ᠰᠢ ᠵᠢᠨ ᠫᠢᠩ ᠪᠣᠯᠤᠨ ᠫᠸᠩ ᠯᠢ ᠶᠤᠸᠠᠨ ᠰᠣᠯᠣᠩᠭᠣᠰ᠎ᠤᠨ ᠤᠷᠠᠨ ᠰᠠᠢᠬᠠᠨ᠎ᠤ ᠲᠤᠰᠭᠠᠢ ᠲᠣᠭ᠍ᠯᠠᠯᠲᠠ ᠵᠢ ᠰᠣᠨᠢᠷᠬᠠᠪᠠ
2026-06-09 09:42:40
ᠵᠣᠬᠢᠶᠠᠭ᠍ᠴᠢ᠄
ᠶᠠᠩ ᠢ ᠵᠢᠶᠦ᠋ᠨ ᠵᠦ᠍ ᠵᠶ᠋ᠢ ᠴᠠᠢ
ᠣᠩᠱᠢᠭ᠍ᠰᠠᠨ ᠣᠳᠠᠭ᠎ᠠ᠄
★★★☆☆

ᠲᠤᠬᠠᠢ᠎ᠶ᠋ᠢᠨ ᠭᠠᠵᠠᠷ᠎ᠤᠨ ᠴᠠᠭ᠎ᠢᠶᠠᠷ 6 ᠰᠠᠷ᠎ᠠ᠎ᠶ᠋ᠢᠨ 8 ᠤ᠋ ᠤᠷᠤᠢ᠂ ᠳᠤᠮᠳᠠᠳᠤ ᠤᠯᠤᠰ ᠎ᠤᠨ ᠡᠪ ᠬᠠᠮᠳᠤ ᠨᠠᠮ ᠎ᠤᠨ ᠲᠥᠪ ᠬᠤᠷᠢᠶ᠎ᠠ᠎ᠶᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ ᠰᠢ ᠵᠢᠨ ᠫᠢᠩ ᠬᠠᠳᠤᠨ ᠫᠸᠩ ᠯᠢ ᠶᠤᠸᠠᠨ᠎ᠲᠠᠶ᠎ᠪᠠᠨ ᠰᠣᠯᠣᠩᠭᠣᠰ᠎ᠤᠨ ᠬᠥᠳᠡᠯᠮᠦᠷᠢᠴᠢᠨ᠎ᠦ ᠨᠠᠮ᠎ᠤᠨ ᠶᠡᠷᠦᠩᠬᠡᠢ ᠱᠦᠵᠢ᠂ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ᠎ᠶᠢᠨ ᠳᠠᠷᠤᠭ᠎ᠠ᠎ᠶ᠋ᠢᠨ ᠵᠧᠩ ᠧᠨ ᠪᠣᠯᠤᠨ ᠲᠡᠭᠦᠨ ᠎ᠦ ᠬᠠᠳᠤᠨ ᠯᠢ ᠱᠢᠤᠸᠠᠢ ᠵᠦ᠍ ᠵᠢᠨ ᠪᠠᠷ᠎ᠠ ᠪᠤᠯᠤᠯᠭ᠎ᠠ᠎ᠲᠠᠶ᠎ᠪᠠᠷ ᠫᠢᠶᠸᠩᠶᠠᠩ᠎ᠤᠨ ᠪᠡᠶ᠎ᠡ᠎ᠶ᠋ᠢᠨ ᠲᠠᠮᠢᠷ᠎ᠤᠨ ᠣᠷᠳᠣᠨ᠎ᠳᠤ ᠰᠣᠯᠣᠩᠭᠣᠰ᠎ᠤᠨ ᠡᠯ᠎ᠡ ᠡᠲᠡᠭᠡᠳ᠎ᠦᠨ ᠤᠯᠠᠨ ᠲᠦᠮᠡᠨ᠎ᠲᠡᠶ ᠬᠠᠮᠲᠤ ᠤᠷᠠᠨ ᠰᠠᠢᠬᠠᠨ᠎ᠤ ᠳᠤᠰᠬᠠᠢ ᠲᠣᠭ᠍ᠯᠠᠯᠲᠠ᠎ᠶ᠋ᠢ ᠰᠣᠨᠢᠷᠬᠠᠪᠠ᠃

21 ᠴᠠᠭ᠎ᠤᠨ ᠦᠶ᠎ᠡ᠎ᠪᠡᠷ ᠰᠢ ᠵᠢᠨ ᠫᠢᠩ ᠬᠠᠳᠤᠨ ᠲᠠᠢ ᠪᠠᠨ ᠵᠢᠨ ᠵᠸᠩ ᠡᠸᠨ ᠵᠢᠴᠢ ᠳᠡᠭᠦᠨ ᠤ᠋ ᠬᠠᠳᠤᠨ᠎ᠲᠠᠶ ᠬᠠᠮᠲᠤ ᠪᠡᠶ᠎ᠡ᠎ᠶ᠋ᠢᠨ ᠲᠠᠮᠢᠷ᠎ᠤᠨ ᠣᠷᠳᠣᠨ᠎ᠤ ᠲᠡᠷᠢᠭᠦᠯᠡᠭ᠌ᠴᠢ  ᠶ᠋ᠢᠨ ᠲᠠᠢᠰᠠᠨ ᠳ᠋ᠤ  ᠰᠠᠭᠠᠲᠠᠪᠠ᠃ 


QQ20260609-093511.png


ᠲᠤᠬᠠᠢ᠎ᠶ᠋ᠢᠨ ᠭᠠᠵᠠᠷ᠎ᠤᠨ ᠴᠠᠭ᠎ᠢᠶᠠᠷ 6 ᠰᠠᠷ᠎ᠠ᠎ᠶ᠋ᠢᠨ 8 ᠤ᠋ ᠤᠷᠤᠢ᠂ ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠤᠷᠢᠶ᠎ᠠ᠎ᠶᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ ᠰᠢ ᠵᠢᠨ ᠫᠢᠩ ᠬᠠᠳᠤᠨ ᠫᠸᠩ ᠯᠢ ᠶᠤᠸᠠᠨ᠎ᠲᠠᠶ᠎ᠪᠠᠨ ᠰᠣᠯᠣᠩᠭᠣᠰ᠎ᠤᠨ ᠬᠥᠳᠡᠯᠮᠦᠷᠢᠴᠢᠨ᠎ᠦ ᠨᠠᠮ᠎ᠤᠨ ᠶᠡᠷᠦᠩᠬᠡᠢ ᠱᠦᠵᠢ᠂ ᠲᠦᠷᠦ᠍ ᠎ᠶ᠋ᠢᠨ ᠶᠠᠪᠤᠳᠠᠯ ᠎ᠤᠨ ᠬᠤᠷᠢᠶ᠎ᠠ᠎ᠶᠢᠨ ᠳᠠᠷᠤᠭ᠎ᠠ᠎ᠶ᠋ᠢᠨ ᠵᠧᠩ ᠧᠨ ᠪᠣᠯᠤᠨ ᠲᠡᠭᠦᠨ᠎ᠦ ᠬᠠᠳᠤᠨ ᠯᠢ ᠱᠢᠤᠸᠠᠢ ᠵᠦ᠍ ᠵᠢᠨ ᠪᠠᠷ᠎ᠠ ᠪᠤᠯᠤᠯᠭ᠎ᠠ᠎ᠲᠠᠶ᠎ᠪᠠᠷ ᠫᠢᠶᠸᠩᠶᠠᠩ᠎ᠤᠨ ᠪᠡᠶ᠎ᠡ᠎ᠶ᠋ᠢᠨ ᠲᠠᠮᠢᠷ᠎ᠤᠨ ᠣᠷᠳᠣᠨ᠎ᠳᠤ ᠰᠣᠯᠣᠩᠭᠣᠰ᠎ᠤᠨ ᠡᠯ᠎ᠡ ᠡᠲᠡᠭᠡᠳ᠎ᠦᠨ ᠤᠯᠠᠨ ᠲᠦᠮᠡᠨ᠎ᠲᠡᠶ ᠬᠠᠮᠲᠤ ᠤᠷᠠᠨ ᠰᠠᠢᠬᠠᠨ᠎ᠤ ᠳᠤᠰᠬᠠᠢ ᠲᠣᠭ᠍ᠯᠠᠯᠲᠠ᠎ᠶ᠋ᠢ ᠰᠣᠨᠢᠷᠬᠠᠪᠠ᠃ 

ᠰᠢᠨᠬᠤᠸᠠ ᠬᠤᠷᠢᠶᠠᠨ᠎ᠤ ᠰᠤᠷᠪᠤᠯᠵᠢᠯᠠᠭᠴᠢ ᠰᠢᠶᠸ ᠬᠤᠸᠠᠨ ᡂᠢ ᠰᠡᠬᠦᠳᠡᠷᠯᠡᠪᠠ


ᠪᠦᠬᠦ᠌ ᠲᠠᠯᠠᠪᠠᠢ ᠎ᠶ᠋ᠢᠨ ᠦᠵᠡᠭ᠌ᠴᠢᠳ ᠪᠣᠯᠤᠨ ᠲᠣᠭ᠍ᠯᠠᠭ᠍ᠴᠢᠳ ᠬᠠᠯᠠᠭᠤᠨ ᠠᠯᠠᠭ᠎ᠠ ᠲᠠᠱᠢᠯᠳᠠ ᠪᠣᠯᠤᠨ ᠤᠷᠠᠢᠯᠠᠬᠤ ᠲᠠᠭᠤᠨ᠎ᠢᠶᠠᠷ ᠪᠠᠶᠠᠷᠯᠠᠨ ᠤᠭ᠍ᠲᠤᠵᠤ ᠪᠠᠢᠬᠤ ᠪᠠ ᠬᠦᠨᠳᠦᠳᠭᠡᠯ ᠳᠡᠪᠱᠢᠭᠦᠯᠵᠦ᠍ ᠪᠠᠢᠬᠤ᠎ᠪᠠᠨ ᠢᠯᠡᠳᠭᠡᠪᠡ᠃

ᠲᠣᠭ᠍ᠯᠠᠯᠲᠠ ᠨᠢ ᠣᠷᠭᠢᠯᠤᠮ᠎ᠠ ᠬᠠᠯᠠᠭᠤᠨ ᠰᠡᠳᠭᠢᠯᠭᠡ ᠲᠠᠢ᠂ ᠰᠦᠷ ᠳᠠᠯᠠᠢᠴᠠᠲᠠᠢ ᠶᠠᠪᠤᠭ᠍ᠳᠠᠵᠤ᠂ ᠳᠤᠮᠳᠠᠳᠤ ᠰᠣᠯᠣᠩᠭᠣᠰ᠎ᠤᠨ ᠠᠷᠠᠳ ᠲᠦᠮᠡᠨ᠎ᠦ ᠬᠣᠭᠣᠷᠣᠨᠳᠣᠬᠢ ᠨᠥᠬᠥᠷᠰᠡᠭ ᠡᠶ᠎ᠡ ᠨᠠᠢᠷ ᠎ᠢ᠋ ᠬᠠᠷᠠᠭᠤᠯᠪᠠ᠃ ᠲᠣᠭ᠍ᠯᠠᠭ᠍ᠴᠢᠳ ᠳᠠᠭᠤᠤ᠂ ᠪᠥᠵᠢᠭ᠂ ᠼᠢᠷᠺ ᠵᠡᠷᠭᠡ ᠬᠡᠯᠪᠡᠷᠢ᠎ᠪᠡᠷ ᠰᠢ ᠵᠢᠨ ᠫᠢᠩ᠎ᠦᠨ 7 ᠵᠢᠯ ᠠᠯᠤᠰᠯᠠᠭᠠᠳ ᠰᠣᠯᠣᠩᠭᠣᠰ᠎ᠲᠤ ᠳᠠᠬᠢᠨᠲᠠ ᠠᠢᠯᠴᠢᠯᠠᠭ᠍ᠰᠠᠨ᠎ᠢ ᠬᠠᠯᠠᠭᠤᠨ᠎ᠢᠶᠠᠷ ᠤᠭ᠍ᠲᠤᠵᠤ ᠪᠠᠢᠬᠤ᠎ᠪᠠᠨ ᠢᠯᠡᠳᠭᠡᠵᠦ᠍᠂ ᠳᠤᠮᠳᠠᠳᠤ ᠰᠣᠯᠣᠩᠭᠣᠰ᠎ᠤᠨ ᠤᠯᠠᠮᠵᠢᠯᠠᠯᠲᠤ ᠨᠥᠬᠥᠷᠰᠡᠭ ᠬᠠᠮᠲᠤᠷᠠᠯᠴᠠᠭ᠎ᠠ᠎ᠶ᠋ᠢ ᠪᠡᠬᠢᠵᠢᠭᠦᠯᠦᠨ ᠬᠥᠭ᠌ᠵᠢᠭᠦᠯᠬᠦ᠌ ᠵᠢ ᠬᠦᠰᠡᠵᠦ ᠪᠠᠢᠬᠤ ᠴᠢᠩ ᠦᠨᠡᠨᠴᠢ ᠰᠡᠳᠭᠢᠯᠭᠡ᠎ᠪᠡᠨ ᠢᠯᠡᠳᠭᠡᠪᠡ᠃ 《ᠪᠢ ᠡᠬᠡ ᠤᠯᠤᠰ᠎ᠲᠠᠶ᠎ᠪᠠᠨ》 ᠂ 《ᠮᠡᠯᠡᠷᠡᠭ ᠴᠡᠴᠡᠭ》 ᠂ 《ᠤᠯᠠᠭᠠᠨ ᠲᠤᠭ ᠨᠠᠮᠢᠷᠠᠨ᠎ᠠ》 ᠵᠡᠷᠭᠡ ᠴᠢᠬᠢᠨ᠎ᠳᠦ ᠬᠠᠳᠠᠩᠱᠢᠭ᠍ᠰᠠᠨ ᠳᠠᠭᠤᠤ ᠨᠢ ᠬᠥᠮᠦᠰ᠎ᠦᠨ ᠰᠡᠳᠭᠢᠯ᠎ᠳᠦ ᠬᠦᠴᠦᠲᠡᠢ ᠴᠤᠤᠷᠢᠶᠠᠲᠤᠵᠤ᠂ ᠨᠢᠵᠢᠭᠢᠨᠡᠮ᠎ᠡ ᠠᠯᠠᠭ᠎ᠠ ᠲᠠᠱᠢᠯᠳᠠ ᠵᠢ ᠬᠦᠷᠳᠡᠪᠡ᠃ ᠰᠢ ᠵᠢᠨ ᠫᠢᠩ ᠪᠣᠯᠤᠨ ᠵᠢᠨ ᠵᠧᠩ ᠧᠨ ᠲᠣᠭ᠍ᠯᠠᠭ᠍ᠴᠢᠳ᠎ᠤᠨ ᠭᠣᠢᠳᠠ ᠰᠠᠢᠬᠠᠨ ᠲᠣᠭ᠍ᠯᠠᠯᠲᠠ᠎ᠳᠤ ᠪᠠᠢᠨ ᠪᠠᠢᠨ ᠠᠯᠠᠭ᠎ᠠ ᠲᠠᠱᠢᠨ ᠬᠦᠨᠳᠦᠳᠬᠡᠯ ᠳᠡᠪᠱᠢᠭᠦᠯᠪᠡ᠃

ᠲᠣᠭ᠍ᠯᠠᠯᠲᠠ ᠨᠢ 《ᠰᠣᠯᠣᠩᠭᠣᠰ ᠳᠤᠮᠳᠠᠳᠤ᠎ᠶ᠋ᠢᠨ ᠨᠥᠬᠥᠷᠯᠡᠯ ᠥᠨᠢ ᠮᠥᠩᠬᠡ》 ᠭᠡᠬᠦ᠌ ᠳᠠᠭᠤᠤ᠎ᠶ᠋ᠢᠨ ᠳᠤᠮᠳᠠ ᠥᠨᠳᠥᠷᠯᠡᠪᠡ᠃ ᠳᠤᠮᠳᠠᠳᠤ ᠰᠣᠯᠣᠩᠭᠣᠰ ᠬᠣᠶᠠᠷ ᠲᠠᠯ᠎ᠠ᠎ᠶ᠋ᠢᠨ ᠲᠥᠯᠥᠭᠡᠯᠡᠭ᠌ᠴᠢ ᠬᠣᠶᠠᠷ ᠨᠠᠮ ᠬᠣᠶᠠᠷ ᠤᠯᠤᠰ᠎ᠤᠨ ᠬᠠᠮᠤᠭ᠎ᠤᠨ ᠳᠡᠭᠡᠳᠦ ᠤᠳᠤᠷᠢᠳᠭᠤ ᠬᠥᠮᠦᠨ ᠪᠠ ᠬᠠᠳᠤᠨ᠎ᠤ ᠨᠡᠷ᠎ᠡ᠎ᠪᠡᠷ ᠬᠦᠷᠭᠡᠭ᠌ᠰᠡᠨ ᠴᠡᠴᠡᠭ᠌ᠲᠦ ᠰᠠᠭ᠍ᠰᠤ᠎ᠶ᠋ᠢ ᠲᠣᠭ᠍ᠯᠠᠭ᠍ᠴᠢᠳ᠎ᠲᠤ ᠬᠦᠷᠭᠡᠵᠦ᠍᠂ ᠲᠣᠭ᠍ᠯᠠᠯᠲᠠ ᠠᠮᠵᠢᠯᠲᠠ ᠣᠯᠤᠭ᠍ᠰᠠᠨ᠎ᠳᠤ ᠪᠠᠶᠠᠷ ᠬᠦᠷᠭᠡᠪᠡ᠃

ᠼᠠᠢ ᠴᠢ᠂ ᠸᠠᠩ ᠢ᠎ᠨᠡᠷ ᠣᠷᠣᠯᠴᠠᠵᠠᠢ᠃

   

ᠱᠢᠨᠬᠤᠸᠠ ᠬᠤᠷᠢᠶ᠎ᠠ᠎ᠶᠢᠨ ᠫᠢᠶᠸᠩᠶᠠᠩ᠎ᠤᠨ 6 ᠰᠠᠷ᠎ᠠ᠎ᠶ᠋ᠢᠨ 8 ᠤ᠋ ᠴᠠᠬᠢᠯᠭᠠᠨ ᠮᠡᠳᠡᠭᠡ


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号