤᠨ ᠢᠶᠠᠷ ᠤᠷᠤᠯᠴᠠᠬᠤ ᠳ᠋ᠤ ᠬᠦᠴᠦᠨ ᠨᠡᠮᠡᠷᠢᠯᠡᠵᠤ᠂ ᠰᠢᠯᠭᠠᠭᠤᠯᠤᠭ᠍ᠴᠢ ᠵᠢᠴᠢ ᠭᠡᠷ᠎ᠦᠨ ᠠᠬᠠᠮᠠᠳ᠎ᠤᠨ
ᠰᠡᠳᠬᠢᠴᠡ᠎ᠶᠢᠨ ᠳᠠᠷᠤᠭᠠᠰᠤ᠎ᠶᠢ ᠪᠦᠲᠦᠮᠵᠢᠲᠡᠶ ᠬᠦᠩᠭᠡᠷᠡᠭᠦᠯᠬᠦ ᠵᠢᠨ ᠲᠥᠯᠥᠭᠡ᠂ ᠥᠪᠥᠷ ᠮᠣᠩᠭᠣᠯ᠎ᠤᠨ ᠡᠪᠯᠡᠯ᠎ᠦᠨ
ᠬᠣᠷᠢᠶ᠎ᠠ᠎ᠶᠢᠨ 12355 ᠵᠠᠯᠠᠭᠤᠴᠤᠳ ᠪᠠᠭᠠᠴᠤᠳ᠎ᠤᠨ ᠦᠢᠯᠡᠴᠢᠯᠡᠭᠡᠨ᠎ᠦ ᠲᠠᠪᠴᠠᠩ ᠨᠢ ᠥᠨᠳᠥᠷ ᠵᠡᠷᠭᠡ᠎ᠶᠢᠨ ᠳᠤᠮᠳᠠᠳᠤ
ᠰᠤᠷᠭᠠᠭᠤᠯᠢ ᠳ᠋ᠤ ᠳᠡᠪᠰᠢᠬᠦ ᠰᠢᠯᠭᠠᠯᠲᠠ ᠪᠠ ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ ᠤᠯᠤᠰ᠎ᠤᠨ
ᠨᠢᠭᠡᠳᠦᠯᠲᠡᠢ ᠰᠢᠯᠭᠠᠯᠲᠠ᠎ᠶᠢᠨ ᠰᠡᠳᠬᠢᠴᠡ᠎ᠶᠢᠨ ᠳᠠᠷᠤᠭᠠᠰᠤ ᠵᠢ ᠬᠦᠩᠭᠡᠷᠡᠭᠦᠯᠬᠦ ᠲᠤᠰᠬᠠᠢ ᠤᠲᠠᠰᠤ ᠵᠢ ᠨᠠᠪᠲᠠᠷᠡᠭᠦᠯᠪᠡ᠃
ᠲᠤᠰᠬᠠᠢ ᠤᠲᠠᠰᠤ ᠨᠢ ᠲᠤᠰᠬᠠᠢ ᠮᠡᠷᠭᠡᠵᠢᠯ᠎ᠦᠨ ᠰᠡᠳᠬᠢᠴᠡ᠎ᠶᠢᠨ ᠵᠥᠪᠯᠡᠯᠭᠡ ᠥᠭᠬᠦ ᠪᠠᠭ᠍ᠰᠢ᠎ᠶᠢᠨ ᠬᠦᠴᠦᠨ᠎ᠳᠦ
ᠲᠦᠰᠢᠭᠯᠡᠨ᠂ ᠰᠢᠯᠭᠠᠭᠤᠯᠤᠭ᠍ᠴᠢ ᠵᠢᠴᠢ ᠭᠡᠷ᠎ᠦᠨ ᠠᠬᠠᠮᠠᠳ᠎ᠲᠤ ᠰᠡᠳᠬᠢᠴᠡ᠎ᠶᠢᠨ ᠵᠢᠯᠣᠭᠣᠳᠤᠯᠭ᠎ᠠ ᠬᠢᠬᠦ᠂ ᠳᠠᠷᠤᠭᠠᠰᠤ
