ᠰᠢ ᠵᠢᠨ ᠫᠢᠩ ᠵᠢᠨ ᠵᠧᠩ ᠧᠨ᠎ᠦ ᠡᠷᠭᠢᠯᠡᠭ᠌ᠰᠡᠨ ᠤᠭ᠍ᠲᠤᠬᠤ ᠳᠠᠢᠯᠠᠯᠭ᠎ᠠ᠎ᠳᠤ ᠣᠷᠣᠯᠴᠠᠪᠠ
2026-06-09 09:47:09
ᠵᠣᠬᠢᠶᠠᠭ᠍ᠴᠢ᠄
ᠬᠤᠤ ᠸᠧᠢ ᠸᠧᠢ ᠸᠠᠩ ᠴᠤᠤ
ᠣᠩᠱᠢᠭ᠍ᠰᠠᠨ ᠣᠳᠠᠭ᠎ᠠ᠄
★★★☆☆

 ᠲᠤᠬᠠᠢ᠎ᠶ᠋ᠢᠨ ᠭᠠᠵᠠᠷ᠎ᠤᠨ ᠴᠠᠭ᠎ᠢᠶᠠᠷ 6 ᠰᠠᠷ᠎ᠠ᠎ᠶ᠋ᠢᠨ 8 ᠤ᠋ ᠤᠷᠤᠢ᠂ ᠲᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ ᠰᠢ ᠵᠢᠨ ᠫᠢᠩ ᠬᠠᠳᠤᠨ ᠫᠸᠩ ᠯᠢ ᠶᠤᠸᠠᠨ᠎ᠲᠠᠶ᠎ᠪᠠᠨ ᠫᠢᠶᠧᠩᠶᠠᠩ᠎ᠤᠨ ᠮᠦ᠍ ᠯᠠᠨ ᠣᠷᠳᠣᠨ᠎ᠳᠤ ᠰᠣᠯᠣᠩᠭᠣᠰ᠎ᠤᠨ ᠬᠥᠳᠡᠯᠮᠦᠷᠢᠴᠢᠨ᠎ᠦ ᠨᠠᠮ᠎ᠤᠨ ᠶᠡᠷᠦᠩᠬᠡᠢ ᠱᠦᠵᠢ᠂ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ ᠵᠢᠨ ᠳᠠᠷᠤᠭ᠎ᠠ᠎ᠶ᠋ᠢᠨ ᠵᠧᠩ ᠧᠨ᠎ᠦ ᠡᠷᠬᠢᠯᠡᠭᠰᠡᠨ ᠤᠭ᠍ᠲᠤᠬᠤ ᠳᠠᠢᠯᠠᠯᠭ᠎ᠠ᠎ᠳᠤ ᠣᠷᠣᠯᠴᠠᠪᠠ᠃

ᠮᠦ᠍ ᠯᠠᠨ ᠣᠷᠳᠣᠨ᠎ᠳᠤ ᠬᠦᠷᠬᠦ᠌ ᠵᠠᠮ ᠳᠠᠭᠠᠤ ᠦᠨᠳᠦᠰᠦᠲᠡᠨ᠎ᠦ ᠬᠤᠪᠴᠠᠰᠤ ᠵᠠᠰᠠᠯ᠎ᠢᠶᠡᠷ᠎ᠢᠶᠡᠨ ᠴᠢᠮᠡᠭᠯᠡᠭᠰᠡᠨ ᠣᠷᠭᠢᠯᠤᠮ᠎ᠠ ᠬᠠᠯᠠᠭᠤᠨ ᠰᠡᠳᠭᠢᠯᠭᠡ᠎ᠲᠡᠶ ᠤᠯᠠᠨ ᠲᠦᠮᠡᠨ ᠵᠣᠭ᠍ᠰᠣᠵᠤ᠂ ᠰᠢ ᠵᠢᠨ ᠫᠢᠩ᠎ᠦᠨ ᠲᠡᠷᠭᠡᠨ ᠠᠩᠬᠢ᠎ᠶ᠋ᠢᠨ ᠥᠩᠭᠡᠷᠡᠬᠦ᠌᠎ᠶ᠋ᠢ ᠬᠠᠯᠠᠭᠤᠨ᠎ᠢᠶᠠᠷ ᠤᠭ᠍ᠲᠤᠪᠠ᠃ ᠮᠦ᠍ ᠯᠠᠨ ᠣᠷᠳᠣᠨ᠎ᠤ ᠳᠠᠢᠯᠠᠯᠭ᠎ᠠ᠎ᠶ᠋ᠢᠨ ᠲᠢᠩᠬᠢᠮ᠎ᠳᠦ ᠦᠩᠭᠡᠲᠤ ᠳ᠋ᠧᠩ ᠳᠤᠸᠠᠯᠠᠵᠤ᠂ ᠰᠣᠷᠭᠣᠭ ᠴᠡᠴᠡᠭ ᠲᠡᠯᠭᠡᠭᠳᠡᠵᠦ᠂ ᠪᠠᠶᠠᠷ ᠪᠠᠶᠠᠰᠬᠤᠯᠠᠩᠲᠤ ᠬᠦᠷ ᠬᠦᠭᠵᠢᠶᠡᠨ ᠲᠠᠢ ᠠᠭᠤᠷ ᠠᠮᠢᠰᠬᠤᠯ᠎ᠢᠶᠡᠷ ᠪᠢᠯᠬᠠᠨ᠎ᠠ᠃

ᠤᠷᠤᠢ᠎ᠶ᠋ᠢᠨ 7 ᠴᠠᠭ᠎ᠤᠨ ᠦᠶ᠎ᠡ᠎ᠪᠡᠷ᠂ ᠰᠢ ᠵᠢᠨ ᠫᠢᠩ ᠪᠣᠯᠤᠨ ᠫᠸᠩ ᠯᠢ ᠶᠤᠸᠠᠨ ᠮᠦ᠍ ᠯᠠᠨ ᠣᠷᠳᠣᠨ᠎ᠳᠤ ᠬᠦᠷᠬᠦ᠌᠎ᠳᠦ᠂ ᠵᠢᠨ ᠵᠧᠩ ᠧᠨ ᠬᠠᠳᠤᠨ ᠯᠢ ᠱᠢᠤᠸᠠᠢ ᠵᠦ᠍ ᠲᠠᠢ᠎ᠪᠡᠨ ᠬᠠᠯᠠᠭᠤᠨ᠎ᠢᠶᠠᠷ ᠤᠭ᠍ᠲᠤᠪᠠ᠃ ᠬᠣᠶᠠᠷ ᠨᠠᠮ ᠬᠣᠶᠠᠷ ᠤᠯᠤᠰ᠎ᠤᠨ ᠬᠠᠮᠤᠭ᠎ᠤᠨ ᠳᠡᠭᠡᠳᠦ ᠤᠳᠤᠷᠢᠳᠭᠤ ᠬᠥᠮᠦᠨ ᠬᠠᠳᠤᠨ᠎ᠲᠠᠶ᠎ᠪᠠᠨ ᠳᠣᠲᠣᠨᠣ᠎ᠪᠠᠷ ᠬᠠᠮᠲᠤ᠎ᠶ᠋ᠢᠨ ᠰᠡᠭᠦᠳᠡᠷ ᠲᠠᠲᠠᠭᠤᠯᠪᠠ᠃ ᠰᠣᠯᠣᠩᠭᠣᠰ᠎ᠤᠨ ᠨᠠᠮ ᠪᠣᠯᠤᠨ ᠲᠦᠷᠦ᠍᠎ᠶ᠋ᠢᠨ ᠤᠳᠤᠷᠢᠳᠭᠤ ᠬᠥᠮᠦᠰ ᠮᠥᠷᠯᠡᠨ ᠵᠣᠭ᠍ᠰᠣᠵᠤ ᠪᠠᠶᠠᠷᠯᠠᠨ ᠤᠭ᠍ᠲᠤᠵᠤ ᠬᠦᠨᠳᠦᠳᠭᠡᠯ ᠳᠡᠪᠱᠢᠭᠦᠯᠪᠡ᠃

ᠳᠠᠷᠠᠭ᠎ᠠ ᠨᠢ ᠰᠢ ᠵᠢᠨ ᠫᠢᠩ ᠪᠣᠯᠤᠨ ᠫᠸᠩ ᠯᠢ ᠶᠤᠸᠠᠨ᠂ ᠵᠢᠨ ᠵᠧᠩ ᠧᠨ ᠪᠣᠯᠤᠨ ᠯᠢ ᠱᠢᠤᠸᠠᠢ ᠵᠦ᠍ ᠵᠢᠨ ᠪᠠᠷ᠎ᠠ ᠪᠤᠯᠤᠯᠭ᠎ᠠ᠎ᠲᠠᠶ᠎ᠪᠠᠷ ᠳᠠᠢᠯᠠᠯᠭ᠎ᠠ᠎ᠶ᠋ᠢᠨ ᠶᠡᠬᠡ ᠲᠢᠩᠬᠢᠮ᠎ᠳᠦ ᠠᠯᠬᠤᠨ ᠣᠷᠣᠪᠠ᠃ ᠲᠠᠯᠠᠪᠠᠢ ᠲᠠᠶᠠᠭᠠᠷ᠎ᠢᠶᠡᠨ ᠪᠣᠰᠴᠤ᠌ ᠵᠣᠭ᠍ᠰᠣᠨ ᠤᠭ᠍ᠲᠤᠪᠠ᠃

