ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠶᠠᠮᠤᠨ ᠣᠢᠷ᠎ᠠ᠎ᠳᠤ ᠮᠡᠳᠡᠭ᠌ᠳᠡᠯ ᠨᠡᠢᠲᠡᠯᠡᠵᠦ᠍᠂ 《ᠣᠷᠣᠨ ᠰᠠᠭᠤᠴᠠ᠎ᠶ᠋ᠢᠨ ᠨᠡᠢᠲᠡ᠎ᠶ᠋ᠢᠨ ᠬᠤᠷᠠᠮᠳᠤᠭᠤᠯᠭ᠎ᠠ᠎ᠶ᠋ᠢᠨ ᠮᠥᠩᠭᠥ᠎ᠶ᠋ᠢᠨ ᠬᠠᠮᠢᠶᠠᠷᠤᠯᠲᠠ᠎ᠶ᠋ᠢᠨ ᠲᠦᠷᠢᠮ (ᠵᠠᠰᠠᠪᠤᠷᠢ ᠣᠷᠣᠭᠤᠯᠬᠤ ᠰᠠᠨᠠᠯ ᠬᠤᠷᠢᠶᠠᠬᠤ ᠨᠤᠤᠷᠠᠭ)》 ᠤ᠋ᠨ ᠲᠤᠬᠠᠶ ᠢᠯᠡ᠎ᠪᠡᠷ ᠰᠠᠨᠠᠯ ᠬᠤᠷᠢᠶᠠᠪᠠ᠃ ᠲᠣᠰ ᠤᠳᠠᠭ᠎ᠠ ᠵᠠᠰᠠᠪᠤᠷᠢ ᠣᠷᠣᠭᠤᠯᠬᠤ᠎ᠳᠠᠭᠠᠨ ᠲᠤᠱᠢᠶᠠᠨ ᠬᠠᠳᠠᠭᠠᠯᠠᠭᠤᠯᠤᠭ᠍ᠴᠢᠶ᠋ᠢᠨ ᠣᠯᠠᠨ ᠡᠱᠢᠵᠢᠭ᠌ᠰᠡᠨ ᠣᠷᠣᠨ ᠰᠠᠭᠤᠴᠠ᠎ᠶ᠋ᠢᠨ ᠬᠡᠷᠡᠭ᠌ᠯᠡᠭᠡᠨ᠎ᠦ ᠬᠡᠷᠡᠭ᠌ᠴᠡᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠬᠡᠷ ᠲᠦᠷᠢᠶᠡᠰᠦᠯᠡᠬᠦ᠌᠂ ᠵᠠᠰᠠᠵᠤ ᠴᠢᠮᠡᠭ᠌ᠯᠡᠬᠦ᠌᠂ ᠠᠳᠠᠯ ᠠᠬᠤᠶ᠎ᠶ᠋ᠢᠨ ᠲᠣᠭᠠᠴᠠᠭ᠎ᠠ ᠬᠢᠬᠦ᠌ ᠵᠡᠷᠭᠡ ᠣᠷᠣᠨ ᠰᠠᠭᠤᠴᠠ᠎ᠶ᠋ᠢᠨ ᠬᠡᠷᠡᠭ᠌ᠯᠡᠭᠡ᠎ᠶ᠋ᠢ ᠲᠣᠳᠣᠷᠬᠠᠶ ᠳᠡᠮᠵᠢᠵᠦ᠍᠂ ᠠᠮᠢᠳᠤᠯᠢᠭ᠎ᠢᠶᠠᠷ ᠠᠵᠢᠯ ᠣᠯᠤᠭ᠍ᠰᠠᠳᠢ ᠲᠦᠷᠢᠮ᠎ᠦᠨ ᠬᠠᠮᠤᠷᠬᠤ ᠬᠡᠪᠴᠢᠶᠡᠨ᠎ᠳᠦ ᠣᠷᠣᠭᠤᠯᠬᠤ᠎ᠶ᠋ᠢᠨ ᠵᠡᠷᠭᠡ ᠪᠡᠷ ᠲᠣᠭᠠᠴᠢᠯᠠᠭ᠍ᠰᠠᠨ ᠪᠠᠢᠭᠤᠯᠤᠯᠲᠠ᠎ᠶ᠋ᠢ ᠴᠢᠩᠭᠠᠳᠭᠠᠵᠤ᠂ ᠲᠦᠭ᠌ᠰᠢᠭᠦᠷᠢ᠎ᠶ᠋ᠢᠨ ᠬᠠᠮᠢᠶᠠᠷᠤᠯᠲᠠ᠎ᠶ᠋ᠢ ᠴᠢᠩᠭᠠᠳᠭᠠᠨ᠎ᠠ᠃
ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠶᠠᠮᠤᠨ᠎ᠤ ᠬᠤᠯᠪᠤᠬᠳᠠᠯ ᠪᠥᠬᠥᠶ ᠵᠤᠷᠭᠠᠨ ᠲᠣᠪᠴᠢᠶ᠎ᠠ᠎ᠶ᠋ᠢᠨ ᠬᠠᠷᠢᠭᠤᠴᠠᠯᠭᠠᠲᠠᠨ᠂ ᠲᠣᠰ ᠤᠳᠠᠭ᠎ᠠ ᠵᠢᠨ ᠲᠦᠷᠢᠮ᠎ᠳᠦ ᠵᠠᠰᠠᠪᠤᠷᠢ ᠣᠷᠣᠭᠤᠯᠬᠤ ᠬᠠᠮᠤᠭ᠎ᠤᠨ ᠭᠤᠤᠯ ᠰᠡᠳᠭᠢᠮᠵᠢ ᠪᠣᠯ ᠣᠷᠣᠨ ᠰᠠᠭᠤᠴᠠ᠎ᠶ᠋ᠢᠨ ᠨᠡᠢᠲᠡ᠎ᠶ᠋ᠢᠨ ᠬᠤᠷᠠᠮᠳᠤᠭᠤᠯᠭ᠎ᠠ᠎ᠶ᠋ᠢᠨ ᠮᠥᠩᠭᠥ᠎ᠶ᠋ᠢᠨ ᠲᠦᠷᠢᠮ᠎ᠢ ᠲᠤᠱᠢᠶᠠᠨ ᠬᠠᠳᠠᠭᠠᠯᠠᠭᠤᠯᠤᠭ᠍ᠴᠢᠶ᠋ᠢᠨ ᠠᠳᠠᠯᠢ ᠪᠤᠰᠤ ᠱᠠᠲᠤ ᠦᠶ᠎ᠡ᠎ᠶ᠋ᠢᠨ ᠣᠯᠠᠨ ᠡᠱᠢᠵᠢᠭ᠌ᠰᠡᠨ ᠣᠷᠣᠨ ᠰᠠᠭᠤᠴᠠ᠎ᠶ᠋ᠢᠨ ᠬᠡᠷᠡᠭ᠌ᠯᠡᠭᠡᠨ᠎ᠦ ᠬᠡᠷᠡᠭ᠌ᠴᠡᠭᠡ᠎ᠶ᠋ᠢ ᠨᠠᠩ ᠰᠠᠢᠨ ᠬᠠᠩᠭᠠᠬᠤ ᠶᠠᠪᠤᠳᠠᠯ ᠪᠣᠯᠤᠨ᠎ᠠ᠃ ᠨᠢᠭᠡ᠎ᠳᠦ᠂ 《ᠬᠡᠷ ᠪᠠᠢᠱᠢᠩ ᠬᠤᠳᠠᠯᠳᠤᠨ ᠠᠪᠬᠤ》᠂ 《ᠬᠡᠷ ᠪᠠᠢᠰᠢᠩ ᠲᠦᠷᠢᠶᠡᠰᠦᠯᠡᠬᠦ᠌》 ᠡᠴᠡ 《ᠬᠡᠷ ᠪᠠᠢᠱᠢᠩ ᠰᠠᠯᠪᠢᠨ ᠵᠠᠰᠠᠬᠤ》᠂ 《ᠬᠡᠷ ᠪᠠᠢᠱᠢᠩ ᠵᠢᠡᠨ ᠲᠦᠷᠢᠶᠡᠰᠦᠯᠡᠬᠦᠯᠤᠨ ᠤᠯᠤᠬᠰᠡᠨ ᠤᠷᠤᠯᠭ᠎ᠠ ᠪᠡᠷ ᠵᠢᠡᠨ ᠭᠡᠷ ᠪᠠᠢᠰᠢᠩ ᠤ᠋ᠨ ᠵᠢᠭᠡᠯᠡᠯᠭᠡ ᠪᠡᠨ ᠪᠤᠴᠠᠭᠠᠬᠤ》 ᠬᠦᠷᠲᠡᠯ᠎ᠡ ᠥᠷᠭᠡᠳᠭᠡᠵᠦ᠍᠂ ᠪᠠᠯᠠ ᠮᠥᠩᠭᠥ᠎ᠶ᠋ᠢᠨ ᠬᠡᠷᠡᠭ᠌ᠴᠡᠭᠡ᠎ᠶ᠋ᠢ ᠨᠠᠩ ᠪᠠᠶᠠᠯᠢᠭ ᠪᠣᠯᠭᠠᠨ᠎ᠠ; ᠬᠣᠶᠠᠷ᠎ᠲᠤ᠂ ᠥᠷᠭᠡᠨ ᠣᠯᠠᠨ ᠠᠮᠢᠳᠤᠯᠢᠭ᠎ᠢᠶᠠᠷ ᠠᠵᠢᠯ ᠣᠯᠤᠭ᠍ᠰᠠᠳᠢ ᠲᠦᠷᠢᠮ᠎ᠦᠨ ᠬᠠᠮᠤᠷᠬᠤ ᠬᠡᠪᠴᠢᠶᠡᠨ᠎ᠳᠦ ᠣᠷᠣᠭᠤᠯᠵᠤ᠂ ᠠᠱᠢᠭ ᠭᠥᠷᠳᠡᠬᠦ᠌ ᠬᠠᠮᠲᠤᠯᠢᠭ᠎ᠢ ᠨᠠᠩ ᠥᠷᠭᠡᠨ ᠳᠡᠯᠭᠡᠷ ᠪᠣᠯᠭᠠᠨ᠎ᠠ; ᠭᠤᠷᠪᠠ᠎ᠳᠤ᠂ ᠬᠠᠷᠢᠯᠴᠠᠨ ᠮᠡᠳᠡᠷᠡᠵᠦ᠍ ᠬᠠᠷᠢᠯᠴᠠᠨ ᠵᠢᠭᠡᠯᠡᠯᠭᠡ ᠲᠠᠯᠪᠢᠬᠤ᠎ᠶ᠋ᠢ ᠠᠬᠢᠭᠤᠯᠵᠤ᠂ ᠲᠣᠭᠠᠴᠢᠯᠠᠭ᠍ᠰᠠᠨ ᠪᠠᠢᠭᠤᠯᠤᠯᠲᠠ᠎ᠶ᠋ᠢ ᠴᠢᠩᠭᠠᠳᠭᠠᠵᠤ᠂ ᠪᠡᠯᠡ ᠮᠥᠩᠭᠥ᠎ᠶ᠋ᠢᠨ ᠬᠡᠷᠡᠭ᠌ᠯᠡᠯᠲᠡ᠎ᠶ᠋ᠢ ᠨᠡᠩ ᠳᠥᠭᠥᠮ ᠳᠥᠲᠡ ᠪᠣᠯᠭᠠᠨ᠎ᠠ; ᠳᠥᠷᠪᠡ᠎ᠳᠦ᠂ ᠲᠦᠭ᠌ᠰᠢᠭᠦᠷᠢ᠎ᠶ᠋ᠢᠨ ᠬᠠᠮᠢᠶᠠᠷᠤᠯᠲᠠ᠎ᠶ᠋ᠢ ᠴᠢᠩᠭᠠᠳᠭᠠᠵᠤ᠂ ᠮᠡᠬᠡᠯᠡᠨ ᠭᠠᠷᠭᠠᠨ ᠠᠪᠴᠤ᠌ ᠵᠢᠭᠡᠯᠡᠯᠭᠡ ᠮᠡᠬᠡᠯᠡᠨ ᠠᠪᠬᠤ᠎ᠶ᠋ᠢ ᠰᠡᠷᠭᠡᠢᠯᠡᠵᠦ᠍᠂ ᠪᠠᠯᠠ ᠮᠥᠩᠭᠥ᠎ᠶ᠋ᠢᠨ ᠠᠵᠢᠯᠯᠠᠭ᠎ᠠ᠎ᠨᠢ ᠨᠠᠩ ᠠᠮᠤᠷ ᠲᠦᠪᠱᠢᠨ ᠪᠣᠯᠭᠠᠨ᠎ᠠ ᠭᠡᠵᠤ ᠢᠯᠡᠳᠭᠡᠪᠡ᠃
ᠣᠷᠣᠨ ᠰᠠᠭᠤᠴᠠ᠎ᠶ᠋ᠢᠨ ᠨᠡᠢᠲᠡ᠎ᠶ᠋ᠢᠨ ᠬᠤᠷᠠᠮᠳᠤᠭᠤᠯᠭ᠎ᠠ᠎ᠶ᠋ᠢᠨ ᠮᠥᠩᠭᠥ᠎ᠶ᠋ᠢ ᠭᠠᠷᠭᠠᠨ ᠠᠪᠴᠤ᠌ ᠬᠡᠷᠡᠭ᠌ᠯᠡᠬᠦ᠌ ᠬᠡᠪᠴᠢᠶ᠎ᠡ᠎ᠶ᠋ᠢ ᠥᠷᠭᠡᠳᠭᠡᠬᠦ᠌ ᠪᠣᠯ ᠲᠣᠰ ᠤᠳᠠᠭ᠎ᠠ ᠵᠠᠰᠠᠪᠤᠷᠢ ᠣᠷᠣᠭᠤᠯᠬᠤ᠎ᠶ᠋ᠢᠨ ᠭᠤᠤᠯᠳᠠᠯᠭ᠎ᠠ ᠪᠣᠯᠤᠨ᠎ᠠ᠃ ᠲᠣᠰ ᠬᠠᠷᠢᠭᠤᠴᠠᠯᠭᠠᠲᠠᠨ᠂ ᠰᠠᠨᠠᠯ ᠬᠤᠷᠢᠶᠠᠬᠤ ᠨᠤᠤᠷᠠᠭ᠎ᠤᠨ ᠬᠣᠷᠢᠨ ᠳᠥᠷᠪᠡᠳᠦᠭᠡᠷ ᠵᠦᠶ᠋ᠯ᠎ᠳᠦ ᠣᠷᠣᠨ ᠰᠠᠭᠤᠴᠠ᠎ᠶ᠋ᠢᠨ ᠨᠡᠢᠲᠡ᠎ᠶ᠋ᠢᠨ ᠬᠤᠷᠠᠮᠳᠤᠭᠤᠯᠭ᠎ᠠ᠎ᠶ᠋ᠢᠨ ᠮᠥᠩᠭᠥ᠎ᠶ᠋ᠢ ᠭᠠᠷᠭᠠᠨ ᠠᠪᠬᠤ ᠪᠠᠢᠳᠠᠯ᠎ᠢ 6 ᠵᠦᠶ᠋ᠯ ᠪᠠᠢᠭ᠍ᠰᠠᠨ᠎ᠡᠴᠡ 9 ᠵᠦᠶ᠋ᠯ ᠪᠣᠯᠭᠠᠨ ᠥᠷᠭᠡᠳᠭᠡᠪᠡ᠃ ᠱᠢᠨ᠎ᠡ᠎ᠪᠡᠷ ᠨᠡᠮᠡᠭ᠌ᠳᠡᠭ᠌ᠰᠡᠨ 3 ᠵᠦᠢᠯ ᠨᠢ ᠲᠤᠰ ᠲᠤᠰ᠄ ᠨᠢᠭᠡ᠎ᠳᠦ᠂ ᠥᠪᠡᠰᠦᠪᠡᠨ ᠰᠠᠭᠤᠬᠤ ᠭᠡᠷ ᠪᠠᠢᠱᠢᠩ᠎ᠢ ᠵᠠᠰᠠᠵᠤ ᠴᠢᠮᠡᠭ᠌ᠯᠡᠬᠦ᠌᠎ᠳᠦ ᠵᠤᠬᠢᠬᠤ ᠲᠣᠭ᠎ᠠ ᠬᠡᠮᠵᠢᠶ᠎ᠡ᠎ᠡᠴᠡ ᠬᠡᠲᠦᠷᠡᠭᠦᠯᠬᠦ᠌ ᠦᠭᠡᠢ ᠪᠠᠢᠬᠤ᠂ ᠬᠣᠶᠠᠷ᠎ᠲᠤ᠂ ᠥᠪᠡᠰᠦᠪᠡᠨ ᠰᠠᠭᠤᠬᠤ ᠭᠡᠷ ᠪᠠᠢᠱᠢᠩ᠎ᠤᠨ ᠠᠳᠠᠯ ᠠᠬᠤᠢ᠎ᠶ᠋ᠢᠨ ᠰᠦᠢᠳᠭᠡᠯ᠎ᠢ ᠲᠤᠰᠢᠶᠠᠬᠤ᠂ ᠭᠤᠷᠪᠠ᠎ᠳᠤ᠂ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ᠎ᠪᠠᠷ ᠵᠥᠪᠱᠢᠶᠡᠷᠡᠭᠦᠯᠦᠭ᠌ᠰᠡᠨ ᠣᠷᠣᠨ ᠰᠠᠭᠤᠴᠠ᠎ᠶ᠋ᠢᠨ ᠬᠡᠷᠡᠭ᠌ᠯᠡᠭᠡᠨ᠎ᠦ ᠪᠤᠰᠤᠳ ᠪᠠᠢᠳᠠᠯ᠂ ᠡᠨᠡ ᠨᠢ ᠲᠤᠢᠯ᠎ᠤᠨ ᠴᠢᠬᠤᠯᠠ ᠪᠠᠢᠳᠠᠭ᠃ ᠣᠲᠣ᠎ᠶ᠋ᠢᠨ ᠬᠡᠷᠡᠭ᠌ᠵᠢᠭᠦᠯᠵᠦ᠍ ᠪᠠᠢᠭ᠎ᠠ ᠲᠦᠷᠢᠮ᠎ᠳᠦ ᠭᠠᠷᠭᠠᠨ ᠠᠪᠴᠤ᠌ ᠬᠡᠷᠡᠭ᠌ᠯᠡᠬᠦ᠌᠎ᠳᠦ ᠵᠢᠭ᠍ᠰᠠᠭᠠᠨ ᠲᠣᠭᠠᠴᠢᠬᠤ ᠠᠷᠭ᠎ᠠ ᠬᠡᠯᠪᠡᠷᠢ᠎ᠶ᠋ᠢ ᠠᠪᠴᠤ᠌᠂ ᠬᠡᠷᠡᠭ᠌ᠯᠡᠬᠦ᠌ ᠬᠡᠪᠴᠢᠶ᠎ᠡ᠎ᠨᠢ ᠬᠢᠵᠠᠭᠠᠷ᠎ᠲᠠᠶ ᠪᠠᠢᠳᠠᠭ᠂ ᠡᠨᠡ ᠬᠦ᠌ ᠵᠦᠶ᠋ᠯ ᠵᠤᠷᠪᠤᠰ᠎ᠢ ᠱᠢᠨ᠎ᠡ᠎ᠪᠡᠷ ᠨᠡᠮᠡᠪᠡᠯ᠂ ᠲᠤᠱᠢᠶᠠᠨ ᠬᠠᠳᠠᠭᠠᠯᠠᠭᠤᠯᠤᠭ᠍ᠴᠢᠶ᠋ᠢᠨ ᠠᠳᠠᠯᠢ ᠪᠤᠰᠤ ᠱᠠᠲᠤ ᠦᠶ᠎ᠡ᠎ᠶ᠋ᠢᠨ ᠣᠯᠠᠨ ᠡᠱᠢᠵᠢᠭ᠌ᠰᠡᠨ ᠣᠷᠣᠨ ᠰᠠᠭᠤᠴᠠ᠎ᠶ᠋ᠢᠨ ᠬᠡᠷᠡᠭ᠌ᠯᠡᠭᠡᠨ᠎ᠦ ᠬᠡᠷᠡᠭ᠌ᠴᠡᠭᠡ᠎ᠳᠦ ᠵᠣᠬᠢᠴᠠᠬᠤ᠎ᠳᠤ ᠨᠠᠩ ᠶᠡᠬᠡ ᠠᠮᠢᠳᠤᠯᠢᠭ ᠴᠢᠨᠠᠷ ᠪᠠ ᠥᠷᠭᠡᠳᠭᠡᠬᠦ᠌ ᠣᠷᠣᠨ ᠵᠠᠶ᠎ᠶ᠋ᠢ ᠠᠪᠴᠢᠷᠠᠬᠤ ᠪᠣᠯᠤᠨ᠎ᠠ ᠭᠡᠵᠤ ᠢᠯᠡᠳᠭᠡᠪᠡ᠃
ᠣᠷᠣᠨ ᠰᠠᠭᠤᠴᠠ᠎ᠶ᠋ᠢᠨ ᠨᠡᠢᠲᠡ᠎ᠶ᠋ᠢᠨ ᠬᠤᠷᠠᠮᠳᠤᠭᠤᠯᠭ᠎ᠠ᠎ᠶ᠋ᠢᠨ ᠮᠥᠩᠭᠥ᠎ᠶ᠋ᠢᠨ ᠲᠦᠷᠢᠮ ᠪᠣᠯ ᠮᠠᠨ᠎ᠤ ᠤᠯᠤᠰ᠎ᠤᠨ ᠬᠤᠳᠠ ᠪᠠᠯᠭᠠᠰᠤᠨ᠎ᠤ ᠣᠷᠣᠨ ᠰᠠᠭᠤᠴᠠ᠎ᠶ᠋ᠢᠨ ᠲᠦᠷᠢᠮ᠎ᠦᠨ ᠴᠢᠬᠤᠯᠠ ᠪᠦᠷᠢᠯᠳᠦᠬᠦᠨ ᠬᠡᠰᠡᠭ ᠮᠥᠨ᠃ 1999 ᠣᠨ᠎ᠳᠤ ᠲᠥᠷᠥ᠎ᠶ᠋ᠢᠨ ᠶᠠᠪᠤᠳᠠᠯ᠎ᠤᠨ ᠬᠣᠷᠢᠶ᠎ᠠ᠎ᠡᠴᠡ 《ᠣᠷᠣᠨ ᠰᠠᠭᠤᠴᠠ᠎ᠶ᠋ᠢᠨ ᠨᠡᠢᠲᠡ᠎ᠶ᠋ᠢᠨ ᠬᠤᠷᠠᠮᠳᠤᠭᠤᠯᠭ᠎ᠠ᠎ᠶ᠋ᠢᠨ ᠮᠥᠩᠭᠥ᠎ᠶ᠋ᠢᠨ ᠬᠠᠮᠢᠶᠠᠷᠤᠯᠲᠠ᠎ᠶ᠋ᠢᠨ ᠲᠦᠷᠢᠮ》 ᠢ᠋ ᠨᠡᠢᠲᠡᠯᠡᠨ ᠬᠡᠷᠡᠭ᠌ᠵᠢᠭᠦᠯᠦᠭ᠌ᠰᠡᠨ᠎ᠡᠴᠡ ᠨᠠᠭᠠᠰᠢ᠂ ᠣᠷᠣᠨ ᠰᠠᠭᠤᠴᠠ᠎ᠶ᠋ᠢᠨ ᠨᠡᠢᠲᠡ᠎ᠶ᠋ᠢᠨ ᠬᠤᠷᠠᠮᠳᠤᠭᠤᠯᠭ᠎ᠠ᠎ᠶ᠋ᠢᠨ ᠮᠥᠩᠭᠥ᠎ᠶ᠋ᠢᠨ ᠲᠦᠷᠢᠮ᠎ᠦᠨ ᠠᠵᠢᠯᠯᠠᠭᠠᠨ ᠬᠠᠤᠯᠢ᠎ᠪᠠᠷ ᠵᠠᠰᠠᠬᠤ ᠵᠢᠷᠤᠮᠵᠢᠭ᠍ᠰᠠᠨ ᠵᠠᠮ᠎ᠳᠤ ᠣᠷᠣᠪᠠ᠃ ᠣᠷᠣᠨ ᠰᠠᠭᠤᠴᠠ᠎ᠶ᠋ᠢᠨ ᠬᠥᠭ᠌ᠵᠢᠯᠲᠡ᠎ᠶ᠋ᠢᠨ ᠱᠠᠲᠤ ᠦᠶ᠎ᠡ᠎ᠶ᠋ᠢᠨ ᠬᠤᠪᠢᠷᠠᠯᠲᠠ᠎ᠶ᠋ᠢ ᠳᠠᠭᠠᠯᠳᠤᠨ᠂ ᠣᠷᠣᠨ ᠰᠠᠭᠤᠴᠠ᠎ᠶ᠋ᠢᠨ ᠨᠡᠢᠲᠡ᠎ᠶ᠋ᠢᠨ ᠬᠤᠷᠠᠮᠳᠤᠭᠤᠯᠭ᠎ᠠ᠎ᠶ᠋ᠢᠨ ᠮᠥᠩᠭᠥ᠎ᠶ᠋ᠢᠨ ᠬᠡᠷᠡᠭ᠌ᠯᠡᠯᠲᠡ ᠵᠢᠨ ᠭᠤᠤᠯᠳᠠᠯᠭ᠎ᠠ ᠨᠢ ᠣᠷᠣᠨ ᠰᠠᠭᠤᠴᠠ᠎ᠶ᠋ᠢᠨ ᠪᠥᠲᠥᠭᠡᠨ ᠪᠠᠢᠭᠤᠯᠤᠯᠲᠠ᠎ᠶ᠋ᠢ ᠳᠡᠮᠵᠢᠬᠦ᠌᠎ᠡᠴᠡ ᠰᠠᠭᠤᠭᠠᠯᠢ ᠠᠷᠠᠳ᠎ᠤᠨ ᠬᠤᠪᠢ ᠬᠥᠮᠦᠨ᠎ᠦ ᠬᠡᠷ ᠪᠠᠢᠱᠢᠩ ᠬᠤᠳᠠᠯᠳᠤᠨ ᠠᠪᠬᠤ᠎ᠶ᠋ᠢ ᠳᠡᠮᠵᠢᠬᠦ᠌ ᠬᠦᠷᠲᠡᠯ᠎ᠡ᠂ ᠳᠠᠬᠢᠭᠠᠳ ᠪᠤᠰᠤᠳ ᠣᠷᠣᠨ ᠰᠠᠭᠤᠴᠠ᠎ᠶ᠋ᠢᠨ ᠬᠡᠷᠡᠭ᠌ᠯᠡᠭᠡᠨ᠎ᠦ ᠬᠡᠷᠡᠭ᠌ᠴᠡᠭᠡ᠎ᠶ᠋ᠢ ᠬᠠᠩᠭᠠᠬᠤ ᠬᠦᠷᠲᠡᠯᠡᠬᠢ ᠶᠠᠪᠤᠴᠠ᠎ᠶᠢ ᠥᠩᠭᠡᠷᠡᠭᠡᠵᠦ᠍᠂ ᠬᠣᠲᠠ ᠪᠠᠯᠭᠠᠰᠤᠨ᠎ᠤ ᠰᠠᠭᠤᠭᠠᠯᠢ ᠠᠷᠠᠳ᠎ᠤᠨ ᠣᠷᠣᠱᠢᠨ ᠰᠠᠭᠤᠷᠢᠰᠢᠬᠤ ᠲᠦᠪᠱᠢᠨ᠎ᠢ ᠳᠡᠭᠡᠭ᠌ᠰᠢᠯᠡᠭᠦᠯᠬᠦ᠌᠎ᠳᠦ ᠴᠢᠬᠤᠯᠠ ᠦᠢᠯᠡᠳᠦᠯ ᠦᠵᠡᠭᠦᠯᠪᠡ᠃
《ᠣᠳᠣᠬᠠᠨ᠎ᠳᠤ᠂ ᠬᠡᠷ ᠭᠠᠵᠠᠷ ᠤ᠋ᠨ ᠬᠥᠷᠥᠩᠭᠡ᠎ᠶ᠋ᠢᠨ ᠵᠠᠬ᠎ᠠ ᠳᠡᠯᠭᠡᠭᠦᠷ᠎ᠦᠨ ᠬᠠᠩᠭᠠᠯᠭ᠎ᠠ ᠬᠡᠷᠡᠭ᠌ᠴᠡᠭᠡ᠎ᠶ᠋ᠢᠨ ᠬᠠᠷᠢᠴᠠᠭ᠎ᠠ᠎ᠳᠤ ᠴᠢᠬᠤᠯᠠ ᠶᠡᠬᠡ ᠬᠤᠪᠢᠷᠠᠯᠲᠠ ᠭᠠᠷᠴᠤ᠌᠂ ᠣᠷᠣᠨ ᠰᠠᠭᠤᠴᠠ᠎ᠶ᠋ᠢᠨ ᠨᠡᠢᠲᠡ᠎ᠶ᠋ᠢᠨ ᠬᠤᠷᠠᠮᠳᠤᠭᠤᠯᠭ᠎ᠠ᠎ᠶ᠋ᠢᠨ ᠮᠥᠩᠭᠥ᠎ᠶ᠋ᠢᠨ ᠲᠦᠷᠢᠮ᠎ᠦᠨ ᠠᠵᠢᠯᠯᠠᠭᠠᠨ᠎ᠳᠤ ᠱᠢᠨ᠎ᠡ ᠱᠠᠭᠠᠷᠳᠠᠯᠭ᠎ᠠ ᠳᠤᠷᠠᠳᠴᠤ᠌᠂ ᠲᠦᠷᠢᠮ᠎ᠢ ᠵᠠᠰᠠᠨ ᠲᠡᠭᠦᠯᠳᠡᠷᠵᠢᠭᠦᠯᠵᠦ᠍᠂ ᠠᠷᠠᠳ ᠣᠯᠠᠨ᠎ᠤ ᠠᠩᠬᠠᠷᠤᠯ᠎ᠳᠤ ᠴᠠᠭ ᠲᠤᠬᠠᠶ᠎ᠳᠤᠨᠢ ᠬᠠᠷᠢᠭᠤᠯᠲᠠ ᠥᠭ᠌ᠬᠦ ᠴᠢᠬᠤᠯᠠᠲᠠᠶ ᠪᠠᠢᠨ᠎ᠠ》᠃ ᠡᠨᠡ ᠬᠦ᠌ ᠬᠠᠷᠢᠭᠤᠴᠠᠯᠭᠠᠲᠠᠨ᠂ ᠲᠤᠱᠢᠶᠠᠨ ᠬᠠᠳᠠᠭᠠᠯᠠᠭᠤᠯᠤᠭ᠍ᠴᠢᠶ᠋ᠢᠨ ᠣᠷᠣᠨ ᠰᠠᠭᠤᠴᠠ᠎ᠶ᠋ᠢᠨ ᠬᠡᠷᠡᠭ᠌ᠴᠡᠭᠡ᠎ᠡᠴᠡ ᠦᠵᠡᠪᠡᠯ᠂ ᠮᠠᠨ᠎ᠤ ᠤᠯᠤᠰ᠎ᠤᠨ ᠬᠣᠲᠠ᠎ᠶ᠋ᠢᠨ ᠬᠥᠭ᠌ᠵᠢᠯᠲᠡ ᠶᠠᠭ ᠶᠡᠬᠡ ᠬᠡᠪᠴᠢᠶ᠎ᠡ᠎ᠪᠡᠷ ᠨᠡᠮᠡᠭ᠌ᠳᠡᠵᠦ᠍ ᠪᠠᠢᠭ᠍ᠰᠠᠨ᠎ᠡᠴᠡ᠎ᠪᠠᠨ ᠬᠠᠳᠠᠭᠠᠯᠠᠯᠲᠠ᠎ᠶ᠋ᠢᠨ ᠬᠡᠮᠵᠢᠶᠡᠨ᠎ᠦ ᠶᠠᠰᠤ ᠴᠢᠨᠠᠷ᠎ᠢ ᠳᠡᠭᠡᠭ᠌ᠰᠢᠯᠡᠭᠦᠯᠵᠦ᠍ ᠦᠷ᠎ᠡ ᠠᠱᠢᠭ᠎ᠢ ᠨᠡᠮᠡᠭ᠌ᠳᠡᠭᠦᠯᠬᠦ᠌᠎ᠪᠡᠷ ᠭᠤᠤᠯ ᠪᠣᠯᠭᠠᠬᠤ ᠱᠠᠲᠤᠨ᠎ᠳᠤ ᠣᠷᠣᠵᠤ᠂ ᠠᠷᠠᠳ ᠣᠯᠠᠨ᠎ᠤ ᠣᠷᠣᠨ ᠰᠠᠭᠤᠴᠠ᠎ᠶ᠋ᠢᠨ ᠬᠡᠷᠡᠭ᠌ᠴᠡᠭᠡ ᠶᠡᠷᠦᠩᠬᠡᠶ᠎ᠳᠡᠭᠡᠨ 《ᠪᠠᠢᠬᠤ ᠡᠰᠡᠬᠦ᠌》 ᠡᠴᠡ 《ᠰᠠᠢᠨ ᠡᠰᠡᠬᠦ᠌》 ᠲᠡᠢᠰᠢ ᠱᠢᠯᠵᠢᠵᠦ᠍᠂ ᠣᠷᠣᠨ ᠰᠠᠭᠤᠴᠠ᠎ᠶ᠋ᠢᠨ ᠬᠡᠷᠡᠭ᠌ᠯᠡᠭᠡᠨ᠎ᠦ ᠵᠠᠷᠤᠯᠭ᠎ᠠ᠎ᠶ᠋ᠢ 《ᠬᠡᠷ ᠪᠠᠢᠱᠢᠩ ᠬᠤᠳᠠᠯᠳᠤᠨ ᠠᠪᠬᠤ》᠂ 《ᠬᠡᠷ ᠪᠠᠢᠰᠢᠩ ᠲᠦᠷᠢᠶᠡᠰᠦᠯᠡᠬᠦ᠌》 ᠡᠴᠡ 《ᠬᠡᠷ ᠪᠠᠢᠱᠢᠩ ᠰᠡᠯᠪᠢᠨ ᠵᠠᠰᠠᠬᠤ》᠂ 《ᠬᠡᠷ ᠪᠠᠢᠰᠢᠩ᠎ᠢᠶᠡᠨ ᠲᠦᠷᠢᠶᠡᠰᠦᠯᠡᠭᠦᠯᠦᠨ ᠤᠯᠤᠭᠰᠠᠨ ᠤᠷᠤᠯᠭ᠎ᠠ ᠪᠡᠷ ᠵᠢᠡᠨ ᠭᠡᠷ ᠪᠠᠢᠱᠢᠩ᠎ᠤᠨ ᠵᠢᠭᠡᠯᠡᠯᠭᠡ᠎ᠪᠠᠨ ᠪᠤᠴᠠᠭᠠᠬᠤ》 ᠲᠡᠢᠰᠢ ᠥᠷᠭᠡᠳᠭᠡᠵᠦ᠍᠂ ᠲᠤᠱᠢᠶᠠᠨ ᠬᠠᠳᠠᠭᠠᠯᠠᠭᠤᠯᠤᠭ᠍ᠴᠢᠶ᠋ᠢᠨ ᠣᠷᠣᠨ ᠰᠠᠭᠤᠴᠠ᠎ᠶ᠋ᠢ ᠵᠠᠰᠠᠵᠤ ᠴᠢᠮᠡᠭ᠌ᠯᠡᠬᠦ᠌᠂ ᠱᠢᠨᠡᠳᠭᠡᠨ ᠥᠭᠡᠷᠡᠴᠢᠯᠡᠬᠦ᠌᠂ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠵᠡᠷᠭᠡ ᠲᠠᠯ᠎ᠠ᠎ᠶ᠋ᠢᠨ ᠬᠡᠷᠡᠭ᠌ᠴᠡᠭᠡ ᠶᠡᠬᠡᠪᠡᠷ ᠨᠡᠮᠡᠭ᠌ᠳᠡᠵᠦ᠍᠂ ᠲᠦᠷᠢᠮ᠎ᠳᠦ ᠲᠣᠭ᠍ᠲᠠᠭᠠᠭ᠍ᠰᠠᠨ ᠪᠠᠯᠠ ᠮᠥᠩᠭᠥ᠎ᠶ᠋ᠢᠨ ᠬᠡᠷᠡᠭ᠌ᠯᠡᠬᠦ᠌ ᠬᠡᠪᠴᠢᠶ᠎ᠡ᠎ᠶ᠋ᠢ ᠥᠷᠭᠡᠳᠭᠡᠬᠦ᠌ ᠴᠢᠬᠤᠯᠠᠲᠠᠶ ᠪᠠᠢᠨ᠎ᠠ ᠭᠡᠪᠡ᠃
ᠴᠢᠩᠬᠤᠸᠠ ᠶᠡᠬᠡ ᠰᠤᠷᠭᠠᠭᠤᠯᠢ᠎ᠶ᠋ᠢᠨ ᠬᠡᠷ ᠭᠠᠵᠠᠷ᠎ᠤᠨ ᠬᠥᠷᠥᠩᠭᠡ᠎ᠶ᠋ᠢᠨ ᠰᠤᠳᠤᠯᠭᠠᠨ᠎ᠤ ᠲᠥᠪ᠎ᠦᠨ ᠡᠷᠬᠢᠯᠡᠭ᠌ᠴᠢ ᠦ᠋ ᠵᠢᠩ᠂ ᠦᠷᠭᠦᠯᠵᠢᠯᠡᠬᠦ᠌ ᠴᠢᠨᠠᠷ᠎ᠡᠴᠡ ᠦᠵᠡᠪᠡᠯ᠂ ᠲᠣᠰ ᠤᠳᠠᠭᠠᠨ᠎ᠤ ᠲᠣᠬᠢᠷᠠᠭᠤᠯᠤᠯᠲᠠ ᠨᠢ 《ᠴᠢᠳᠠᠯ᠎ᠤᠨ ᠬᠢᠷᠢ᠎ᠪᠡᠷ᠎ᠢᠶᠡᠨ ᠴᠢᠷᠮᠠᠢᠬᠤ》 ᠪᠠ 《ᠴᠢᠳᠠᠯ᠎ᠤᠨ᠎ᠢᠶᠠᠨ ᠬᠢᠷᠢ᠎ᠪᠡᠷ ᠬᠢᠬᠦ᠌》᠎ᠶ᠋ᠢᠨ ᠬᠣᠭᠣᠷᠣᠨᠳᠣᠬᠢ ᠲᠡᠩᠴᠡᠭᠦᠷᠢ᠎ᠶ᠋ᠢ ᠡᠵᠡᠮᠱᠢᠭ᠌ᠰᠡᠨ ᠪᠠᠢᠨ᠎ᠠ᠃ ᠠᠳᠠᠯᠢ ᠪᠤᠰᠤ ᠬᠣᠲᠠ᠎ᠶ᠋ᠢᠨ ᠪᠣᠳᠠᠲᠠᠶ ᠬᠡᠷᠡᠭ᠌ᠯᠡᠵᠦ᠍ ᠪᠣᠯᠬᠤ ᠣᠷᠣᠨ ᠰᠠᠭᠤᠴᠠ᠎ᠶ᠋ᠢᠨ ᠨᠡᠢᠲᠡ᠎ᠶ᠋ᠢᠨ ᠬᠤᠷᠠᠮᠳᠤᠭᠤᠯᠭ᠎ᠠ᠎ᠶ᠋ᠢᠨ ᠮᠥᠩᠭᠥ᠎ᠶ᠋ᠢᠨ ᠬᠡᠪᠴᠢᠶ᠎ᠡ ᠨᠢ ᠵᠥᠷᠢᠶ᠎ᠡ᠎ᠲᠡᠶ ᠪᠠᠢᠵᠤ᠂ ᠣᠷᠣᠨ ᠰᠠᠭᠤᠴᠠ᠎ᠶ᠋ᠢᠨ ᠨᠡᠢᠲᠡ᠎ᠶ᠋ᠢᠨ ᠬᠤᠷᠠᠮᠳᠤᠭᠤᠯᠭ᠎ᠠ᠎ᠶ᠋ᠢᠨ ᠮᠥᠩᠭᠥ᠎ᠶ᠋ᠢ ᠭᠠᠷᠭᠠᠨ ᠠᠪᠬᠤ ᠬᠡᠷᠡᠭ᠌ᠴᠡᠭᠡ᠎ᠶ᠋ᠢ ᠲᠣᠬᠢᠷᠠᠭᠤᠯᠬᠤ᠎ᠳᠤ ᠭᠠᠵᠠᠷ ᠣᠷᠣᠨ᠎ᠤ ᠪᠠᠢᠳᠠᠯ᠎ᠳᠤᠨᠢ ᠲᠣᠬᠢᠷᠠᠭᠤᠯᠬᠤ ᠬᠡᠷᠡᠭ᠌ᠲᠡᠶ᠂ 《ᠨᠢᠭᠡ ᠯᠡ ᠠᠳᠠᠯᠢ᠎ᠪᠠᠷ ᠱᠠᠭᠠᠷᠳᠠᠵᠤ》 ᠪᠣᠯᠬᠤ ᠥᠬᠡᠶ᠂ ᠬᠡᠲᠦᠷᠬᠡᠶ ᠠᠭᠤᠵᠢᠭᠤ ᠲᠠᠯᠪᠢᠵᠤ᠂ ᠬᠡᠲᠦᠷᠬᠡᠶ ᠪᠠᠴᠢᠮ ᠳᠡᠯᠭᠡᠷᠡᠭᠦᠯᠵᠦ ᠪᠣᠯᠬᠤ ᠥᠬᠡᠶ ᠭᠡᠵᠦ ᠢᠯᠡᠳᠭᠡᠪᠡ᠃
ᠡᠨᠡ ᠤᠳᠠᠭᠠᠨ᠎ᠤ ᠵᠠᠰᠠᠪᠤᠷᠢ ᠣᠷᠣᠭᠤᠯᠤᠭ᠍ᠰᠠᠨ ᠨᠥᠭᠥᠭᠡ ᠨᠢᠭᠡ ᠱᠢᠪᠲᠤᠯᠤᠯᠲᠠ ᠪᠣᠯ ᠲᠤᠱᠢᠶᠠᠨ ᠬᠠᠳᠠᠭᠠᠯᠠᠭᠤᠯᠬᠤ ᠬᠡᠪᠴᠢᠶ᠎ᠡ᠎ᠶ᠋ᠢ ᠥᠷᠭᠡᠳᠭᠡᠭ᠌ᠰᠡᠨ ᠶᠠᠪᠤᠳᠠᠯ ᠪᠣᠯᠤᠨ᠎ᠠ᠃ ᠰᠠᠨᠠᠯ ᠬᠤᠷᠢᠶᠠᠬᠤ ᠨᠤᠤᠷᠠᠭ᠎ᠢ ᠦᠨᠳᠦᠰᠦᠯᠡᠪᠡᠯ᠂ ᠬᠤᠪᠢ᠎ᠶ᠋ᠢᠨ ᠦᠶ᠋ᠯᠡᠳᠪᠦᠷᠢ ᠬᠤᠳᠠᠯᠳᠤᠭᠠᠨ᠎ᠤ ᠡᠷᠦᠬᠡ᠂ ᠪᠦᠬᠦᠯᠢ ᠡᠳᠦᠷ᠎ᠦᠨ ᠳᠦᠷᠢᠮᠲᠦ ᠪᠤᠰᠤ ᠠᠵᠢᠯᠯᠠᠭᠴᠢᠳ ᠵᠢᠴᠢ ᠪᠤᠰᠤᠳ ᠠᠮᠢᠳᠤᠯᠢᠭ᠎ᠢᠶᠠᠷ ᠠᠵᠢᠯ ᠣᠯᠤᠭ᠍ᠰᠠᠳ ᠣᠷᠣᠨ ᠰᠠᠭᠤᠴᠠ᠎ᠶ᠋ᠢᠨ ᠨᠡᠢᠲᠡ᠎ᠶ᠋ᠢᠨ ᠬᠤᠷᠠᠮᠳᠤᠭᠤᠯᠭ᠎ᠠ᠎ᠶ᠋ᠢᠨ ᠮᠥᠩᠭᠥ᠎ᠶ᠋ᠢᠨ ᠲᠦᠷᠢᠮ᠎ᠳᠦ ᠰᠠᠢᠨ ᠳᠤᠷ᠎ᠠ᠎ᠡᠴᠡ᠎ᠪᠠᠨ ᠣᠷᠣᠯᠴᠠᠵᠤ ᠪᠣᠯᠤᠨ᠎ᠠ᠂ ᠪᠣᠳᠠᠲᠠᠶ ᠠᠷᠭ᠎ᠠ᠎ᠶ᠋ᠢ ᠲᠣᠭᠣᠷᠢᠭᠪᠠᠢᠭᠤᠯᠤᠭᠰᠠᠨ ᠬᠣᠲᠠ᠎ᠶ᠋ᠢᠨ ᠠᠷᠠᠳ᠎ᠤᠨ ᠵᠠᠰᠠᠭ᠎ᠤᠨ ᠣᠷᠳᠣᠨ᠎ᠡᠴᠡ ᠲᠣᠭ᠍ᠲᠠᠭᠠᠨ᠎ᠠ᠃
ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠶᠠᠮᠤᠨ᠎ᠤ ᠬᠤᠯᠪᠤᠭᠳᠠᠯ ᠪᠥᠬᠥᠶ ᠵᠤᠷᠭᠠᠨ ᠲᠣᠪᠴᠢᠶ᠎ᠠ᠎ᠶ᠋ᠢᠨ ᠬᠠᠷᠢᠭᠤᠴᠠᠯᠭᠠᠲᠠᠨ᠂ ᠣᠳᠣᠬᠠᠨ᠎ᠤ ᠠᠵᠢᠯ ᠣᠯᠭᠣᠯᠲᠠ᠎ᠶ᠋ᠢᠨ ᠪᠦᠲᠦᠴᠡ᠎ᠡᠴᠡ ᠦᠵᠡᠪᠡᠯ᠂ ᠮᠠᠨ᠎ᠤ ᠤᠯᠤᠰ᠎ᠤᠨ ᠬᠥᠮᠦᠨ ᠠᠮᠠ ᠪᠠ ᠠᠵᠢᠯ ᠣᠯᠭᠣᠯᠲᠠ᠎ᠶ᠋ᠢᠨ ᠪᠦᠲᠦᠴᠡ᠎ᠳᠦ ᠨᠡᠯᠢᠶᠡᠳ ᠶᠡᠬᠡ ᠬᠤᠪᠢᠷᠠᠯᠲᠠ ᠭᠠᠷᠴᠤ᠌᠂ ᠲᠠᠪᠴᠠᠩ᠎ᠳᠤ ᠠᠵᠤ ᠠᠬᠤᠶ ᠪᠠ ᠱᠢᠨ᠎ᠡ ᠠᠵᠢᠯ ᠣᠯᠭᠣᠯᠲᠠ᠎ᠶ᠋ᠢᠨ ᠬᠡᠯᠪᠡᠷᠢ ᠲᠦᠷᠭᠡᠨ ᠬᠥᠭ᠌ᠵᠢᠵᠦ᠍᠂ ᠠᠮᠢᠳᠤᠯᠢᠭ᠎ᠢᠶᠠᠷ ᠠᠵᠢᠯ ᠤᠯᠬᠤ ᠱᠢᠨ᠎ᠡ ᠠᠵᠢᠯ ᠣᠯᠭᠣᠯᠲᠠ᠎ᠶ᠋ᠢᠨ ᠬᠦᠮᠦᠰ᠎ᠤᠨ ᠬᠡᠪᠴᠢᠶ᠎ᠡ ᠲᠦᠷᠭᠡᠨ᠎ᠢᠶᠡᠷ ᠨᠡᠮᠡᠭ᠌ᠳᠡᠵᠦ᠍ ᠪᠠᠢᠨ᠎ᠠ᠂ ᠲᠦᠷᠢᠮ᠎ᠢᠶᠡᠷ ᠲᠤᠱᠢᠶᠠᠨ ᠬᠠᠳᠠᠭᠠᠯᠠᠭᠤᠯᠬᠤ ᠲᠣᠭ᠍ᠲᠠᠴᠠ᠎ᠶ᠋ᠢ ᠪᠦᠷᠢᠨᠱᠢᠬᠥᠯᠤᠨ ᠲᠡᠭᠦᠯᠳᠡᠷᠵᠢᠭᠦᠯᠵᠦ᠍᠂ ᠬᠤᠪᠢ᠎ᠶ᠋ᠢᠨ ᠦᠶ᠋ᠯᠡᠳᠪᠦᠷᠢ ᠬᠤᠳᠠᠯᠳᠤᠭᠠᠨ᠎ᠤ ᠡᠷᠦᠬᠡ᠂ ᠪᠦᠬᠦᠯᠢ ᠡᠳᠦᠷ᠎ᠦᠨ ᠳᠦᠷᠢᠮᠲᠦ ᠪᠤᠰᠤ ᠠᠵᠢᠯᠯᠠᠭᠴᠢᠳ ᠵᠢᠴᠢ ᠪᠤᠰᠤᠳ ᠠᠮᠢᠳᠤᠯᠢᠭ᠎ᠢᠶᠠᠷ ᠠᠵᠢᠯ ᠣᠯᠤᠭ᠍ᠰᠠᠳ᠎ᠤᠨ ᠰᠠᠢᠨ ᠳᠤᠷ᠎ᠠ᠎ᠡᠴᠡ᠎ᠪᠠᠨ ᠣᠷᠣᠨ ᠰᠠᠭᠤᠴᠠ᠎ᠶ᠋ᠢᠨ ᠨᠡᠢᠲᠡ᠎ᠶ᠋ᠢᠨ ᠬᠤᠷᠠᠮᠳᠤᠭᠤᠯᠭ᠎ᠠ᠎ᠶ᠋ᠢᠨ ᠮᠥᠩᠭᠥ᠌ ᠲᠤᠱᠢᠶᠠᠨ ᠬᠠᠳᠠᠭᠠᠯᠠᠭᠤᠯᠬᠤ ᠪᠠ ᠬᠡᠷᠡᠭ᠌ᠯᠡᠬᠦ᠌᠎ᠶ᠋ᠢ ᠳᠡᠮᠵᠢᠵᠦ᠍᠂ ᠲᠡᠳᠡᠨ᠎ᠢ ᠬᠠᠪᠰᠤᠷᠤᠨ ᠣᠷᠣᠨ ᠰᠠᠭᠤᠴᠠ᠎ᠶ᠋ᠢᠨ ᠠᠰᠠᠭᠤᠳᠠᠯ᠎ᠢ ᠨᠢ ᠱᠢᠶ᠋ᠳᠪᠦᠷᠢᠯᠡᠵᠦ᠍ ᠥᠭ᠌ᠬᠦ ᠴᠢᠬᠤᠯᠠᠲᠠᠶ ᠪᠠᠢᠨ᠎ᠠ ᠭᠡᠵᠤ ᠢᠯᠡᠳᠭᠡᠪᠡ᠃
ᠠᠩᠬᠠᠷᠤᠭᠤᠱᠢᠲᠠᠶ᠎ᠨᠢ᠂ ᠪᠠᠯᠠ ᠮᠥᠩᠭᠥ᠎ᠶ᠋ᠢᠨ ᠬᠠᠮᠢᠶᠠᠷᠤᠯᠲᠠ᠎ᠶ᠋ᠢᠨ ᠲᠣᠭ᠍ᠲᠠᠴᠠ᠎ᠶ᠋ᠢᠨ ᠲᠠᠯ᠎ᠠ᠎ᠪᠠᠷ᠂ ᠰᠠᠨᠠᠯ ᠬᠤᠷᠢᠶᠠᠬᠤ ᠨᠤᠤᠷᠠᠭ᠎ᠲᠤ ᠲᠦᠷᠢᠮ᠎ᠦᠨ ᠬᠠᠯᠬᠠᠪᠴᠢ᠎ᠶ᠋ᠢ ᠤᠯᠠᠮ ᠨᠢᠭᠡ ᠠᠯᠬᠤᠮ ᠪᠡᠬᠢᠵᠢᠭᠦᠯᠵᠦ᠍᠂ ᠣᠷᠣᠨ ᠰᠠᠭᠤᠴᠠ᠎ᠶ᠋ᠢᠨ ᠨᠡᠢᠲᠡ᠎ᠶ᠋ᠢᠨ ᠬᠤᠷᠠᠮᠳᠤᠭᠤᠯᠭ᠎ᠠ᠎ᠶ᠋ᠢᠨ ᠮᠥᠩᠭᠥ᠎ᠶ᠋ᠢᠨ ᠬᠠᠮᠢᠶᠠᠷᠤᠯᠲᠠ᠎ᠶ᠋ᠢᠨ ᠵᠥᠪᠯᠡᠯ᠎ᠦᠨ ᠲᠤᠰᠢᠶᠠᠯ ᠬᠠᠷᠢᠭᠤᠴᠠᠯᠭ᠎ᠠ᠎ᠶ᠋ᠢ ᠲᠡᠭᠦᠯᠳᠡᠷᠵᠢᠭᠦᠯᠵᠦ᠍᠂ ᠣᠷᠣᠨ ᠰᠠᠭᠤᠴᠠ᠎ᠶ᠋ᠢᠨ ᠨᠡᠢᠲᠡ᠎ᠶ᠋ᠢᠨ ᠬᠤᠷᠠᠮᠳᠤᠭᠤᠯᠭ᠎ᠠ᠎ᠶ᠋ᠢᠨ ᠮᠥᠩᠭᠥ᠎ᠶ᠋ᠢᠨ ᠬᠠᠮᠢᠶᠠᠷᠤᠯᠲᠠ᠎ᠶ᠋ᠢᠨ ᠪᠠᠢᠭᠤᠯᠤᠮᠵᠢ᠎ᠶ᠋ᠢᠨ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠭ᠍ᠰᠠᠨ᠎ᠢᠶᠠᠷ ᠪᠠᠷᠠᠬᠤ ᠥᠬᠡᠶ ᠪᠠᠰᠠ ᠣᠷᠣᠨ ᠰᠠᠭᠤᠴᠠ᠎ᠶ᠋ᠢᠨ ᠨᠡᠢᠲᠡ᠎ᠶ᠋ᠢᠨ ᠬᠤᠷᠠᠮᠳᠤᠭᠤᠯᠭ᠎ᠠ᠎ᠶ᠋ᠢᠨ ᠮᠥᠩᠭᠥ᠎ᠶ᠋ᠢᠨ ᠬᠠᠮᠢᠶᠠᠷᠤᠯᠲᠠ᠎ᠶ᠋ᠢᠨ ᠲᠥᠪ᠎ᠦᠨ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠵᠤ᠂ ᠲᠡᠭᠦᠨ᠎ᠦ ᠲᠦᠷᠢᠮ᠎ᠦᠨ ᠲᠣᠭ᠍ᠲᠠᠭᠠᠯ ᠶᠣᠰᠣᠭᠠᠷ ᠨᠢᠭᠡᠴᠢ᠎ᠶ᠋ᠢ ᠱᠠᠯᠠᠪᠳᠠᠵᠤ ᠬᠤᠯᠪᠤᠭᠳᠠᠯ ᠪᠥᠬᠥᠶ ᠡᠭᠦᠷᠭᠡ᠎ᠪᠡᠨ ᠴᠠᠭ ᠲᠤᠬᠠᠶ᠎ᠳᠤᠨᠢ ᠭᠦᠶ᠋ᠴᠡᠳᠭᠡᠭ᠌ᠰᠡᠨ ᠥᠬᠡᠶ᠎ᠶ᠋ᠢᠨ ᠬᠠᠤᠯᠢ ᠴᠠᠭᠠᠵᠠ᠎ᠶ᠋ᠢᠨ ᠬᠠᠷᠢᠭᠤᠴᠠᠯᠭ᠎ᠠ᠎ᠶ᠋ᠢ ᠲᠣᠳᠣᠷᠬᠠᠢᠯᠠᠪᠠ᠃
ᠲᠤᠱᠢᠶᠠᠨ ᠬᠠᠳᠠᠭᠠᠯᠠᠭᠤᠯᠤᠭ᠍ᠴᠢᠶ᠋ᠢᠨ ᠳᠥᠭᠥᠮ ᠳᠥᠲᠡ ᠥᠨᠳᠥᠷ ᠪᠦᠲᠦᠮᠵᠢᠲᠡᠶ ᠦᠶ᠋ᠯᠡᠴᠢᠯᠡᠬᠦ᠌ ᠬᠦᠰᠡᠯ ᠡᠷᠡᠮᠡᠯᠵᠡᠯ᠎ᠳᠦ ᠬᠠᠷᠢᠭᠤ ᠥᠭ᠌ᠬᠦ᠎ᠶ᠋ᠢᠨ ᠲᠥᠯᠥᠭᠡ᠂ ᠰᠠᠨᠠᠯ ᠬᠤᠷᠢᠶᠠᠬᠤ ᠨᠤᠤᠷᠠᠭ᠎ᠢ ᠣᠯᠠᠨ ᠭᠣᠭ᠍ᠴᠣᠭ᠎ᠠ᠎ᠳᠤ ᠱᠢᠯᠢᠳᠡᠭ᠌ᠵᠢᠭᠦᠯᠵᠦ᠍᠂ ᠣᠷᠣᠨ ᠰᠠᠭᠤᠴᠠ᠎ᠶ᠋ᠢᠨ ᠨᠡᠢᠲᠡ᠎ᠶ᠋ᠢᠨ ᠬᠤᠷᠠᠮᠳᠤᠭᠤᠯᠭ᠎ᠠ᠎ᠶ᠋ᠢᠨ ᠮᠥᠩᠭᠥ᠎ᠶ᠋ᠢᠨ ᠬᠠᠮᠢᠶᠠᠷᠤᠯᠲᠠ᠎ᠶ᠋ᠢᠨ ᠲᠥᠪ᠎ᠦᠨ ᠵᠢᠭᠡᠯᠡᠯᠭᠡ ᠵᠥᠪᠱᠢᠶᠡᠷᠡᠬᠦ᠌ ᠴᠠᠭ᠎ᠤᠨ ᠬᠢᠵᠠᠭᠠᠷ᠎ᠢ ᠭᠤᠶᠤᠴᠢᠯᠠᠯ᠎ᠢ ᠭᠥᠯᠢᠶᠡᠨ ᠠᠪᠤᠭᠰᠠᠨ ᠡᠳᠦᠷ᠎ᠡᠴᠡ ᠡᠬᠢᠯᠡᠨ 15 ᠡᠳᠦᠷ᠎ᠦᠨ ᠳᠣᠲᠣᠷ᠎ᠠ ᠰᠢᠢᠳᠪᠦᠷᠢᠯᠡᠬᠦ᠎ᠵᠢ 10 ᠡᠳᠦᠷ᠎ᠦᠨ ᠳᠣᠲᠣᠷ᠎ᠠ ᠰᠢᠢᠳᠪᠦᠷᠢᠯᠡᠬᠦ ᠪᠣᠯᠭᠠᠨ ᠪᠣᠭᠣᠨᠢᠰᠭᠠᠨᠠ; ᠣᠷᠣᠨ ᠰᠠᠭᠤᠴᠠ᠎ᠶ᠋ᠢᠨ ᠨᠡᠢᠲᠡ᠎ᠶ᠋ᠢᠨ ᠬᠤᠷᠠᠮᠳᠤᠭᠤᠯᠭ᠎ᠠ᠎ᠶ᠋ᠢᠨ ᠮᠥᠩᠭᠥ᠎ᠶ᠋ᠢᠨ ᠲᠣᠭᠠᠴᠢᠯᠠᠭ᠍ᠰᠠᠨ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠬᠠᠮᠢᠶᠠᠷᠤᠯᠲᠠ ᠦᠢᠯᠡᠴᠢᠯᠡᠭᠡᠨ᠎ᠦ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠦᠨ᠎ᠡ; ᠣᠷᠣᠨ ᠰᠠᠭᠤᠴᠠ᠎ᠶ᠋ᠢᠨ ᠨᠡᠢᠲᠡ᠎ᠶ᠋ᠢᠨ ᠬᠤᠷᠠᠮᠳᠤᠭᠤᠯᠭ᠎ᠠ᠎ᠶ᠋ᠢᠨ ᠮᠥᠩᠭᠥ᠎ᠶ᠋ᠢ ᠤᠨᠳᠤᠤ ᠭᠠᠵᠠᠷ᠎ᠲᠤ ᠬᠠᠮᠵᠢᠯᠴᠠᠭᠤᠯᠬᠤ ᠲᠣᠭ᠍ᠲᠠᠴᠠ᠎ᠶ᠋ᠢ ᠪᠦᠷᠢᠨᠱᠢᠭᠦᠯᠵᠦ᠍᠂ ᠣᠷᠣᠨ ᠰᠠᠭᠤᠴᠠ᠎ᠶ᠋ᠢᠨ ᠨᠡᠢᠲᠡ᠎ᠶ᠋ᠢᠨ ᠬᠤᠷᠠᠮᠳᠤᠭᠤᠯᠭ᠎ᠠ᠎ᠶ᠋ᠢᠨ ᠮᠥᠩᠭᠥ᠎ᠶ᠋ᠢ ᠬᠠᠷᠢᠯᠴᠠᠨ ᠮᠡᠳᠡᠷᠡᠵᠦ᠍ ᠬᠠᠷᠢᠯᠴᠠᠨ ᠵᠢᠭᠡᠯᠡᠭᠦᠯᠬᠦ᠌ᠶ᠋ᠢ ᠠᠬᠢᠭᠤᠯᠵᠤ᠂ ᠲᠤᠱᠢᠶᠠᠨ ᠬᠠᠳᠠᠭᠠᠯᠠᠭᠤᠯᠤᠭ᠍ᠴᠢᠶᠢᠨ ᠤᠨᠳᠤᠤ ᠭᠠᠵᠠᠷ᠎ᠲᠤ ᠬᠡᠷᠡᠭ᠌ᠯᠡᠬᠦ᠌᠎ᠳᠦ ᠨᠠᠩ ᠳᠥᠭᠥᠮ ᠳᠥᠲᠡ ᠪᠥᠭᠡᠳ ᠥᠨᠳᠥᠷ ᠪᠦᠲᠦᠮᠵᠢᠲᠡᠶ ᠪᠣᠯᠭᠠᠨ᠎ᠠ᠃
ᠦ᠋ ᠵᠢᠩ᠂ ᠤᠢ᠍ᠢᠷ᠎ᠠ᠎ᠶ᠋ᠢᠨ ᠵᠢᠯ᠎ᠡᠴᠡ 《ᠨᠢᠭᠡ ᠯᠡ ᠰᠦᠯᠵᠢᠶ᠎ᠡ ᠪᠡᠷ ᠨᠡᠢᠳᠡᠮ᠂ ᠭᠦᠢᠴᠡᠳᠭᠡᠬᠦ᠌》᠂ 《ᠬᠡᠲᠦᠷᠡᠬᠦ᠌᠎ᠳᠡᠭᠡᠨ ᠨᠢᠭᠡ ᠤᠳᠠᠭ᠎ᠠ ᠭᠦᠶᠦᠯᠭᠡᠬᠦ᠌》 ᠵᠡᠷᠭᠡ ᠥᠭᠡᠷᠡᠴᠢᠯᠡᠯᠲᠡ ᠨᠢ ᠣᠷᠣᠨ ᠰᠠᠭᠤᠴᠠ᠎ᠶ᠋ᠢᠨ ᠨᠡᠢᠲᠡ᠎ᠶ᠋ᠢᠨ ᠬᠤᠷᠠᠮᠳᠤᠭᠤᠯᠭ᠎ᠠ᠎ᠶ᠋ᠢᠨ ᠮᠥᠩᠭᠥ᠎ᠶ᠋ᠢᠨ ᠤᠯᠠᠨ ᠨᠡᠢᠲᠡ᠎ᠶ᠋ᠢᠨ ᠦᠢᠯᠡᠴᠢᠯᠡᠭᠡᠨ᠎ᠦ ᠳᠥᠭᠥᠮ ᠳᠥᠲᠡ᠎ᠶ᠋ᠢᠨ ᠬᠡᠮᠵᠢᠶ᠎ᠡ᠎ᠶ᠋ᠢ ᠦᠷᠭᠦᠯᠵᠢᠯᠡᠨ ᠳᠡᠭᠡᠭ᠌ᠰᠢᠯᠡᠭᠦᠯᠵᠦ᠍᠂ ᠲᠤᠱᠢᠶᠠᠨ ᠬᠠᠳᠠᠭᠠᠯᠠᠭ᠍ᠴᠢᠡᠴᠡ ᠦᠢᠯᠡᠴᠢᠯᠡᠭᠡ᠎ᠶ᠋ᠢ ᠪᠡᠶᠡᠴᠢᠯᠡᠨ ᠣᠢᠯᠠᠭᠠᠬᠤ᠂ ᠭᠦᠢᠴᠡᠳᠭᠡᠬᠦ᠌ ᠬᠤᠷᠳᠤᠴᠠ᠂ ᠮᠠᠲ᠋ᠧᠷᠢᠶᠠᠯ᠎ᠢ ᠴᠣᠮᠬᠠᠳᠭᠠᠬᠤ ᠵᠡᠷᠭᠡ ᠲᠠᠯ᠎ᠠ᠎ᠪᠠᠷ ᠨᠡᠩ ᠥᠨᠳᠥᠷ ᠬᠦᠰᠡᠯ ᠡᠷᠡᠮᠡᠯᠵᠡᠯ ᠳᠤᠷᠠᠳᠴᠠᠢ᠃ ᠡᠭᠦᠨ᠎ᠦ ᠬᠠᠮᠲᠤ᠂ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢ ᠳᠠᠭᠠᠯᠳᠤᠨ᠂ ᠲᠤᠱᠢᠶᠠᠨ ᠬᠠᠳᠠᠭᠠᠯᠠᠭᠤᠯᠤᠭ᠍ᠴᠢ᠂ ᠪᠠᠯᠠ ᠮᠥᠩᠭᠥ᠌ ᠵᠡᠷᠭᠡ ᠡᠯᠧᠮᠧᠨ᠋ᠲ᠎ᠦᠨ ᠣᠷᠣᠨ ᠪᠦᠰᠡ ᠠᠯᠤᠰᠯᠠᠨ ᠱᠢᠯᠵᠢᠬᠦ᠌ ᠶᠠᠪᠤᠳᠠᠯ ᠡᠳᠦᠷ ᠢᠷᠡᠬᠦᠶ᠎ᠡ ᠣᠯᠠᠱᠢᠷᠠᠵᠤ᠂ ᠣᠷᠣᠨ ᠪᠦᠰᠡ ᠠᠯᠤᠰᠯᠠᠭ᠍ᠰᠠᠨ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠬᠡᠷᠡᠭ᠌ᠴᠡᠭᠡ ᠱᠠᠭᠠᠷᠳᠠᠯᠭ᠎ᠠ ᠤᠯᠠᠮ ᠲᠤᠯᠭᠠᠮ ᠪᠣᠯᠵᠣ ᠪᠠᠢᠨ᠎ᠠ᠃ ᠲᠦᠷᠢᠮ᠎ᠳᠦ ᠬᠣᠯᠪᠣᠭ᠍ᠳᠠᠯ ᠪᠥᠬᠥᠶ ᠠᠭᠤᠯᠭ᠎ᠠ᠎ᠶ᠋ᠢ ᠨᠡᠮᠡᠵᠦ᠍᠂ ᠣᠷᠣᠨ ᠰᠠᠭᠤᠴᠠ᠎ᠶ᠋ᠢᠨ ᠨᠡᠢᠲᠡ᠎ᠶ᠋ᠢᠨ ᠬᠤᠷᠠᠮᠳᠤᠭᠤᠯᠭ᠎ᠠ᠎ᠶ᠋ᠢᠨ ᠮᠥᠩᠭᠥ᠎ᠶ᠋ᠢᠨ ᠦᠶ᠋ᠯᠡᠴᠢᠯᠡᠭᠡ᠎ᠶ᠋ᠢ ᠨᠠᠩ ᠳᠥᠭᠥᠮ ᠳᠥᠲᠡ᠂ ᠨᠠᠩ ᠥᠨᠳᠥᠷ ᠪᠦᠲᠦᠮᠵᠢᠲᠡᠶ ᠪᠣᠯᠭᠠᠬᠤ᠎ᠶ᠋ᠢ ᠠᠬᠢᠭᠤᠯᠬᠤ ᠴᠢᠬᠤᠯᠠᠲᠠᠶ ᠭᠡᠪᠡ᠃
(ᠰᠢᠨᠬᠤᠸᠠ ᠬᠤᠷᠢᠶ᠎ᠠ ᠵᠢᠨ ᠪᠡᠭᠡᠵᠢᠩ ᠤ᠋ᠨ 6 ᠰᠠᠷ᠎ᠠ ᠵᠢᠨ 6 ᠤ᠋ ᠴᠠᠬᠢᠯᠭᠠᠨ ᠮᠡᠳᠡᠭᠡ)