ᠵᠢ ᠵᠣᠬᠢᠴᠠᠭᠤᠯᠬᠤ ᠵᠡᠷᠭᠡ 7 × 24 ᠴᠠᠭ᠎ᠤᠨ ᠰᠦᠯᠵᠢᠶᠡᠨ ᠳᠡᠭᠡᠷᠡᠬᠢ
ᠨᠡᠶ᠋ᠢᠲᠡ᠎ᠶᠢᠨ ᠠᠰᠠᠷᠠᠮᠵᠢ᠎ᠶᠢᠨ ᠦᠢᠯᠡᠴᠢᠯᠡᠭᠡ ᠬᠠᠩᠭᠠᠵᠤ᠂ ᠰᠢᠯᠭᠠᠯᠲᠠ᠎ᠠᠴᠠ ᠡᠮᠦᠨᠡᠬᠢ ᠰᠡᠳᠬᠢᠴᠡ᠎ᠶᠢᠨ ᠡᠷᠡᠭᠦᠯ
ᠮᠡᠨᠳᠦ᠎ᠶᠢ ᠬᠠᠪᠰᠤᠷᠤᠨ ᠲᠡᠳᠬᠦᠬᠦ ᠰᠠᠭᠠᠳ ᠦᠭᠡᠢ ᠵᠠᠮ᠎ᠢ ᠨᠠᠪᠲᠠᠷᠡᠭᠦᠯᠵᠦ᠂ ᠰᠡᠳᠬᠢᠯ᠎ᠢ ᠳᠤᠯᠠᠭᠠᠴᠠᠭᠤᠯᠬᠤ
ᠲᠤᠰᠬᠠᠢ ᠦᠢᠯᠡᠴᠢᠯᠡᠭᠡ ᠪᠡᠷ ᠰᠤᠷᠤᠭ᠍ᠴᠢᠳ ᠢ ᠰᠠᠬᠢᠨ ᠬᠠᠮᠠᠭᠠᠯᠠᠵᠤ ᠯᠠᠪᠳᠠᠭᠤᠨ ᠲᠣᠭᠲᠠᠭᠤᠨ᠎ᠢᠶᠠᠷ ᠰᠢᠯᠭᠠᠯᠲᠠ᠎ᠳᠤ
ᠣᠷᠣᠯᠴᠠᠭᠤᠯᠬᠤ ᠪᠣᠯᠣᠨ᠎ᠠ᠃
ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ
ᠳ᠋ᠤ ᠳᠡᠪᠰᠢᠬᠦ ᠰᠢᠯᠭᠠᠯᠲᠠ ᠪᠠ ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ ᠤᠯᠤᠰ᠎ᠤᠨ ᠨᠢᠭᠡᠳᠦᠯᠲᠡᠢ
ᠰᠢᠯᠭᠠᠯᠲᠠ᠎ᠶᠢᠨ ᠰᠡᠳᠬᠢᠴᠡ᠎ᠶᠢᠨ ᠳᠠᠷᠤᠭᠠᠰᠤ ᠵᠢ ᠬᠦᠩᠭᠡᠷᠡᠭᠦᠯᠬᠦ ᠲᠤᠰᠬᠠᠢ ᠤᠲᠠᠰᠤ ᠳ᠋ᠤ ᠥᠪᠥᠷ ᠮᠣᠩᠭᠣᠯ᠎ᠤᠨ
ᠡᠪᠯᠡᠯ᠎ᠦᠨ ᠬᠣᠷᠢᠶ᠎ᠠ᠎ᠶᠢᠨ 12355 ᠵᠠᠯᠠᠭᠤᠴᠤᠳ ᠪᠠᠭᠠᠴᠤᠳ᠎ᠤᠨ ᠦᠢᠯᠡᠴᠢᠯᠡᠭᠡᠨ᠎ᠦ ᠲᠠᠪᠴᠠᠩ᠎ᠤᠨ ᠰᠡᠳᠬᠢᠴᠡ᠎ᠶᠢᠨ
ᠵᠥᠪᠯᠡᠯᠭᠡ ᠥᠭᠭᠦᠭᠴᠢ᠎ᠶᠢᠨ ᠪᠦᠯᠬᠦᠮ᠎ᠤᠨ ᠬᠢᠨ ᠰᠢᠯᠭᠠᠭᠤᠯᠤᠭ᠍ᠴᠢ ᠪᠠ ᠭᠡᠷ᠎ᠦᠨ ᠠᠬᠠᠮᠠᠳ᠎ᠤᠨ ᠰᠢᠯᠭᠠᠯᠲᠠ᠎ᠠᠴᠠ
ᠡᠮᠦᠨᠡᠬᠢ ᠳᠠᠷᠤᠭᠠᠰᠤ᠎ᠶᠢᠨ ᠲᠤᠬᠠᠢ ᠵᠢᠯᠣᠭᠣᠳᠤᠯᠭ᠎ᠠ᠎ᠶᠢ ᠰᠦᠯᠵᠢᠶᠡᠨ ᠳᠡᠭᠡᠷ᠎ᠡ ᠨᠢᠭᠡᠳ ᠨᠢᠭᠡ᠎ᠪᠡᠷ ᠭᠥᠯᠢᠶᠡᠨ
ᠠᠪᠴᠤ ᠬᠠᠷᠢᠭᠤᠯᠤᠨ᠎ᠠ᠃ ᠲᠤᠰᠬᠠᠢ ᠤᠲᠠᠰᠤ ᠵᠢᠨ ᠨᠣᠮᠧᠷ ᠨᠢ 0471—12355 ᠪᠠᠢᠵᠤ᠂ ᠠᠪᠢᠶᠠᠨ᠎ᠤ ᠰᠠᠨᠠᠭᠤᠯᠤᠮᠵᠢ᠎ᠪᠠᠷ ᠥᠨᠳᠥᠷ ᠵᠡᠷᠭᠡ᠎ᠶᠢᠨ
ᠳᠤᠮᠳᠠᠳᠤ ᠰᠤᠷᠭᠠᠭᠤᠯᠢ ᠳ᠋ᠤ ᠳᠡᠪᠰᠢᠬᠦ ᠰᠢᠯᠭᠠᠯᠲᠠ ᠪᠠ ᠶᠡᠬᠡ ᠳᠡᠭᠡᠳᠦ ᠰᠤᠷᠭᠠᠭᠤᠯᠢ ᠳᠤ ᠰᠣᠷᠣᠭ᠍ᠴᠢ ᠡᠯᠰᠡᠬᠦ
ᠤᠯᠤᠰ᠎ᠤᠨ ᠨᠢᠭᠡᠳᠦᠯᠲᠡᠢ ᠰᠢᠯᠭᠠᠯᠲᠠ᠎ᠶᠢᠨ ᠰᠡᠳᠬᠢᠴᠡ᠎ᠶᠢᠨ ᠳᠠᠷᠤᠭᠠᠰᠤ ᠵᠢ ᠬᠦᠩᠭᠡᠷᠡᠭᠦᠯᠬᠦ 1 ᠳ᠋ᠤᠭᠡᠷ ᠲᠤᠰᠬᠠᠢ
ᠤᠲᠠᠰᠤ ᠵᠢ ᠰᠢᠯᠵᠢᠭᠦᠯᠦᠨ ᠵᠠᠯᠭᠠᠭᠠᠷᠠᠢ᠃
ᠢᠷᠡᠯᠲᠡ ᠄ ᠲᠠᠯ᠎ᠠ ᠨᠤᠲᠤᠬ᠎ᠤᠨ ᠡᠭᠦᠯᠡ ᠰᠢᠯᠵᠢᠶ᠎ᠡ
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号