ᠬᠠᠯᠠᠭᠤᠨ ᠠᠯᠠᠭ᠎ᠠ ᠲᠠᠱᠢᠯᠳᠠ᠎ᠶ᠋ᠢᠨ ᠳᠤᠮᠳᠠ ᠰᠢ ᠵᠢᠨ ᠫᠢᠩ ᠪᠣᠯᠤᠨ ᠵᠢᠨ ᠵᠧᠩ ᠧᠨ ᠲᠤᠰ ᠲᠤᠰ ᠪᠠᠶᠠᠷ᠎ᠤᠨ ᠦᠭᠡ ᠬᠡᠯᠡᠪᠡ᠃

ᠰᠢ ᠵᠢᠨ ᠫᠢᠩ᠂ ᠳᠤᠮᠳᠠᠳᠤ ᠰᠣᠯᠣᠩᠭᠣᠰ ᠬᠣᠶᠠᠷ ᠤᠯᠤᠰ ᠠᠭᠤᠯᠠ ᠤᠰᠤ᠎ᠪᠠᠷ᠎ᠢᠶᠠᠨ ᠵᠠᠯᠭᠠᠯᠳᠤᠵᠤ᠂ ᠬᠤᠪᠢ ᠵᠠᠶᠠᠭ᠎ᠠ᠎ᠪᠠᠨ ᠬᠠᠮᠲᠤᠳᠭᠠᠵᠤ᠂ ᠳᠤᠮᠳᠠᠳᠤ ᠰᠣᠯᠣᠩᠭᠣᠰ᠎ᠤᠨ ᠤᠯᠠᠮᠵᠢᠯᠠᠯᠲᠤ ᠨᠥᠬᠥᠷᠯᠡᠯ ᠳᠡᠯᠡᠬᠡᠢ᠎ᠶ᠋ᠢᠨ ᠤᠷᠪᠠᠭᠠᠨ ᠬᠥᠷᠪᠡᠭᠡᠨ᠎ᠲᠡᠶ ᠱᠢᠯᠭᠠᠯᠲᠠ᠎ᠶ᠋ᠢᠨ ᠳᠤᠮᠳᠠ ᠦᠶ᠎ᠡ ᠤᠯᠠᠷᠢᠨ ᠤᠯᠠᠮᠵᠢᠯᠠᠭ᠍ᠳᠠᠵᠤ᠂ ᠶᠠᠪᠤᠬᠤ ᠲᠤᠳᠤᠮ ᠪᠡᠬᠢᠵᠢᠵᠦ᠍ ᠪᠠᠢᠨ᠎ᠠ᠃ ᠡᠨᠡ ᠵᠢᠯ ᠪᠣᠯ《ᠳᠤᠮᠳᠠᠳᠤ ᠰᠣᠯᠣᠩᠭᠣᠰ᠎ᠤᠨ ᠨᠥᠬᠥᠷᠰᠡᠭ ᠬᠠᠮᠲᠤᠷᠠᠯᠴᠠᠵᠤ ᠬᠠᠷᠢᠯᠴᠠᠨ ᠬᠠᠪᠰᠤᠷᠤᠯᠴᠠᠬᠤ ᠭᠡᠷ᠎ᠡ》 ᠲᠣᠭ᠍ᠲᠠᠭ᠍ᠰᠠᠨ 65 ᠵᠢᠯ᠎ᠦᠨ ᠤᠢ ᠪᠠᠢᠵᠦ᠂ ᠳᠤᠮᠳᠠᠳᠤ ᠰᠣᠯᠣᠩᠭᠣᠰ᠎ᠤᠨ ᠬᠠᠷᠢᠯᠴᠠᠭ᠎ᠠ ᠱᠢᠨ᠎ᠡ ᠲᠡᠦᠬᠡ᠎ᠶ᠋ᠢᠨ ᠭᠠᠷᠤᠭ᠎ᠠ ᠳᠡᠭᠡᠷ᠎ᠡ ᠵᠣᠭ᠍ᠰᠣᠪᠠ᠃ ᠮᠢᠨᠦ᠍ ᠡᠨᠡ ᠤᠳᠠᠭ᠎ᠠ᠎ᠶ᠋ᠢᠨ ᠠᠢᠯᠴᠢᠯᠠᠯᠲᠠ᠎ᠳᠤ᠂ ᠶᠡᠷᠦᠩᠬᠡᠢ ᠱᠦᠵᠢ ᠵᠢᠨ ᠵᠧᠩ ᠧᠨ᠎ᠯᠤᠭᠡ ᠴᠢᠬᠤᠯᠠ ᠬᠠᠮᠲᠤ᠎ᠶ᠋ᠢᠨ ᠲᠠᠨᠢᠯᠲᠠ᠎ᠲᠠᠶ ᠪᠣᠯᠪᠠ᠃ ᠪᠢᠳᠡ ᠨᠡᠢᠭᠡᠮ ᠵᠢᠷᠤᠮ᠎ᠤᠨ ᠢᠷᠡᠭᠡᠳᠦᠢ ᠬᠤᠪᠢ ᠵᠠᠶᠠᠭᠠᠨ᠎ᠤ ᠪᠠᠢᠯᠳᠤᠬᠤ ᠪᠤᠳᠤᠯᠭ᠎ᠠ᠎ᠶ᠋ᠢᠨ ᠦᠨᠳᠦᠷᠴᠡ ᠡᠴᠡ ᠴᠠᠭ ᠦᠶ᠎ᠡ᠎ᠶ᠋ᠢᠨ ᠶᠡᠬᠡ ᠬᠠᠨᠳᠤᠰᠢ᠎ᠶ᠋ᠢ ᠡᠵᠡᠮᠳᠡᠵᠦ᠍᠂ ᠬᠣᠶᠠᠷ ᠤᠯᠤᠰ᠎ᠤᠨ ᠠᠷᠠᠳ ᠲᠦᠮᠡᠨ᠎ᠦ ᠬᠠᠮᠲᠤ᠎ᠶ᠋ᠢᠨ ᠬᠦᠰᠡᠯ ᠡᠷᠡᠮᠡᠯᠵᠡᠯ᠎ᠳᠦ ᠨᠡᠢᠴᠡᠭᠦᠯᠵᠦ᠍᠂ ᠳᠡᠭᠡᠳᠦ ᠳᠠᠪᠬᠤᠷᠭ᠎ᠠ᠎ᠶ᠋ᠢᠨ ᠶᠠᠪᠤᠯᠴᠠᠭ᠎ᠠ᠎ᠪᠠᠨ ᠴᠢᠩᠭᠠᠳᠭᠠᠵᠤ᠂ ᠪᠠᠢᠯᠳᠤᠬᠤ ᠪᠤᠳᠤᠯᠭ᠎ᠠ᠎ᠶ᠋ᠢᠨ ᠤᠯᠤᠯᠴᠠᠭ᠎ᠠ᠎ᠪᠠᠨ ᠭᠦᠨᠵᠡᠭᠡᠢᠷᠡᠭᠦᠯᠵᠦ᠍᠂ ᠪᠣᠳᠠᠲᠠᠢ ᠎ᠶ᠋ᠢ ᠡᠷᠬᠢᠮᠯᠡᠭ᠌ᠰᠡᠨ ᠬᠠᠮᠲᠤᠷᠠᠯᠴᠠᠭ᠎ᠠ᠎ᠪᠠᠨ ᠥᠷᠭᠡᠳᠭᠡᠵᠦ᠍᠂ ᠠᠷᠠᠳ ᠎ᠤᠨ ᠰᠡᠳᠭᠢᠯ ᠎ᠦᠨ ᠨᠡᠪᠲᠡᠷᠡᠯᠴᠡᠭᠡ᠎ᠶ᠋ᠢ ᠨᠡᠮᠡᠭ᠌ᠳᠡᠭᠦᠯᠵᠦ᠍᠂ ᠳᠤᠮᠳᠠᠳᠤ ᠰᠣᠯᠣᠩᠭᠣᠰ᠎ᠤᠨ ᠬᠠᠷᠢᠯᠴᠠᠭ᠎ᠠ᠎ᠶ᠋ᠢᠨ ᠥᠨᠳᠥᠷ ᠲᠦᠪᠱᠢᠨ ᠪᠦᠬᠦᠢ ᠬᠥᠭ᠌ᠵᠢᠯᠲᠡ᠎ᠶ᠋ᠢ ᠠᠬᠢᠭᠤᠯᠵᠤ᠂ ᠭᠠᠷ ᠬᠣᠯᠪᠣᠨ ᠬᠣᠶᠠᠷ ᠤᠯᠤᠰ᠎ᠤᠨ ᠨᠡᠢᠭᠡᠮ ᠵᠢᠷᠤᠮ᠎ᠤᠨ ᠦᠢᠯᠡᠰ᠎ᠦᠨ ᠨᠡᠩ ᠰᠠᠢ᠌ᠨ ᠰᠠᠢᠬᠠᠨ ᠢᠷᠡᠭᠡᠳᠦᠢ᠎ᠶ᠋ᠢ ᠨᠡᠭᠡᠭᠡᠵᠦ᠍᠂ ᠬᠥᠮᠦᠨ ᠲᠥᠷᠥᠯᠬᠢᠲᠡᠨ᠎ᠦ ᠨᠡᠢᠭᠡᠮ᠎ᠦᠨ ᠲᠠᠰᠤᠷᠠᠯᠳᠠ ᠦᠭᠡᠢ ᠲᠠᠪᠱᠢᠬᠤ᠎ᠶ᠋ᠢ ᠠᠬᠢᠭᠤᠯᠤᠨ᠎ᠠ ᠭᠡᠵᠦ᠍ ᠰᠠᠨᠠᠯ ᠨᠢᠭᠡᠲᠡᠢ ᠦᠵᠡᠵᠠᠢ ᠭᠡᠵᠦ ᠵᠢᠭᠠᠵᠤ ᠭᠠᠷᠭᠠᠪᠠ᠃

ᠰᠢ᠎ᠶᠢᠨ ᠫᠢᠩ᠂ ᠡᠨᠡ ᠵᠢᠯ ᠰᠣᠯᠣᠩᠭᠣᠰ᠎ᠤᠨ ᠬᠥᠳᠡᠯᠮᠦᠷᠢᠴᠢᠨ᠎ᠦ ᠨᠠᠮ᠎ᠤᠨ ᠶᠢᠰᠦᠳᠦᠭᠡᠷ ᠶᠡᠬᠡ ᠬᠤᠷᠠᠯ ᠢᠯᠠᠯᠲᠠ᠎ᠲᠠᠢ᠎ᠪᠠᠷ ᠬᠤᠷᠠᠯᠳᠤᠵᠤ᠂ ᠰᠣᠯᠣᠩᠭᠣᠰ᠎ᠤᠨ ᠨᠠᠮ ᠪᠠ ᠤᠯᠤᠰ᠎ᠤᠨ ᠠᠵᠢᠯ ᠦᠢᠯᠡᠰ᠎ᠦᠨ ᠠᠯᠤᠰ ᠬᠡᠲᠦ᠎ᠶᠢᠨ ᠬᠥᠭᠵᠢᠯᠲᠡ᠎ᠳᠦ ᠪᠠᠢᠯᠳᠤᠬᠤ ᠪᠣᠳᠣᠯᠭ᠎ᠠ᠎ᠶᠢᠨ ᠲᠥᠯᠦᠪᠵᠢᠭᠦᠯᠭᠡ ᠪᠠ ᠴᠢᠬᠤᠯᠠ ᠶᠡᠬᠡ ᠪᠠᠢᠷᠢᠯᠠᠭᠤᠯᠤᠯᠲᠠ ᠬᠢᠵᠦ᠂ ᠰᠣᠯᠣᠩᠭᠣᠰ᠎ᠤᠨ ᠨᠡᠢᠭᠡᠮ ᠵᠢᠷᠤᠮ᠎ᠤᠨ ᠪᠥᠬᠥ ᠲᠠᠯ᠎ᠠ᠎ᠶᠢᠨ ᠬᠥᠭᠵᠢᠯᠲᠡ᠎ᠶᠢᠨ ᠰᠢᠨ᠎ᠡ ᠴᠠᠭ ᠦᠶ᠎ᠡ᠎ᠶᠢ ᠨᠡᠭᠡᠭᠡᠪᠡ᠃ ᠰᠠᠢᠨ ᠬᠥᠷᠰᠢ᠂ ᠰᠠᠢᠨ ᠨᠠᠢᠵᠠ᠂ ᠰᠠᠢᠨ ᠨᠥᠬᠥᠷ ᠪᠣᠯᠤᠭᠰᠠᠨ᠎ᠤ ᠬᠤᠪᠢ᠎ᠳᠤ ᠶᠡᠷᠦᠩᠬᠡᠢ ᠱᠦᠵᠢ᠎ᠶᠢᠨ ᠵᠧᠩ ᠧᠨ᠎ᠢᠶᠡᠷ ᠲᠡᠷᠢᠭᠦᠯᠡᠭᠦᠯᠦᠭᠰᠡᠨ ᠰᠣᠯᠣᠩᠭᠣᠰ᠎ᠤᠨ ᠬᠥᠳᠡᠯᠮᠦᠷᠢᠴᠢᠨ᠎ᠦ ᠨᠠᠮ᠎ᠤᠨ ᠲᠥᠪ ᠬᠣᠷᠢᠶ᠎ᠡ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠰᠣᠯᠣᠩᠭᠣᠰ᠎ᠤᠨ ᠠᠷᠠᠳ ᠲᠦᠮᠡᠨ ᠰᠣᠯᠣᠩᠭᠣᠰ᠎ᠤᠨ ᠬᠥᠳᠡᠯᠮᠦᠷᠢᠴᠢᠨ᠎ᠦ ᠨᠠᠮ᠎ᠤᠨ ᠶᠢᠰᠦᠳᠦᠭᠡᠷ ᠶᠡᠬᠡ ᠬᠤᠷᠠᠯ᠎ᠡᠴᠡ ᠳᠤᠷᠠᠳᠤᠭᠰᠠᠨ ᠬᠠᠷᠠᠯᠲᠠ ᠡᠭᠦᠷᠭᠡ᠎ᠪᠡᠨ ᠤᠷᠤᠭᠰᠢᠲᠠᠢ ᠪᠡᠶᠡᠯᠡᠭᠦᠯᠵᠦ᠂ ᠰᠣᠯᠣᠩᠭᠣᠰ᠎ᠤᠨ ᠨᠡᠢᠭᠡᠮ ᠵᠢᠷᠤᠮ᠎ᠤᠨ ᠦᠢᠯᠡᠰ᠎ᠦᠨ ᠲᠠᠰᠤᠷᠠᠯᠲᠠ ᠦᠭᠡᠢ ᠰᠢᠨ᠎ᠡ ᠪᠠᠢᠳᠠᠯ᠎ᠢ ᠡᠭᠦᠳᠬᠦ᠎ᠶᠢ ᠠᠬᠢᠭᠤᠯᠬᠤ᠎ᠶᠢ ᠳᠤᠮᠳᠠᠳᠤ᠎ᠤᠯᠤᠰ ᠴᠢᠩ ᠰᠡᠳᠬᠢᠯ᠎ᠡᠴᠡ᠎ᠪᠡᠨ ᠬᠦᠰᠡᠨ ᠵᠥᠩᠨᠡᠵᠦ ᠪᠠᠢᠨ᠎ᠠ ᠭᠡᠵᠤ ᠢᠯᠡᠳᠬᠡᠪᠡ᠃

ᠵᠢᠨ ᠵᠧᠩ ᠧᠨ ᠰᠣᠯᠣᠩᠭᠣᠰ᠎ᠤᠨ ᠨᠠᠮ᠂ ᠵᠠᠰᠠᠭ᠎ᠤᠨ ᠣᠷᠳᠣᠨ ᠪᠣᠯᠣᠨ ᠠᠷᠠᠳ ᠲᠦᠮᠡᠨ᠎ᠦ ᠡᠮᠦᠨ᠎ᠡ᠎ᠡᠴᠡ ᠰᠢ᠎ᠶᠢᠨ ᠫᠢᠩ᠎ᠤᠨ ᠠᠶ᠋ᠢᠯᠴᠢᠯᠠᠷ᠎ᠠ ᠢᠷᠡᠭᠰᠡᠨ᠎ᠢ ᠴᠢᠩ ᠰᠡᠳᠬᠢᠯ᠎ᠡᠴᠡ᠎ᠪᠡᠨ ᠪᠠᠶᠠᠷᠯᠠᠨ ᠤᠭᠲᠤᠵᠤ ᠪᠠᠢᠬᠤ᠎ᠪᠠᠨ ᠢᠯᠡᠳᠬᠡᠪᠡ᠃ ᠵᠢᠨ ᠵᠧᠩ ᠧᠨ᠂ ᠥᠨᠥᠳᠥᠷ᠎ᠦᠨ ᠫᠢᠶᠸᠩᠶᠠᠩ᠎ᠤᠨ ᠭᠠᠵᠠᠷ ᠪᠣᠯᠭᠠᠨ᠎ᠳᠤ ᠨᠥᠬᠥᠷᠰᠡᠭ ᠰᠡᠳᠬᠢᠯᠭᠡ ᠪᠢᠯᠬᠠᠵᠤ᠂ ᠰᠣᠯᠣᠩᠭᠣᠰ᠎ᠤᠨ ᠨᠠᠮ᠂ ᠵᠠᠰᠠᠭ᠎ᠤᠨ ᠣᠷᠳᠣᠨ ᠪᠣᠯᠣᠨ ᠠᠷᠠᠳ ᠲᠦᠮᠡᠨ᠎ᠦ ᠬᠠᠮᠤᠭ᠎ᠤᠨ ᠡᠷᠬᠢᠮ ᠬᠦᠨᠳᠦᠲᠦ ᠵᠣᠴᠢᠨ᠎ᠢ ᠬᠠᠯᠠᠭᠤᠨ᠎ᠢᠶᠠᠷ ᠤᠭᠲᠤᠵᠤ ᠪᠠᠢᠨ᠎ᠠ᠃ ᠶᠡᠷᠦᠩᠬᠡᠢ ᠱᠦᠵᠢ ᠰᠢ᠎ᠶᠢᠨ ᠫᠢᠩ ᠡᠨᠡ ᠵᠢᠯ ᠠᠩᠬ᠎ᠠ ᠤᠳᠠᠭ᠎ᠠ ᠵᠢᠨ ᠠᠢᠯᠴᠢᠯᠠᠯᠲᠠ ᠳ᠋ᠠᠭᠠᠨ ᠰᠣᠯᠣᠩᠭᠣᠰ᠎ᠲᠤ ᠢᠷᠡᠵᠦ᠂ ᠰᠣᠯᠣᠩᠭᠣᠰ ᠳᠤᠮᠳᠠᠳᠤ᠎ᠶᠢᠨ ᠬᠣᠶᠠᠷ ᠨᠠᠮ ᠬᠣᠶᠠᠷ ᠤᠯᠤᠰ᠎ᠤᠨ ᠬᠠᠷᠢᠯᠴᠠᠭ᠎ᠠ᠎ᠶᠢ ᠬᠥᠭᠵᠢᠭᠦᠯᠬᠦ᠎ᠶᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ ᠪᠠᠢᠬᠤ ᠪᠠ ᠰᠣᠯᠣᠩᠭᠣᠰ᠎ᠤᠨ ᠨᠡᠢᠭᠡᠮ ᠵᠢᠷᠤᠮ᠎ᠤᠨ ᠦᠢᠯᠡᠰ᠎ᠲᠦ ᠬᠠᠮᠤᠭ᠎ᠤᠨ ᠡᠷᠬᠢᠮ ᠨᠠᠨᠳᠢᠨ ᠳᠡᠮᠵᠢᠯᠭᠡ ᠦᠵᠡᠭᠦᠯᠵᠦ ᠪᠠᠢᠬᠤ᠎ᠶᠢ ᠬᠠᠷᠠᠭᠤᠯᠵᠤ ᠪᠠᠢᠨ᠎ᠠ ᠭᠡᠵᠤ ᠢᠯᠡᠳᠬᠡᠪᠡ᠃

ᠵᠢᠨ ᠵᠧᠩ ᠧᠨ᠂ ᠪᠢ ᠶᠡᠷᠦᠩᠬᠡᠢ ᠱᠦᠵᠢ ᠰᠢ᠎ᠶᠢᠨ ᠫᠢᠩ ᠨᠥᠬᠥᠷ᠎ᠲᠠᠢ 9 ᠰᠠᠷ᠎ᠠ ᠠᠯᠤᠰᠯᠠᠭᠠᠳ ᠳᠠᠬᠢᠨᠲᠠ ᠠᠭᠤᠯᠵᠠᠵᠤ᠂ ᠰᠢᠨ᠎ᠡ ᠪᠠᠢᠳᠠᠯ᠎ᠤᠨ ᠬᠤᠪᠢᠷᠠᠯᠲᠠ᠎ᠲᠠᠢ ᠤᠶᠠᠯᠳᠤᠭᠤᠯᠤᠨ ᠰᠢᠨ᠎ᠡ ᠴᠠᠭ ᠦᠶ᠎ᠡ᠎ᠶᠢᠨ ᠠᠭᠤᠯᠤᠭᠳᠠᠬᠤᠨ᠎ᠲᠠᠢ ᠰᠣᠯᠣᠩᠭᠣᠰ ᠳᠤᠮᠳᠠᠳᠤ᠎ᠶᠢᠨ ᠬᠠᠷᠢᠯᠴᠠᠭ᠎ᠠ᠎ᠶᠢ ᠴᠢᠨᠠᠭᠰᠢᠳᠠ ᠠᠬᠢᠭᠤᠯᠬᠤ ᠲᠤᠬᠠᠢ ᠴᠢᠬᠤᠯᠠ ᠬᠠᠮᠲᠤ᠎ᠶᠢᠨ ᠲᠠᠨᠢᠯᠲᠠ᠎ᠲᠠᠢ ᠪᠣᠯᠤᠬᠰᠠᠨ ᠪᠥᠭᠡᠳ ᠬᠠᠮᠲᠤ ᠪᠠᠷ ᠠᠩᠬᠠᠷᠴᠤ ᠪᠠᠢᠭ᠎ᠠ ᠳᠡᠯᠡᠬᠡᠢ᠎ᠶᠢᠨ ᠪᠠ ᠭᠠᠵᠠᠷ ᠣᠷᠣᠨ᠎ᠤ ᠠᠰᠠᠭᠤᠳᠠᠯ᠎ᠤᠨ ᠲᠤᠬᠠᠢ ᠰᠠᠨᠠᠯ᠎ᠢᠶᠠᠨ ᠥᠷᠭᠡᠨ᠎ᠢᠶᠡᠷ ᠰᠣᠯᠢᠯᠴᠠᠪᠠ᠂ ᠡᠨᠡ ᠨᠢ ᠭᠦᠨ ᠵᠤᠵᠠᠭᠠᠨ ᠲᠡᠦᠬᠡ᠎ᠶᠢᠨ ᠤᠯᠠᠮᠵᠢᠯᠠᠯ᠎ᠲᠠᠢ ᠰᠣᠯᠣᠩᠭᠣᠰ ᠳᠤᠮᠳᠠᠳᠤ᠎ᠶᠢᠨ ᠨᠥᠬᠥᠷᠯᠡᠯ᠎ᠦᠨ ᠲᠦᠷᠭᠡᠨ ᠬᠥᠭᠵᠢᠯᠲᠡ᠎ᠶᠢ ᠠᠬᠢᠭᠤᠯᠵᠤ᠂ ᠭᠠᠵᠠᠷ ᠣᠷᠣᠨ ᠪᠠ ᠳᠡᠯᠡᠬᠡᠢ᠎ᠶᠢᠨ ᠡᠩᠬᠡ ᠲᠠᠢᠪᠤᠩ ᠲᠣᠭᠲᠠᠭᠤᠨ᠎ᠳᠤ ᠬᠤᠪᠢ ᠨᠡᠮᠡᠷᠢ ᠦᠵᠡᠭᠦᠯᠬᠦ ᠨᠢ ᠯᠠᠪᠲᠠᠢ ᠶᠤᠮ᠃ ᠰᠣᠯᠣᠩᠭᠣᠰ᠎ᠤᠨ ᠠᠷᠠᠳ ᠲᠦᠮᠡᠨ ᠠᠬ᠎ᠠ ᠳᠡᠭᠦᠦ ᠪᠤᠯᠤᠭᠰᠠᠨ ᠳᠤᠮᠳᠠᠳᠤ ᠤᠯᠤᠰ᠎ᠤᠨ ᠠᠷᠠᠳ ᠲᠦᠮᠡᠨ᠎ᠦ ᠣᠯᠣᠭᠰᠠᠨ ᠠᠭᠤᠤ ᠶᠡᠬᠡ ᠠᠮᠵᠢᠯᠲᠠ ᠪᠦᠲᠦᠮᠵᠢ᠎ᠳᠦ ᠴᠢᠩ ᠰᠡᠳᠬᠢᠯ᠎ᠡᠴᠡ᠎ᠪᠡᠨ ᠪᠠᠶᠠᠷᠯᠠᠵᠤ᠂ ᠶᠡᠷᠦᠩᠬᠡᠢ ᠱᠦᠵᠢ ᠰᠢ᠎ᠶᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠳᠣᠣᠷ᠎ᠠ ᠠᠭᠤᠤ ᠶᠡᠬᠡ ᠳᠤᠮᠳᠠᠳᠤ ᠤᠯᠤᠰ᠎ᠤᠨ ᠠᠷᠠᠳ ᠲᠦᠮᠡᠨ ᠯᠠᠪᠳᠠᠶ᠎ᠠ ᠨᠡᠢᠭᠡᠮ ᠵᠢᠷᠤᠮᠲᠦ ᠣᠳᠣᠬᠢᠴᠢᠯᠠᠯᠲᠠ ᠵᠢᠨ ᠬᠦᠴᠦᠷᠬᠡᠭ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ ᠬᠠᠷᠠᠯᠲᠠ᠎ᠶᠢ ᠪᠡᠶᠡᠯᠡᠭᠦᠯᠬᠦ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢ ᠪᠡᠶᠡᠯᠡᠭᠦᠯᠬᠦ ᠰᠢᠨ᠎ᠡ ᠠᠶᠠᠨ᠎ᠳᠤ ᠨᠡᠩ ᠶᠡᠬᠡ ᠠᠮᠵᠢᠯᠲᠠ ᠪᠦᠲᠦᠮᠵᠢ ᠣᠯᠬᠤ᠎ᠶᠢ ᠢᠲᠡᠭᠡᠵᠦ ᠪᠠᠢᠨ᠎ᠠ ᠭᠡᠵᠦ ᠢᠯᠡᠳᠬᠡᠪᠡ᠃

ᠼᠠᠢ ᠴᠢ᠂ ᠸᠠᠩ ᠢ ᠨᠠᠷ ᠳᠠᠶ᠋ᠢᠯᠠᠯᠭ᠎ᠠ᠎ᠳᠤ ᠣᠷᠣᠯᠴᠠᠵᠠᠢ᠃

ᠱᠢᠨᠬᠤᠸᠠ ᠬᠤᠷᠢᠶ᠎ᠠ ᠵᠢᠨ ᠫᠢᠶᠧᠩᠶᠠᠩ᠎ᠤᠨ 6 ᠰᠠᠷ᠎ᠠ᠎ᠶ᠋ᠢᠨ 8 ᠤ᠋ ᠴᠠᠬᠢᠯᠭᠠᠨ ᠮᠡᠳᠡᠭᠡ) 




ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号